ᠡᠯᠡᠰᠦ ᠶᠢ ᠵᠠᠰᠠᠬᠤ᠂ ᠣᠶᠢᠵᠢᠭᠤᠯᠬᠤ᠂ ᠡᠪᠡᠰᠦ ᠳᠠᠷᠢᠬᠤ ᠣᠨ ᠤ ᠬᠠᠷᠠᠯᠲᠠᠲᠤ ᠡᠭᠦᠷᠭᠡ ᠪᠠᠨ ᠲᠤᠰ ᠲᠤᠰ 113%᠂ 220% ᠪᠠ 148% ᠪᠠᠷ ᠪᠡᠶᠡᠯᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ︽ᠨᠣᠮᠢᠨ ᠨᠣᠭᠤᠭᠠᠨ ᠣᠷᠳᠣ ᠴᠠᠭᠠᠨ ᠬᠡᠷᠡᠮ︾ ᠢ ᠦᠷᠭᠦᠯᠵᠢᠯᠡᠨ ᠪᠠᠬᠢᠵᠢᠭᠦᠯᠪᠡ᠃
ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ 8.3 ᠳ᠋ᠦᠩᠰᠢᠭᠤᠷ ᠲᠣᠨ ᠪᠡᠶᠡᠯᠡᠭᠦᠯᠵᠦ᠂ ᠪᠦᠭᠦ ᠤᠯᠤᠰ ᠤᠨ 34.5% ᠶᠢ ᠡᠵᠡᠯᠡᠨ᠂ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ 3150 ᠳ᠋ᠦᠩᠰᠢᠭᠤᠷ ᠭᠷᠡᠳᠦ᠋ᠰ ᠲᠤ ᠬᠦᠷᠴᠦ᠂ ᠪᠦᠭᠦ ᠤᠯᠤᠰ ᠤᠨ 16% ᠶᠢ ᠡᠵᠡᠯᠡᠨ᠂ ᠴᠥᠮ ᠪᠦᠭᠦ ᠤᠯᠤᠰ ᠤᠨ ᠲᠡᠷᠢᠭᠦᠨ ᠳᠤ ᠣᠷᠣᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ︽ᠲᠤᠯᠭᠠᠭᠤᠷᠢ ᠬᠦᠴᠦᠨ︾ ᠤ ᠦᠢᠯᠡᠳᠦᠯ ᠢᠶᠠᠷ ᠨᠡᠩ ᠲᠣᠪᠣᠶᠢᠮ᠎ᠠ ᠪᠣᠯᠪᠠ᠃
ᠠᠮᠤ ᠪᠤᠳᠠᠭᠠᠨ ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ ᠳᠤ ᠭᠦᠷᠦᠭᠡᠳ ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠦᠬᠡᠷ ᠤᠨ ᠮᠢᠬ᠎ᠠ᠂ ᠰᠦ ᠶᠢᠨ ᠭᠠᠷᠤᠯᠲᠠ ᠪᠠᠷ ᠪᠦᠭᠦ ᠤᠯᠤᠰ ᠲᠤ ᠲᠦᠷᠦᠭᠦᠯᠡᠵᠦ᠂ ᠠᠮᠤ ᠪᠤᠳᠠᠭᠠᠨ ᠤ ᠠᠮᠤᠷ ᠲᠦᠪᠰᠢᠨ ᠤ ︽ᠰᠠᠭᠤᠷᠢ ᠴᠢᠯᠠᠭᠤ︾ ᠨᠠᠩ ᠪᠠᠲᠤ ᠪᠠᠬᠢ ᠪᠣᠯᠪᠠ᠃
᠁
2024 ᠣᠨ ᠳᠤ ᠤᠯᠤᠰ ᠤᠨ ᠳᠡᠮᠵᠢᠯᠭᠡ ᠳᠣᠣᠷ᠎ᠠ ᠥᠪᠥᠷ ᠮᠣᠩᠭᠤᠯ ︽ᠲᠠᠪᠤᠨ ᠶᠡᠭᠡ ᠡᠭᠦᠷᠭᠡ︾ ᠶᠢᠨ 212 ᠵᠦᠢᠯ ᠤᠨ ᠣᠨ ᠤ ᠭᠤᠣᠯᠳᠠᠯᠭ᠎ᠠ ᠲᠠᠢ ᠠᠵᠢᠯ ᠢ ᠪᠦᠭᠦᠨ ᠢ ᠪᠡᠶᠡᠯᠡᠭᠦᠯᠵᠦ᠂ ᠢᠯᠡ ᠲᠣᠳᠣ ᠲᠤᠭ᠎ᠠ ᠪᠠᠷᠢᠮᠲᠠ ᠨᠢ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠪᠠᠷ ᠪᠣᠳᠠᠲᠠᠢ ᠠᠯᠬᠤᠮ ᠢ ᠠᠯᠬᠤᠭᠰᠠᠨ ᠠᠮᠢᠳᠤᠯᠢᠭ ᠲᠠᠶᠢᠯᠪᠤᠷᠢ ᠪᠣᠯᠤᠭᠰᠠᠨ ᠪᠢᠯᠡ᠃
︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠯᠠᠪᠳᠠᠭᠤᠨ ᠪᠠᠲᠤᠲᠠᠢ ᠠᠵᠢᠯᠯᠠᠭ᠎ᠠ ᠶᠢ ᠴᠢᠨᠠᠷ ᠰᠠᠶᠢᠲᠠᠢ ᠬᠥᠭᠵᠢᠯᠲᠡ ᠶᠢᠨ ᠢᠯᠡᠳᠲᠡ ᠦᠷ᠎ᠡ ᠪᠦᠲᠦᠮᠵᠢ ᠪᠣᠯᠭᠠᠨ ᠦᠷᠭᠦᠯᠵᠢᠯᠡᠨ ᠬᠤᠪᠢᠷᠠᠭᠤᠯᠬᠤ ᠪᠣᠯ ᠪᠦᠭᠦ ᠣᠷᠣᠨ ᠤ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠲᠠᠨᠢᠯᠲᠠ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠠᠬᠢ ᠲᠥᠯᠥᠭᠡᠯᠡᠭᠴᠢᠳ ᠭᠡᠰᠢᠭᠦᠳ ᠤᠨ ᠬᠠᠯᠠᠭᠤᠨ ᠢᠶᠠᠷ ᠶᠠᠷᠢᠯᠴᠠᠵᠤ ᠪᠠᠶᠢᠭ᠎ᠠ ᠰᠡᠳᠦᠪ ᠮᠥᠨ᠃
ᠤᠯᠤᠰ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ ︽ᠲᠤᠯᠭᠠᠭᠤᠷᠢ ᠨᠢᠷᠤᠭᠤ︾᠂ ︽ᠰᠠᠭᠤᠷᠢ ᠴᠢᠯᠠᠭᠤ︾ ᠶᠢ ᠪᠠᠬᠢᠵᠢᠭᠦᠯᠦᠨ᠎ᠡ
︽ᠲᠠᠪᠤᠨ ᠶᠡᠭᠡ ᠡᠭᠦᠷᠭᠡ︾ ᠨᠢ ᠥᠪᠥᠷ ᠮᠣᠩᠭᠤᠯ ᠤᠨ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠪᠠᠰᠠ ᠤᠯᠤᠰ ᠤᠨ ᠲᠠᠪᠤᠨ ᠠᠮᠤᠷ ᠲᠦᠪᠰᠢᠨ ᠲᠠᠢ ᠬᠤᠯᠪᠣᠭᠳᠠᠬᠤ ᠶᠤᠮ᠃
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠭᠤᠣᠯ ᠨᠠᠶᠢᠳᠠᠪᠤᠷᠢᠵᠢᠭᠤᠯᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠰᠢᠰᠲ᠋ᠧᠮᠵᠢᠭᠰᠡᠨ᠂ ᠠᠵᠤ ᠦᠢᠯᠡᠳᠪᠦᠷᠢᠵᠢᠭᠰᠡᠨ᠂ ᠵᠠᠬ᠎ᠠ ᠳᠡᠯᠭᠡᠭᠦᠷᠴᠢᠯᠡᠭᠰᠡᠨ ᠭᠤᠷᠪᠠᠨ ᠶᠡᠭᠡ ᠰᠡᠳᠬᠢᠬᠦᠢ ᠶᠢ ᠪᠠᠲᠤ ᠪᠤᠶ ᠪᠣᠯᠭᠠᠨ ︽ᠭᠠᠵᠠᠷ ᠤᠰᠤ ᠡᠭᠦᠯᠳᠡᠷ ᠮᠡᠷᠭᠡᠵᠢᠯ᠂ ᠠᠮᠤ ᠪᠤᠳᠠᠭ᠎ᠠ ᠮᠢᠬ᠎ᠠ ᠰᠦ ᠡᠪᠡᠰᠦ᠂ ᠬᠡᠯᠬᠢᠶ᠎ᠡ ᠦᠢᠯᠡᠴᠢᠯᠡᠭᠡ ᠠᠭᠤᠰᠤᠯᠴᠠᠯ ᠥᠭᠡᠷᠡᠴᠢᠯᠡᠯᠲᠡ︾ ᠶᠢᠨ 12 ᠭᠤᠣᠯᠳᠠᠯᠭ᠎ᠠ ᠶᠢ ᠴᠢᠩᠭ᠎ᠠ ᠡᠵᠡᠮᠳᠡᠵᠦ᠂ ᠭᠤᠣᠯ ᠵᠥᠷᠢᠴᠡᠯ ᠢ ᠠᠳᠬᠤᠬᠤ᠂ ᠪᠣᠭᠤᠮᠢ ᠬᠢᠵᠠᠭᠠᠷᠯᠠᠯ ᠢ ᠡᠪᠳᠡᠬᠦ᠂ ᠪᠠᠷᠠᠯᠡᠯᠳᠤ ᠶᠢᠨ ᠴᠢᠨᠠᠷᠲᠠᠢ ᠪᠠᠶᠢᠷᠢᠰᠢᠭᠤᠯᠤᠯᠲᠠ ᠶᠢ ᠴᠢᠬᠤᠯᠠᠴᠢᠯᠠᠬᠤ ᠲᠠᠯ᠎ᠠ ᠪᠠᠷ ᠬᠦᠴᠦ ᠣᠷᠣᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ ᠭᠡᠵᠦ ᠲᠠᠨᠢᠯᠴᠠᠭᠤᠯᠪᠠ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠭᠦᠭᠡᠬᠤᠲᠠ ᠶᠢᠨ ᠪᠣᠭᠤᠮᠲᠠ ᠶᠢᠨ ᠳᠠᠷᠤᠭ᠎ᠠ᠂ ᠨᠠᠮ ᠤᠨ ᠬᠤᠷᠢᠶ᠎ᠠ ᠶᠢᠨ ᠱᠦᠵᠢ ᠵᠠᠩ ᠶᠠᠨ᠂ ᠣᠶᠢᠷ᠎ᠠ ᠶᠢᠨ ᠵᠢᠯ ᠳᠤ ᠭᠦᠭᠡᠬᠤᠲᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠥᠷᠭᠡᠳᠬᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠲᠠᠯ᠎ᠠ ᠪᠠᠷ ᠣᠷᠣᠨ ᠤ ᠲᠥᠪ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠲᠠᠰᠤᠷᠠᠯᠳᠠ ᠦᠭᠡᠢ ᠢᠯᠡᠷᠡᠭᠦᠯᠪᠡ᠃ ᠲᠠᠷᠠᠭᠠᠴᠢ ᠪᠠᠷ ᠪᠢᠳᠡ ᠭᠦᠭᠡᠬᠤᠲᠠ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠲᠦᠷᠭᠡᠳᠬᠡᠨ ᠪᠠᠶᠢᠭᠤᠯᠬᠤ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠭᠠᠷ ᠳᠠᠮᠵᠢᠪᠠᠴᠤ ᠠᠰᠢᠭ ᠭᠦᠷᠲᠡᠭᠦ ᠦᠭᠡᠢ︾ ᠠᠰᠠᠭᠤᠳᠠᠯ ᠢ ᠢᠳᠡᠪᠬᠢᠲᠡᠢ ᠰᠤᠳᠤᠯᠤᠨ ᠰᠢᠢᠳᠪᠦᠷᠢᠯᠡᠵᠦ᠂ ︽ᠳᠤᠮᠳᠠ ᠵᠠᠮ︾ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠭᠦ ᠳᠤ ᠦᠢᠯᠡᠴᠢᠯᠡᠨ᠎ᠡ ᠭᠡᠵᠦ ᠢᠯᠡᠷᠬᠡᠶᠢᠯᠡᠵᠦ ᠪᠠᠶᠢᠯ᠎ᠠ᠃
︽ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠨ᠎ᠡ︾᠂ ︽ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠣᠨᠳᠣᠣᠰᠢᠭᠤᠯᠤᠨ ᠠᠰᠢᠭᠯᠠᠬᠤ ᠳᠠᠯᠳᠠ ᠴᠢᠳᠠᠪᠤᠷᠢ ᠶᠢ ᠭᠦᠨᠵᠡᠭᠡᠢ ᠠᠭᠤᠳᠠᠯᠤᠨ᠎ᠠ︾᠂ ︽ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠨ᠎ᠡ︾᠂ ︽︿ᠲᠠᠪᠤᠨ ᠶᠡᠭᠡ ᠡᠭᠦᠷᠭᠡ﹀ ᠶᠢ ᠰᠢᠰᠲ᠋ᠧᠮ ᠲᠠᠢ ᠠᠬᠢᠭᠤᠯᠵᠤ᠂ ︿ᠵᠢᠷᠭᠤᠭᠠᠨ ᠢᠨᠵᠧᠨᠧᠷᠢᠩ﹀ ᠢ ᠦᠷᠭᠦᠯᠵᠢᠯᠡᠨ ᠬᠡᠷᠡᠭᠵᠢᠭᠦᠯᠵᠦ᠂ ︿ᠵᠢᠷᠭᠤᠭᠠᠨ ᠠᠵᠢᠯᠯᠠᠭ᠎ᠠ﹀ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ︾ ᠁ ᠲᠥᠯᠥᠭᠡᠯᠡᠭᠴᠢᠳ ᠭᠡᠰᠢᠭᠦᠳ ᠰᠠᠨᠠᠯ ᠰᠠᠨᠠᠭᠤᠯᠭ᠎ᠠ ᠳᠤᠷᠠᠳᠴᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠲᠥᠯᠥᠭᠡ ᠠᠷᠭ᠎ᠠ ᠰᠦᠪᠡᠭᠴᠢᠯᠡᠵᠦ ᠣᠷᠣᠨ ᠨᠤᠲᠤᠭᠵᠢᠭᠰᠠᠨ ᠬᠥᠭᠵᠢᠯᠲᠡ ᠶᠢᠨ ᠵᠠᠮ ᠢ ᠬᠠᠶᠢᠨ᠎ᠠ
︽ᠲᠠᠪᠤᠨ ᠶᠡᠭᠡ ᠡᠭᠦᠷᠭᠡ︾ ᠪᠣᠯ ᠬᠦᠨᠳᠦ ᠡᠭᠦᠷᠭᠡ ᠮᠥᠨ᠂ ᠮᠥᠨ ᠴᠤ ᠠᠵᠠ ᠲᠣᠭᠢᠶᠠᠯ ᠶᠤᠮ᠃
ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠬᠦᠴᠦ ᠪᠠᠨ ᠲᠥᠪᠯᠡᠷᠡᠭᠦᠯᠦᠨ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠳᠠᠭᠢᠨ ᠢᠶᠠᠷ ᠨᠡᠮᠡᠭᠳᠡᠬᠦ ᠶᠢ ᠲᠦᠷᠭᠡᠳᠬᠡᠨ ᠪᠡᠶᠡᠯᠡᠭᠦᠯᠵᠦ᠂ ᠤᠯᠠᠮᠵᠢᠯᠠᠯᠲᠤ ᠡᠨᠧᠷᠭᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠂ ᠲᠠᠪᠤᠨ ᠶᠡᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠪᠤᠶ ᠪᠣᠯᠭᠠᠪᠠ᠃
︽ᠲᠠᠷᠠᠭᠠᠴᠢ ᠪᠠᠷ ᠪᠢᠳᠡ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ᠂ ᠳᠡᠭᠡᠳᠦ ᠳᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠢ ᠪᠤᠯᠭᠠᠬᠤ ᠲᠣᠭᠤᠷᠢᠨ ᠳᠤ ᠡᠬᠢ ᠪᠠᠶᠠᠯᠢᠭ ᠢ ᠠᠰᠢᠭᠯᠠᠬᠤ ᠨᠣᠷᠮ᠎ᠠ ᠪᠠ ᠥᠨᠳᠥᠷ ᠥᠷᠲᠡᠭᠵᠢᠭᠦᠯᠦᠨ ᠠᠰᠢᠭᠯᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ᠂ ᠪᠣᠬᠢᠷᠳᠤᠯ ᠦᠭᠡᠢ ᠤᠰᠤᠲᠥ᠋ᠷᠥᠭᠴᠢᠲᠤ ᠰᠢᠪᠲᠦᠷ ᠢᠶᠠᠷ ᠭᠤᠣᠯ ᠪᠤᠯᠭᠠᠬᠰᠠᠨ ︽ᠰᠢᠨ᠎ᠡ ᠴᠢᠯᠠᠭᠤᠨ ᠲᠣᠰᠣ︾ ᠶᠢᠨ ᠲᠥᠪ ᠢ ᠪᠦᠲᠦᠭᠡᠨ ᠪᠠᠶᠢᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠤᠨ ᠲᠠᠯ᠎ᠠ ᠪᠠᠷ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ 7 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠴᠢᠨᠠᠷ ᠰᠠᠶᠢᠲᠠᠢ ᠨᠡᠭᠡᠭᠡᠨ ᠬᠥᠭᠵᠢᠭᠦᠯᠵᠦ ᠠᠰᠢᠭᠯᠠᠬᠤ ᠶᠢ ᠠᠬᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳᠠᠷᠤᠭ᠎ᠠ ᠵᠠᠩ ᡁᠢ ᠸᠧᠢ ᠬᠡᠯᠡᠨ᠎ᠡ᠃
ᠪᠠᠶᠠᠨᠨᠠᠭᠤᠷ ᠬᠤᠲᠠ ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠭᠤᠣᠯ ᠬᠦᠴᠦᠨ ᠴᠡᠷᠢᠭ ᠪᠣᠯᠤᠭᠰᠠᠨ ᠤ ᠬᠤᠪᠢ ᠳᠤ᠂ ᠨᠢᠭᠡᠨᠲᠡ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠪᠡ᠃
︽ᠲᠠᠷᠠᠭᠠᠴᠢ ᠪᠠᠷ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠢᠴᠢ ᠠᠮᠢ ᠠᠬᠤᠢ ᠶᠢᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠭᠤᠣᠯᠳᠠᠭᠤ ᠤᠰᠤ ᠠᠷᠪᠢᠯᠠᠵᠤ ᠭᠠᠩ ᠬᠠᠭᠰᠠᠷᠠᠭᠠᠨ ᠲᠠᠢ ᠲᠡᠮᠡᠴᠡᠵᠦ ᠣᠶᠢᠵᠢᠭᠤᠯᠬᠤ᠂ ᠠᠵᠤ ᠠᠬᠤᠢ ᠶᠢᠨ ᠲᠠᠷᠢᠮᠠᠯ ᠣᠶ ᠶᠢ ᠳᠠᠷᠢᠵᠤ ᠪᠣᠶᠢᠵᠢᠭᠤᠯᠬᠤ ᠮᠡᠷᠭᠡᠵᠢᠯ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠬᠢᠵᠦ᠂ ᠨᠠᠩ ᠣᠯᠠᠨ ᠪᠣᠯᠪᠠᠰᠤᠷᠠᠩᠭᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠠᠶᠠᠨᠨᠠᠭᠤᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠭᠡᠷᠡᠯ ᠬᠡᠯᠡᠨ᠎ᠡ᠃
ᠠᠷᠠᠳ ᠲᠦᠮᠡᠨ ᠳᠤ ᠠᠰᠢᠭ ᠲᠤᠰᠠ ᠬᠦᠷᠲᠡᠭᠡᠵᠦ ᠠᠮᠤᠷ ᠲᠦᠪᠰᠢᠨ ᠤ ᠲᠥᠷᠥᠭᠳᠡᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ
︽ᠲᠠᠪᠤᠨ ᠶᠡᠭᠡ ᠡᠭᠦᠷᠭᠡ︾ ᠪᠣᠯ ᠮᠠᠨ ᠤ ᠣᠷᠣᠨ ᠤ ᠬᠥᠲᠥᠯᠥᠨ ᠳᠠᠭᠠᠭᠤᠯᠬᠤ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠠᠵᠢᠯ ᠤᠨ ᠲᠥᠪᠯᠡᠷᠡᠩᠭᠦᠢ ᠪᠣᠭᠤᠮᠲᠠ ᠰᠢᠪᠲᠤᠯᠤᠯᠲᠠ ᠮᠥᠨ᠃ ᠲᠡᠭᠦᠨ ᠤ ᠠᠰᠢᠭ ᠭᠦᠷᠳᠡᠭᠴᠢ ᠪᠣᠯ ᠥᠷᠭᠡᠨ ᠣᠯᠠᠨ ᠠᠷᠠᠳ ᠲᠦᠮᠡᠨ ᠶᠤᠮ᠃
︽ᠨᠠᠳᠠ ᠳᠤ ᠥᠭᠭᠦᠭᠰᠡᠨ ᠬᠠᠮᠤᠭ ᠤᠨ ᠰᠢᠭᠤᠳ ᠲᠥᠷᠥᠭᠳᠡᠯ ᠪᠣᠯ ᠲᠡᠭᠷᠢ ᠨᠠᠩ ᠴᠡᠯᠮᠡᠭ᠂ ᠤᠰᠤ ᠨᠠᠩ ᠲᠤᠩᠭᠠᠯᠠᠭ᠂ ᠠᠭᠠᠷ ᠨᠠᠩ ᠴᠡᠪᠡᠷ ᠪᠣᠯᠵᠠᠢ᠃ ᠪᠦᠭᠦ ᠲᠠᠯ᠎ᠠ ᠪᠠᠷ ᠵᠠᠰᠠᠭᠰᠠᠨ ᠤ ᠳᠠᠷᠠᠭᠠᠬᠢ ᠠᠭᠤᠷᠬᠠᠢ ᠨᠢ ᠴᠡᠴᠡᠷᠯᠢᠭ ᠪᠣᠯᠵᠤ᠂ ᠬᠤᠲᠠ ᠶᠢᠨ ᠠᠷᠠᠳ ᠤᠨ ᠵᠣᠨ ᠤ ᠤᠯᠠᠷᠢᠯ ᠢᠶᠠᠷ ᠵᠤᠭᠠᠯᠠᠬᠤ ᠰᠢᠨ᠎ᠡ ᠭᠠᠵᠠᠷ ᠪᠣᠯᠵᠤ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠳᠠᠭᠢᠨ ᠢᠶᠠᠷ ᠨᠡᠮᠡᠭᠳᠡᠪᠡ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠴᠤᠸᠠᠩ ᠶᠤᠸᠠᠨ ᠲᠡᠮᠦᠷᠯᠢᠭ ᠤᠨ ᠬᠢᠵᠠᠭᠠᠷᠲᠤ ᠺᠤᠮᠫᠠᠨᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠠᠩ ᠹᠧᠩ ︽ᠲᠥᠯᠥᠭᠡᠯᠡᠭᠴᠢᠳ ᠤᠨ ᠰᠣᠷᠪᠤᠯᠵᠢᠯᠠᠭ᠎ᠠ ᠬᠦᠯᠢᠶᠡᠬᠦ ᠵᠠᠮ︾ ᠳᠡᠭᠡᠷ᠎ᠡ ᠬᠤᠣᠯᠢᠨ ᠭᠤᠣᠯ ᠬᠤᠲᠠ ᠶᠢᠨ ᠪᠣᠬᠢᠷᠳᠤᠯ ᠦᠭᠡᠢ ᠬᠥᠭᠵᠢᠯᠲᠡ ᠶᠢᠨ ᠠᠷᠠᠳ ᠤᠨ ᠠᠮᠢᠳᠤᠷᠠᠯ ᠳᠤ ᠠᠪᠴᠢᠷᠠᠭᠰᠠᠨ ᠠᠰᠢᠭ ᠲᠤᠰᠠ ᠶᠢ ᠶᠠᠷᠢᠯ᠎ᠠ᠃
ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠨᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠲᠡᠳᠦᠢ ᠪᠢᠰᠢ ᠂ ᠨᠡᠩ ᠴᠤ ᠦᠢᠯᠡᠳᠪᠦᠷᠢᠯᠡᠯ ᠤᠨ ᠠᠷᠭ᠎ᠠ ᠭᠡᠯᠪᠡᠷᠢ᠂ ᠬᠥᠭᠵᠢᠯᠲᠡ ᠶᠢᠨ ᠠᠷᠭ᠎ᠠ ᠭᠡᠯᠪᠡᠷᠢ ᠶᠢᠨ ᠭᠦᠨᠵᠡᠭᠡᠢ ᠬᠤᠪᠢᠰᠤᠯᠲᠠ ᠪᠤᠯᠬᠤ ᠶᠤᠮ᠃
ᠡᠷᠭᠦᠨ᠎ᠡ ᠬᠤᠲᠠ ᠥᠪᠥᠷ ᠮᠣᠩᠭᠤᠯ ᠤᠨ ᠬᠠᠮᠤᠭ ᠤᠨ ᠬᠤᠶᠢᠲᠤ ᠪᠡᠶ᠎ᠡ ᠳᠤ ᠣᠷᠣᠰᠢᠵᠤ ᠂ ᠠᠳᠡ 674.89 ᠺᠢᠯᠣᠮᠧᠲᠷ ᠤᠷᠲᠤ ᠳᠤᠮᠳᠠᠳᠤ ᠣᠷᠣᠰ ᠤᠨ ᠬᠢᠯᠢ ᠶᠢᠨ ᠱᠤᠭᠤᠮ ᠲᠠᠢ ᠶᠤᠮ᠃ ᠥᠩᠭᠡᠷᠡᠭᠰᠡᠨ ᠨᠢᠭᠡ ᠵᠢᠯ ᠳᠤ ᠡᠷᠭᠦᠨ᠎ᠡ ᠬᠤᠲᠠ ᠬᠢᠯᠢ ᠬᠢᠵᠠᠭᠠᠷ ᠢ ᠰᠠᠬᠢᠨ ᠬᠠᠮᠠᠭᠠᠯᠠᠬᠤ᠂ ᠨᠡᠶᠢᠭᠡᠮ ᠤᠨ ᠵᠠᠰᠠᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠴᠢᠳᠠᠪᠤᠷᠢ ᠨᠢ ᠢᠯᠡᠳᠲᠡ ᠴᠢᠩᠭᠠᠷᠠᠨ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠲᠤ ᠪᠠᠬᠢ ᠴᠣᠭᠴᠠᠯᠠᠪᠠ᠃
︽ᠪᠢᠳᠡ ᠡᠬᠡ ᠤᠯᠤᠰ ᠤᠨ ︿ᠤᠮᠠᠷᠠᠲᠤ ᠬᠠᠭᠠᠯᠭ᠎ᠠ﹀᠂ ᠨᠡᠶᠢᠰᠯᠡᠯ ᠤᠨ ︿ᠬᠠᠮᠠᠭᠠᠯᠠᠯᠲᠠ ᠶᠢᠨ ᠭᠤᠣᠯ﹀ ᠢ ᠰᠠᠶᠢᠲᠤᠷ ᠰᠠᠬᠢᠨ ᠬᠠᠮᠠᠭᠠᠯᠠᠬᠤ ᠶᠢᠨ ᠬᠠᠮᠲᠤ ᠠᠷᠠᠳ ᠣᠯᠠᠨ ᠳᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠣᠯᠭᠤᠪᠠ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠧᠩ ᠬᠤᠤ ᠬᠡᠯᠡᠨ᠎ᠡ
ᠪᠤᠤᠬᠢᠶ᠎ᠠ ᠳᠠᠮᠵᠢᠭᠰᠠᠨ ᠰᠢᠷᠭᠠᠭᠤ ᠴᠢᠷᠮᠠᠶᠢᠯᠭ᠎ᠠ ᠪᠠᠷ ᠠᠤᠭ᠎ᠠ ᠲᠥᠰᠥᠪ ᠢ ᠪᠡᠶᠡᠯᠡᠭᠦᠯᠵᠦ᠂ ︽ᠲᠠᠪᠤᠨ ᠶᠡᠭᠡ ᠡᠭᠦᠷᠭᠡ︾ ᠶᠢ ᠡᠷᠡᠰ ᠰᠠᠶᠢᠲᠤᠷ ᠨᠠᠶᠢᠳᠠᠪᠤᠷᠢᠵᠢᠭᠤᠯᠤᠨ᠎ᠠ᠃ ᠥᠪᠥᠷ ᠮᠣᠩᠭᠤᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠭᠰᠡᠭᠡᠷ᠁