1 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠳᠤᠭᠤᠶᠢᠯᠠᠩ ᠬᠤᠪᠢᠶᠠᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃
ᠡᠯ᠎ᠡ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠬᠤᠷᠠᠯ ᠤᠨ ᠲᠠᠯᠠᠪᠠᠶ ᠭᠦᠷ ᠬᠥᠭᠵᠢᠶᠡᠨ ᠢᠶᠠᠷ ᠪᠢᠯᠬᠠᠵᠤ᠂ ᠲᠥᠯᠥᠭᠡᠯᠡᠭᠴᠢᠳ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠡᠳᠬᠢᠭᠳᠡᠯ ᠢᠶᠠᠨ ᠶᠠᠷᠢᠯᠴᠠᠵᠤ᠂ ᠲᠥᠷᠥᠭᠳᠡᠯ ᠢᠶᠠᠨ ᠶᠠᠷᠢᠵᠤ᠂ ᠰᠠᠶᠢᠨ ᠠᠷᠭ᠎ᠠ ᠪᠣᠳᠣᠯᠭ᠎ᠠ ᠰᠦᠪᠡᠭᠴᠢᠯᠡᠨ᠂ ᠬᠥᠭᠵᠢᠯᠲᠡ ᠶᠢ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠳᠡᠪᠰᠢᠭᠦᠯᠪᠡ᠃ ᠲᠥᠯᠥᠭᠡᠯᠡᠭᠴᠢᠳ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠭᠰᠡᠨ ᠨᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠤᠰᠤᠳᠴᠢ ᠪᠥᠭᠡᠳ ᠪᠦᠭᠦ ᠲᠠᠯ᠎ᠠ ᠶᠢᠨ ᠪᠠᠶᠢᠵᠤ᠂ ᠡᠨᠡ ᠵᠢᠯ ᠤᠨ ᠠᠵᠢᠯ ᠢᠶᠠᠨ ᠤᠬᠠᠭᠠᠯᠠᠨ ᠲᠥᠯᠥᠪᠯᠡᠭᠰᠡᠨ ᠬᠠᠷᠠᠯᠲᠠ ᠲᠣᠳᠣᠷᠬᠠᠢ᠂ ᠭᠤᠣᠯᠳᠠᠯᠭ᠎ᠠ ᠲᠣᠪᠣᠶᠢᠮ᠎ᠠ ᠪᠠᠶᠢᠵᠤ᠂ ᠵᠣᠭᠰᠣᠴᠠ ᠥᠨᠳᠥᠷ᠂ ᠭᠤᠣᠯ ᠰᠡᠳᠦᠪ ᠢᠯᠡ ᠲᠣᠳᠣ᠂ ᠬᠥᠮᠥᠰ ᠢ ᠤᠷᠮᠠᠰᠢᠭᠤᠯᠤᠨ ᠵᠣᠷᠢᠭᠵᠢᠭᠤᠯᠬᠤ ᠴᠢᠨᠠᠷ ᠰᠠᠶᠢᠲᠠᠢ ᠢᠯᠡᠳᠬᠡᠯ ᠪᠣᠯᠵᠠᠢ ᠭᠡᠵᠦ ᠰᠠᠨᠠᠯ ᠨᠢᠭᠡᠲᠡᠢ ᠦᠵᠡᠵᠡᠭᠡᠪᠡ᠃
ᠲᠥᠯᠥᠭᠡᠯᠡᠭᠴᠢᠳ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠭᠠᠭᠤᠯᠭ᠎ᠠ ᠳᠣᠣᠷ᠎ᠠ᠂ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠪᠣᠳᠠᠲᠠᠢ ᠠᠯᠬᠤᠮ ᠢ ᠠᠯᠬᠤᠵᠠᠢ ᠭᠡᠵᠦ ᠢᠯᠡᠳᠬᠡᠵᠡᠭᠡᠪᠡ᠃
︽ᠲᠤᠬᠠᠢ ᠶᠢᠨ ᠲᠠᠯᠠᠪᠠᠢ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠠᠳ ᠪᠢᠳᠡ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠦᠷᠭᠦᠯᠵᠢᠯᠡᠨ ᠲᠡᠮᠡᠴᠡᠬᠦ ᠢᠲᠡᠭᠡᠯ ᠵᠣᠷᠢᠭ ᠤᠯᠠᠮ ᠪᠠᠲᠤ ᠪᠣᠯᠵᠠᠢ︾᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠦᠩᠯᠢᠶᠣᠣ ᠬᠤᠳᠠ ᠶᠢᠨ ᠬᠤᠤᠯᠢᠨ ᠭᠤᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠵᠢᠢ ᠬᠠᠢ ᠶᠠᠩ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠰᠡᠳᠬᠢᠴᠡ ᠣᠶᠢᠯᠠᠭᠠᠭᠳᠠᠬᠤᠨ ᠰᠢᠨ᠎ᠡ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠴᠡᠭ ᠪᠣᠳᠠᠲᠠᠢ᠂ ᠵᠠᠮ ᠨᠡᠭᠡᠭᠡᠨ ᠰᠢᠨ᠎ᠡ ᠶᠢ ᠡᠭᠦᠳᠦᠭᠰᠡᠨ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠰᠠᠶᠢᠨ ᠢᠯᠡᠳᠬᠡᠯ ᠪᠣᠯᠣᠨ᠎ᠠ᠃ ᠬᠤᠤᠯᠢᠩᠭᠤᠣᠯ ᠬᠤᠲᠠ ︽ᠠᠵᠤ ᠦᠢᠯᠡᠳᠪᠦᠷᠢ ᠶᠢᠨ ᠬᠦᠴᠦᠷᠬᠡᠭ ᠬᠤᠲᠠ︾ ᠶᠢ ᠦᠷᠭᠦᠯᠵᠢᠯᠡᠨ ᠭᠤᠶᠢᠪᠢᠰᠢ ᠦᠭᠡᠢ ᠪᠠᠷᠢᠮᠲᠠᠯᠠᠵᠤ᠂ ︽ᠳᠤᠮᠳᠠᠳᠤ ᠤᠯᠤᠰ · ᠪᠣᠬᠢᠷᠳᠤᠯ ᠦᠭᠡᠢ ᠴᠠᠭᠢᠯᠭᠠᠨ ᠬᠥᠩᠭᠡᠨᠴᠠᠭᠠᠨ ᠤ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠵᠣᠷᠢᠵᠤ᠂ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠬᠥᠩᠭᠡᠨᠴᠠᠭᠠᠨ ᠤ ᠠᠵᠤ ᠦᠢᠯᠡᠰ ᠤᠨ ᠳᠡᠭᠡᠳᠦ ᠳᠡᠰᠵᠢᠭᠦ᠂ ᠪᠣᠬᠢᠷᠳᠤᠯ ᠥᠭᠡᠶᠢᠵᠢᠵᠦ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠶᠡᠭᠡ ᠪᠠᠷ ᠠᠬᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃
ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ 2025 ᠣᠨ ᠤ ᠠᠵᠢᠯ ᠤᠨ ᠲᠣᠬᠢᠷᠠᠭᠤᠯᠤᠯᠲᠠ ᠳᠤ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ ᠡᠷᠡᠰ ᠭᠤᠶᠢᠪᠢᠰᠢ ᠦᠭᠡᠢ ᠠᠳᠬᠤᠨ᠎ᠠ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠤᠭᠤᠲᠤ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠱᠢ ᠵᠥᠩ ᠴᠢᠨ᠂ ᠡᠨᠡ ᠵᠢᠯ᠂ ᠤᠰᠤᠲᠥ᠋ᠷᠥᠭᠴᠢ ᠡᠨᠧᠷᠭᠢ ᠶᠢᠨ ᠨᠥᠭᠡᠴᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠦᠭᠦ ᠬᠡᠯᠬᠢᠶᠡᠨ ᠤ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠳᠤᠯ ᠦᠭᠡᠢ ᠤᠰᠤᠲᠥ᠋ᠷᠥᠭᠴᠢ ᠦᠢᠯᠡᠳᠬᠦ ᠬᠡᠷᠡᠭᠯᠡᠬᠦ ᠪᠠᠶᠢᠳᠠᠯ ᠢ ᠵᠡᠷᠭᠡ ᠪᠠᠷ ᠪᠠᠶᠢᠷᠢᠰᠢᠭᠤᠯᠵᠤ᠂ ᠤᠰᠤᠲᠥ᠋ᠷᠥᠭᠴᠢ ᠡᠨᠧᠷᠭᠢ ᠶᠢᠨ ᠨᠥᠭᠡᠴᠡ ᠡᠨᠧᠷᠭᠢ ᠶᠢᠨ ᠬᠡᠪᠴᠢᠶ᠎ᠡ ᠶᠢ ᠡᠬᠢᠯᠡᠭᠦᠯᠬᠦ᠂ ᠲᠥᠪᠯᠡᠷᠡᠭᠦᠯᠦᠨ ᠬᠥᠭᠵᠢᠭᠦᠯᠬᠦ ᠶᠢ ᠦᠨᠡᠨ ᠪᠣᠳᠠᠲᠠᠢ ᠠᠬᠢᠭᠤᠯᠤᠨ᠎ᠠ ᠭᠡᠵᠡᠢ᠃
ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠵᠢᠭᠦᠯᠬᠦ ᠵᠢᠯ ᠮᠥᠨ᠃ ᠣᠯᠠᠨ ᠢᠶᠠᠷ ᠢᠶᠠᠨ᠂ ᠰᠢᠨ᠎ᠡ ᠨᠢᠭᠡᠨ ᠵᠢᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠠᠵᠢᠯᠯᠠᠭ᠎ᠠ ᠨᠡᠩ ᠶᠡᠭᠡ ᠠᠬᠢᠴᠠ ᠲᠠᠢ ᠪᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠢᠯᠡᠳᠬᠡᠪᠡ᠃