ᠵᠢᠷᠭᠤᠭᠠᠨ ᠠᠵᠢᠯᠯᠠᠭ᠎ᠠ ᠪᠠᠷ ᠪᠣᠳᠠᠲᠠᠢ ᠠᠵᠢᠯᠯᠠᠬᠤ ᠰᠢᠨ᠎ᠡ ᠠᠶᠠᠨ ᠲᠡᠶᠢᠰᠢ ᠤᠷᠤᠭᠰᠢᠯᠠᠨᠠᠮ
ᠨᠡᠶᠢᠲᠡᠯᠡᠭᠰᠡᠨ ᠴᠠᠭ᠄
2025/1/17

 

      ᠣᠨ ᠵᠢᠯ ᠰᠣᠯᠢᠭᠳᠠᠵᠤ᠂ ᠲᠦᠮᠡᠨ ᠪᠣᠳᠠᠰ ᠰᠢᠨᠡᠳᠦᠨ᠎ᠠ︕ ᠶᠠᠭ ᠰᠠᠶ᠋ᠢᠬᠠᠨ ᠬᠤᠷᠠᠯᠳᠤᠵᠤ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠡᠭᠡᠷ᠎ᠡ᠂ ᠡᠯ᠎ᠡ ᠵᠦᠢᠯ ᠤᠨ ᠮᠡᠳᠡᠭᠦᠯᠦᠯᠲᠡ ᠳᠠᠬᠢ ᠢᠯᠡ ᠲᠣᠳᠣ ᠲᠤᠭ᠎ᠠ ᠪᠠᠷᠢᠮᠲᠠ᠂ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠨᠦᠭᠦᠳ ᠨᠢ ᠥᠪᠥᠷ ᠮᠣᠩᠭᠤᠯ ᠤᠨ ᠤᠷᠤᠭᠰᠢᠯᠠᠨ ᠬᠥᠭᠵᠢᠭᠰᠡᠨ ᠪᠣᠳᠠᠲᠤ ᠪᠠᠶᠢᠳᠠᠯ ᠢ ᠵᠢᠷᠤᠭᠯᠠᠵᠠᠢ᠃

      2024 ᠣᠨ ᠳᠤ᠂ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 13% ᠪᠠᠷ ᠨᠡᠮᠡᠭᠳᠡᠨ᠂ ᠪᠦᠭᠦ ᠤᠯᠤᠰ ᠤᠨ 2 ᠳ᠋ᠤᠭᠠᠷ ᠪᠠᠶᠢᠷᠢ ᠪᠠᠨ ᠪᠠᠲᠤᠯᠠᠵᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ 9100 ᠳ᠋ᠦᠩᠰᠢᠭᠤᠷ ᠲᠥᠭᠦᠷᠢᠭ ᠢ ᠳᠠᠪᠠᠪᠠ︔ ᠠᠵᠤ ᠠᠬᠤᠶᠢᠯᠠᠯ ᠤᠨ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠤᠭᠰᠠᠨ ᠵᠢᠴᠢ ᠭᠠᠶᠢᠯᠢ ᠶᠢ ᠪᠤᠴᠠᠭᠠᠭᠰᠠᠨ ᠨᠢ 300 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠭᠤᠳ ᠬᠦᠷᠭᠡᠬᠦ ᠪᠡᠯᠡ ᠮᠥᠩᠭᠦ 13.7 ᠳ᠋ᠦᠩᠰᠢᠭᠤᠷ ᠲᠥᠭᠦᠷᠢᠭ ᠲᠤ ᠬᠦᠷᠴᠦ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 14% ᠪᠠᠷ ᠨᠡᠮᠡᠭᠳᠡᠨ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠲᠡᠯᠡᠭᠰᠡᠨ 13 ᠵᠦᠢᠯᠡᠰ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢᠯᠡᠰ ᠢ ᠨᠡᠶᠢᠲᠡᠯᠡᠵᠦ᠂ ᠵᠠᠩᠭᠢᠯᠠᠭ᠎ᠠ ᠶᠢᠨ ᠴᠠᠭ ᠤᠨ ᠬᠢᠵᠠᠭᠠᠷ ᠤᠨ ᠮᠠᠲ᠋ᠧᠷᠢᠶᠠᠯ ᠢ ᠴᠥᠮ 70% ᠠᠴᠠ ᠳᠡᠭᠡᠭᠰᠢ ᠬᠠᠰᠤᠵᠤ᠂ ᠠᠷᠠᠳ ᠤᠨ ᠡᠵᠡᠩᠨᠡᠯᠲᠡ ᠶᠢᠨ ᠭᠤᠣᠯ ᠴᠣᠭᠴᠠ 16.4 ᠲᠦᠮᠡᠨ ᠡᠷᠦᠭᠡ ᠪᠣᠳᠠᠲᠠᠢ ᠨᠡᠮᠡᠭᠳᠡᠨ᠂ 6.4% ᠪᠠᠷ ᠨᠡᠮᠡᠭᠳᠡᠪᠡ︔ ᠬᠤᠲᠠ ᠪᠠᠯᠭᠠᠰᠤᠨ ᠤ 20.1 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ︔ ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ ᠶᠢ 3.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ︔ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1.2 ᠳ᠋ᠦᠩᠰᠢᠭᠤᠷ ᠲᠣᠨ ᠢ ᠳᠠᠪᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 2000 ᠳ᠋ᠦᠩᠰᠢᠭᠤᠷ ᠲᠥᠭᠦᠷᠢᠭ ᠢ ᠳᠠᠪᠠᠪᠠ︔ ᠶᠤᠸᠠᠨ ᠤ ᠳᠡᠭᠡᠳᠦ ᠨᠡᠶᠢᠰᠯᠡᠯ᠂ ᠴᠢᠨ ᠤ ᠴᠢᠬᠡ ᠵᠠᠮ ᠤᠨ ᠪᠠᠭᠤᠷᠢ᠂ ᠤᠳᠠ ᠶᠢᠨ ᠫᠧᠷᠮᠢ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠮᠠᠯ ᠤᠨ ᠭᠠᠷᠤᠯᠲᠠ ᠶᠢᠨ ᠣᠷᠣᠨ ᠢ ᠬᠠᠮᠠᠭᠠᠯᠠᠬᠤ ᠠᠵᠢᠯ ᠢᠳᠡᠪᠬᠢᠲᠡᠢ ᠠᠬᠢᠯᠲᠠ ᠲᠠᠢ ᠪᠣᠯᠵᠤ᠂ ᠬᠤᠩᠱᠠᠨ ᠰᠣᠶᠣᠯ ᠤᠨ ᠬᠠᠭᠤᠴᠢ ᠰᠤᠳᠤᠯᠤᠯ ᠤᠨ ᠲᠠᠯ᠎ᠠ ᠪᠠᠷ ᠪᠠᠰᠠ ᠴᠢᠬᠤᠯᠠ ᠶᠡᠭᠡ ᠢᠯᠡᠷᠡᠭᠦᠯᠦᠯᠲᠡ ᠲᠠᠢ ᠪᠣᠯᠵᠤ᠂ ᠪᠠᠳᠠᠢ ᠶᠢᠨ ᠵᠢᠷᠠᠨ ᠤ ᠡᠯᠡᠰᠦ — ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ ᠢ ᠠᠮᠵᠢᠯᠲᠠ ᠲᠠᠢ ᠪᠠᠷ ᠥᠪ ᠪᠣᠯᠭᠠᠨ ᠭᠤᠶᠤᠴᠢᠯᠠᠪᠠ ᠁

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ᠂ 2025 ᠣᠨ ᠳᠤ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠤ ᠣᠷᠣᠯᠴᠠᠵᠤ ᠪᠠᠶᠢᠭ᠎ᠠ ᠲᠥᠯᠥᠭᠡᠯᠡᠭᠴᠢᠳ ᠭᠡᠰᠢᠭᠦᠳ᠂ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠨ ᠠᠵᠢᠯᠯᠠᠵᠤ᠂ ︽ᠵᠢᠷᠭᠤᠭᠠᠨ ᠠᠵᠢᠯᠯᠠᠭ᠎ᠠ︾ ᠶᠢ ᠵᠠᠩᠭᠢᠯᠠᠭ᠎ᠠ ᠶᠢᠨ ᠭᠠᠵᠠᠷ ᠲᠤ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠵᠤ᠂ ᠰᠦᠷ ᠳᠠᠯᠠᠶᠢᠴᠠᠲᠠᠢ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠪᠣᠳᠠᠲᠠᠢ ᠠᠵᠢᠯᠯᠠᠬᠤ ᠰᠢᠨ᠎ᠡ ᠠᠶᠠᠨ ᠲᠡᠶᠢᠰᠢ ᠤᠷᠤᠭᠰᠢᠯᠠᠨ᠎ᠠ ᠭᠡᠵᠦ ᠢᠯᠡᠳᠬᠡᠵᠡᠭᠡᠪᠡ᠃

     ︽ᠠᠬᠢᠴᠠ ᠶᠢᠨ ᠱᠤᠭᠤᠮ︾ ᠢ ᠲᠠᠰᠤᠷᠠᠯᠲᠠ ᠦᠭᠡᠢ ᠰᠢᠨᠡᠳᠬᠡᠨ᠎ᠡ

      ᠥᠪᠥᠷ ᠮᠣᠩᠭᠤᠯ ᠤᠨ ᠴᠢᠬᠤᠯᠠ ᠶᠡᠭᠡ ᠲᠥᠷᠥᠯ ᠵᠦᠢᠯ ᠤᠨ ︽ᠠᠬᠢᠴᠠ ᠶᠢᠨ ᠱᠤᠭᠤᠮ︾ ᠢ ᠲᠠᠰᠤᠷᠠᠯᠲᠠ ᠦᠭᠡᠢ ᠰᠢᠨᠡᠳᠬᠡᠭᠳᠡᠨ᠂ ᠠᠯᠢ ᠤᠯᠠᠨ ᠭᠤᠣᠯᠳᠠᠯᠭ᠎ᠠ ᠲᠠᠢ ᠲᠦᠷᠦᠯ ᠵᠦᠢᠯ ᠤᠳ ︽ᠪᠦᠭᠦ ᠬᠦᠴᠦᠨ ᠢᠶᠠᠷ ᠢᠶᠠᠨ ᠶᠠᠪᠤᠭᠳᠠᠨ︾᠂ ᠰᠢᠨ᠎ᠡ ᠠᠵᠤ ᠦᠢᠯᠡᠰ ᠥᠷᠨᠢᠭᠦᠨ ᠬᠥᠭᠵᠢᠵᠦ᠂ ᠰᠢᠨ᠎ᠡ ᠬᠥᠳᠡᠯᠭᠡᠬᠦ ᠬᠦᠴᠦᠨ ᠰᠦᠷ ᠳᠠᠯᠠᠶᠢᠴᠠᠲᠠᠢ ᠴᠢᠩᠭ᠎ᠠ ᠬᠦᠴᠦᠲᠡᠢ ᠪᠠᠶᠢᠪᠠ᠃

      1 ᠰᠠᠷ᠎ᠠ ᠶᠢᠨ 6 ᠤ ᠡᠳᠦᠷ᠂ ᠶᠤᠸᠠᠨ ᠵᠢᠩ ᠮᠧᠩ ᠰᠢᠨ ᠪᠦᠯᠦᠭᠯᠡᠯ ᠤᠨ ᠪᠠᠶᠠᠨᠨᠠᠭᠤᠷ ᠤᠨ ᠲᠣᠮᠣ ᠭᠡᠯᠪᠡᠷᠢ ᠶᠢᠨ ᠨᠠᠪᠴᠢᠨ ᠢᠯᠲᠠᠰᠤ ᠶᠢᠨ ᠦᠢᠯᠡᠳᠪᠦᠷᠢᠯᠡᠯ ᠤᠨ ᠰᠠᠭᠤᠷᠢᠨ ᠪᠦᠭᠦ ᠲᠠᠯ᠎ᠠ ᠪᠠᠷ ᠠᠰᠢᠭᠯᠠᠯᠲᠠ ᠳᠤ ᠣᠷᠣᠵᠤ᠂ ᠪᠦᠬᠦᠯᠢ ᠴᠣᠭᠴᠠ ᠶᠢᠨ ᠢᠵᠢ ᠪᠦᠷᠢᠳᠦᠭᠰᠡᠨ ᠦᠢᠯᠡᠳᠪᠦᠷᠢᠯᠡᠬᠦ ᠴᠢᠳᠠᠪᠤᠷᠢ ᠨᠢ 500 ᠰᠠᠭᠤᠷᠢ ︵ᠢᠵᠢ︶ ᠳᠤ ᠬᠦᠷᠴᠦ᠂ ᠲᠤᠬᠠᠢ ᠶᠢᠨ ᠭᠠᠵᠠᠷ ᠤᠨ ᠰᠠᠯᠬᠢᠨ ᠬᠦᠴᠦᠨ ᠤ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠲᠡᠶᠢᠰᠢ ᠤᠷᠤᠭᠰᠢᠯᠠᠬᠤ ᠳᠤ ᠬᠦᠴᠦᠨ ᠨᠡᠮᠡᠷᠢᠯᠡᠪᠡ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠶᠤᠸᠠᠨ ᠵᠢᠩ ᠮᠧᠩ ᠰᠢᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠢᠦᠢ ᠯᠧ ᠢᠲᠡᠭᠡᠯ ᠲᠡᠭᠦᠯᠳᠡᠷ ᠢᠶᠠᠷ᠄ ︽2025 ᠣᠨ ᠳᠤ᠂ ᠠᠵᠤ ᠠᠬᠤᠶᠢᠯᠠᠯ ᠨᠢ ᠶᠡᠷᠦᠩᠬᠡᠢ ᠬᠡᠯᠲᠡᠰ ᠤᠨ ᠰᠠᠭᠤᠷᠢᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠤᠰᠤᠲᠥ᠋ᠷᠥᠭᠴᠢᠲᠤ ᠰᠢᠪᠲᠦᠷ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠳ᠋ᠢᠶᠠᠨ ᡂᠢ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠣᠳᠣᠯᠲᠠ ᠶᠢᠨ ᠬᠦᠴᠦᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠵᠡᠷᠭᠡ ᠲᠠᠯ᠎ᠠ ᠪᠠᠷ ᠰᠢᠨ᠎ᠡ ᠶᠢ ᠡᠭᠦᠳᠦᠨ ᠵᠢᠱᠢᠶ᠎ᠡ ᠦᠵᠡᠭᠦᠯᠭᠦ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠵᠤ ᠦᠢᠯᠡᠳᠪᠦᠷᠢ ᠶᠢᠨ ᠰᠢᠨ᠎ᠡ ᠥᠨᠳᠦᠷᠯᠢᠭ᠂ ᠣᠯᠠᠨ ᠤᠯᠤᠰ ᠤᠨ ᠠᠷᠠᠯᠵᠢᠶᠠᠨ ᠤ ᠰᠢᠨ᠎ᠡ ᠬᠦᠢᠰᠦ᠂ ᠳᠤᠮᠳᠠᠳᠤ ᠤᠯᠤᠰ ᠤᠨ ᠦᠢᠯᠡᠳᠬᠦ ᠦᠢᠯᠡᠰ ᠤᠨ ᠰᠢᠨ᠎ᠡ ᠬᠥᠳᠡᠯᠭᠡᠭᠦᠷ ᠢ ᠪᠤᠶ ᠪᠤᠯᠭᠠᠬᠤ ᠳᠤ ᠬᠦᠴᠦᠨ ᠨᠡᠮᠡᠷᠢᠯᠡᠨ᠎ᠡ︾ ᠭᠡᠵᠡᠢ᠃

      ᠴᠢᠬᠤᠯᠠ ᠶᠡᠭᠡ ᠲᠦᠷᠦᠯ ᠵᠦᠢᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ︽ᠬᠦᠴᠦᠲᠡᠢ ᠬᠥᠳᠡᠯᠭᠡᠭᠦᠷ︾ ᠪᠠ ︽ᠬᠠᠲᠠᠭᠤ ᠲᠤᠯᠭᠠᠭᠤᠷᠢᠯᠠᠯ︾ ᠮᠥᠨ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠤᠯᠠᠭᠠᠨᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ᠄ ︽2025 ᠣᠨ ᠳᠤ᠂ ᠪᠢᠳᠡ ︿ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ﹀ ᠪᠠᠷ ᠭᠠᠷᠳᠠᠴᠠ ᠪᠤᠯᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠵᠡᠷᠭᠡ 43 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 66 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠡᠭᠦᠨ ᠤ ᠬᠠᠮᠲᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠴᠣᠩᠬᠤᠪᠴᠢ ᠬᠤᠭᠤᠴᠠᠭ᠎ᠠ ᠶᠢ ᠱᠠᠯᠠᠪᠳᠠᠨ ᠠᠳᠬᠤᠵᠤ᠂ ᠠᠵᠤ ᠦᠢᠯᠡᠰ ᠢ ᠳᠡᠰ ᠳᠡᠪᠰᠢᠭᠦᠯᠬᠦ᠂ ᠬᠤᠲᠠ ᠶᠢ ᠰᠢᠨᠡᠳᠬᠡᠬᠦ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠵᠡᠷᠭᠡ ᠪᠠᠷ ᠳᠡᠭᠡᠭᠰᠢᠯᠡᠭᠦᠯᠭᠦ ᠶᠢ ᠠᠬᠢᠭᠤᠯᠤᠨ᠎ᠠ︾ ᠭᠡᠵᠡᠢ᠃

      ᠨᠢᠭᠡ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠨᠢ ᠡᠴᠦᠰ ᠤᠨ ᠡᠴᠦᠰ ᠲᠡᠭᠡᠨ ᠠᠵᠤ ᠠᠬᠤᠶᠢᠯᠠᠯ ᠤᠨ ᠭᠤᠣᠯᠯᠠᠬᠤ ᠦᠢᠯᠡᠳᠦᠯ ᠳᠤ ᠲᠦᠰᠢᠭᠯᠡᠬᠦ ᠶᠤᠮ᠃ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢᠨ ᠲᠤᠬᠠᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠮᠠ ᠪᠦᠦ ᠭᠦᠸᠧ᠄ ︽ᠪᠢᠳᠡ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠦᠭᠦ ᠣᠷᠣᠨ ᠤ ᠪᠡᠯᠡ ᠬᠤᠷᠠᠮᠳᠤᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠲᠠᠢ ᠲᠥᠷᠥᠯ ᠵᠦᠢᠯ ᠢ 5163᠂ ᠠᠵᠤ ᠠᠬᠤᠶᠢᠯᠠᠯ ᠢ 674 ᠡᠮᠬᠢᠯᠡᠨ ᠬᠤᠷᠢᠶᠠᠩᠭᠤᠶᠢᠯᠠᠵᠤ᠂ ᠪᠦᠭᠦᠨ ᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠭᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠣᠳᠣᠬᠠᠨ ᠳᠤ ᠨᠡᠶᠢᠲᠡ 590 ᠭᠠᠷᠤᠢ ᠠᠵᠤ ᠠᠬᠤᠶᠢᠯᠠᠯ ᠤᠨ ᠲᠥᠷᠥᠯ ᠵᠦᠢᠯ ᠳᠤ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠨᠡᠶᠢᠲᠡ 2300 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠣᠯᠭᠤᠪᠠ᠃ ᠵᠠᠯᠭᠠᠭᠠᠳ᠂ ᠪᠢᠳᠡ ︿ᠢᠲᠡᠭᠡᠮᠵᠢᠲᠦ ᠵᠢᠭᠡᠯᠡᠯᠭᠡ ᠶᠢ ᠥᠷᠭᠡᠳᠬᠡᠬᠦ﹀ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠢ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃

      ᠲᠠᠰᠤᠷᠠᠯᠲᠠ ᠦᠭᠡᠢ ᠪᠠᠲᠤᠵᠢᠭᠰᠠᠨ ︽ᠰᠢᠨ᠎ᠡ ᠴᠢᠭᠯᠡᠯ︾ 

      ᠥᠪᠥᠷ ᠮᠣᠩᠭᠤᠯ ᠳᠤ ᠨᠢᠭᠡ ᠲᠠᠯ᠎ᠠ ᠪᠠᠷ ᠤᠰᠤ ᠲᠤᠲᠠᠭᠳᠠᠵᠤ ᠪᠠᠶᠢᠬᠤ ᠳᠤ᠂ ᠨᠥᠭᠦᠭᠡ ᠲᠠᠯ᠎ᠠ ᠪᠠᠷ ᠵᠠᠷᠢᠮ ᠭᠠᠵᠠᠷ ᠣᠷᠣᠨ ᠪᠠ ᠠᠵᠢᠯ ᠲᠥᠷᠥᠯ ᠤᠨ ᠤᠰᠤ ᠬᠡᠷᠡᠭᠯᠡᠬᠦ ᠠᠷᠭ᠎ᠠ ᠭᠡᠯᠪᠡᠷᠢ ᠨᠡᠯᠢᠶᠡᠳ ᠪᠦᠳᠦᠭᠦᠯᠢᠭ ᠪᠠᠶᠢᠵᠤ᠂ ᠤᠰᠤ ᠠᠷᠪᠢᠯᠠᠬᠤ ᠶᠢ ᠠᠯᠭᠤᠷᠯᠠᠵᠤ ᠪᠣᠯᠣᠰᠢ ᠦᠭᠡᠢ ᠶᠤᠮ᠃

      ︽ᠮᠠᠨ ᠤ ᠨᠤᠲᠤᠭ ᠪᠣᠷᠣᠳᠣᠬᠤᠢ ᠣᠷᠣᠨ ᠳᠤ ᠪᠠᠶᠢᠷᠢᠯᠠᠵᠤ᠂ ᠭᠠᠵᠠᠷ ᠤᠨ ᠪᠠᠶᠢᠴᠠ ᠲᠡᠭᠰᠢᠬᠡᠨ᠂ ᠭᠠᠵᠠᠷ ᠳᠣᠣᠷᠠᠬᠢ ᠤᠰᠤᠨ ᠤ ᠴᠢᠨᠠᠷ ᠲᠠᠷᠢᠮᠠᠯ ᠤᠨ ᠤᠷᠭᠤᠯᠲᠠ ᠳᠤ ᠠᠰᠢᠭ ᠦᠭᠡᠢ ᠪᠠᠶᠢᠳᠠᠭ ᠠᠴᠠ ᠪᠦᠷ ᠬᠠᠳᠤᠨ ᠭᠤᠣᠯ ᠤᠨ ᠤᠰᠤ ᠪᠠᠷ ᠤᠰᠤᠯᠠᠳᠠᠭ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠲᠤᠨ ᠭᠤᠣᠯ ᠢ ᠲᠠᠲᠠᠵᠤ ᠳᠤᠰᠤᠯᠭᠠᠨ ᠤᠰᠤᠯᠠᠯᠲᠠ ᠶᠢ ᠬᠡᠷᠡᠭᠵᠢᠭᠦᠯᠬᠦ ᠨᠢ ᠪᠣᠷᠣᠳᠣᠬᠤᠢ ᠶᠢᠨ ᠭᠠᠵᠠᠷ ᠣᠷᠣᠨ ᠤ ᠤᠰᠤ ᠠᠷᠪᠢᠯᠠᠨ ᠬᠡᠷᠡᠭᠯᠡᠬᠦ ᠳᠤ ᠠᠰᠢᠭᠲᠠᠢ ᠶᠤᠮ᠃ ᠣᠳᠣᠬᠠᠨ ᠳᠤ᠂ ᠮᠠᠨ ᠤ ᠮᠢᠩ ᠰᠢᠩ ᠲᠣᠰᠬᠤᠨ ᠨᠢᠭᠡᠨᠲᠡ 14000 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠵᠤ᠂ 7000 ᠮᠦ ᠶᠢ ᠨᠢ ᠬᠠᠲᠤᠨ ᠭᠤᠣᠯ ᠢ ᠲᠠᠲᠠᠵᠤ ᠳᠤᠰᠤᠯᠭᠠᠨ ᠤᠰᠤᠯᠠᠬᠤ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠭᠦ ᠲᠠᠷᠢᠶ᠎ᠠ ᠪᠤᠯᠭᠠᠬᠤ ᠪᠠᠷ ᠲᠥᠯᠥᠪᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠲᠡᠭᠦᠰᠦᠭᠰᠡᠨ ᠤ ᠳᠠᠷᠠᠭ᠎ᠠ᠂ ᠪᠢ ᠤᠰᠤ ᠠᠷᠪᠢᠯᠠᠬᠤ ᠨᠠᠩ ᠣᠯᠠᠨ ᠲᠥᠷᠥᠯ ᠵᠦᠢᠯ ᠢ ᠮᠢᠩ ᠰᠢᠩ ᠲᠣᠰᠬᠤᠨ ᠳᠤ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠥᠪᠥᠷ ᠮᠣᠩᠭᠤᠯ ᠤᠨ ᠷᠦᠩ ᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠯᠢᠨ ᠾᠧ ᠲᠣᠭᠤᠷᠢᠭ ᠤᠨ ᠴᠠᠭᠠᠨ ᠣᠪᠣᠭ᠎ᠠ ᠪᠠᠯᠭᠠᠰᠤᠨ ᠤ ᠮᠢᠩ ᠰᠢᠩ ᠲᠣᠰᠬᠤᠨ ᠤ ᠨᠠᠮ ᠤᠨ ᠡᠭᠦᠷ ᠤᠨ ᠱᠦᠵᠢ ᠴᠢᠦᠢ ᠼᠠᠩ ᠬᠡᠯᠡᠨ᠎ᠡ᠃

      ᠤᠰᠤ ᠠᠷᠪᠢᠯᠠᠬᠤ ᠠᠵᠢᠯᠯᠠᠭ᠎ᠠ ᠨᠢ ᠤᠰᠤᠨ ᠤ ᠡᠬᠢ ᠪᠠᠶᠠᠯᠢᠭ ᠤᠨ ᠬᠢᠵᠠᠭᠠᠷᠯᠠᠯ ᠤᠨ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠢᠦᠢ ᠬᠠᠢ ᠢᠦᠢ᠄ ︽2025 ᠣᠨ ᠳᠤ᠂ ᠪᠢᠳᠡ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢ ᠡᠷᠴᠢᠮᠵᠢᠭᠦᠯᠬᠦ ᠶᠢ ᠶᠡᠭᠡ ᠪᠠᠷ ᠠᠬᠢᠭᠤᠯᠵᠤ᠂ ᠲᠠᠷᠢᠶᠠᠯᠠᠩ᠂ ᠠᠵᠤ ᠦᠢᠯᠡᠳᠪᠦᠷᠢ᠂ ᠬᠤᠲᠠ ᠬᠥᠳᠡᠭᠡ ᠶᠢᠨ ᠤᠰᠤ ᠠᠷᠪᠢᠯᠠᠬᠤ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠳᠡᠭᠡᠭᠰᠢᠯᠡᠭᠦᠯᠵᠦ᠂ 2025 ᠣᠨ ᠳᠤ ᠪᠦᠭᠦ ᠬᠤᠲᠠ ᠪᠠᠷ ᠢᠶᠠᠨ 6000 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠪᠠᠷ ᠲᠡᠮᠡᠴᠡᠵᠦ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2% ᠢᠶᠠᠷ ᠪᠠᠭᠤᠷᠠᠭᠤᠯᠤᠨ᠎ᠠ︾ ᠭᠡᠵᠡᠢ᠃

      ᠲᠠᠰᠤᠷᠠᠯᠲᠠ ᠦᠭᠡᠢ ᠭᠦᠨᠵᠡᠭᠡᠶᠢᠷᠡᠭᠰᠡᠨ ︽ᠠᠵᠢᠯᠯᠠᠭᠠᠨ ᠤ ᠬᠦᠴᠦᠨ︾ 

      ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠ ᠨᠠᠩ ᠶᠡᠭᠡ ᠦᠢᠯᠡᠳᠦᠯ ᠦᠵᠡᠭᠦᠯᠵᠦ ᠪᠤᠢ᠃ ᠬᠡᠷᠬᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠡᠬᠡ ᠤᠯᠤᠰ ᠤᠨ ᠤᠮᠠᠷᠠᠲᠤ ᠬᠢᠯᠢ ᠶᠢ ᠨᠡᠩ ᠬᠥᠭᠵᠢᠯ ᠪᠠᠳᠠᠷᠠᠯ ᠲᠠᠢ ᠪᠤᠯᠭᠠᠬᠤ ᠪᠤᠢ︖

      ︽2025 ᠣᠨ ᠳᠤ᠂ ᠪᠢᠳᠡ ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠣᠷᠣᠯᠴᠠᠵᠤ᠂ ᠬᠢᠯᠢ ᠶᠢᠨ ᠪᠣᠭᠤᠮᠲᠠ ᠪᠣᠯᠣᠨ ᠳᠣᠲᠣᠷ᠎ᠠ ᠭᠠᠵᠠᠷ ᠤᠨ ᠬᠤᠯᠪᠤᠭᠠᠯᠠᠨ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠭᠤᠶᠤᠴᠢᠯᠠᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠮᠣᠩᠭᠤᠯ ᠤᠨ ᠡᠷᠢᠶᠡᠨ ᠬᠤᠲᠠ ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠣᠷᠣᠨ ᠵᠡᠷᠭᠡ ᠨᠡᠭᠡᠭᠡᠯᠲᠡ ᠶᠢᠨ ᠲᠠᠪᠴᠠᠩ ᠤᠨ ᠴᠢᠳᠠᠮᠵᠢ ᠶᠢ ᠳᠡᠭᠡᠭᠰᠢᠯᠡᠭᠦᠯᠦᠨ᠎ᠡ᠃ ᠲᠠᠪᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠵᠡᠷᠭᠡ ᠠᠵᠢᠯᠯᠠᠭ᠎ᠠ ᠶᠢ ᠰᠠᠶᠢᠲᠤᠷ ᠡᠬᠢᠯᠡᠨ᠎ᠡ᠃ ᠪᠡᠭᠡᠵᠢᠩ ᠲᠢᠶᠠᠨᠵᠢᠨ ᠾᠧᠪᠧᠢ᠂ ᠬᠠᠳᠤᠨ ᠭᠤᠣᠯ ᠤᠨ ᠰᠠᠪᠠ ᠭᠠᠵᠠᠷ᠂ ᠵᠡᠭᠦᠨ ᠬᠤᠶᠢᠲᠤ ᠶᠢᠨ ᠭᠤᠷᠪᠠᠨ ᠮᠤᠵᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠣᠷᠣᠨ ᠪᠦᠰᠡ ᠯᠦᠭᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠤ᠋ ᠶᠢᠩ ᠹᠧᠩ ᠶᠠᠷᠢᠪᠠ᠃

      ᠬᠡᠷᠬᠢᠨ ᠤᠮᠠᠷᠠᠲᠤ ᠬᠢᠯᠢ ᠶᠢᠨ ᠲᠡᠦᠬᠡ ᠰᠣᠶᠣᠯ ᠤᠨ ᠦᠯᠡᠳᠡᠭᠳᠡᠯ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠬᠤ ᠪᠤᠢ︖ ︽2025 ᠣᠨ ᠳᠤ᠂ ᠪᠢᠳᠡ ᠪᠦᠭᠦ ᠤᠯᠤᠰ ᠤᠨ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ︿ᠳᠥᠷᠪᠡ ᠪᠠᠶᠢᠬᠤ﹀ ᠲᠠᠩᠰᠠ ᠡᠪᠬᠡᠮᠡᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︿ᠪᠠᠲᠤᠯᠠᠪᠠᠰᠤ ᠵᠣᠬᠢᠬᠤ ᠶᠢ ᠨᠢ ᠪᠦᠭᠦᠨ ᠢ ᠪᠠᠲᠤᠯᠠᠬᠤ﹀ ᠶᠢ ᠪᠡᠶᠡᠯᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠠᠷᠤᠭ᠎ᠠ ᠼᠤᠤ ᠵᠢᠶᠠᠨ ᠧᠨ ᠬᠡᠯᠡᠪᠡ᠃

      ᠲᠥᠯᠥᠭᠡᠯᠡᠭᠴᠢᠳ ᠭᠡᠰᠢᠭᠦᠳ᠂ ︽ᠵᠢᠷᠭᠤᠭᠠᠨ ᠠᠵᠢᠯᠯᠠᠭ᠎ᠠ︾ ᠶᠢᠨ ᠲᠥᠯᠦᠪᠵᠢᠭᠦᠯᠭᠡ ᠶᠢᠨ ᠵᠢᠷᠤᠭ ᠢ ᠪᠠᠷᠢᠯᠭ᠎ᠠ ᠶᠢᠨ ᠵᠢᠷᠤᠭ᠂ ᠪᠣᠳᠠᠲᠤ ᠦᠵᠡᠮᠵᠢ ᠪᠣᠯᠭᠠᠨ ᠬᠤᠪᠢᠷᠠᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠶᠡᠷᠦᠩᠬᠡᠢ ᠬᠡᠮᠵᠢᠶ᠎ᠡ ᠶᠢ ᠪᠦᠭᠦ ᠤᠯᠤᠰ ᠤᠨ ᠳᠤᠮᠳᠠ ᠲᠦᠪᠰᠢᠨ ᠳᠤ ᠤᠷᠤᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠨᠡᠷ᠎ᠡ ᠠᠯᠳᠠᠷ ᠢ ᠨᠡᠩ ᠮᠠᠨᠳᠤᠭᠤᠯᠤᠨ᠎ᠠ ᠭᠡᠵᠦ ᠢᠲᠡᠭᠡᠯ ᠲᠡᠭᠦᠯᠳᠡᠷ ᠢᠯᠡᠷᠬᠡᠶᠢᠯᠡᠵᠡᠭᠡᠨ᠎ᠡ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ