ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ
ᠨᠡᠶᠢᠲᠡᠯᠡᠭᠰᠡᠨ ᠴᠠᠭ᠄
2025/1/16

    1 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠭᠡᠰᠢᠭᠦᠳ ᠳᠤᠭᠤᠶᠢᠯᠠᠩ ᠬᠤᠪᠢᠶᠠᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ᠃

    ᠡᠯ᠎ᠡ ᠶᠠᠷᠢᠯᠴᠠᠬᠤ ᠬᠤᠷᠠᠯ ᠤᠨ ᠠᠬᠤᠢ ᠲᠠᠯᠠᠪᠠᠢ ᠳᠤ ᠭᠡᠰᠢᠭᠦᠳ ᠲᠥᠷᠥᠭᠳᠡᠯ ᠢᠶᠠᠨ ᠶᠠᠷᠢᠵᠤ᠂ ᠬᠥᠭᠵᠢᠯᠲᠡ ᠶᠢ ᠶᠠᠷᠢᠯᠴᠠᠵᠤ᠂ ᠭᠦᠷ ᠬᠥᠭᠵᠢᠶᠡᠨ ᠢᠶᠠᠷ ᠪᠢᠯᠬᠠᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠠᠭᠤᠯᠭ᠎ᠠ ᠨᠢ ᠪᠦᠭᠦ ᠲᠠᠯ᠎ᠠ ᠶᠢᠨ᠂ ᠲᠤᠭ᠎ᠠ ᠪᠠᠷᠢᠮᠲᠠ ᠨᠢ ᠨᠠᠷᠢᠨ ᠪᠣᠳᠠᠲᠠᠢ᠂ ᠭᠤᠣᠯᠳᠠᠯᠭ᠎ᠠ ᠨᠢ ᠲᠣᠪᠣᠶᠢᠮ᠎ᠠ ᠪᠠᠶᠢᠵᠤ᠂ ᠣᠨᠴᠠᠯᠢᠭ ᠨᠢ ᠢᠯᠡ ᠲᠣᠳᠣ᠂ ᠭᠢᠯᠠᠰ ᠴᠡᠭ ᠵᠠᠯᠭᠠᠭ᠎ᠠ ᠪᠠᠷ ᠢᠯᠡᠷᠡᠭᠰᠡᠨ᠂ ᠬᠥᠮᠥᠰ ᠤᠨ ᠰᠡᠳᠬᠢᠯ ᠢ ᠨᠢᠭᠲᠠᠷᠠᠭᠤᠯᠤᠭᠰᠠᠨ ︽ᠠᠮᠵᠢᠯᠲᠠ ᠶᠢᠨ ᠬᠠᠭᠤᠳᠠᠰᠤ︾ ᠪᠣᠯᠣᠨ᠎ᠠ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ︽ᠪᠠᠷᠢᠯᠭ᠎ᠠ ᠶᠢᠨ ᠵᠢᠷᠤᠭ ᠲᠥᠰᠥᠪ︾ ᠪᠣᠯᠣᠨ᠎ᠠ᠂ ᠡᠨᠡ ᠨᠢ ᠬᠥᠮᠥᠰ ᠢ ᠶᠡᠬᠡᠳᠡ ᠤᠷᠮᠠᠰᠢᠭᠤᠯᠤᠨ ᠵᠣᠷᠢᠭᠵᠢᠭᠤᠯᠪᠠ ᠭᠡᠵᠦ ᠣᠯᠠᠨ ᠢᠶᠠᠷ ᠢᠶᠠᠨ ᠰᠠᠨᠠᠯ ᠨᠢᠭᠡᠲᠡᠢ ᠦᠵᠡᠵᠡᠭᠡᠪᠡ᠃

    ᠲᠠᠷᠢᠶᠠᠯᠠᠩ ᠮᠠᠯ ᠠᠵᠤ ᠠᠬᠤᠢ ᠶᠢᠨ ᠡᠲᠡᠭᠡᠳ ᠤᠨ ᠯᠢ ᡁᠢ ᠭᠠᠩ ᠭᠡᠰᠢᠭᠦᠨ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠩ ᠲᠡᠷᠢᠭᠦᠨ ᠳᠤ ᠬᠥᠮᠥᠰ ᠢ ᠵᠣᠷᠢᠭᠵᠢᠭᠤᠯᠤᠭᠰᠠᠨ ᠨᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠱᠢᠯᠲᠡ ᠪᠠᠷ 6% ᠣᠷᠴᠢᠮ ᠨᠡᠮᠡᠭᠳᠡᠵᠦ᠂ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠶᠡᠷᠦᠩᠬᠡᠢ ᠬᠡᠮᠵᠢᠶ᠎ᠡ ᠨᠢ ᠪᠦᠭᠦ ᠤᠯᠤᠰ ᠤᠨ ᠨᠡᠷᠡᠰ ᠤᠨ ᠵᠢᠭᠰᠠᠭᠠᠯᠲᠠ ᠳᠤ 20 ᠳ᠋ᠤᠭᠠᠷ ᠲᠤ ᠣᠷᠣᠵᠤ᠂ 5 ᠵᠢᠯ ᠠᠯᠤᠰᠯᠠᠭᠠᠳ ᠪᠦᠭᠦ ᠤᠯᠤᠰ ᠤᠨ ᠳᠤᠮᠳᠠ ᠲᠦᠪᠰᠢᠨ ᠳᠤ ᠪᠤᠴᠠᠬᠤ ᠪᠣᠯᠣᠮᠵᠢ ᠲᠠᠢ ᠪᠣᠯᠤᠭᠰᠠᠨ ᠶᠠᠪᠤᠳᠠᠯ ᠪᠣᠯᠣᠨ᠎ᠠ᠃ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︿ᠵᠢᠷᠭᠤᠭᠠᠨ ᠢᠨᠵᠧᠨᠧᠷᠢᠩ﹀ ᠢ ᠰᠠᠶᠢᠲᠤᠷ ᠠᠳᠬᠤᠭᠰᠠᠨ ᠮᠥᠨ ᠴᠢᠨᠠᠷ ᠤᠨ ᠠᠯᠬᠤᠭ᠎ᠠ ᠪᠤᠯᠣᠨ᠎ᠠ︔ ᠳᠠᠷᠠᠭᠠᠯᠠᠪᠠᠯ ᠠᠮᠤ ᠪᠤᠳᠠᠭᠠᠨ ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ︿ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ﹀ ᠶᠢ ᠪᠡᠶᠡᠯᠡᠭᠦᠯᠵᠦ᠂ ᠨᠡᠮᠡᠭᠳᠡᠯ ᠤᠨ ᠬᠡᠮᠵᠢᠶ᠎ᠡ ᠨᠢ ᠪᠦᠭᠦ ᠤᠯᠤᠰ ᠲᠤ ᠭᠤᠷᠪᠠᠳᠤᠭᠠᠷ ᠲᠤ ᠵᠢᠭᠰᠠᠪᠠ᠃ ᠲᠠᠷᠢᠶᠠᠯᠠᠩ ᠤᠨ ᠠᠵᠢᠯᠲᠠᠨ ᠪᠣᠯᠤᠭᠰᠠᠨ ᠤ ᠬᠤᠪᠢ ᠳᠤ ᠪᠢᠳᠡ ᠮᠠᠰᠢ ᠣᠮᠣᠭᠰᠢᠵᠤ ᠪᠠᠶᠢᠨ᠎ᠠ᠃ ᠢᠯᠡᠳᠬᠡᠯ ᠤᠨ 2025 ᠣᠨ ᠤ ᠠᠵᠢᠯ ᠤᠨ ᠲᠣᠬᠢᠷᠠᠭᠤᠯᠤᠯᠲᠠ ᠳᠤ ︿ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠰᠠᠶᠢᠲᠤᠷ ᠬᠢᠬᠦ ᠬᠡᠷᠡᠭᠲᠡᠢ﹀ ᠭᠡᠵᠦ ᠳᠤᠷᠠᠳᠤᠭᠰᠠᠨ ᠪᠥᠭᠡᠳ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ︾ ᠭᠡᠪᠡ᠃

    ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︿ᠣᠯᠠᠨ ᠲᠦᠮᠡᠨ ᠢ ᠭᠡᠷ ᠤᠨ ᠢᠶᠠᠨ ᠡᠭᠦᠳᠡᠨ ᠳᠤ ᠡᠪᠡᠳᠴᠢᠨ ᠢᠶᠠᠨ ᠡᠮᠨᠡᠭᠦᠯᠵᠦ ᠳᠡᠶᠢᠯᠭᠦ ᠪᠤᠯᠭᠠᠬᠤ ᠬᠡᠷᠡᠭᠲᠡᠢ﹀ ᠭᠡᠵᠦ ᠳᠤᠷᠠᠳᠤᠭᠰᠠᠨ ᠢ ᠪᠢ ᠮᠠᠰᠢ ᠵᠥᠪᠰᠢᠶᠡᠷᠡᠵᠦ ᠪᠠᠶᠢᠨ᠎ᠠ᠃ ᠣᠳᠣᠬᠠᠨ ᠳᠤ ᠥᠪᠥᠷ ᠮᠣᠩᠭᠤᠯ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠵᠤ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠨᠢᠭᠡ ᠲᠠᠯ᠎ᠠ ᠪᠠᠷ᠂ ᠠᠷᠠᠳ ᠲᠦᠮᠡᠨ ᠢ ᠭᠡᠷ ᠤᠨ ᠢᠶᠠᠨ ᠡᠭᠦᠳᠡᠨ ᠳᠤ ᠨᠠᠷᠠᠲᠤ ᠡᠮᠴᠢ ᠶᠢᠨ ᠡᠬᠢ ᠪᠠᠶᠠᠯᠢᠭ ᠢ ᠡᠳ᠋ᠯᠡᠵᠦ ᠳᠡᠶᠢᠯᠭᠦ ᠪᠤᠯᠭᠠᠵᠤ᠂ ᠣᠨᠣᠰᠢᠯᠠᠨ ᠡᠮᠨᠡᠬᠦ ᠳᠥᠭᠦᠮ ᠳᠥᠲᠡ ᠴᠢᠨᠠᠷ ᠪᠠ ᠦᠷᠭᠦᠯᠵᠢᠯᠡᠬᠦ ᠴᠢᠨᠠᠷ ᠢ ᠪᠠᠲᠤᠯᠠᠵᠤ᠂ ᠨᠥᠭᠦᠭᠡ ᠲᠠᠯ᠎ᠠ ᠪᠠᠷ ᠪᠠᠰᠠ ᠥᠪᠡᠷᠲᠡᠭᠡᠨ ᠵᠠᠰᠠᠬᠤ ᠣᠷᠣᠨ ᠳᠤ ᠨᠢᠭᠡ ᠪᠦᠯᠦᠭ ᠰᠢᠯᠢᠳᠡᠭ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠦᠨ ᠥᠭᠴᠦ᠂ ᠲᠣᠰ ᠭᠠᠵᠠᠷ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠪᠣᠯᠣᠨ᠎ᠠ᠃ ᠡᠮᠨᠡᠯᠭᠡ ᠶᠢᠨ ᠠᠵᠢᠯᠲᠠᠨ ᠪᠣᠯᠤᠭᠰᠠᠨ ᠤ ᠬᠤᠪᠢ ᠳᠤ ᠪᠢ ᠮᠡᠳᠡᠭᠦᠯᠦᠯᠲᠡ ᠳᠠᠬᠢ ᠱᠠᠭᠠᠷᠳᠠᠯᠭ᠎ᠠ ᠶᠢ ᠦᠷᠭᠦᠯᠵᠢᠯᠡᠨ ᠢᠳᠡᠪᠬᠢᠲᠡᠢ ᠴᠤᠤᠷᠢᠶᠠᠲᠤᠨ ᠳᠠᠭᠠᠵᠤ᠂ ᠲᠥᠷᠥ ᠶᠢᠨ ᠪᠣᠳᠣᠯᠭ᠎ᠠ ᠶᠢᠨ ᠠᠵᠠ ᠲᠣᠭᠢᠶᠠᠯ ᠢ ᠠᠮᠵᠢᠨ ᠥᠪᠡᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠣᠨᠣᠰᠢᠯᠠᠨ ᠡᠮᠨᠡᠬᠦ ᠦᠢᠯᠡᠴᠢᠯᠡᠭᠡ ᠶᠢ ᠰᠡᠳᠬᠢᠯ ᠲᠠᠯᠪᠢᠨ ᠰᠠᠶᠢᠲᠤᠷ ᠬᠢᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠠᠮᠠᠭᠠᠯᠠᠭᠴᠢ ᠪᠣᠯᠣᠨ᠎ᠠ︾ ᠭᠡᠵᠦ ᠡᠮ ᠡᠮᠨᠡᠯᠭᠡ ᠡᠷᠡᠭᠦᠯ ᠬᠠᠮᠠᠭᠠᠯᠠᠯ ᠤᠨ ᠡᠲᠡᠭᠡᠳ ᠤᠨ ᠭᠡᠰᠢᠭᠦᠨ ᠭᠦᠸᠧ ᠰᠢᠨ ᠵᠢᠶᠦ᠋ᠨ ᠬᠡᠯᠡᠪᠡ᠃

    ᠠᠵᠢᠯᠴᠢᠨ ᠤ ᠡᠪᠯᠡᠯ ᠤᠨ ᠡᠲᠡᠭᠡᠳ ᠤᠨ ᠬᠠᠨ ᠸᠧᠢ ᠭᠡᠰᠢᠭᠦᠨ᠂ ᠨᠢᠭᠡ ᠵᠢᠯ ᠤᠨ ᠲᠤᠷᠰᠢᠬᠢ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠤᠨ ᠣᠯᠣᠯᠲᠠ ᠪᠠ ᠠᠬᠢᠴᠠ ᠨᠢ ᠬᠥᠮᠥᠰ ᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ 11 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠭᠡᠵᠦ ᠳᠤᠷᠠᠳᠪᠠ᠃ ᠡᠭᠦᠨ ᠳᠤ 2 ᠳ᠋ᠤᠭᠠᠷ ᠵᠤᠷᠪᠤᠰ ᠲᠤ ᠣᠯᠠᠨ ᠲᠦᠮᠡᠨ ︽ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ ᠠᠷᠠᠳ ᠤᠨ ᠲᠣᠭᠤᠷᠢᠭ︾ ᠲᠤ ᠬᠦᠰᠡᠯ ᠡᠷᠡᠮᠡᠯᠵᠡᠯ ᠲᠠᠯᠪᠢᠵᠤ ᠪᠠᠶᠢᠭ᠎ᠠ ᠪᠣᠯᠬᠤᠷ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ ᠭᠡᠵᠡᠢ᠃ ︽ᠵᠢᠵᠢᠭ ᠠᠳᠠᠯ ᠠᠬᠤᠢ︾ ᠨᠢ ︽ᠶᠡᠭᠡ ᠠᠷᠠᠳ ᠤᠨ ᠠᠮᠢᠳᠤᠷᠠᠯ ᠲᠠᠢ ᠬᠤᠯᠪᠣᠭᠳᠠᠵᠤ︾᠂ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠤ ᠥᠨᠳᠥᠷ ᠳᠣᠣᠷ᠎ᠠ ᠨᠢ ᠲᠦᠭ ᠲᠦᠮᠡᠨ ᠠᠶᠢᠯ ᠡᠷᠦᠭᠡ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠵᠦ ᠪᠠᠶᠢᠳᠠᠭ᠃ ᠠᠳᠠᠯ ᠠᠬᠤᠢ ᠶᠢᠨ ᠠᠵᠢᠯ ᠲᠥᠷᠥᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ ᠪᠢᠳᠡ ᠮᠠᠨ ᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠤᠭ ᠤᠨ ᠰᠢᠨ᠎ᠡ ᠪᠠᠷ ᠨᠡᠶᠢᠲᠡᠯᠡᠭᠰᠡᠨ ᠳᠦᠷᠢᠮ ᠢᠶᠠᠷ ᠠᠵᠠ ᠲᠣᠭᠢᠶᠠᠯ ᠪᠤᠯᠭᠠᠵᠤ᠂ ᠠᠵᠢᠯ ᠤᠨ ᠰᠡᠳᠬᠢᠮᠵᠢ ᠪᠠᠨ ᠥᠷᠭᠡᠳᠬᠡᠨ᠂ ᠬᠠᠮᠢᠶᠠᠷᠤᠯᠲᠠ ᠶᠢᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠮᠠᠨ ᠤ ᠣᠷᠣᠨ ᠤ ᠠᠳᠠᠯ ᠠᠬᠤᠢ ᠶᠢᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃

    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠭᠡᠰᠢᠭᠦᠨ ᠴᠧᠨ ᠪᠦᠦ ᠢᠦᠢ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠤᠨ ᠰᠠᠭᠤᠷᠢᠨ ᠢ ᠪᠠᠶᠢᠭᠤᠯᠤᠨ᠎ᠠ ᠭᠡᠵᠦ ᠳᠤᠷᠠᠳᠴᠠᠢ᠂ ᠡᠨᠡ ᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠠᠵᠢᠯᠲᠠᠨ ᠪᠣᠯᠤᠭᠰᠠᠨ ᠤ ᠬᠤᠪᠢ ᠳᠤ ᠪᠢ ︿ᠥᠪᠥᠷ ᠮᠣᠩᠭᠤᠯ ᠤᠨ ᠪᠣᠬᠢᠷᠳᠤᠯ ᠦᠭᠡᠢ ᠪᠤᠳᠤᠬᠤ ᠴᠢᠳᠠᠪᠤᠷᠢ ᠶᠢᠨ ᠳᠠᠪᠠᠭᠤᠯᠢᠭ ᠢ ᠪᠠᠳᠠᠷᠠᠭᠤᠯᠵᠤ᠂ ᠵᠣᠬᠢᠶᠠᠮᠠᠯ ᠤᠶᠤᠨ ᠴᠢᠳᠠᠪᠤᠷᠢ ᠪᠣᠯᠣᠨ ᠲᠣᠭᠠᠴᠢᠯᠠᠭᠰᠠᠨ ᠳᠠᠩᠰᠠ ᠡᠪᠬᠡᠮᠡᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ﹀ ᠭᠡᠰᠡᠨ ᠰᠠᠨᠠᠯ ᠳᠤᠷᠠᠳᠤᠯᠭ᠎ᠠ ᠳᠡᠪᠰᠢᠭᠦᠯᠪᠡ᠃ ᠪᠢᠳᠡ ᠥᠪᠥᠷ ᠮᠣᠩᠭᠤᠯ ᠤᠨ ᠲᠠᠩᠰᠠ ᠡᠪᠬᠡᠮᠡᠯ ᠤᠨ ᠰᠣᠶᠣᠯ ᠤᠨ ᠠᠭᠤᠯᠤᠭᠳᠠᠬᠤᠨ ᠭᠦᠨ ᠵᠤᠵᠠᠭᠠᠨ ᠣᠨᠴᠠᠯᠢᠭ ᠲᠤ ᠴᠢᠭᠯᠡᠭᠦᠯᠦᠨ᠂ ᠣᠶᠤᠨᠴᠢ ᠲᠠᠩᠰᠠ ᠡᠪᠬᠡᠮᠡᠯ ᠳᠤ ᠦᠨᠳᠦᠰᠦᠯᠡᠨ ᠬᠦᠷᠢᠶ᠎ᠡ ᠴᠠᠷᠠᠭ᠎ᠠ ᠪᠠᠨ ᠨᠠᠷᠢᠨ ᠬᠤᠪᠢᠶᠠᠵᠤ᠂ ᠲᠡᠷᠢᠭᠦᠨ ᠤ ᠦᠢᠯᠡᠳᠬᠦᠨ ᠢ ᠰᠤᠳᠤᠯᠤᠨ ᠨᠡᠭᠡᠭᠡᠵᠦ᠂ ᠪᠤᠳᠤᠬᠤ ᠬᠦᠴᠦᠨ ᠤ ᠳᠠᠪᠠᠭᠤᠯᠢᠭ ᠲᠤ ᠲᠦᠰᠢᠭᠯᠡᠨ ᠪᠦᠭᠦ ᠤᠯᠤᠰ ᠲᠤ ᠴᠢᠨᠠᠷ ᠰᠠᠶᠢᠲᠠᠢ ᠦᠢᠯᠡᠴᠢᠯᠡᠭᠡ ᠭᠠᠷᠭᠠᠨ᠎ᠠ᠃ ᠡᠭᠦᠨ ᠤ ᠬᠠᠮᠲᠤ ᠡᠯ᠎ᠡ ᠲᠠᠯ᠎ᠠ ᠶᠢᠨ ᠬᠢᠨ ᠤ ᠬᠤᠯᠪᠣᠭᠠᠯᠠᠬᠤ ᠶᠢ ᠪᠦᠭᠦ ᠬᠦᠴᠦᠨ ᠢᠶᠠᠷ ᠠᠬᠢᠭᠤᠯᠵᠤ᠂ ᠮᠡᠷᠭᠡᠵᠢᠯ ᠤᠨ ᠪᠣᠭᠤᠮᠢ ᠶᠢ ᠰᠢᠪᠲᠤᠯᠵᠤ᠂ ᠣᠶᠤᠨᠴᠢ ᠲᠠᠩᠰᠠ ᠡᠪᠬᠡᠮᠡᠯ ᠤᠨ ᠠᠵᠤ ᠦᠢᠯᠡᠰ ᠤᠨ ᠥᠷᠨᠢᠨ ᠬᠥᠭᠵᠢᠬᠦ ᠶᠢ ᠠᠬᠢᠭᠤᠯᠤᠨ᠎ᠠ︾ ᠭᠡᠵᠦ ᠬᠡᠯᠡᠪᠡ᠃

    ᠭᠡᠰᠢᠭᠦᠳ ᠥᠪᠡᠷ ᠥᠪᠡᠷ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠪᠠᠨ ᠴᠢᠯᠦᠭᠡᠲᠡᠢ ᠶᠠᠷᠢᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠯᠡᠭᠦᠬᠡᠨ ᠰᠦᠪᠡᠭᠴᠢᠯᠡᠨ᠂ ᠰᠣᠳᠣ ᠮᠡᠷᠭᠡᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠥᠭᠡᠷᠡᠴᠢᠯᠡᠯᠲᠡ ᠶᠢᠨ ᠬᠦᠴᠦᠨ ᠢ ᠢᠯᠡᠭᠦᠬᠡᠨ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ