1 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃

1 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ ᠴᠦᠨ ᠬᠤᠷᠠᠯ ᠢ ᠡᠷᠭᠢᠯᠡᠪᠡ᠃ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠳ᠋ᠤᠸᠠᠨ ᡁᠢ ᠴᠢᠶᠠᠩ᠂ ᠠᠢ ᠯᠢ ᠬᠤᠸᠠ᠂ ᠵᠠᠩ ᠪᠠᠢ ᠴᠧᠩ᠂ ᠸᠠᠨ ᠴᠤᠤ ᠴᠢ᠂ ᠸᠠᠩ ᠸᠠᠩ ᠱᠧᠩ᠂ ᠾᠧ ᠸᠧᠢ ᠬᠤᠸᠠ᠂ ᠵᠧᠦ ᠶᠢᠨ ᠰᠢᠩ᠂ ᠾᠧ ᠬᠠᠢ ᠳ᠋ᠦᠩ᠂ ᠴᠢ᠊ · ᠳᠠᠯᠠᠨᠲᠠᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ᠂ ᠱᠢ ᠭᠤᠸᠠᠩ ᠬᠤᠢ᠂ ᠯᠢᠦ ᠱᠤᠸᠠᠩ᠂ ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠢᠦᠢ ᠯᠢ ᠰᠢᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 532 ᠬᠥᠮᠥᠨ ᠪᠤᠶ᠂ 504 ᠬᠥᠮᠥᠨ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠵᠠᠩ ᠱᠤᠤ ᠴᠦᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ ᠲᠡᠷᠡ᠂ ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ ᠭᠡᠵᠦ ᠵᠢᠭᠠᠵᠤ ᠭᠠᠷᠭᠠᠵᠠᠢ᠃
ᠵᠠᠩ ᠱᠤᠤ ᠴᠦᠨ 5 ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠭᠤᠣᠯ ᠠᠵᠢᠯ ᠢ ᠡᠷᠭᠢᠴᠡᠭᠦᠯᠪᠡ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠪᠡ︔ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ᠂ ᠪᠠᠴᠢᠮ ᠬᠡᠷᠡᠭᠰᠡᠬᠦ ᠬᠦᠷᠢᠶᠡᠨ ᠳᠠᠬᠢ ᠬᠠᠤᠯᠢ ᠲᠣᠭᠲᠠᠭᠠᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠶᠢᠨ ᠬᠥᠲᠥᠯᠥᠨ ᠳᠠᠭᠠᠭᠤᠯᠬᠤ ᠪᠠ ᠪᠠᠲᠤᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠪᠠ︔ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠶᠢᠨ ᠠᠯᠪᠠᠳᠠᠯᠭ᠎ᠠ ᠶᠢᠨ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠨᠡᠮᠡᠭᠳᠡᠭᠦᠯᠪᠠ︔ ᠲᠥᠯᠥᠭᠡᠯᠡᠭᠴᠢᠳ ᠤᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ ᠪᠠᠲᠤᠯᠡᠪᠠ︔ ︽ᠳᠦᠷᠪᠡᠨ ᠪᠠᠶᠢᠭᠤᠯᠭ᠎ᠠ︾ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠪᠠ᠃ ᠨᠢᠭᠡ ᠵᠢᠯ ᠤᠨ ᠲᠤᠷᠰᠢ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠨᠡᠶᠢᠲᠡ 9 ᠬᠤᠪᠢ ᠲᠣᠭᠲᠠᠭᠠᠵᠤ᠂ 16 ᠬᠤᠪᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠤᠯᠭᠠᠵᠤ᠂ 76 ᠬᠤᠪᠢ ᠬᠠᠤᠯᠢ ᠲᠣᠭᠲᠠᠭᠠᠯ ᠢ ᠬᠢᠨᠠᠨ ᠪᠠᠶᠢᠴᠠᠭᠠᠵᠤ ᠵᠥᠪᠰᠢᠶᠡᠷᠡᠪᠡ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 6 ᠤᠳᠠᠭ᠎ᠠ ᠵᠣᠬᠢᠶᠠᠨ ᠪᠠᠶᠢᠭᠤᠯᠵᠤ᠂ 42 ᠵᠦᠢᠯ ᠤᠨ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ 5 ᠤᠳᠠᠭ᠎ᠠ ᠶᠢᠨ ᠲᠤᠰᠬᠠᠢ ᠰᠡᠳᠦᠪᠲᠦ ᠯᠠᠪᠯᠠᠨ ᠠᠰᠠᠭᠤᠬᠤ᠂ ᠬᠠᠨᠤᠮᠵᠢ ᠲᠠᠢ ᠪᠠᠶᠢᠬᠤ ᠬᠡᠮᠵᠢᠶ᠎ᠡ ᠶᠢ ᠰᠢᠯᠭᠠᠨ ᠦᠨᠡᠯᠡᠬᠦ ᠠᠵᠢᠯ ᠢ ᠥᠷᠨᠢᠭᠦᠯᠪᠡ᠃ 6 ᠬᠤᠪᠢ ᠲᠣᠭᠲᠠᠭᠠᠯ᠂ ᠰᠢᠢᠳᠪᠦᠷᠢ ᠶᠢ ᠨᠡᠶᠢᠲᠡᠯᠡᠪᠡ᠃
ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠮᠤᠵᠢ ᠶᠢᠨ ᠱᠠᠲᠤᠨ ᠤ ᠤᠳᠤᠷᠢᠳᠬᠤ ᠨᠥᠬᠦᠳ ᠤᠨ ᠥᠭᠡᠷᠡᠴᠢᠯᠡᠯᠲᠡ ᠶᠢᠨ ᠡᠭᠦᠷᠭᠡ ᠶᠢ ᠠᠵᠢᠯ ᠲᠥᠷᠥᠯ ᠬᠤᠪᠢᠶᠠᠨ ᠠᠬᠢᠭᠤᠯᠬᠤ ᠶᠢ ᠨᠠᠶᠢᠳᠠᠪᠤᠷᠢᠵᠢᠭᠤᠯᠬᠤ ᠲᠣᠭᠲᠠᠴᠠ︾ ᠶᠢ ᠲᠣᠭᠲᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ︾᠂ ︽ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠶᠢ ᠬᠢᠨᠠᠨ ᠬᠠᠷᠭᠤᠭᠤᠯᠬᠤ ᠤᠷᠢᠳᠠᠯ ᠨᠥᠬᠦᠴᠡᠯ ᠪᠤᠯᠭᠠᠵᠤ᠂ ᠳᠠᠩᠰᠠᠯᠠᠵᠤ ᠬᠢᠨᠠᠨ ᠪᠠᠶᠢᠴᠠᠭᠠᠬᠤ ᠴᠢᠬᠤᠯᠠ ᠠᠭᠤᠯᠭ᠎ᠠ ᠪᠤᠯᠭᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠪᠡᠷᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠶᠢᠨ ᠭᠤᠣᠯ ᠰᠢᠵᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠷᠡᠬᠢ ᠳᠠᠪᠬᠤᠷ ᠬᠠᠮ ᠦᠢᠯᠡᠳᠦᠯ ᠢ ᠭᠦᠢᠴᠡᠳ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ 28 ᠵᠤᠷᠪᠤᠰ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠶᠢ ᠲᠣᠭᠲᠠᠭᠠᠵᠤ᠂ ᠳᠦᠷᠢᠮ ᠢᠶᠠᠷ ᠭᠤᠣᠯ ᠰᠢᠵᠢᠮ ᠤᠨ ᠱᠠᠭᠠᠷᠳᠠᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠ ᠪᠦᠭᠦ ᠲᠠᠯ᠎ᠠ ᠪᠠᠷ ᠲᠤᠭᠤᠰᠢᠯᠠᠭᠤᠯᠬᠤ ᠪᠠ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠭᠰᠠᠨ ᠪᠠᠶᠢᠨ᠎ᠠ᠃ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ᠵᠡᠷᠭᠡ ᠭᠤᠣᠯᠳᠠᠯᠭ᠎ᠠ ᠲᠠᠢ ᠬᠠᠤᠯᠢ ᠲᠣᠭᠲᠠᠭᠠᠬᠤ ᠡᠭᠦᠷᠭᠡ ᠶᠢ ᠪᠡᠶᠡᠯᠡᠭᠦᠯᠵᠦ᠂ ᠣᠷᠣᠨ ᠪᠦᠰᠡ ᠬᠠᠮᠵᠢᠯᠴᠠᠨ ᠬᠠᠤᠯᠢ ᠲᠣᠭᠲᠠᠭᠠᠬᠤ ᠶᠢ ᠠᠩᠬ᠎ᠠ ᠤᠳᠠᠭ᠎ᠠ ᠥᠷᠨᠢᠭᠦᠯᠪᠡ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠤᠬᠠᠢ 6 ᠠᠬᠢᠭᠤᠯᠬᠤ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠢᠨᠠᠯᠲᠠ ᠲᠠᠯᠪᠢᠬᠤ ᠶᠢ ᠥᠷᠨᠢᠭᠦᠯᠬᠦ ᠶᠢᠨ ᠬᠠᠮᠲᠤ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠠᠮᠲᠤ ᠪᠠᠷ ᠪᠠᠶᠢᠴᠠᠭᠠᠨ ᠦᠵᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠬᠤ ᠠᠷᠭ᠎ᠠ ᠭᠡᠯᠪᠡᠷᠢ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠯᠪᠠᠳᠠᠯᠭ᠎ᠠ ᠶᠢᠨ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠥᠯᠥᠭᠡᠯᠡᠭᠴᠢᠳ ᠤᠨ ᠤᠯᠤᠰ ᠲᠥᠷᠥ᠂ ᠦᠵᠡᠯ ᠰᠠᠨᠠᠭ᠎ᠠ᠂ ᠰᠤᠷᠲᠠᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠲᠥᠯᠥᠭᠡᠯᠡᠭᠴᠢᠳ ᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠥᠲᠥᠯᠥᠨ ᠵᠢᠯᠣᠭᠤᠳᠪᠠ᠃ ᠳᠥᠷᠪᠡᠨ ᠵᠦᠢᠯ ᠤᠨ ᠰᠢᠨ᠎ᠡ ᠲᠣᠭᠲᠠᠴᠠ ᠶᠢᠨ ᠦᠷᠭᠦᠯᠵᠢᠯᠡᠨ ᠥᠷᠭᠡᠵᠢᠬᠦ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠪᠠ᠃ ᠰᠠᠨᠠᠯ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠪᠡ᠃ ᠥᠪᠡᠷᠲᠡᠭᠡᠨ ᠵᠠᠰᠠᠬᠤ ᠣᠷᠣᠨ ᠤ 270 ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠢ ᠲᠣᠮᠢᠯᠠᠵᠤ ᠪᠠᠭᠤᠯᠭᠠᠪᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠬᠠᠤᠯᠢ ᠴᠠᠭᠠᠵᠠ ᠶᠢᠨ ᠶᠠᠮᠤᠨ᠂ ᠪᠦᠭᠦ ᠤᠯᠤᠰ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠯᠪᠠᠨ ᠭᠡᠷ ᠠᠴᠠ ᠵᠠᠷᠯᠠᠨ ᠰᠠᠶᠢᠰᠢᠶᠠᠵᠤ᠂ ᠬᠤᠶᠠᠷ ᠵᠦᠢᠯ ᠤᠨ ᠥᠭᠡᠷᠡᠴᠢᠯᠡᠯᠲᠡ ᠶᠢᠨ ᠡᠭᠦᠷᠭᠡ ᠪᠦᠭᠦ ᠣᠷᠣᠨ ᠤ ᠥᠭᠡᠷᠡᠴᠢᠯᠡᠯᠲᠡ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠭᠰᠠᠨ ᠪᠠᠶᠢᠨ᠎ᠠ ᠭᠡᠪᠡ᠃
ᠵᠠᠩ ᠱᠤᠤ ᠴᠦᠨ᠂ ᠥᠩᠭᠡᠷᠡᠭᠰᠡᠨ ᠨᠢᠭᠡ ᠵᠢᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠣᠯᠣᠭᠰᠠᠨ ᠠᠵᠢᠯ ᠤᠨ ᠠᠮᠵᠢᠯᠲᠠ ᠪᠦᠳᠦᠮᠵᠢ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠭᠰᠡᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠬᠦᠴᠦᠲᠡᠢ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠭᠦ ᠲᠥᠯᠥᠭᠡᠯᠡᠭᠴᠢᠳ ᠤᠨ ᠤᠶᠤᠨ ᠤᠬᠠᠭᠠᠨ ᠬᠦᠴᠦᠨ ᠴᠢᠳᠠᠯ ᠪᠠ ᠰᠢᠷᠭᠠᠭᠤ ᠬᠠᠲᠠᠭᠤᠵᠢᠯᠲᠠᠢ ᠬᠦᠴᠦ ᠬᠥᠯᠥᠰᠦ ᠰᠢᠩᠭᠡᠵᠦ ᠪᠠᠶᠢᠬᠤ ᠪᠥᠭᠡᠳ ᠥᠪᠡᠷᠲᠡᠭᠡᠨ ᠵᠠᠰᠠᠬᠤ ᠣᠷᠣᠨ ᠤ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾᠂ ᠪᠦᠭᠦ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠨᠡᠶᠢᠭᠡᠮ ᠤᠨ ᠡᠯ᠎ᠡ ᠲᠠᠯ᠎ᠠ ᠶᠢᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ ᠭᠡᠪᠡ᠃
ᠵᠠᠩ ᠱᠤᠤ ᠴᠦᠨ᠂ 2025 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠭᠤᠣᠯ ᠠᠵᠢᠯ ᠶᠡᠭᠡ ᠲᠠᠯ᠎ᠠ ᠶᠢᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃ ᠲᠡᠷᠡ᠂ 2024 ᠣᠨ ᠳᠤ ᠪᠦᠭᠦ ᠣᠷᠣᠨ ᠤ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠨ ᠪᠠᠲᠤᠯᠠᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠣᠯᠪᠠ᠃ ᠨᠢᠭᠡ ᠵᠢᠯ ᠤᠨ ᠲᠤᠷᠰᠢ᠂ ᠪᠦᠭᠦ ᠣᠷᠣᠨ ᠤ ᠰᠢᠭᠦᠬᠦ ᠬᠤᠷᠢᠶ᠎ᠠ ᠡᠯ᠎ᠡ ᠲᠥᠷᠥᠯ ᠤᠨ ᠬᠡᠷᠡᠭ ᠢ 108 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠨ᠂ 102.7 ᠲᠦᠮᠡᠨ ᠬᠤᠪᠢ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠨ᠎ᠠ ᠭᠡᠪᠡ᠃
ᠶᠠᠩ ᠽᠥᠩ ᠷᠧᠨ 6 ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠄ ᠬᠠᠤᠯᠢ ᠶᠣᠰᠣᠭᠠᠷ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠬᠡᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠳᠤ ᠦᠢᠯᠡᠴᠢᠯᠡᠨ ᠪᠠᠲᠤᠯᠠᠪᠠ︔ ᠭᠤᠣᠯ ᠠᠵᠢᠯ ᠤᠨ ᠲᠣᠭᠤᠷᠢᠨ ᠳᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ ᠪᠠᠲᠤᠯᠠᠬᠤ ᠶᠢ ᠪᠠᠷᠢᠮᠲᠠᠯᠠᠪᠠ︔ ᠠᠷᠠᠳ ᠤᠨ ᠲᠥᠯᠥᠭᠡ ᠪᠠᠶᠢᠬᠤ ᠵᠣᠷᠢᠯᠲᠠ ᠶᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠠᠮᠢᠳᠤᠷᠠᠯ ᠳᠤ ᠦᠢᠯᠡᠴᠢᠯᠡᠨ ᠪᠠᠳᠤᠯᠠᠪᠡ︔ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠥᠷᠭᠡᠳᠬᠡᠵᠦ᠂ ᠥᠨᠳᠥᠷ ᠪᠦᠲᠦᠮᠵᠢᠲᠡᠢ ᠪᠠᠷ ᠵᠠᠰᠠᠬᠤ ᠳᠤ ᠦᠢᠯᠡᠴᠢᠯᠡᠨ ᠪᠠᠳᠤᠯᠠᠪᠠ︔ ᠬᠡᠷᠡᠭ ᠢ ᠬᠠᠮᠢᠶᠠᠷᠬᠤ ᠬᠥᠮᠥᠨ ᠢ ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠪᠦᠲᠦᠮᠵᠢᠲᠡᠢ ᠰᠢᠭᠦᠨ ᠲᠠᠰᠤᠯᠬᠤ ᠶᠢ ᠦᠷᠭᠦᠯᠵᠢᠯᠡᠨ ᠠᠭᠢᠭᠤᠯᠪᠠ︔ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠪᠡ᠃
ᠶᠠᠩ ᠽᠥᠩ ᠷᠧᠨ᠂ 2025 ᠣᠨ ᠳᠤ ᠪᠦᠭᠦ ᠣᠷᠣᠨ ᠤ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠲᠥᠪ ᠭᠤᠣᠯᠴᠢ ᠪᠠ ᠦᠷ᠎ᠡ ᠪᠦᠲᠦᠮᠵᠢ︾ ᠭᠡᠬᠦ ᠭᠤᠣᠯ ᠰᠡᠳᠦᠪ ᠢ ᠪᠠᠲᠤ ᠡᠵᠡᠮᠳᠡᠵᠦ᠂ ︽ᠤᠯᠤᠰ ᠲᠦᠷᠦ ᠪᠠᠷ ᠰᠦᠭ ᠰᠦᠨᠡᠰᠦ ᠶᠢ ᠱᠤᠭᠤᠬᠤ︾᠂ ︽ᠴᠢᠨᠠᠷ ᠦᠷ᠎ᠡ ᠪᠦᠲᠦᠮᠵᠢ ᠶᠢ ᠪᠠᠬᠢᠵᠢᠭᠦᠯᠬᠦ︾᠂ ︽ᠬᠡᠪ ᠪᠣᠯᠪᠠᠰᠤᠷᠠᠯ ᠴᠢᠳᠠᠪᠤᠷᠢ ᠶᠢ ᠳᠡᠭᠡᠭᠰᠢᠯᠡᠭᠦᠯᠭᠦ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠴᠢᠳᠠᠯ ᠣᠯᠭᠤᠬᠤ︾ 4 ᠵᠦᠢᠯ ᠤᠨ ᠢᠨᠵᠧᠨᠧᠷᠢᠩ ᠢ ᠭᠦᠨᠵᠡᠭᠡᠢ ᠥᠷᠨᠢᠭᠦᠯᠵᠦ᠂ ᠬᠠᠤᠯᠢ ᠴᠠᠭᠠᠵᠠ ᠶᠢᠨ ᠬᠡᠷᠡᠭ ᠨᠢᠭᠡᠪᠦᠷᠢ ᠳᠤᠮᠳᠠ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠬᠠᠤᠯᠢ ᠴᠠᠭᠠᠵᠠ ᠶᠢᠨ ᠲᠤᠯᠭᠠᠭᠤᠷᠢᠯᠠᠯ ᠪᠠ ᠦᠢᠯᠡᠴᠢᠯᠡᠭᠡ ᠬᠠᠩᠭᠠᠨ᠎ᠠ ᠭᠡᠪᠡ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠢᠯᠡᠳᠬᠡᠯ ᠬᠢᠪᠡ᠃ ᠲᠡᠷᠡ᠂ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠨᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠠᠶᠢᠲᠤᠷ ᠰᠢᠢᠳᠪᠦᠷᠢᠯᠡᠵᠦ᠂ ᠤᠬᠠᠮᠰᠠᠷ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠵᠤ᠂ ᠬᠠᠤᠯᠢ ᠪᠠᠷ ᠵᠠᠰᠠᠬᠤ ᠳᠤ ᠬᠠᠷᠢᠭᠤᠴᠠᠯᠭ᠎ᠠ ᠡᠭᠦᠷᠭᠡᠯᠡᠪᠡ ᠭᠡᠪᠡ᠃
ᠯᠢ ᠶᠦᠩ ᠵᠢᠶᠦ᠋ᠨ 5 ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠄ ᠵᠠᠯᠬᠠᠭᠠᠬᠤ ᠪᠠ ᠰᠡᠷᠭᠡᠶᠢᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ ᠢ ᠪᠦᠭᠦ ᠬᠦᠴᠦᠨ ᠢᠶᠠᠷ ᠢᠶᠠᠨ ᠬᠠᠮᠠᠭᠠᠯᠠᠪᠠ︔ ᠰᠠᠨᠠᠭᠠᠴᠢᠯᠠᠭ᠎ᠠ ᠠᠴᠠ ᠪᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠦᠢᠯᠡᠴᠢᠯᠡᠨ ᠬᠠᠮᠠᠭᠠᠯᠠᠪᠠ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠠᠷᠠᠳ ᠤᠨ ᠠᠰᠢᠭ ᠲᠤᠰᠠ ᠶᠢ ᠬᠠᠤᠯᠢ ᠶᠣᠰᠣᠭᠠᠷ ᠪᠠᠲᠤᠯᠠᠪᠠ︔ ᠬᠢᠨᠠᠯᠲᠠ ᠲᠠᠯᠪᠢᠬᠤ ᠶᠢ ᠴᠢᠩᠭᠠᠳᠬᠠᠬᠤ ᠶᠢ ᠪᠠᠷᠢᠮᠲᠠᠯᠠᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠪᠦᠲᠦᠮᠵᠢᠲᠡᠢ ᠬᠠᠮᠠᠭᠠᠯᠠᠪᠠ︔ ᠰᠦᠭ ᠰᠦᠨᠡᠰᠦ ᠶᠢ ᠱᠤᠭᠤᠵᠤ ᠪᠡᠶ᠎ᠡ ᠪᠠᠨ ᠴᠢᠭᠢᠷᠠᠭᠵᠢᠭᠤᠯᠬᠤ ᠶᠢ ᠪᠠᠷᠢᠮᠲᠠᠯᠠᠵᠤ᠂ ᠰᠢᠯᠭᠠᠷᠠᠭᠰᠠᠨ ᠡᠩᠨᠡᠭᠡ ᠶᠢ ᠦᠷᠭᠦᠯᠵᠢᠯᠡᠨ ᠳᠠᠪᠲᠠᠨ ᠪᠣᠯᠪᠠᠰᠤᠷᠠᠭᠤᠯᠪᠠ᠃
ᠯᠢ ᠶᠦᠩ ᠵᠢᠶᠦ᠋ᠨ᠂ 2025 ᠣᠨ ᠳᠤ᠂ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠨᠡᠩ ᠥᠨᠳᠥᠷ ᠵᠣᠭᠰᠣᠴᠠ ᠠᠴᠠ ᠤᠯᠤᠰ ᠲᠥᠷᠥ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠨᠡᠩ ᠥᠨᠳᠥᠷ ᠶᠠᠰᠤ ᠴᠢᠨᠠᠷ ᠦᠷ᠎ᠡ ᠠᠰᠢᠭ ᠢᠶᠠᠷ ᠬᠢᠨᠠᠯᠲᠠ ᠲᠠᠯᠪᠢᠵᠤ ᠬᠡᠷᠡᠭ ᠰᠢᠢᠳᠪᠦᠷᠢᠯᠡᠬᠦ ᠶᠢ ᠴᠢᠩᠭᠠᠳᠬᠠᠵᠤ᠂ ᠨᠡᠩ ᠶᠡᠭᠡ ᠡᠷᠴᠢᠮ ᠢᠶᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠨᠡᠩ ᠴᠢᠩᠭ᠎ᠠ ᠱᠠᠭᠠᠷᠳᠠᠯᠭ᠎ᠠ ᠪᠠᠷ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠨ᠂ ᠵᠣᠷᠢᠭᠲᠠᠢ ᠬᠢᠵᠦ ᠴᠢᠳᠠᠮᠠᠭᠠᠢ ᠠᠵᠢᠯᠯᠠᠵᠤ᠂ ᠥᠪᠥᠷ ᠮᠣᠩᠭᠤᠯ ᠤᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠶᠢᠴᠠᠭᠠᠬᠤ ᠠᠵᠢᠯ ᠤᠨ ᠨᠡᠩ ᠶᠡᠭᠡ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠤᠰᠬᠠᠢ ᠵᠥᠪᠯᠡᠯ ᠤᠨ ᠡᠷᠭᠢᠯᠡᠭᠴᠢ ᠭᠡᠰᠢᠭᠦᠨ ᠤ ᠵᠢᠱᠢᠭᠳᠡᠭᠴᠢ ᠶᠢᠨ ᠨᠡᠷ᠎ᠡ ᠳᠤᠷᠠᠳᠤᠭᠰᠠᠳ ᠪᠣᠯᠣᠨ ᠪᠠᠲᠤᠯᠠᠬᠤ ᠠᠷᠭ᠎ᠠ ᠶᠢ ᠪᠠᠲᠤᠯᠠᠪᠠ᠃
ᠬᠠᠤᠯᠢ ᠳᠤ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠷᠠᠯ ᠠᠴᠠ ᠲᠣᠭᠲᠠᠭᠠᠭᠰᠠᠨ ᠰᠤᠯᠠ ᠣᠷᠤᠯᠴᠠᠬᠤ ᠬᠥᠮᠥᠰ ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠬᠰᠠᠨ ᠪᠦᠭᠦ ᠭᠡᠰᠢᠭᠦᠳ ᠲᠤᠰ ᠤᠳᠠᠭ᠎ᠠ ᠶᠢᠨ ᠬᠤᠷᠠᠯ ᠳᠤ ᠰᠤᠯᠠ ᠣᠷᠣᠯᠴᠠᠵᠠᠢ᠃