ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠬᠤᠶᠠᠳᠤᠭᠠᠷ ᠤᠳᠠᠭ᠎ᠠ ᠶᠢᠨ ᠬᠤᠷᠠᠯ ᠬᠢᠵᠡᠢ  ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/1/17

    1 ᠰᠠᠷ᠎ᠠ ᠶᠢᠨ 16 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ᠃

    ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ 63 ᠬᠥᠮᠥᠨ ᠪᠤᠶ᠂ 60 ᠬᠥᠮᠥᠨ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃

    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠱᠤᠤ ᠴᠧᠩ ᠬᠤᠷᠠᠯ ᠢ ᠡᠷᠭᠢᠯᠡᠵᠦ᠂ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠤ ᠹᠧᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠬᠤᠷᠠᠯ ᠳᠤ ᠣᠷᠣᠯᠴᠠᠪᠠ᠃

    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠤᠨ ᠬᠢᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ᠂ ᠨᠠᠷᠢᠨ ᠪᠢᠴᠢᠭ ᠤᠨ ᠳᠠᠷᠤᠭ᠎ᠠ᠂ ᠭᠡᠰᠢᠭᠦᠨ ᠤ ᠵᠢᠱᠢᠭᠳᠡᠭᠴᠢ ᠪᠣᠯᠣᠨ ᠬᠡᠰᠡᠭ ᠲᠤᠰᠬᠠᠢ ᠵᠥᠪᠯᠡᠯ ᠤᠨ ᠡᠷᠭᠢᠯᠡᠭᠴᠢ ᠭᠡᠰᠢᠭᠦᠨ ᠤ ᠵᠢᠱᠢᠭᠳᠡᠭᠴᠢ ᠶᠢ ᠲᠠᠨᠢᠯᠴᠠᠭᠤᠯᠤᠭᠰᠠᠨ ᠨᠡᠷᠡᠰ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠴᠠ ᠨᠡᠷ᠎ᠡ ᠳᠤᠷᠠᠳᠤᠭᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ᠂ ᠨᠠᠷᠢᠨ ᠪᠢᠴᠢᠭ ᠤᠨ ᠳᠠᠷᠤᠭ᠎ᠠ᠂ ᠭᠡᠰᠢᠭᠦᠨ ᠤ ᠵᠢᠱᠢᠭᠳᠡᠭᠴᠢ ᠶᠢᠨ ᠨᠡᠷᠡᠰ︾ ᠢ ᠪᠠᠲᠤᠯᠠᠵᠤ᠂ ᠪᠠᠲᠤᠯᠠᠭᠰᠠᠨ ᠤ ᠳᠠᠷᠠᠭᠠᠬᠢ ᠵᠢᠱᠢᠭᠳᠡᠭᠴᠢ ᠶᠢᠨ ᠨᠡᠷᠡᠰ ᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠵᠥᠪᠳᠡᠯᠴᠡᠭᠦᠯᠦᠨ ᠶᠠᠷᠢᠯᠴᠠᠭᠤᠯᠬᠤ ᠪᠠᠷ ᠲᠣᠭᠲᠠᠪᠠ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠤᠰᠬᠠᠢ ᠵᠥᠪᠯᠡᠯ ᠤᠨ ᠡᠷᠭᠢᠯᠡᠭᠴᠢ ᠭᠡᠰᠢᠭᠦᠨ ᠤ ᠨᠡᠷᠡᠰ ︵ᠲᠥᠰᠥᠯ︶︾ ᠢ ᠪᠠᠲᠤᠯᠠᠵᠤ᠂ ᠪᠠᠲᠤᠯᠠᠭᠰᠠᠨ ᠨᠡᠷᠡᠰ ᠤᠨ ᠲᠥᠰᠥᠯ ᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠵᠥᠪᠯᠡᠭᠦᠯᠬᠦ ᠪᠠᠷ ᠲᠣᠭᠲᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ