1 ᠰᠠᠷ᠎ᠠ ᠶᠢᠨ 15 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠭᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃

1 ᠰᠠᠷ᠎ᠠ ᠶᠢᠨ 15 ᠤ ᠦᠳᠡ ᠶᠢᠨ ᠬᠤᠶᠢᠨ᠎ᠠ᠂ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠭᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃
ᠰᠤᠷᠪᠤᠯᠵᠢᠯᠠᠭᠴᠢ ᠬᠠᠨ ᠴᠢᠩ ᠯᠧᠢ ᠰᠡᠭᠦᠳᠡᠷᠯᠡᠪᠡ
ᠭᠦᠸᠧ ᠢᠦᠢ ᠹᠧᠩ᠂ ᠪᠦᠷᠢᠨᠵᠢᠨ᠂ ᠮᠠ ᠬᠠᠢ ᠲᠤᠤ᠂ ᠯᠢᠦ ᠰᠢᠶᠣᠣ ᠮᠢᠨ᠂ ᠶᠣᠣ ᠬᠤᠩ ᠭᠠᠩ᠂ ᠡᠷᠳᠡᠮᠲᠦ ᠵᠡᠷᠭᠡ ᠲᠥᠯᠥᠭᠡᠯᠡᠭᠴᠢ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠬᠤ᠂ ᠬᠢᠯᠢ ᠬᠢᠵᠠᠭᠠᠷ ᠤᠨ ︽ᠬᠥᠨᠳᠡᠶᠢᠷᠡᠯ︾ ᠢ ᠰᠢᠢᠳᠪᠦᠷᠢᠯᠡᠬᠦ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠰᠠᠶᠢᠲᠤᠷ ᠪᠠᠶᠢᠭᠤᠯᠬᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ᠂ ᠮᠠᠯ ᠠᠵᠤ ᠠᠬᠤᠢ ᠲᠠᠷᠢᠶᠠᠯᠠᠩ ᠤᠨ ᠲᠦᠷᠦᠯ ᠲᠡᠮᠳᠡᠭ ᠢ ᠪᠣᠶᠢᠵᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠸᠠᠩ ᠯᠢ ᠰᠢᠶᠠ ᠲᠥᠯᠥᠭᠡᠯᠡᠭᠴᠢᠳ ᠤᠨ ᠬᠡᠯᠡᠬᠦ ᠶᠢ ᠨᠠᠷᠢᠨ ᠬᠢᠨᠠᠮᠠᠭᠠᠢ ᠰᠣᠨᠣᠰᠴᠤ᠂ ᠨᠢᠭᠡᠳ ᠨᠢᠭᠡ ᠪᠠᠷ ᠬᠠᠷᠢᠭᠤᠯᠲᠠ ᠥᠭᠪᠡ᠃
ᠸᠠᠩ ᠯᠢ ᠰᠢᠶᠠ᠂ ᠥᠩᠭᠡᠷᠡᠭᠰᠡᠨ ᠨᠢᠭᠡ ᠵᠢᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠭᠦ ᠣᠷᠣᠨ ᠳᠠᠶᠠᠭᠠᠷ ᠢ ᠪᠦᠯᠬᠦᠮᠳᠡᠭᠦᠯᠦᠨ ᠳᠠᠭᠠᠭᠤᠯᠵᠤ ᠦᠨᠡᠨ ᠴᠢᠷᠮᠠᠶᠢᠨ ᠪᠣᠳᠠᠲᠠᠢ ᠠᠵᠢᠯᠯᠠᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠦᠨᠡᠨ ᠪᠣᠳᠠᠲᠠᠢ ᠠᠯᠬᠤᠮ ᠢ ᠠᠯᠬᠤᠵᠤ᠂ ᠠᠮᠵᠢᠯᠲᠠ ᠪᠦᠲᠦᠮᠵᠢ ᠨᠢ ᠬᠥᠮᠥᠰ ᠢ ᠵᠣᠷᠢᠭᠵᠢᠭᠤᠯᠤᠮ᠎ᠠ ᠶᠤᠮ ᠡᠭᠦᠨ ᠳᠤ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠴᠢᠷᠮᠠᠶᠢᠯᠭ᠎ᠠ ᠪᠣᠯᠣᠨ ᠬᠦᠴᠦ ᠬᠥᠯᠥᠰᠦ ᠰᠢᠩᠭᠡᠵᠦ ᠪᠤᠢ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢᠯᠢ ᠶᠢᠨ ᠭᠤᠣᠯ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠠᠵᠢᠯ ᠤᠨ ᠡᠯ᠎ᠡ ᠲᠠᠯ᠎ᠠ᠂ ᠪᠦᠭᠦ ᠶᠠᠪᠤᠴᠠ ᠳᠤ ᠲᠤᠭᠤᠰᠢᠯᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠪᠦᠭᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ︽ᠮᠠᠨ ᠤ ᠡᠮᠦᠨ᠎ᠡ ᠲᠦᠷᠦᠭᠦᠯᠡᠭᠰᠡᠳ ᠤᠨ ᠪᠠᠷ᠎ᠠ ᠨᠡᠩ ᠬᠤᠯᠠᠳᠠᠵᠤ᠂ ᠮᠠᠨ ᠤ ᠬᠤᠶᠢᠨ᠎ᠠ ᠬᠤᠴᠣᠷᠤᠭᠰᠠᠳ ᠨᠡᠬᠡᠵᠦ ᠢᠷᠡᠭᠰᠡᠨ︾ ᠲᠤᠯᠭᠠᠮ ᠰᠡᠳᠬᠢᠯᠭᠡ ᠶᠢ ᠪᠤᠢ ᠪᠣᠯᠭᠠᠨ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠬᠡᠷᠡᠭᠲᠡᠢ᠃ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠨᠡᠩ ᠤᠯᠠᠨ ᠪᠣᠬᠢᠷᠳᠤᠯ ᠦᠭᠡᠢ ᠴᠠᠭᠢᠯᠭᠠᠨ ᠢ ᠪᠣᠬᠢᠷᠳᠤᠯ ᠦᠭᠡᠢ ᠡᠨᠧᠷᠭᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠭᠡᠷᠡᠭᠲᠡᠢ︔ ᠣᠳᠣ ᠦᠶ᠎ᠡ ᠶᠢᠨ ᠮᠠᠯ ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠳᠠᠭᠠᠭᠤᠯᠤᠭᠴᠢ ᠠᠵᠤ ᠠᠬᠤᠶᠢᠯᠠᠯ ᠢ ᠰᠠᠶᠢᠲᠤᠷ ᠪᠣᠶᠢᠵᠢᠭᠤᠯᠤᠨ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠯᠢ ᠶᠢᠨ ᠭᠤᠣᠯ ᠤᠨ ᠣᠨᠴᠠᠯᠢᠭᠲᠤ ᠪᠣᠬᠢᠷᠳᠤᠯ ᠦᠭᠡᠢ ᠢᠳᠡᠭᠡᠨ ᠢ ᠨᠠᠩ ᠣᠯᠠᠨ ᠡᠭᠦᠳᠬᠦ ᠬᠡᠷᠡᠭᠲᠡᠢ︔ ᠰᠣᠶᠣᠯ ᠵᠢᠭᠤᠯᠴᠢᠯᠠᠯ ᠤᠨ ᠠᠵᠢᠯ ᠢ ᠰᠠᠶᠢᠲᠤᠷ ᠬᠢᠵᠦ᠂ ᠵᠢᠭᠤᠯᠴᠢᠯᠠᠬᠰᠠᠳ ᠤᠨ ᠬᠡᠷᠡᠭᠴᠡᠭᠡ ᠶᠢᠨ ᠲᠣᠭᠤᠷᠢᠨ ᠳᠤ ᠡᠵᠡᠩᠨᠡᠯᠲᠡ ᠶᠢᠨ ᠭᠡᠯᠪᠡᠷᠢ ᠶᠢ ᠤᠬᠠᠭᠠᠯᠠᠨ ᠲᠥᠯᠥᠪᠯᠡᠵᠦ᠂ ᠲᠠᠯ᠎ᠠ ᠨᠤᠲᠤᠭ᠂ ᠠᠳᠤᠭᠤᠨ ᠤ ᠠᠵᠤ ᠦᠢᠯᠡᠰ᠂ ᠨᠠᠭᠠᠳᠤᠮ ᠵᠡᠷᠭᠡ ᠭᠤᠷᠪᠠᠨ ᠠᠯᠲᠠᠨ ᠦᠰᠦᠭᠲᠦ ᠫᠠᠶᠢᠰᠠ ᠶᠢ ᠭᠡᠷᠡᠯᠲᠦᠭᠦᠯᠭᠦ ᠭᠡᠷᠡᠭᠲᠡᠢ︔ ᠭᠠᠳᠠᠭᠠᠳᠤ ᠨᠡᠭᠡᠭᠡᠯᠲᠡ ᠶᠢᠨ ᠠᠵᠢᠯ ᠢ ᠰᠠᠶᠢᠲᠤᠷ ᠬᠢᠵᠦ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠪᠠᠷ ᠠᠵᠠ ᠲᠣᠭᠢᠶᠠᠯ ᠪᠤᠯᠭᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠡᠭᠡᠭᠡᠯᠲᠡ ᠬᠢᠬᠦ ᠪᠠᠬᠢᠯᠡᠯᠲᠡ ᠶᠢ ᠨᠠᠷᠢᠨ ᠨᠢᠮᠪᠠᠢ ᠴᠣᠭᠴᠠᠯᠠᠬᠤ ᠬᠡᠷᠡᠭᠲᠡᠢ ᠭᠡᠪᠡ᠃
ᠸᠠᠩ ᠯᠢ ᠰᠢᠶᠠ᠂ ᠰᠢᠯᠢ ᠶᠢᠨ ᠭᠤᠣᠯ ᠠᠶᠢᠮᠠᠭ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠪᠣᠯᠣᠨ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠤᠢ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠬᠢᠯᠢ ᠬᠢᠵᠠᠭᠠᠷ ᠢ ᠮᠠᠨᠳᠤᠭᠤᠯᠵᠤ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠡᠯ᠎ᠡ ᠵᠦᠢᠯ ᠤᠨ ᠠᠵᠢᠯ ᠢ ᠪᠣᠳᠠᠲᠠᠢ ᠬᠢᠵᠦ᠂ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠰᠢᠨ᠎ᠡ ᠴᠠᠭ ᠦᠶ᠎ᠡ ᠶᠢᠨ ᠮᠠᠯᠵᠢᠬᠤ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃