1 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠦ᠂ ᠭᠡᠰᠢᠭᠦᠳ ᠶᠡᠭᠡ ᠬᠤᠷᠠᠯ ᠳᠡᠭᠡᠷ᠎ᠡ ᠦᠭᠡ ᠬᠡᠯᠡᠪᠡ᠃
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠴᠡᠴᠡᠭ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠬᠤᠷᠠᠯ ᠢ ᠡᠷᠭᠢᠯᠡᠵᠡᠢ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠱᠢ ᠭᠤᠸᠠᠩ ᠬᠤᠶ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠭᠡᠰᠢᠭᠦᠳ ᠤᠨ ᠶᠠᠷᠢᠶ᠎ᠠ ᠶᠢ ᠰᠣᠨᠣᠰᠪᠠ᠃
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ ᠰᠣᠩᠭᠤᠭᠤᠯᠢ ᠶᠢᠨ ᠠᠷᠭ᠎ᠠ ︵ᠲᠥᠰᠥᠯ︶ ᠶᠢᠨ ᠲᠤᠬᠠᠢ ᠲᠣᠳᠣᠷᠬᠠᠶᠢᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠵᠣᠣ ᠭᠠᠩ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠤᠨ ᠲᠤᠬᠠᠢ ᠲᠣᠳᠣᠷᠬᠠᠶᠢᠯᠠᠯᠲᠠ ᠬᠢᠪᠡ᠃
ᠳ᠋ᠠᠢ ᠶᠠᠨ᠂ ᠴᠧᠩ ᠰᠢ᠂ ᠯᠢᠦᠢ ᠶᠦᠩ ᠴᠧᠩ᠂ ᠯᠢ ᠵᠢᠩ ᠵᠢᠩ᠂ ᠰᠦᠨ ᡁᠢ ᠬᠤᠩ᠂ ᠵᠠᠩ ᠪᠢᠨ᠂ ᠭᠦᠩ ᡁᠢ ᠴᠢᠶᠠᠩ᠂ ᠭᠦᠸᠧ ᠶᠠᠨ ᠴᠦᠨ᠂ ᠼᠦᠢ ᠵᠧᠨ ᠦ᠋᠂ ᠴᠢᠨ ᠯᠢ ᠮᠧᠶ᠂ ᠵᠠᠩ ᠬᠤᠸᠠ ᠵᠧᠨ᠂ ᠯᠦ ᠯᠢ ᠮᠢᠩ ᠵᠡᠷᠭᠡ 12 ᠭᠡᠰᠢᠭᠦᠨ᠂ ᠨᠡᠶᠢᠰᠯᠡᠯ ᠤᠨ ︽ᠬᠤᠲᠠ ᠶᠢᠨ ᠬᠠᠮᠠᠭᠠᠯᠠᠯᠲᠠ ᠭᠤᠣᠯ︾ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠭᠠᠵᠠᠷ ᠰᠢᠷᠣᠢ ᠶᠢ ᠠᠰᠢᠭᠯᠠᠬᠤ ᠪᠠ ᠡᠵᠡᠩᠨᠡᠯᠲᠡ ᠶᠢᠨ ᠡᠷᠬᠡ ᠶᠢ ᠭᠦᠢᠯᠭᠡᠭᠡᠬᠦ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ᠂ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠰᠠᠨ ᠰᠦᠨ ᠬᠦᠴᠢᠯ ᠤᠨ ᠪᠠᠺᠲ᠋ᠧᠷᠢ ᠶᠢᠨ ᠠᠵᠤ ᠦᠢᠯᠡᠰ ᠤᠨ ︽ᠪᠦᠰᠡᠯᠡᠯᠲᠡ ᠰᠢᠪᠲᠤᠯᠬᠤ︾᠂ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠵᠡᠷᠭᠡ ᠭᠤᠣᠯ ᠰᠡᠳᠦᠪ ᠤᠨ ᠲᠣᠭᠤᠷᠢᠨ ᠳᠤ ᠶᠡᠭᠡ ᠬᠤᠷᠠᠯ ᠳᠡᠭᠡᠷ᠎ᠡ ᠦᠭᠡ ᠬᠡᠯᠡᠪᠡ᠃
ᠬᠤᠷᠠᠯ ᠳᠡᠭᠡᠷ᠎ᠡ᠂ ᠬᠤᠷᠠᠯ ᠳᠤ ᠣᠷᠣᠯᠴᠠᠬᠰᠠᠨ ᠭᠡᠰᠢᠭᠦᠳ ᠲᠤᠬᠠᠢ ᠶᠢᠨ ᠲᠠᠯᠠᠪᠠᠢ ᠳᠤ ︽ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ ᠪᠠᠰᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 42 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠬᠤᠷᠠᠯᠳᠤᠭᠤᠯᠵᠤ᠂ ᠳᠤᠭᠤᠶᠢᠯᠠᠩ ᠬᠤᠪᠢᠶᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠪᠡ᠃