ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠬᠤᠷᠠᠯᠳᠤᠪᠠ  ᠵᠠᠩ ᠶᠠᠨ ᠺᠦᠨ ᠬᠤᠷᠠᠯ ᠢ ᠡᠷᠭᠢᠯᠠᠵᠠᠢ
ᠨᠡᠶᠢᠲᠡᠯᠡᠭᠰᠡᠨ ᠴᠠᠭ᠄
2025/1/17

 

      1 ᠰᠠᠷ᠎ᠠ ᠶᠢᠨ 16 ᠤ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠭᠦᠭᠡᠬᠤᠲᠠ ᠳᠤ ᠬᠤᠷᠠᠯᠳᠤᠪᠠ ᠃

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋ ᠂ ᠴᠡᠴᠡᠭ ᠂ ᠸᠧᠢ ᠭᠦᠸᠧ ᠨᠠᠨ ᠂ ᠠᠨ ᠷᠦᠨ ᠱᠧᠩ ᠂ ᠵᠠᠩ ᠯᠧᠢ ᠂ ᠵᠠᠩ ᠪᠠᠢ ᠴᠧᠩ ᠂ ᠶᠠᠩ ᠵᠢᠶᠧ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ ᠃

      ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ ᠲᠥᠰᠥᠯ ︶ ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠶᠡᠷᠦᠩᠬᠡᠢ ᠪᠢᠯᠧᠲ ᠬᠢᠨᠠᠭᠴᠢ ᠂ ᠳᠡᠳ᠋ ᠶᠡᠷᠦᠩᠬᠡᠢ ᠪᠢᠯᠧᠲ ᠬᠢᠨᠠᠭᠴᠢ ᠂ ᠪᠢᠯᠧᠲ ᠬᠢᠨᠠᠭᠴᠢᠳ ᠤᠨ ᠨᠡᠷᠡᠰ ︵ ᠲᠥᠰᠥᠯ ︶ ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ ︵ ᠲᠥᠰᠥᠯ ︶ ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠢᠢᠳᠪᠦᠷᠢ ︵ ᠲᠥᠰᠥᠯ ︶ ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠢᠢᠳᠪᠦᠷᠢ ︵ ᠲᠥᠰᠥᠯ ︶ ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ ︵ ᠲᠥᠰᠥᠯ ︶ ᠵᠢᠴᠢ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠡᠢ ᠃

      ᠬᠤᠷᠠᠯ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ 43 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠤᠷᠠᠯᠳᠤᠭᠤᠯᠵᠤ ᠂ ᠳᠤᠭᠤᠶᠢᠯᠠᠩ ᠬᠤᠪᠢᠶᠠᠨ ᠶᠠᠷᠢᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠣᠰ ᠤᠳᠠᠭ᠎ᠠ ᠶᠢᠨ ᠬᠤᠷᠠᠯ ᠳᠤ ᠳᠡᠪᠰᠢᠭᠦᠯᠬᠦ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ