ᠮᠠᠯ ᠠᠵᠤ ᠠᠬᠤᠢ ᠲᠠᠷᠢᠶᠠᠯᠠᠩ ᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠬᠥᠭᠵᠢᠭᠦᠯᠦᠨᠡᠮ
ᠨᠡᠶᠢᠲᠡᠯᠡᠭᠰᠡᠨ ᠴᠠᠭ᠄
2025/1/17

 

      ᠰᠠᠶ᠋ᠢᠬᠠᠨ ᠥᠩᠭᠡᠷᠡᠭᠰᠡᠨ 2024 ᠣᠨ ᠪᠣᠯ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠦᠢᠯᠡᠰ ᠲᠦᠷᠭᠡᠨ ᠬᠥᠭᠵᠢᠭᠰᠡᠨ ᠨᠢᠭᠡ ᠵᠢᠯ ᠪᠣᠯᠣᠨ᠎ᠠ᠄ ᠠᠮᠤ ᠪᠤᠳᠠᠭᠠᠨ ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠨᠡᠮᠡᠭᠳᠡᠯ ᠤᠨ ᠬᠡᠮᠵᠢᠶ᠎ᠡ ᠨᠢ ᠪᠦᠭᠦ ᠤᠯᠤᠰ ᠤᠨ ᠭᠤᠷᠪᠠᠳᠤᠭᠠᠷ ᠲᠤ ᠵᠢᠭᠰᠠᠪᠠ᠃ ᠦᠬᠡᠷ ᠬᠤᠨᠢᠨ ᠮᠢᠬ᠎ᠠ᠂ ᠦᠨᠢᠶᠡᠨ ᠰᠦ ᠶᠢᠨ ᠭᠠᠷᠤᠯᠲᠠ ᠪᠦᠭᠦ ᠤᠯᠤᠰ ᠤᠨ ᠨᠢᠭᠡᠳᠦᠭᠡᠷ ᠲᠤ ᠲᠣᠳᠣᠷᠠᠵᠤ᠂ ᠰᠦ ᠮᠢᠬ᠎ᠠ ᠲᠥᠮᠥᠰᠥ ᠨᠣᠣᠯᠣᠭᠤᠷ ᠵᠡᠷᠭᠡ 7 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠯ ᠤᠨ ᠥᠷᠲᠡᠭ 7000 ᠳ᠋ᠦᠩᠰᠢᠭᠤᠷ ᠲᠥᠭᠦᠷᠢᠭ ᠢ ᠳᠠᠪᠠᠵᠤ᠂ ᠪᠦᠭᠦ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡᠨ ᠳᠤ ᠳᠡᠯᠭᠡᠭᠳᠡᠬᠦ ᠲᠠᠯ᠎ᠠ ᠨᠤᠲᠤᠭ ᠤᠨ ᠪᠣᠬᠢᠷᠳᠤᠯ ᠦᠭᠡᠢ ᠢᠳᠡᠭᠡᠨ ᠨᠡᠩ ᠤᠯᠠᠨ ᠪᠣᠯᠪᠠ᠃

      ᠬᠤᠶᠠᠷ ᠬᠤᠷᠠᠯ ᠢᠶᠠᠷ ᠳᠠᠮᠵᠢᠨ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠣᠶᠢᠯᠠᠭᠠᠵᠤ ᠪᠣᠯᠣᠨ᠎ᠠ᠃ ︽ᠠᠮᠤ ᠶᠢᠨ ᠰᠠᠩ︾ ᠳᠦᠭᠦᠷᠡᠩ᠂ ︽ᠮᠢᠬᠠᠨ ᠤ ᠬᠥᠮᠥᠷᠭᠡ︾ ᠡᠯᠪᠡᠭ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠰᠢᠨᠡᠳᠴᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠲᠦᠷᠭᠡᠨ ᠪᠥᠭᠡᠳ ᠲᠣᠭᠲᠠᠭᠤᠨ ᠠᠬᠢᠪᠠ᠃

      ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠲᠣᠭᠲᠠᠭᠤᠨ ᠪᠠᠶᠢᠯᠭᠠᠬᠤ ᠪᠣᠯ ᠥᠪᠥᠷ ᠮᠣᠩᠭᠤᠯ ᠤᠨ ᠪᠣᠳᠠᠲᠤ ᠬᠦᠴᠦᠨ ᠮᠥᠨ᠂ ᠨᠡᠩ ᠴᠤ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠮᠥᠨ᠃ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠨᠢ ᠳᠠᠬᠢᠨᠲᠠ ᠲᠥᠯᠥᠭᠡᠯᠡᠭᠴᠢᠳ ᠭᠡᠰᠢᠭᠦᠳ ᠤᠨ ᠬᠠᠯᠠᠭᠤᠨ ᠶᠠᠷᠢᠯᠴᠠᠭ᠎ᠠ ᠪᠣᠯᠪᠠ᠃

      ᠦᠨᠳᠦᠰᠦ ᠰᠠᠭᠤᠷᠢ ᠶᠢ ᠪᠠᠬᠢᠵᠢᠭᠦᠯᠵᠦ ᠦᠢᠯᠡᠳᠪᠦᠷᠢᠯᠡᠯ ᠤᠨ ᠬᠡᠮᠵᠢᠶ᠎ᠡ ᠦᠢᠯᠡᠳᠪᠦᠷᠢᠯᠡᠬᠦ ᠴᠢᠳᠠᠪᠤᠷᠢ ᠶᠢ ᠵᠡᠷᠭᠡ ᠪᠠᠷ ᠴᠢᠬᠤᠯᠠᠴᠢᠯᠠᠨ᠎ᠠ

      ᠴᠠᠭ ᠮᠥᠴᠡ ᠤᠷᠤᠭᠰᠢᠯᠠᠯᠲᠠ ᠶᠢᠨ ᠠᠯᠬᠤᠭ᠎ᠠ ᠶᠢ ᠭᠡᠷᠡᠴᠢᠯᠡᠨ᠎ᠡ᠃

      ᠨᠢᠭᠡ ᠪᠦᠯᠦᠭ ︽ᠨᠡᠮᠡᠭᠳᠡᠯ︾ ᠤᠨ ᠲᠤᠭ᠎ᠠ ᠪᠠᠷᠢᠮᠲᠠ ᠨᠢ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠭᠰᠡᠨ ᠢ ᠪᠠᠲᠤ ᠭᠡᠷᠡᠴᠢᠯᠡᠪᠡ᠃

      ᠲᠥᠬᠦᠭᠡᠷᠦᠮᠵᠢᠲᠦ ᠲᠠᠷᠢᠶᠠᠯᠠᠩ ᠢ 26 ᠲᠦᠮᠡᠨ ᠮᠦ᠂ ᠬᠠᠰᠢᠶᠠᠯᠠᠨ ᠲᠡᠵᠢᠭᠡᠬᠦ ᠰᠠᠷᠠᠪᠴᠢ ᠶᠢ 300 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ 78 ᠲᠦᠮᠡᠨ ᠮᠠᠯᠵᠢᠬᠤ ᠲᠠᠷᠢᠶᠠᠯᠠᠬᠤ ᠡᠷᠦᠭᠡ ᠬᠦᠷᠢᠶ᠎ᠡ ᠬᠠᠰᠢᠶᠠᠨ ᠤ ᠠᠵᠤ ᠠᠬᠤᠢ ᠶᠢ ᠭᠦᠭᠵᠢᠭᠦᠯᠪᠡ︔

      ᠠᠮᠤ ᠪᠤᠳᠠᠭᠠᠨ ᠤ ᠮᠦ ᠪᠦᠷᠢ ᠶᠢᠨ ᠳᠤᠮᠳᠠᠴᠢ ᠤᠨᠠᠯᠲᠠ 24.2 ᠵᠢᠩ ᠳᠡᠭᠡᠭᠰᠢᠯᠡᠵᠦ᠂ ᠡᠷᠳᠡᠨᠢ ᠰᠢᠰᠢ᠂ ᠲᠥᠮᠥᠰᠥ ᠶᠢᠨ ᠲᠠᠯᠠᠪᠠᠶ ᠨᠢᠭᠡᠴᠢ ᠶᠢᠨ ᠲᠡᠭᠰᠢᠳᠬᠡᠭᠰᠡᠨ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ︔

      ᠡᠳᠡᠭᠡᠷ ᠦᠨᠡᠨ ᠪᠣᠳᠠᠲᠠᠢ ᠲᠤᠭ᠎ᠠ ᠪᠠᠷᠢᠮᠲᠠ ᠶᠢᠨ ᠠᠷᠤ ᠳᠤ᠂ ᠥᠪᠥᠷ ᠮᠣᠩᠭᠤᠯ ᠤᠨ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠦᠨᠳᠦᠰᠦᠨ ᠰᠠᠭᠤᠷᠢ ᠤᠯᠠᠮ ᠨᠢᠭᠡ ᠠᠯᠬᠤᠮ ᠪᠠᠬᠢᠵᠢᠭ᠍ᠰᠡᠨ ᠤ ᠬᠦᠴᠦᠲᠡᠢ ᠭᠡᠷᠡᠴᠢᠯᠡᠯ ᠪᠤᠢ᠃

      ᠲᠦᠮᠡᠨ ᠬᠡᠷᠡᠭ ᠮᠢᠩᠭᠠᠨ ᠶᠠᠪᠤᠳᠠᠯ ᠳᠤ ᠬᠤᠭᠤᠯᠠ ᠢᠳᠡᠬᠦ ᠪᠣᠯ ᠬᠠᠮᠤᠭ ᠤᠨ ᠴᠢᠬᠤᠯᠠ ᠶᠠᠪᠤᠳᠠᠯ ᠪᠣᠯᠣᠨ᠎ᠠ᠃ ᠮᠠᠯ ᠠᠵᠤ ᠠᠬᠤᠢ ᠲᠠᠷᠢᠶᠠᠯᠠᠩ ᠤᠨ ᠲᠣᠮᠣ ᠣᠷᠣᠨ ᠪᠣᠯᠤᠭᠰᠠᠨ ᠤ ᠬᠤᠪᠢ ᠳᠤ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠡᠨᠡ ᠬᠦ ᠬᠦᠨᠳᠦ ᠡᠭᠦᠷᠭᠡ ᠶᠢ ᠬᠡᠷᠬᠢᠨ ᠴᠢᠩᠭ᠎ᠠ  ᠰᠠᠶᠢᠲᠤᠷ ᠠᠳᠬᠤᠬᠤ ᠪᠤᠶ︖ ᠲᠥᠯᠥᠭᠡᠯᠡᠭᠴᠢᠳ ᠭᠡᠰᠢᠭᠦᠳ ᠢᠳᠡᠪᠬᠢᠲᠡᠢ ᠠᠷᠭ᠎ᠠ ᠤᠬᠠᠭᠠᠨ ᠭᠠᠷᠭᠠᠵᠤ ᠠᠷᠭ᠎ᠠ ᠪᠣᠳᠣᠯᠭ᠎ᠠ ᠳᠡᠪᠰᠢᠭᠦᠯᠪᠡ᠃

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠄ ︽ᠡᠨᠡ ᠵᠢᠯ ᠤᠨ ᠮᠠᠯ ᠠᠵᠤ ᠠᠬᠤᠢ ᠲᠠᠷᠢᠶᠠᠯᠠᠩ ᠤᠨ ᠠᠵᠢᠯ ᠢ ᠰᠠᠶᠢᠲᠤᠷ ᠬᠢᠬᠦ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠯᠤᠭ᠎ᠠ ᠶᠢᠨ ᠬᠠᠷᠢᠴᠠᠭ᠎ᠠ᠂ ᠶᠡᠷᠦᠩᠬᠡᠢ ᠬᠠᠩᠭᠠᠯᠭ᠎ᠠ ᠪᠠ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ᠂ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ ᠰᠢᠨᠡᠳᠬᠡᠬᠦ ᠶᠢᠨ ᠬᠠᠷᠢᠴᠠᠭ᠎ᠠ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠬᠦ ᠪᠠ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠤᠯᠭᠠᠬᠤ ᠶᠢᠨ ᠬᠠᠷᠢᠴᠠᠭ᠎ᠠ᠂ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠭᠤᠣᠯᠳᠠᠯᠭ᠎ᠠ ᠲᠠᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠰᠢᠨ᠎ᠡ ᠵᠠᠭᠪᠤᠷ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠮᠠᠰᠢᠨ ᠮᠧᠬᠠᠨᠢᠭ᠂ ᠰᠢᠨ᠎ᠡ ᠲᠠᠪᠴᠠᠩ᠂ ᠰᠢᠨ᠎ᠡ ᠡᠵᠡᠩᠨᠡᠨ ᠪᠣᠷᠣᠯᠠᠭᠤᠯᠤᠯᠲᠠ ᠶᠢᠨ ︿ᠵᠢᠷᠭᠤᠭᠠᠨ ᠰᠢᠨ᠎ᠡ﹀ ᠳᠡᠭᠡᠷ᠎ᠡ ᠬᠦᠴᠦᠯᠡᠵᠦ᠂ ᠨᠠᠩ ᠣᠯᠠᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ︾ ᠭᠡᠯ᠎ᠡ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠴᠢ ᠯᠢᠨ᠄ ︽ᠵᠠᠯᠠᠶᠢᠳ ᠬᠤᠰᠢᠭᠤ ︿ᠲᠠᠷᠢᠶᠠᠨ ᠭᠠᠵᠠᠷ ᠢᠶᠠᠷ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ﹀ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠨ ᠠᠰᠢᠭᠯᠠᠬᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠵᠡᠷᠭᠡ ᠲᠥᠷᠥᠯ ᠵᠦᠢᠯ ᠢ ᠢᠳᠡᠪᠬᠢᠲᠡᠢ ᠲᠡᠮᠡᠴᠡᠨ ᠣᠯᠣᠨ᠎ᠠ᠃ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠢ ᠤᠶᠠᠯᠳᠤᠭᠤᠯᠬᠤ᠂ ᠭᠠᠵᠠᠷ ᠰᠢᠷᠣᠢ ᠬᠡᠷᠡᠭᠯᠡᠵᠦ ᠭᠠᠵᠠᠷ ᠰᠢᠷᠣᠢ ᠠᠷᠠᠴᠢᠯᠠᠬᠤ ᠶᠢ ᠤᠶᠠᠯᠳᠤᠭᠤᠯᠬᠤ᠂ ᠵᠠᠰᠠᠯᠲᠠ ᠬᠢᠨᠠᠯᠲᠠ ᠬᠠᠮᠢᠶᠠᠷᠤᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠶᠢ ︿ ᠨᠢᠮᠭᠡᠷᠡᠭᠦᠯᠬᠦ ﹀᠂ ︿ ᠮᠠᠭᠤᠳᠠᠭᠤᠯᠬᠤ ﹀ ᠶᠢ ᠴᠢᠩᠭ᠎ᠠ ᠰᠡᠷᠭᠡᠶᠢᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃

      ᠲᠠᠷᠢᠶᠠᠯᠠᠩ ᠢ ᠡᠷᠭᠢᠮᠯᠡᠭᠦ ᠪᠣᠯᠪᠠᠰᠤ ᠤᠯᠤᠰ ᠤᠨ ᠶᠡᠭᠡ ᠪᠣᠳᠣᠯᠭ᠎ᠠ ᠪᠤᠯᠠᠢ᠃ ᠥᠪᠥᠷ ᠮᠣᠩᠭᠤᠯ ᠦᠷᠭᠦᠯᠵᠢᠯᠡᠨ ᠲᠠᠯᠠᠪᠠᠶ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠢ ᠲᠡᠭᠡᠭᠰᠢᠯᠡᠭᠦᠯᠵᠤ᠂ ᠦᠢᠯᠡᠴᠢᠯᠡᠭᠡ ᠪᠠᠨ ᠰᠢᠯᠢᠳᠡᠭᠵᠢᠭᠦᠯᠦᠨ᠂ ᠲᠥᠷᠥ ᠶᠢᠨ ᠪᠣᠳᠣᠯᠭ᠎ᠠ ᠪᠠᠨ ᠴᠢᠩᠭᠠᠳᠬᠠᠵᠤ᠂ ︽ᠰᠠᠶᠢᠨ ᠡᠭᠦᠯᠳᠡᠷ᠂ ᠰᠠᠶᠢᠨ ᠮᠡᠷᠭᠡᠵᠢᠯ᠂ ᠰᠠᠶᠢᠨ ᠲᠠᠷᠢᠶ᠎ᠠ᠂ ᠰᠠᠶᠢᠨ ᠠᠵᠠ ᠲᠣᠭᠢᠶᠠᠯ᠂ ᠰᠠᠶᠢᠨ ᠳᠦᠷᠢᠮ︾ ᠢ ᠭᠦᠨᠵᠡᠭᠡᠢ ᠠᠭᠤᠰᠤᠯᠴᠠᠭᠤᠯᠤᠨ ᠬᠦᠴᠦᠯᠡᠵᠦ᠂ ︽ᠳᠤᠮᠳᠠᠳᠤ ᠤᠯᠤᠰ ᠤᠨ ᠠᠶᠠᠭᠠᠨ︾ ᠳᠣᠲᠣᠷᠠᠬᠢ ︽ᠥᠪᠥᠷ ᠮᠣᠩᠭᠤᠯ ᠤᠨ ᠠᠮᠤ ᠪᠤᠳᠠᠭ᠎ᠠ︾ ᠶᠢᠨ ᠬᠦᠨᠳᠦ ᠶᠢᠨ ᠵᠢᠩ ᠢ ᠨᠡᠩ ᠨᠡᠮᠡᠭᠳᠡᠭᠦᠯᠦᠨ᠎ᠡ᠃

      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠦᠢᠯᠡᠳᠪᠦᠷᠢᠯᠡᠯ ᠠᠮᠢ ᠠᠬᠤᠢ ᠶᠢᠨ ᠬᠠᠮᠲᠤ ᠪᠠᠷ ᠠᠰᠢᠭ ᠭᠦᠷᠳᠡᠭᠦ ᠳᠤ ᠬᠦᠴᠦᠨ ᠣᠯᠭᠤᠨ᠎ᠠ

      ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ ᠵᠠᠩᠭᠢᠯᠠᠭ᠎ᠠ ᠨᠢ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠣᠯᠣᠨ᠎ᠠ᠃ ᠮᠠᠯ ᠠᠵᠤ ᠠᠬᠤᠢ ᠲᠠᠷᠢᠶᠠᠯᠠᠩ ᠢ ᠴᠢᠨᠠᠷ ᠰᠠᠶᠢᠲᠠᠢ ᠬᠥᠭᠵᠢᠭᠦᠯᠬᠦ ᠳᠤ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠬᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃

      ᠭᠤᠣᠯᠳᠠᠯᠭ᠎ᠠ ᠶᠢ ᠠᠳᠬᠤᠵᠤ ᠬᠥᠭᠵᠢᠯᠲᠡ ᠶᠢ ᠠᠬᠢᠭᠤᠯᠵᠤ ᠪᠣᠯᠣᠨ᠎ᠠ᠂ ᠵᠢᠮ᠎ᠡ ᠶᠣᠰᠣ ᠶᠢ ᠡᠵᠡᠮᠳᠡᠵᠦ ᠲᠦᠮᠡᠨ ᠪᠣᠳᠠᠰ ᠢ ᠮᠥᠷᠳᠡᠵᠦ ᠪᠣᠯᠣᠨ᠎ᠠ᠃ ᠬᠡᠷᠬᠢᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠯᠭᠡᠬᠦ ᠬᠦᠴᠦᠨ ᠪᠤᠯᠭᠠᠵᠤ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠪᠤᠯᠭᠠᠬᠤ︾ ᠨᠢ ᠲᠥᠯᠥᠭᠡᠯᠡᠭᠴᠢᠳ ᠭᠡᠰᠢᠭᠦᠳ ᠤᠨ ᠠᠩᠬᠠᠷᠤᠯ ᠤᠨ ᠲᠥᠪ ᠪᠣᠯᠪᠠ᠃

      ︽ᠣᠳᠣᠬᠠᠨ ᠳᠤ᠂ ᠮᠠᠨ ᠤ ᠣᠷᠣᠨ ᠶᠠᠭ ᠮᠠᠯ ᠠᠵᠤ ᠠᠬᠤᠢ ᠲᠠᠷᠢᠶᠠᠯᠠᠩ ᠤᠨ ᠲᠣᠮᠣ ᠣᠷᠣᠨ ᠠᠴᠠ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠪᠤᠶ᠂ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠮᠠᠯ ᠠᠵᠤ ᠠᠬᠤᠢ ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠲᠠᠰ ᠳᠡᠪᠰᠢᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠯᠦ ᠵᠠᠨ ᠶᠤᠸᠠᠨ ᠬᠡᠯᠡᠨ᠎ᠡ᠃

      ᠯᠦ ᠵᠠᠨ ᠶᠤᠸᠠᠨ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤᠯᠢᠭ ᠲᠣᠳᠣᠷᠬᠠᠢ᠂ ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠠᠵᠢᠯ ᠬᠤᠪᠢᠶᠠᠷᠢᠯᠠᠨ ᠬᠠᠮᠵᠢᠯᠴᠠᠬᠤ᠂ ᠵᠣᠬᠢᠰᠲᠠᠢ ᠥᠷᠢᠰᠦᠯᠳᠦᠬᠦ‍ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠪᠠᠰᠠ ᠠᠮᠢ ᠠᠬᠤᠢ ᠶᠢᠨ ᠲᠠᠷᠢᠶᠠᠯᠠᠩ᠂ ᠣᠶᠤᠨᠲᠤ ᠲᠠᠷᠢᠶᠠᠯᠠᠩ ᠵᠡᠷᠭᠡ ᠰᠢᠨ᠎ᠡ ᠵᠠᠭᠪᠤᠷ ᠢ ᠶᠡᠭᠡ ᠪᠠᠷ ᠬᠥᠭᠵᠢᠭᠦᠯᠵᠦ᠂ ᠤᠯᠠᠮᠵᠢᠯᠠᠯᠲᠤ ᠲᠠᠷᠢᠶᠠᠯᠠᠩ ᠢ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠠᠷᠢᠶᠠᠯᠠᠩ ᠲᠡᠶᠢᠰᠢ ᠲᠦᠷᠭᠡᠨ ᠬᠤᠪᠢᠷᠠᠭᠤᠯᠬᠤ ᠶᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠠᠮᠢ ᠠᠬᠤᠢ ᠶᠢᠨ ᠬᠠᠮᠠᠭᠠᠯᠠᠯᠲᠠ᠂ ᠦᠢᠯᠡᠳᠪᠦᠷᠢᠯᠡᠯ ᠤᠨ ᠬᠥᠭᠵᠢᠯᠲᠡ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠵᠣᠬᠢᠴᠠᠩᠭᠤᠢ ᠪᠥᠭᠡᠳ ᠨᠢᠭᠡᠳᠦᠯᠲᠡᠢ ᠪᠠᠶᠢᠬᠤ ᠶᠢ ᠪᠡᠶᠡᠯᠡᠭᠦᠯᠪᠡᠯ ᠵᠣᠬᠢᠨ᠎ᠠ ᠭᠡᠵᠦ ᠰᠠᠨᠠᠭᠤᠯᠭ᠎ᠠ ᠳᠤᠷᠠᠳᠪᠠ᠃

      ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ ᠪᠣᠭᠤᠮᠲᠠ ᠰᠢᠪᠲᠤᠯᠬᠤ ᠪᠣᠯ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ︽ᠦᠨᠳᠦᠰᠦᠨ ᠱᠠᠲᠤᠨ ᠳᠤ ᠣᠶᠢᠷᠠᠲᠤᠭᠰᠠᠨ︾ ᠰᠢᠭᠤᠳ ᠢᠯᠡᠷᠡᠯ ᠪᠣᠯᠣᠨ᠎ᠠ᠃

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠵᠠᠬᠢᠷᠤᠯ ᠰᠦᠨ ᡁᠢ ᠬᠤᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠰᠠᠭᠤᠷᠢ ᠰᠤᠳᠤᠯᠭᠠᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠦᠨ ᠬᠦᠴᠢᠯ ᠤᠨ ᠪᠠᠺᠲ᠋ᠧᠷᠢ ᠶᠢᠨ ᠰᠢᠨ᠎ᠡ ᠴᠢᠳᠠᠮᠵᠢ ᠪᠠ ᠰᠢᠨ᠎ᠡ ᠬᠡᠷᠡᠭᠯᠡᠭᠡ ᠶᠢ ᠥᠨᠳᠥᠷ ᠪᠦᠲᠦᠮᠵᠢᠲᠡᠶ ᠪᠠᠷ ᠠᠭᠤᠳᠠᠯᠬᠤ ᠬᠡᠷᠡᠭᠲᠡᠢ ᠭᠡᠵᠦ ᠪᠤᠳᠤᠯ ᠢᠶᠠᠨ ᠳᠡᠯᠭᠡᠵᠦ ᠭᠠᠷᠤᠯ᠎ᠠ᠃ ᠲᠡᠷᠡ᠄ ︽ᠰᠦᠨ ᠬᠦᠴᠢᠯ ᠤᠨ ᠪᠠᠺᠲ᠋ᠧᠷᠢ ᠶᠢᠨ ᠴᠢᠳᠠᠮᠵᠢ ᠶᠢᠨ ᠰᠤᠳᠤᠯᠭᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠦᠨ ᠬᠦᠴᠢᠯ ᠤᠨ ᠪᠠᠺᠲ᠋ᠧᠷᠢ ᠶᠢᠨ ᠡᠷᠡᠭᠦᠯ ᠮᠡᠨᠳᠦ ᠶᠢᠨ ᠢᠳᠡᠭᠡᠨ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠵᠡᠷᠭᠡ ᠬᠦᠷᠢᠶᠡᠨ ᠳᠠᠬᠢ ᠰᠠᠭᠤᠷᠢ ᠰᠤᠳᠤᠯᠭᠠᠨ ᠢ ᠪᠠᠶᠢᠷᠢᠯᠠᠭᠤᠯᠵᠤ᠂ ᠰᠠᠭᠤᠷᠢ ᠰᠤᠳᠤᠯᠭᠠᠨ ᠤ ᠳᠠᠪᠠᠭᠤᠯᠢᠭ ᠢ ᠠᠯᠬᠤᠮ ᠠᠯᠬᠤᠮ ᠢᠶᠠᠷ ᠪᠤᠶ ᠪᠤᠯᠭᠠᠬᠤ ᠬᠡᠷᠡᠭᠲᠡᠢ᠃ ᠡᠭᠦᠨ ᠤ ᠬᠠᠮᠲᠤ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠤᠯᠪᠠᠰᠤᠷᠠᠭᠤᠯᠬᠤ ᠮᠡᠷᠭᠡᠵᠢᠯ ᠤᠨ ᠪᠣᠭᠤᠮᠢ ᠶᠢ ᠰᠢᠪᠲᠤᠯᠬᠤ ᠬᠡᠷᠡᠭᠲᠡᠢ᠃ ᠣᠯᠠᠨ ᠰᠢᠨᠵᠢᠯᠡᠭᠡᠨ ᠤ ᠰᠠᠯᠠᠭ᠎ᠠ ᠶᠢ ᠰᠣᠯᠪᠢᠴᠠᠭᠤᠯᠤᠨ ᠪᠣᠭᠤᠮᠲᠠ ᠰᠢᠪᠲᠤᠯᠬᠤ ᠶᠢ ᠵᠣᠷᠢᠭᠵᠢᠭᠤᠯᠵᠤ᠂ ᠰᠦᠨ ᠬᠦᠴᠢᠯ ᠤᠨ ᠪᠠᠺᠲ᠋ᠧᠷᠢ ᠶᠢᠨ ᠨᠠᠶᠢᠷᠠᠯᠭ᠎ᠠ ᠶᠢᠨ ᠢᠳᠡᠪᠬᠢ ᠴᠢᠨᠠᠷ ᠢᠶᠠᠷ ᠳᠣᠣᠷ᠎ᠠ᠂ ᠲᠣᠭᠲᠠᠪᠤᠷᠢᠲᠤ ᠴᠢᠨᠠᠷ ᠢᠶᠠᠷ ᠠᠨᠠᠢ᠂ ᠥᠪᠡᠷ ᠤᠨ ᠥᠷᠲᠡᠭ ᠢᠶᠠᠷ ᠥᠨᠳᠥᠷ ᠵᠡᠷᠭᠡ ᠪᠤᠯᠪᠠᠰᠤᠷᠠᠭᠤᠯᠬᠤ ᠮᠡᠷᠭᠡᠵᠢᠯ ᠤᠨ ᠪᠣᠭᠤᠮᠢ ᠶᠢ ᠰᠢᠪᠲᠤᠯᠵᠤ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ᠂ ᠮᠡᠷᠭᠡᠵᠢᠯ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠦᠨ ᠬᠦᠴᠢᠯ ᠤᠨ ᠪᠠᠺᠲ᠋ᠧᠷᠢ ᠶᠢᠨ ᠠᠵᠤ ᠦᠢᠯᠡᠰ ᠢ ᠳᠠᠪᠠᠭᠤᠯᠢᠭ ᠣᠨᠴᠠᠯᠢᠭᠲᠤ ᠠᠵᠤ ᠦᠢᠯᠡᠰ ᠪᠣᠯᠭᠠᠨ᠎ᠠ︾ ᠭᠡᠵᠦ ᠰᠠᠨᠠᠯ ᠢᠶᠠᠨ ᠬᠡᠯᠡᠨ᠎ᠡ᠃

      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠃ ᠥᠪᠥᠷ ᠮᠣᠩᠭᠤᠯ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠶᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠢ ᠰᠢᠪᠲᠤᠯᠬᠤ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠬᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠬᠤ ᠬᠥᠭᠵᠢᠯᠲᠡ ᠶᠢ ᠬᠥᠲᠥᠯᠥᠨ ᠳᠠᠭᠠᠭᠤᠯᠬᠤ ᠬᠦᠴᠦᠲᠦ ᠬᠥᠳᠡᠯᠭᠡᠭᠦᠷ ᠪᠣᠯᠭᠠᠨ᠎ᠠ᠃

      ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠵᠦ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠶᠢ ᠵᠡᠷᠭᠡ ᠪᠠᠷ ᠠᠳᠬᠤᠨ᠎ᠠ

      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠲᠡᠮᠳᠡᠭᠯᠡᠭᠦᠰᠢᠲᠡᠢ ᠵᠠᠩᠭᠢᠯᠠᠭ᠎ᠠ ᠶᠢᠨ ᠥᠭᠦᠯᠡᠪᠦᠷᠢ ᠮᠠᠰᠢ ᠣᠯᠠᠨ ᠪᠤᠢ᠄ ︽ᠮᠠᠯ ᠠᠵᠤ ᠠᠬᠤᠢ ᠲᠠᠷᠢᠶᠠᠯᠠᠩ ᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ︾᠂ ︽ᠥᠩ ᠰᠢᠮᠡᠯᠢᠭ ᠬᠥᠷᠥᠰᠥ ᠰᠢᠷᠣᠢ᠂ ᠥᠷᠭᠡᠨ ᠠᠭᠤᠳᠠᠮ ᠲᠠᠯ᠎ᠠ ᠨᠤᠲᠤᠭ᠂ ᠴᠡᠪᠡᠷ ᠲᠤᠩᠭᠠᠯᠠᠭ ᠭᠤᠣᠯ ᠤᠨ ᠤᠰᠤ ᠶᠢ ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ︾᠂ ︽ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠪᠠᠷ ᠬᠤᠰᠢᠭᠤ ᠰᠢᠶᠠᠨ ᠤ  ᠠᠵᠤ ᠠᠬᠤᠢ ᠶᠢ ᠪᠤᠵᠠᠭᠠᠶᠢᠷᠠᠭᠤᠯᠤᠨ᠎ᠠ︾ ᠁

      ᠡᠲᠡᠭᠡᠷ ᠵᠠᠩᠭᠢᠯᠠᠭ᠎ᠠ ᠶᠢᠨ ᠥᠭᠦᠯᠡᠮᠵᠢ ᠨᠢ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠬᠠᠯᠠᠮᠵᠢᠯᠠᠨ ᠠᠩᠬᠠᠷᠴᠤ ᠪᠠᠶᠢᠭ᠎ᠠ ᠲᠥᠯᠥᠭᠡᠯᠡᠭᠴᠢᠳ ᠭᠡᠰᠢᠭᠦᠳ ᠤᠨ ᠬᠠᠮᠲᠤ ᠶᠢᠨ ᠬᠦᠷᠢᠶᠡᠯᠡᠯ ᠢ ᠣᠯᠣᠭᠰᠠᠨ ᠪᠠᠶᠢᠨ᠎ᠠ᠃

      ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠪᠣᠯᠣᠨ ᠦᠷ᠎ᠡ ᠠᠰᠢᠭ ᠢ ᠳᠡᠭᠡᠭᠰᠢᠯᠡᠭᠦᠯᠭᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠢᠩᠭᠠᠨ ᠠᠶᠢᠮᠠᠭ ᠤᠨ ᠬᠤᠸᠠ ᠹᠧᠢ ᠮᠠᠯ ᠠᠵᠤ ᠠᠬᠤᠢ ᠲᠠᠷᠢᠶᠠᠯᠠᠩ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠰᠢᠦᠢ ᠹᠧᠢ᠄ ︽ᠨᠢᠭᠡ ᠲᠠᠯ᠎ᠠ ᠪᠠᠷ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠪᠣᠶᠢᠵᠢᠭᠤᠯᠬᠤ ᠪᠠ ᠵᠢᠯᠤᠭᠤᠳᠬᠤ ᠪᠠᠨ ᠴᠢᠩᠭᠠᠳᠬᠠᠵᠤ᠂ ᠦᠢᠯᠡᠴᠢᠯᠡᠭᠡᠨ ᠤ ᠴᠢᠳᠠᠮᠵᠢ  ᠪᠦᠷᠢᠨ᠂ ᠵᠣᠬᠢᠶᠠᠨ ᠪᠠᠶᠢᠭᠤᠯᠬᠤ ᠴᠢᠳᠠᠪᠤᠷᠢ  ᠴᠢᠩᠭ᠎ᠠ᠂ ᠠᠵᠢᠯᠯᠠᠭᠠᠨ ᠤ ᠬᠠᠮᠢᠶᠠᠷᠤᠯᠲᠠ ᠨᠢ ᠵᠢᠷᠤᠮᠵᠢᠬᠰᠠᠨ ᠶᠡᠷᠦᠩᠬᠡᠶᠢᠯᠡᠭᠰᠡᠨ ᠴᠢᠨᠠᠷᠲᠠᠢ ᠳᠠᠭᠠᠭᠤᠯᠤᠭᠴᠢ ᠠᠵᠤ ᠠᠬᠤᠶᠢᠯᠠᠯ ᠪᠣᠯᠣᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠭᠤᠣᠯᠳᠠᠯᠭ᠎ᠠ ᠲᠠᠢ ᠪᠣᠶᠢᠵᠢᠭᠤᠯᠵᠤ᠂ ᠦᠢᠯᠡᠴᠢᠯᠡᠭᠡᠨ ᠤ ᠬᠡᠯᠬᠢᠶ᠎ᠡ ᠶᠢ ᠦᠢᠯᠡᠳᠪᠦᠷᠢᠯᠡᠬᠦ ᠭᠤᠭᠴᠤᠭ᠎ᠠ ᠠᠴᠠ ᠬᠠᠳᠠᠭᠠᠬᠤ᠂ ᠰᠢᠨ᠎ᠡ ᠰᠣᠷᠭᠤᠭ ᠪᠠᠶᠢᠯᠭᠠᠬᠤ᠂ ᠬᠥᠮᠥᠷᠭᠡᠯᠡᠨ ᠬᠠᠳᠠᠭᠠᠯᠠᠬᠤ᠂ ᠡᠳ᠋ᠰᠢᠭᠦᠯᠬᠦ᠂ ᠪᠣᠷᠣᠯᠠᠭᠤᠯᠬᠤ ᠵᠡᠷᠭᠡ ᠦᠢᠯᠡᠳᠪᠦᠷᠢᠯᠡᠯ ᠤᠨ ᠳᠠᠷᠠᠭᠠᠬᠢ ᠭᠤᠭᠴᠤᠭ᠎ᠠ ᠭᠦᠷᠲᠡᠯ᠎ᠡ ᠤᠷᠲᠤᠳᠬᠠᠬᠤ ᠶᠢ ᠵᠣᠷᠢᠭᠵᠢᠭᠤᠯᠬᠤ ᠶᠢ ᠰᠠᠨᠠᠭᠤᠯᠵᠤ ᠪᠠᠶᠢᠨ᠎ᠠ᠃ ᠨᠥᠭᠦᠭᠡ ᠲᠠᠯ᠎ᠠ ᠪᠠᠷ᠂ ᠰᠢᠨ᠎ᠡ ᠮᠠᠶ᠋ᠢᠭ ᠤᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠰᠦᠪᠡᠭᠴᠢᠯᠡᠨ ᠳᠡᠯᠭᠡᠷᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ︿ᠢᠨᠲ᠋ᠧᠷ ᠰᠦᠯᠵᠢᠶ᠎ᠡ + ᠮᠠᠯ ᠠᠵᠤ ᠠᠬᠤᠢ ᠲᠠᠷᠢᠶᠠᠯᠠᠩ﹀ ᠤᠨ ᠵᠠᠭᠪᠤᠷ ᠢ ᠲᠦᠷᠭᠡᠨ ᠳᠡᠯᠭᠡᠷᠡᠭᠦᠯᠵᠦ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠳᠠᠮᠵᠢᠨ᠂ ᠮᠠᠯ ᠠᠵᠤ ᠠᠬᠤᠢ ᠲᠠᠷᠢᠶᠠᠯᠠᠩ ᠤᠨ ᠦᠢᠯᠡᠴᠢᠯᠡᠭᠡᠨ ᠤ ᠣᠶᠤᠨᠴᠢᠯᠠᠯᠲᠠ᠂ ᠨᠠᠷᠢᠯᠢᠭ ᠤᠨᠤᠴᠠᠳᠤ ᠬᠥᠭᠵᠢᠯᠲᠡ ᠶᠢ ᠪᠡᠶᠡᠯᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠲᠣᠰᠬᠤᠨ ᠤ ᠬᠠᠮᠲᠤ ᠠᠴᠠ ᠳᠠᠭᠠᠭᠤᠯᠤᠨ ᠡᠷᠭᠢᠯᠡᠭᠰᠡᠨ ᠬᠤᠷᠰᠢᠶ᠎ᠠ᠂ ᠠᠷᠠᠳ ᠤᠨ ᠡᠵᠡᠩᠨᠡᠯᠲᠡ ᠶᠢᠨ ᠲᠠᠷᠢᠶᠠᠯᠠᠩ ᠤᠨ ᠲᠠᠯᠠᠪᠠᠶ ᠵᠡᠷᠭᠡ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠦᠷᠭᠦᠯᠵᠢᠯᠡᠨ ᠲᠡᠳᠬᠦᠵᠦ᠂ ︿ᠬᠤᠷᠰᠢᠶ᠎ᠠ + ᠰᠠᠭᠤᠷᠢᠨ + ᠲᠠᠷᠢᠶᠠᠯᠠᠬᠤ ᠡᠷᠦᠭᠡ﹀ ᠶᠢᠨ ᠵᠠᠭᠪᠤᠷ ᠢᠶᠠᠷ ᠳᠠᠮᠵᠢᠨ᠂ ᠨᠠᠩ ᠣᠯᠠᠨ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢᠨ ᠥᠷᠲᠡᠭ ᠤᠨ ᠨᠡᠮᠡᠭᠳᠡᠯ ᠤᠨ ᠠᠰᠢᠭ ᠣᠷᠣᠯᠭ᠎ᠠ ᠶᠢ ᠮᠠᠯᠴᠢᠨ ᠲᠠᠷᠢᠶᠠᠴᠢᠨ ᠳᠤ ᠦᠯᠡᠳᠡᠭᠡᠨ ᠥᠭᠴᠦ᠂ ᠮᠠᠯᠵᠢᠬᠤ ᠲᠠᠷᠢᠶᠠᠯᠠᠬᠤ ᠣᠷᠣᠨ ᠳᠤ ᠦᠯᠡᠳᠡᠭᠡᠬᠦ ᠶᠢ ᠰᠠᠨᠠᠭᠤᠯᠵᠤ ᠪᠠᠶᠢᠨ᠎ᠠ︾ ᠭᠡᠵᠦ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠡᠷᠬᠢᠨ ᠴᠢᠩᠭᠠᠳᠬᠠᠬᠤ ᠲᠤᠬᠠᠢ ᠪᠤᠳᠤᠯ ᠢᠶᠠᠨ ᠶᠠᠷᠢᠵᠤ ᠭᠠᠷᠤᠯ᠎ᠠ᠃

      ︽ᠳᠠᠭᠠᠳᠬᠠᠯ ᠤᠨ ᠠᠵᠤ ᠠᠬᠤᠶᠢᠯᠠᠯ ᠤᠨ ᠲᠠᠷᠢᠶᠠᠯᠠᠩ ᠳᠤ ᠬᠤᠯᠪᠣᠭᠳᠠᠬᠤ ᠳᠠᠭᠠᠳᠬᠠᠯ ᠤᠨ ᠦᠢᠯᠡᠳᠬᠦᠨ ᠤ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠪᠠᠶᠢᠭᠠᠯᠢ ᠶᠢᠨ ᠭᠠᠢ ᠭᠠᠮᠰᠢᠭ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠡᠯᠪᠡᠯᠵᠡᠯᠲᠡ ᠵᠡᠷᠭᠡ ᠶᠢ ᠬᠠᠮᠤᠷᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠶᠢᠯᠡᠭᠰᠡᠨ ᠳᠠᠭᠠᠳᠬᠠᠯ ᠢ ᠨᠡᠭᠡᠭᠡᠨ ᠬᠥᠭᠵᠢᠭᠦᠯᠵᠦ᠂ ᠲᠠᠷᠢᠶᠠᠴᠢᠳ ᠤᠨ ᠠᠳᠠᠯᠢ ᠪᠤᠰᠤ ᠬᠡᠷᠡᠭᠴᠡᠭᠡ ᠶᠢ ᠬᠠᠩᠭᠠᠬᠤ ᠶᠢ ᠰᠠᠨᠠᠭᠤᠯᠵᠤ ᠪᠠᠶᠢᠨ᠎ᠠ᠃ ᠲᠥᠯᠥᠪᠦᠷᠢ ᠥᠭᠬᠦ ᠶᠠᠪᠤᠴᠠ ᠶᠢ ᠳᠥᠭᠦᠮᠴᠢᠯᠡᠵᠦ᠂ ᠠᠯᠤᠰ ᠰᠡᠷᠡᠯ ᠤᠨ ᠳᠠᠭᠠᠭᠤᠯᠢ ᠣᠲᠣ᠂ ᠵᠢᠯᠣᠭᠤᠴᠢ ᠦᠭᠡᠢ ᠨᠢᠰᠬᠡᠯ᠂ ᠲᠣᠮᠣ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠬᠤᠬᠢᠷᠠᠯ ᠤᠨ ᠬᠡᠮᠵᠢᠶ᠎ᠡ ᠶᠢ ᠲᠦᠷᠭᠡᠨ ᠲᠣᠭᠲᠠᠭᠠᠵᠤ᠂ ᠴᠠᠭ ᠲᠤᠬᠠᠢ ᠳᠤᠨᠢ ᠲᠥᠯᠥᠪᠦᠷᠢ ᠥᠭᠬᠦ ᠬᠡᠷᠡᠭᠲᠡᠢ᠃ ᠡᠭᠦᠨ ᠤ ᠬᠠᠮᠲᠤ᠂ ᠳᠠᠭᠠᠳᠬᠠᠯ ᠤᠨ ᠲᠦᠭᠰᠢᠭᠦᠷᠢ ᠶᠢ ᠦᠨᠡᠯᠡᠨ ᠵᠢᠱᠢᠬᠦ ᠰᠢᠨᠵᠢᠯᠡᠬᠦ ᠤᠬᠠᠭᠠᠨᠴᠢ ᠨᠢᠭᠡᠳᠦᠯᠲᠡᠢ ᠰᠢᠰᠲ᠋ᠧᠮ ᠢ ᠪᠠᠶᠢᠭᠤᠯᠵᠤ᠂ ᠦᠨᠡᠯᠡᠨ ᠵᠢᠱᠢᠬᠦ ᠪᠠᠷᠢᠮᠵᠢᠶ᠎ᠠ ᠪᠠ ᠶᠠᠪᠤᠴᠠ ᠶᠢ ᠲᠣᠳᠣᠷᠬᠠᠶᠢᠯᠠᠨ᠂ ᠦᠨᠡᠯᠡᠨ ᠵᠢᠱᠢᠬᠦ ᠠᠵᠢᠯᠲᠠᠨ ᠤ ᠪᠣᠯᠪᠠᠰᠤᠷᠠᠯ ᠪᠠ ᠬᠠᠮᠢᠶᠠᠷᠤᠯᠲᠠ ᠶᠢ ᠴᠢᠩᠭᠠᠳᠬᠠᠵᠤ᠂ ᠦᠨᠡᠯᠡᠨ ᠵᠢᠱᠢᠭᠰᠡᠨ ᠦᠷ᠎ᠡ ᠳ᠋ᠦᠩ ᠤᠨ ᠵᠥᠪ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠶᠢ ᠰᠠᠨᠠᠭᠤᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠢ ᠦᠷᠭᠦᠯᠵᠢᠯᠡᠨ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠳᠤᠮᠳᠠ ᠲᠦᠷᠦᠭᠦᠯᠡᠨ ᠲᠥᠯᠥᠪᠵᠢᠭᠦᠯᠵᠦ᠂ ᠲᠦᠷᠦᠭᠦᠯᠡᠨ ᠵᠢᠱᠢᠶ᠎ᠡ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠠᠷᠠᠳ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠵᠦ ᠪᠠᠶᠠᠵᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠭᠳᠡᠢ ᠪᠠᠯᠭᠠᠰᠤᠨ ᠤ ᠵᠥᠭᠡᠬᠡᠢ ᠲᠠᠢ ᠲᠣᠰᠬᠤᠨ ᠤ ᠨᠠᠮ ᠤᠨ ᠡᠭᠦᠷ ᠤᠨ ᠱᠦᠵᠢ ᠸᠠᠩ ᠶᠤᠸᠠᠢ ᠫᠢᠩ ᠬᠡᠯᠡᠨ᠎ᠡ᠃

      ᠡᠳᠦᠷ ᠠᠴᠠ ᠪᠠᠨ ᠡᠳᠦᠷ ᠥᠭᠡᠳᠡᠯᠡᠨ᠂ ᠴᠠᠭ ᠠᠴᠠ ᠪᠠᠨ ᠴᠠᠭ ᠳᠡᠭᠵᠢᠷᠡᠨ᠎ᠡ᠃ ᠥᠪᠥᠷ ᠮᠣᠩᠭᠤᠯ ᠪᠣᠳᠠᠲᠠᠢ ᠠᠵᠢᠯᠯᠠᠬᠤ ᠪᠠᠷ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠲᠥᠯᠥᠪᠵᠢᠭᠦᠯᠬᠦ ᠳᠤᠮᠳᠠ ᠬᠥᠭᠵᠢᠯᠲᠡ ᠶᠢᠨ ᠠᠷᠭ᠎ᠠ ᠵᠠᠮ ᠤᠨ ᠰᠢᠨ᠎ᠡ ᠶᠢ ᠡᠭᠦᠳᠴᠦ᠂ ᠠᠵᠢᠯᠯᠠᠬᠤ ᠳᠤᠮᠳᠠ ᠪᠠᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠨ᠎ᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ