1 ᠰᠠᠷ᠎ᠠ ᠶᠢᠨ 15 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ᠂ ᠠᠵᠤ ᠠᠬᠤᠢ ᠶᠢᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃

1 ᠰᠠᠷ᠎ᠠ ᠶᠢᠨ 15 ᠤ ᠦᠳᠡ ᠶᠢᠨ ᠡᠮᠦᠨ᠎ᠡ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ᠂ ᠠᠵᠤ ᠠᠬᠤᠢ ᠶᠢᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃
ᠰᠤᠷᠪᠤᠯᠵᠢᠯᠠᠬᠴᠢ ᠬᠠᠨ ᠴᠢᠩ ᠯᠢ ᠰᠡᠭᠦᠳᠡᠷᠯᠡᠪᠡ
ᠶᠠᠷᠢᠯᠴᠠᠭ᠎ᠠ ᠶᠢᠨ ᠠᠬᠤᠢ ᠲᠠᠯᠠᠪᠠᠢ ᠭᠦᠷ ᠬᠥᠭᠵᠢᠶᠡᠨ ᠢᠶᠠᠷ ᠪᠢᠯᠬᠠᠵᠤ᠂ ᠢᠳᠡᠪᠬᠢᠲᠡᠢ ᠦᠭᠡ ᠬᠡᠯᠡᠵᠡᠭᠡᠵᠦ᠂ ᠬᠠᠨ ᠫᠢᠩ᠂ ᠸᠠᠩ ᠶᠦᠩ ᠯᠧ᠂ ᠰᠢᠦᠢ ᠺᠧ᠂ ᠵᠢᠶᠠ ᠶᠤᠸᠠᠢ ᠹᠧᠩ᠂ ᠸᠠᠩ ᠰᠠᠨ ᠮᠢᠨ᠂ ᠯᠢ ᠬᠤᠩ ᠱᠧᠩ᠂ ᠬᠤ᠋ ᠰᠢᠶᠣᠣ ᠶᠠᠨ᠂ ᠯᠢᠦ ᠴᠤᠤ᠂ ᠸᠧᠨ ᠯᠢ᠂ ᠯᠢᠦ ᠮᠢᠩ ᠬᠤᠢ᠂ ᠴᠧᠩ ᠰᠢ᠂ ᠨᠢᠦ ᠬᠤᠢ ᠵᠢᠶᠦ᠋ᠨ ᠵᠡᠷᠭᠡ ᠭᠡᠰᠢᠭᠦᠳ ᠰᠠᠶᠢᠨ ᠭᠡᠷ ᠪᠠᠶᠢᠰᠢᠩ ᠰᠠᠶᠢᠨ ᠰᠠᠭᠤᠭᠠᠯᠢ ᠠᠷᠠᠳ ᠤᠨ ᠲᠣᠭᠤᠷᠢᠭ ᠢ ᠪᠦᠲᠦᠭᠡᠨ ᠪᠠᠶᠢᠭᠤᠯᠬᠤ᠂ ᠦᠢᠯᠡᠳᠬᠦ ᠦᠢᠯᠡᠰ ᠢ ᠴᠢᠨᠠᠷ ᠰᠠᠶᠢᠲᠠᠢ ᠬᠥᠭᠵᠢᠭᠦᠯᠬᠦ᠂ ᠰᠢᠨ᠎ᠡ ᠡᠨᠧᠷᠭᠢ ᠪᠣᠯᠣᠨ ᠤᠯᠠᠮᠵᠢᠯᠠᠯᠲᠤ ᠠᠵᠤ ᠦᠢᠯᠡᠰ ᠢ ᠡᠪᠴᠡᠯᠳᠦᠭᠦᠯᠦᠨ ᠬᠥᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠮᠥᠩᠭᠦᠨ ᠭᠦᠢᠯᠭᠡᠭᠡᠨ ᠤ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠬᠦ ᠵᠡᠷᠭᠡ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃ ᠸᠠᠩ ᠯᠢ ᠰᠢᠶᠠ ᠨᠢᠭᠡᠳ ᠨᠢᠭᠡ ᠪᠠᠷ ᠬᠠᠷᠢᠭᠤ ᠥᠭᠭᠦᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠠᠷᠢᠨ ᠬᠢᠨᠠᠮᠠᠭᠠᠢ ᠰᠤᠳᠤᠯᠵᠤ ᠰᠢᠩᠭᠡᠬᠡᠨ ᠠᠪᠬᠤ ᠬᠡᠷᠡᠭᠲᠡᠢ ᠭᠡᠵᠦ ᠱᠠᠭᠠᠷᠳᠠᠪᠠ᠃
ᠸᠠᠩ ᠯᠢ ᠰᠢᠶᠠ᠂ ᠥᠩᠭᠡᠷᠡᠭᠰᠡᠨ ᠨᠢᠭᠡ ᠵᠢᠯ ᠳᠤ ᠲᠤᠯᠭᠠᠷᠠᠭᠰᠠᠨ ᠬᠦᠴᠢᠷᠳᠡᠯ ᠲᠥᠰᠥᠭᠡᠯᠡᠭᠰᠡᠨ ᠠᠴᠠ ᠤᠯᠠᠨ᠂ ᠥᠷᠢᠰᠦᠯᠳᠦᠭᠡᠨ ᠵᠢᠱᠢᠭᠰᠡᠨ ᠠᠴᠠ ᠶᠡᠭᠡ ᠪᠠᠶᠢᠭᠰᠠᠨ ᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠣᠷᠣᠨ ᠳᠠᠶᠠᠭᠠᠷ ᠢ ᠳᠠᠭᠠᠭᠤᠯᠤᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠶᠢᠨ ᠬᠥᠭᠵᠢᠯᠲᠡ ᠮᠥᠨ ᠬᠦ ᠲᠣᠭᠲᠠᠭᠤᠨ ᠤ ᠳᠤᠮᠳᠠ ᠠᠬᠢᠵᠤ᠂ ᠥᠭᠡᠳᠡᠯᠡᠨ ᠲᠠᠪᠰᠢᠬᠤ ᠶᠢ ᠪᠡᠶᠡᠯᠡᠭᠦᠯᠪᠡ᠂ ᠡᠳᠡᠭᠡᠷ ᠢ ᠦᠨᠡᠨ ᠪᠣᠳᠠᠲᠠᠢ ᠠᠵᠢᠯᠯᠠᠵᠤ ᠪᠠᠶᠢᠭᠠᠳ ᠣᠯᠣᠭᠰᠠᠨ ᠶᠤᠮ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠢᠬᠤᠯᠠ ᠦᠢᠯᠡᠳᠦᠯ ᠦᠵᠡᠭᠦᠯᠵᠦ᠂ ᠥᠷᠭᠡᠨ ᠤᠯᠠᠨ ᠠᠵᠤ ᠠᠬᠤᠶᠢᠯᠠᠯ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ ᠠᠮᠵᠢᠯᠲᠠ ᠭᠢᠯᠪᠡᠷ ᠪᠤᠰᠤ ᠪᠠᠷ ᠢᠷᠡᠭᠰᠡᠨ ᠶᠤᠮ᠂ ᠡᠷᠬᠡᠪᠰᠢ ᠰᠠᠶᠢᠲᠤᠷ ᠨᠠᠨᠳᠢᠩᠨᠠᠵᠤ᠂ ᠰᠠᠶᠢᠲᠤᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃
ᠸᠠᠩ ᠯᠢ ᠰᠢᠶᠠ᠂ ᠥᠪᠥᠷ ᠮᠣᠩᠭᠤᠯ ᠤᠨ ᠣᠳᠣᠬᠠᠨ ᠤ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠬᠤ ᠳᠤ ᠤᠯᠠᠨ ᠢᠶᠠᠷ ᠢᠶᠠᠨ ᠬᠠᠮᠲᠤ ᠪᠠᠷ ᠤᠷᠤᠭᠰᠢᠯᠠᠵᠤ ᠬᠠᠮᠲᠤ ᠪᠠᠷ ᠲᠡᠮᠡᠴᠡᠵᠦ ᠬᠠᠮᠲᠤ ᠪᠠᠷ ᠠᠵᠢᠯᠯᠠᠬᠤ ᠴᠢᠬᠤᠯᠠ ᠲᠠᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠡᠵᠡᠮᠳᠡᠵᠦ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠨᠢᠭᠡ ᠰᠡᠳᠬᠢᠯ ᠨᠢᠭᠡ ᠴᠢᠭᠯᠡᠯ ᠢᠶᠠᠷ ᠬᠠᠮᠲᠤ ᠪᠠᠷ ᠤᠷᠤᠭᠰᠢᠯᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠠᠵᠤ ᠠᠬᠤᠢ ᠶᠢᠨ ︽ᠭᠡᠷᠡᠯ ᠰᠠᠴᠤᠷᠠᠩᠭᠤᠢ ᠤᠨᠤᠯ︾ ᠤᠨ ᠤᠬᠠᠭᠤᠯᠤᠭᠴᠢ ᠪᠣᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠭᠠᠪᠢᠶ᠎ᠠ ᠵᠢᠳᠬᠦᠯ ᠦᠵᠡᠭᠦᠯᠭᠦ ᠬᠡᠷᠡᠭᠲᠡᠢ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ᠰᠡᠳᠦᠪ ᠤᠨ ᠶᠣᠰᠣᠭᠠᠷ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠪᠠᠶᠢᠩᠭᠤᠵᠢᠭᠰᠠᠨ ᠨᠡᠪᠲᠡᠷᠡᠯᠴᠡᠵᠦ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠸᠠᠩ ᡁᠢ ᠴᠢᠶᠠᠩ᠂ ᠶᠠᠩ ᠶᠢᠨ᠂ ᠯᠥᠸᠧ ᡁᠢ ᠬᠤ᠋᠂ ᠸᠧᠢ ᠭᠦᠸᠧ ᠨᠠᠨ᠂ ᠠᠨ ᠷᠦᠨ ᠱᠧᠩ᠂ ᠶᠠᠩ ᠵᠢᠶᠧ ᠣᠷᠣᠯᠴᠠᠪᠠ᠃