ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ  ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2025/1/16

    1 ᠰᠠᠷ᠎ᠠ ᠶᠢᠨ 15 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ᠂ ᠲᠠᠷᠢᠶᠠᠯᠠᠩ ᠮᠠᠯ ᠠᠵᠤ ᠠᠬᠤᠢ ᠶᠢᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃ ᠵᠠᠩ ᠶᠠᠨ ᠺᠦᠨ ᠣᠷᠣᠯᠴᠠᠵᠤ ᠶᠠᠷᠢᠶ᠎ᠠ ᠲᠠᠯᠪᠢᠵᠠᠢ᠃

    ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠯᠢᠦ ᠵᠧᠨ᠂ ᠬᠤᠸᠠᠩ ᠵᠠᠨ ᠪᠢᠩ᠂ ᠵᠠᠩ ᠳ᠋ᠢᠶᠠᠨ ᠱᠧᠩ᠂ ᠭᠤᠤ ᠷᠦᠨ ᠬᠤᠩ᠂ ᠶᠢᠨ ᠢᠦᠢ ᠾᠧ᠂ ᠬᠤᠩ ᠮᠧᠢ᠂ ᠭᠦᠩ ᡁᠢ ᠴᠢᠶᠠᠩ᠂ ᠭᠤᠤ ᠯᠢ ᠰᠢᠨ᠂ ᠵᠧᠦ ᠰᠢᠤᠸᠠᠢ ᠴᠤᠤ᠂ ᠪᠦᠦ ᠸᠧᠢ᠂ ᠯᠦ ᠴᠢᠤᠸᠠᠨ ᠵᠦᠩ᠂ ᠴᠧᠨ ᠵᠢᠢ ᠯᠢᠨ᠂ ᠶᠦᠨ ᠯᠢ ᠶᠠᠨ᠂ ᠵᠠᠩ ᠬᠤᠸᠠ ᠵᠧᠨ ᠵᠡᠷᠭᠡ ᠭᠡᠰᠢᠭᠦᠨ ᠤᠷᠢᠳ ᠬᠤᠵᠢᠳ ᠦᠭᠡ ᠬᠡᠯᠡᠵᠦ᠂ ᠰᠦᠨ ᠱᠤᠤ ᠴᠧᠩ ᠤᠯᠠᠨ ᠤ ᠶᠠᠷᠢᠬᠤ ᠶᠢ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠲᠠᠭᠢᠨ ᠤᠯᠠᠨ ᠲᠠᠢ ᠶᠠᠷᠢᠯᠴᠠᠨ ᠰᠣᠯᠢᠯᠴᠠᠵᠤ ᠪᠠᠶᠢᠪᠠ᠃ ᠲᠡᠷᠡ᠂ ᠤᠯᠠᠨ ᠤ ᠬᠡᠯᠡᠭᠰᠡᠨ ᠮᠠᠰᠢ ᠰᠠᠶᠢᠨ᠂ ᠳᠤᠷᠠᠳᠤᠭᠰᠠᠨ ᠰᠠᠨᠠᠭᠤᠯᠭ᠎ᠠ ᠨᠢ ᠬᠠᠨᠳᠤᠯᠭᠠᠲᠤ ᠴᠢᠨᠠᠷᠲᠠᠢ ᠮᠥᠷᠲᠡᠭᠡᠨ ᠪᠠᠰᠠ ᠪᠣᠳᠠᠲᠠᠢ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠪᠠᠶᠢᠨ᠎ᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠤᠨ ᠰᠢᠩᠭᠡᠬᠡᠨ ᠠᠪᠬᠤ ᠬᠡᠷᠡᠭᠲᠡᠢ ᠭᠡᠪᠡ᠃

孙绍骋.jpg


    1 ᠰᠠᠷ᠎ᠠ ᠶᠢᠨ 15 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ᠂ ᠲᠠᠷᠢᠶᠠᠯᠠᠩ ᠮᠠᠯ ᠠᠵᠤ ᠠᠬᠤᠢ ᠶᠢᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃

    ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ

    ᠰᠦᠨ ᠱᠤᠤ ᠴᠧᠩ᠂ ᠵᠠᠩ ᠶᠠᠨ ᠺᠦᠨ ᠨᠥᠬᠦᠷ ᠤᠨ ᠬᠢᠭᠰᠡᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠨᠢ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠷᠢᠯᠠᠭᠤᠯᠤᠭᠰᠠᠨ ᠡᠭᠦᠷᠭᠡ ᠨᠢ ᠲᠣᠳᠣᠷᠬᠠᠢ ᠪᠥᠭᠡᠳ ᠪᠣᠳᠠᠲᠠᠢ ᠪᠠᠶᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠰᠠᠶᠢᠨ ᠮᠡᠳᠡᠭᠦᠯᠦᠯᠲᠡ ᠪᠣᠯᠵᠠᠢ ᠭᠡᠪᠡ᠃

    ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ ᠪᠦᠭᠦ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠮᠠᠰᠢ ᠶᠡᠭᠡ ᠠᠮᠵᠢᠯᠲᠠ ᠣᠯᠵᠠᠢ᠂ ᠭᠦᠢᠴᠡᠳ ᠨᠤᠲᠠᠯᠠᠭᠤᠰᠢᠲᠠᠢ ᠪᠠᠶᠢᠨ᠎ᠠ᠃ ᠰᠢᠨ᠎ᠡ ᠨᠢᠭᠡ ᠵᠢᠯ ᠳᠤ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ  ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠦᠭᠡ ᠬᠡᠯᠡᠵᠦ᠂ ᠰᠠᠶᠢᠨ ᠠᠷᠭ᠎ᠠ ᠤᠬᠠᠭᠠᠨ ᠳᠡᠪᠰᠢᠭᠦᠯᠵᠦ᠂ ᠪᠣᠳᠠᠲᠠᠢ ᠠᠷᠭ᠎ᠠ ᠪᠣᠳᠣᠯᠭ᠎ᠠ ᠭᠠᠷᠭᠠᠨ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠪᠡ᠃

    ᠰᠦᠨ ᠱᠤᠤ ᠴᠧᠩ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠣᠯᠣᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠴᠢᠩᠭᠠᠳᠬᠠᠬᠤ ᠨᠢ ᠥᠪᠥᠷ ᠮᠣᠩᠭᠤᠯ ᠤᠨ ᠪᠣᠬᠢᠷᠳᠤᠯ ᠦᠭᠡᠢ ᠬᠥᠭᠵᠢᠯᠲᠡ ᠳᠤ ᠮᠠᠰᠢ ᠴᠢᠬᠤᠯᠠ ᠶᠤᠮ᠃ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠦᠷ᠎ᠡ ᠪᠦᠲᠦᠭᠡᠯ ᠢᠶᠠᠨ ᠴᠢᠷᠮᠠᠶᠢᠨ ᠪᠠᠬᠢᠵᠢᠭᠦᠯᠵᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠵᠦ᠂ ᠣᠯᠠᠨ ᠲᠦᠮᠡᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠨᠠᠩ ᠶᠡᠭᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ᠃ ᠪᠣᠬᠢᠷᠳᠤᠯ ᠪᠣᠳᠠᠰ ᠢ ᠭᠡᠲᠦ ᠤᠯᠠᠨ ᠭᠠᠳᠠᠭᠰᠢᠯᠠᠭᠤᠯᠬᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠵᠡᠷᠭᠡ ᠶᠢᠨ ᠵᠠᠰᠠᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠡᠬᠢ ᠪᠠᠶᠠᠯᠢᠭ ᠣᠷᠴᠢᠨ ᠲᠣᠭᠤᠷᠢᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠣᠨᠳᠣᠣᠰᠢᠭᠤᠯᠬᠤ ᠶᠢ ᠢᠳᠡᠪᠬᠢᠲᠡᠢ ᠠᠬᠢᠭᠤᠯᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠦᠷᠦᠯ ᠵᠦᠢᠯ ᠢ ᠨᠡᠭᠡᠭᠡᠨ ᠬᠥᠭᠵᠢᠭᠦᠯᠬᠦ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ ᠳᠦᠷᠢᠮ ᠢ ᠲᠣᠭᠲᠠᠭᠠᠬᠤ ᠪᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠵᠣᠷᠢᠭᠲᠠᠢ ᠰᠦᠪᠡᠭᠴᠢᠯᠡᠵᠦ᠂ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠬᠡᠷᠡᠭᠲᠡᠢ ᠭᠡᠪᠡ᠃

    ᠰᠦᠨ ᠱᠤᠤ ᠴᠧᠩ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠣᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠠᠵᠠᠷ ᠰᠢᠷᠣᠢ ᠶᠢᠨ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠨ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠠᠮᠢᠳᠤᠯᠢᠭᠵᠢᠭᠤᠯᠬᠤ ᠶᠢ ᠲᠤᠶᠢᠯᠪᠤᠷᠢᠲᠠᠢ ᠬᠢᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠪᠡ᠃

    ᠢᠦᠢ ᠯᠢ ᠰᠢᠨ᠂ ᠶᠣᠣ ᠶᠦᠩ ᠪᠦᠸᠧ᠂ ᠳᠠᠶᠢᠴᠢᠨ᠂ ᠴᠡᠴᠡᠭ᠂ ᠵᠠᠩ ᠯᠧᠢ᠂ ᠵᠠᠩ ᠪᠠᠢ ᠴᠧᠩ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ