ᠢᠲᠡᠭᠡᠯ ᠵᠣᠷᠢᠭ ᠢᠶᠠᠨ ᠬᠥᠪᠴᠢᠯᠡᠨ ᠢᠷᠡᠭᠡᠳᠦᠢ ᠲᠡᠶᠢᠰᠢ ᠡᠷᠡᠯᠬᠡᠭᠯᠡᠨ ᠤᠷᠤᠭᠰᠢᠯᠠᠵᠤ ᠢᠷᠠᠭᠤ ᠬᠠᠭᠤᠳᠠᠰᠤ ᠶᠢ ᠴᠢᠷᠮᠠᠶᠢᠨ ᠪᠢᠴᠢᠭᠯᠡᠨ᠎ᠡ — ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠪᠦᠭᠦ ᠣᠷᠣᠨ ᠤ ᠠᠵᠤ ᠠᠬᠤᠶᠢᠯᠠᠯ ᠤᠨ ᠬᠢᠨ ᠤ ᠳᠤᠮᠳᠠ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2025/1/17


      ᠪᠣᠳᠠᠲᠠᠢ ᠠᠵᠢᠯᠯᠠᠬᠤ ᠳᠠᠭᠤᠨ ᠬᠠᠩᠭᠢᠨᠠᠮ᠎ᠠ ᠴᠤᠤᠷᠢᠶᠠᠲᠤᠵᠤ᠂ ᠬᠥᠭᠵᠢᠯᠲᠡ ᠶᠢᠨ ᠵᠢᠷᠤᠭ ᠲᠥᠰᠥᠪ ᠬᠥᠮᠥᠰ ᠢ ᠤᠷᠮᠠᠰᠢᠭᠤᠯᠤᠨ᠎ᠠ᠃ ᠣᠶᠢᠷ᠎ᠠ ᠶᠢᠨ ᠡᠳᠦᠷ ᠲᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠪᠦᠭᠦ ᠣᠷᠣᠨ ᠤ ᠠᠵᠤ ᠠᠬᠤᠶᠢᠯᠠᠯ ᠤᠨ ᠬᠢᠨ ᠤ ᠳᠤᠮᠳᠠ ᠴᠢᠩᠭ᠎ᠠ ᠲᠤᠰᠬᠠᠯ ᠭᠠᠷᠪᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ᠂ ᠲᠡᠮᠡᠴᠡᠯ ᠤᠨ ᠵᠣᠷᠢᠭ ᠢᠶᠠᠨ ᠨᠠᠩ ᠬᠥᠪᠴᠢᠯᠡᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠡᠪᠦᠷᠯᠡᠨ᠂ ᠰᠢᠨ᠎ᠡ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠨ᠎ᠠ ᠭᠡᠵᠦ ᠣᠯᠠᠨ ᠢᠶᠠᠷ ᠢᠶᠠᠨ ᠰᠠᠨᠠᠯ ᠨᠢᠭᠡᠲᠡᠢ ᠵᠣᠷᠢᠯᠲᠠ ᠪᠠᠨ ᠢᠯᠡᠳᠬᠡᠨ᠎ᠡ᠃

      ᠪᠣᠳᠠᠲᠠᠢ ᠠᠵᠢᠯᠯᠠᠬᠤ ᠬᠦᠴᠦᠨ ᠢ ᠨᠢᠭᠲᠠᠷᠠᠭᠤᠯᠵᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠲᠠᠭᠤᠨ ᠢ ᠴᠢᠪᠬᠠᠳᠠᠨ᠎ᠠ

      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠲᠤᠬᠠᠢ ᠪᠠᠶᠢᠷᠢᠯᠠᠭᠤᠯᠤᠯᠲᠠ ᠪᠣᠯᠣᠨ ᠲᠥᠯᠦᠪᠵᠢᠭᠦᠯᠭᠡ ᠬᠥᠮᠥᠰ ᠢ ᠤᠷᠮᠠᠰᠢᠭᠤᠯᠤᠨ ᠵᠣᠷᠢᠭᠵᠢᠭᠤᠯᠵᠠᠢ︾᠃ ᠶᠢᠨ ᠢᠦᠢ ᠠᠮᠢᠳᠤ ᠪᠣᠳᠠᠰ ᠤᠨ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ  ᠶᠡᠷᠦᠩᠬᠡᠢ   ᠵᠠᠬᠢᠷᠤᠭᠴᠢ   ᠵᠠᠩ ᠵᠢᠩ᠄ ︽ ᠶᠢᠨ ᠢᠦᠢ ᠠᠮᠢᠳᠤ ᠪᠣᠳᠠᠰ ᠨᠢ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠠᠮᠢᠲᠠᠨ ᠤ ᠡᠷᠡᠭᠦᠯ ᠮᠡᠨᠳᠦ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠶᠢᠨ ᠢᠦᠢ ᠠᠮᠢᠳᠤ ᠪᠣᠳᠠᠰ ᠥᠪᠡᠷ ᠤᠨ ᠬᠦᠴᠦᠨ ᠴᠢᠳᠠᠯ ᠢᠶᠠᠨ ᠢᠳᠡᠪᠬᠢᠲᠡᠢ ᠨᠡᠮᠡᠷᠢᠯᠡᠵᠦ᠂ ᠤᠮᠠᠷᠠᠲᠤ ᠬᠢᠯᠢ ᠶᠢᠨ ᠭᠠᠵᠠᠷ ᠣᠷᠣᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠯ᠎ᠡ᠃

      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︿ᠰᠦ ᠶᠢᠨ ᠦᠢᠯᠡᠰ ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ﹀ ᠭᠡᠵᠦ ᠳᠤᠷᠠᠳᠤᠭᠰᠠᠨ ᠨᠢ ᠮᠠᠨ ᠤ ᠡᠷᠴᠢ ᠵᠣᠷᠢᠭ ᠢ ᠨᠠᠩ ᠬᠥᠪᠴᠢᠯᠡᠵᠡᠢ᠃ ᠪᠢᠳᠠ ᠴᠢᠩᠭ᠎ᠠ ᠬᠠᠲᠠᠭᠤ ᠶᠠᠰᠤ ᠴᠢᠨᠠᠷ ᠤᠨ ᠬᠠᠮᠢᠶᠠᠷᠤᠨ ᠡᠵᠡᠮᠳᠡᠬᠦ ᠪᠠᠷᠢᠮᠵᠢᠶ᠎ᠠ ᠶᠢ ᠦᠢᠯᠡᠳᠬᠦᠨ ᠤ ᠦᠢᠯᠡᠳᠪᠦᠷᠢᠯᠡᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠬᠡᠷᠡᠭᠯᠡᠭᠴᠢᠳ ᠲᠤ ᠠᠮᠤᠷ ᠲᠦᠪᠰᠢᠨ᠂ ᠴᠢᠨᠠᠷ ᠰᠠᠶᠢᠲᠠᠢ ᠴᠠᠭᠠᠨ ᠢᠳᠡᠭᠡᠨ ᠬᠠᠩᠭᠠᠨ᠎ᠠ᠃ ᠡᠭᠦᠨ ᠤ ᠬᠠᠮᠲᠤ᠂ ᠪᠢᠳᠡ ᠬᠡᠷᠡᠭᠯᠡᠭᠴᠢᠳ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ︾ ᠭᠡᠵᠦ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠰᠦᠨ ᠲᠠᠯᠬ᠎ᠠ ᠶᠢᠨ ᠪᠦᠭᠦ ᠪᠥᠮᠪᠥᠷᠴᠡᠭ ᠤᠨ ᠣᠶᠤᠨᠴᠢ ᠦᠢᠯᠡᠳᠬᠡᠯ ᠤᠨ ᠬᠡᠪ ᠳᠠᠭᠤᠷᠢᠶᠠᠯ ᠤᠨ ᠰᠠᠭᠤᠷᠢᠨ ᠤ ᠴᠢᠨᠠᠷ ᠤᠨ ᠮᠡᠷᠭᠡᠵᠢᠯ ᠤᠨ ᠳᠠᠭᠠᠭᠠᠮᠠᠯ ᠰᠢᠦᠢ ᠹᠠ ᠳ᠋ᠦᠩ ᠬᠡᠯᠡᠨ᠎ᠡ᠃

      ᠮᠧᠩ ᠼᠤᠤ ᠪᠦᠯᠦᠭᠯᠡᠯ ᠤᠨ ᠲᠠᠯ᠎ᠠ ᠨᠤᠲᠤᠭ ᠤᠨ ᠠᠮᠢ ᠠᠬᠤᠢ ᠶᠢᠨ ᠰᠢᠰᠲ᠋ᠧᠮ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠰᠢᠨ᠎ᠡ ᠶᠢ ᠡᠭᠦᠳᠬᠦ ᠲᠥᠪ ᠤᠨ ᠳᠡᠳ᠋ ᠡᠷᠭᠢᠯᠡᠭᠴᠢ ᠴᠧᠨ ᠰᠢᠶᠠᠩ᠄ ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠢᠳᠡᠨ ᠢ ᠳᠣᠭᠳᠣᠯᠤᠭᠤᠯᠤᠨ ᠤᠷᠮᠠᠰᠢᠭᠤᠯᠪᠠ᠃ ᠰᠡᠳᠬᠢᠯ ᠳᠣᠬᠳᠣᠯᠤᠬᠰᠠᠨ ᠤᠴᠢᠷ ᠭᠡᠪᠡᠯ᠂ ᠢᠯᠡᠳᠬᠡᠯ ᠳᠤ ︿ᠠᠵᠤ ᠠᠬᠤᠶᠢᠯᠠᠯ ᠢ ᠲᠡᠳᠬᠦᠬᠦ ᠠᠵᠢᠯᠯᠠᠭ᠎ᠠ ᠶᠢ ᠴᠢᠩᠭ᠎ᠠ ᠠᠳᠬᠤᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ﹀ ᠭᠡᠵᠦ ᠲᠣᠳᠣᠷᠬᠠᠢ ᠳᠤᠷᠠᠳᠴᠠᠢ᠂ ᠡᠨᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠮᠠᠰᠢ ᠶᠡᠭᠡ ᠬᠦᠴᠦᠨ ᠨᠡᠮᠡᠷᠢᠯᠡᠬᠦ ᠪᠣᠯᠣᠨ᠎ᠠ᠃ ᠤᠷᠮᠠᠰᠢᠭᠰᠠᠨ ᠨᠢ ᠭᠡᠪᠡᠯ᠂ ᠢᠯᠡᠳᠬᠡᠯ ᠳᠤ ︿ᠡᠯᠡᠰᠦ ᠶᠢ ᠵᠠᠰᠠᠬᠤ ᠪᠠ ᠤᠰᠤ ᠠᠷᠪᠢᠯᠠᠬᠤ ᠪᠠᠷ ᠵᠢᠯᠣᠭᠤᠳᠤᠮᠵᠢ ᠪᠤᠯᠭᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ﹀ ᠭᠡᠵᠦ ᠳᠤᠷᠠᠳᠴᠤ᠂ ᠠᠮᠢ ᠠᠬᠤᠢ ᠶᠢᠨ ᠠᠵᠤ ᠠᠬᠤᠶᠢᠯᠠᠯ ᠤᠨ ᠲᠠᠷᠠᠭᠠᠴᠢ ᠶᠢᠨ ᠠᠯᠬᠤᠮ ᠤᠨ ᠠᠵᠢᠯ ᠢᠶᠠᠨ ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ︾ ᠭᠡᠯ᠎ᠡ᠃

      ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠤᠷᠤᠭᠰᠢᠯᠠᠨ᠎ᠠ

      ᠰᠢᠨ᠎ᠡ ᠶᠢ ᠡᠭᠦᠳᠬᠦ ᠦᠭᠡᠢ ᠪᠣᠯ ᠭᠠᠷᠬᠤ ᠵᠠᠮ ᠦᠭᠡᠢ᠂ ᠨᠡᠩ ᠴᠤ ᠢᠷᠡᠭᠡᠳᠦᠢ ᠦᠭᠡᠢ ᠶᠤᠮ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠳᠤᠷᠠᠳᠪᠠ᠃ ᠶᠤᠸᠠᠨ ᠵᠢᠩ ᠮᠧᠩ ᠰᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠢ ᠸᠧᠢ᠄ ︽2025 ᠣᠨ ᠳᠤ᠂ ᠪᠢᠳᠡ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︿ᠪᠦᠰᠡᠯᠡᠯᠲᠡ ᠰᠢᠪᠲᠤᠯᠬᠤ﹀ ᠢᠨᠵᠧᠨᠧᠷᠢᠩ ᠳᠤ ᠢᠳᠡᠪᠬᠢᠲᠡᠢ ᠣᠷᠣᠯᠴᠠᠨ᠂ ᠨᠡᠭᠦᠷᠡᠰᠦᠲᠥ᠋ᠷᠥᠭᠴᠢ ᠶᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ 2.0 ᠲᠠᠰ ᠳᠡᠪᠰᠢᠬᠦ ᠶᠢ ᠠᠬᠢᠭᠤᠯᠵᠤ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ᠂ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠵᠡᠷᠭᠡ ᠴᠢᠬᠤᠯᠠ ᠶᠡᠭᠡ ᠲᠥᠷᠥᠯ ᠵᠦᠢᠯ ᠳᠡᠭᠡᠷ᠎ᠡ ᠰᠢᠨ᠎ᠡ ᠶᠢ ᠡᠭᠦᠳᠴᠦ ᠵᠢᠱᠢᠶ᠎ᠡ ᠦᠵᠡᠭᠦᠯᠦᠨ᠂ ᠪᠣᠬᠢᠷᠳᠤᠯ ᠦᠭᠡᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠶᠢᠵᠢᠭᠤᠯᠵᠤ ᠬᠥᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠪᠡ᠃

      ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠪᠦᠯᠦᠭᠯᠡᠯ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠢᠶᠠ ᠴᠢᠩ ᠳ᠋ᠦᠩ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠡᠯᠬᠢᠶ᠎ᠡ ᠶᠢᠨ ᠲᠦᠭᠵᠢᠷᠡᠯ ᠢ ᠨᠡᠪᠲᠡᠷᠡᠭᠦᠯᠬᠦ ᠬᠡᠷᠡᠭᠲᠡᠢ ᠭᠡᠵᠦ ᠳᠤᠷᠠᠳᠪᠠ᠃ ᠪᠢᠳᠡ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠨᠡᠮᠡᠭᠳᠡᠭᠦᠯᠬᠦ ᠲᠣᠭᠲᠠᠭᠤᠨ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ ᠰᠠᠭᠤᠷᠢᠨ ᠢ ᠪᠠᠶᠢᠭᠤᠯᠵᠤ᠂ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠲᠠᠪᠴᠠᠩ ᠢ ᠡᠭᠦᠳᠦᠨ ᠪᠠᠶᠢᠭᠤᠯᠤᠨ᠎ᠠ᠃ ᠡᠭᠦᠨ ᠤ ᠬᠠᠮᠲᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠣᠶᠤᠨᠴᠢᠯᠠᠭᠰᠠᠨ᠂ ᠳᠡᠭᠡᠳᠦ ᠲᠡᠰᠵᠢᠭᠰᠡᠨ᠂ ᠪᠣᠬᠢᠷᠳᠤᠯ ᠦᠭᠡᠶᠢᠵᠢᠭᠰᠡᠨ ᠬᠥᠭᠵᠢᠯᠲᠡ ᠶᠢ ᠠᠬᠢᠭᠤᠯᠤᠨ᠎ᠠ︾ ᠭᠡᠵᠡᠢ᠃

      ᠵᠦᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ ᠴᠦ᠋ ᠰᠢᠶᠣᠣ ᠬᠤᠸᠠ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ︿ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠨᠢᠭᠡ ᠨᠢᠭᠡ ᠠᠵᠤ ᠠᠬᠤᠶᠢᠯᠠᠯ ᠢᠶᠠᠷ ᠵᠣᠯᠭᠠᠭᠤᠯᠵᠤ᠂ ᠨᠢᠭᠡ ᠨᠢᠭᠡ ᠲᠦᠷᠦᠯ ᠵᠦᠢᠯ ᠢᠶᠠᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠬᠢ ᠪᠠᠶᠠᠯᠢᠭ᠂ ᠠᠵᠤ ᠦᠢᠯᠡᠰ ᠤᠨ ᠳᠠᠪᠠᠭᠤᠯᠢᠭ ᠪᠣᠯᠣᠨ ᠲᠥᠪ ᠤᠨ ᠠᠵᠤ ᠠᠬᠤᠶᠢᠯᠠᠯ ᠤᠨ ᠬᠦᠴᠦᠷᠬᠡᠭ ᠶᠡᠭᠡ ᠪᠣᠳᠠᠲᠤ ᠬᠦᠴᠦᠨ᠂ ᠲᠡᠷᠢᠭᠦᠨ ᠤ ᠮᠡᠷᠭᠡᠵᠢᠯ ᠢ ᠬᠠᠷᠢᠯᠴᠠᠨ ᠵᠣᠯᠭᠠᠭᠤᠯᠤᠨ᠎ᠠ﹀ ᠭᠡᠵᠡᠢ᠂ ᠡᠨᠡ ᠨᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠳᠠᠬᠢ ᠴᠢᠨᠠᠭᠰᠢᠳᠠ ᠶᠢᠨ ᠬᠥᠭᠵᠢᠯᠲᠡ ᠳᠤ ᠡᠷᠴᠢ ᠬᠦᠴᠦᠨ ᠨᠡᠮᠡᠷᠢᠯᠡᠵᠦ᠂ ᠲᠡᠳᠡᠨ ᠤ ᠡᠬᠡ ᠤᠯᠤᠰ ᠤᠨ ᠤᠮᠠᠷᠠᠲᠤ ᠬᠢᠯᠢ ᠳᠤ ᠦᠨᠳᠦᠰᠦ ᠬᠠᠳᠬᠤᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠢᠲᠡᠭᠡᠯ ᠵᠣᠷᠢᠭ ᠢ ᠬᠥᠪᠴᠢᠯᠡᠵᠡᠢ︾ ᠭᠡᠪᠡ᠃

      ᠬᠦᠴᠢᠷ ᠢ ᠳᠠᠪᠠᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ

      ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ︾᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠱᠠᠭᠠᠷᠳᠠᠯᠭ᠎ᠠ ᠨᠢ ᠥᠪᠥᠷ ᠮᠣᠩᠭᠤᠯ ᠤᠨ ᠵᠡᠭᠦᠨᠭᠠᠷ ᠬᠤᠰᠢᠭᠤᠨ ᠤ ᠯᠢ ᠯᠢᠶᠠᠩ ᠨᠡᠭᠦᠷᠡᠰᠦᠨ ᠤ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠪᠦᠸᠧ ᠳᠤ ᠬᠠᠷᠢᠭᠤᠴᠠᠯᠭ᠎ᠠ ᠬᠦᠨᠳᠦ ᠭᠡᠳᠡᠭ ᠢ ᠭᠦᠨᠵᠡᠭᠡᠢ ᠣᠶᠢᠯᠠᠭᠠᠭᠤᠯᠪᠠ᠃ ᠲᠠᠷᠠ᠄ ︽ᠯᠢ ᠯᠢᠶᠠᠩ ᠨᠡᠭᠦᠷᠡᠰᠦᠨ ᠤ ᠦᠢᠯᠡᠰ ᠨᠢ ᠤᠯᠤᠰ ᠤᠨ ᠳᠡᠰ ᠤᠨ ᠪᠣᠬᠢᠷᠳᠤᠯ ᠦᠭᠡᠢ ᠠᠭᠤᠷᠬᠠᠢ ᠪᠣᠯᠤᠭᠰᠠᠨ ᠤ ᠬᠤᠪᠢ ᠳᠤ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠨ᠂ ᠰᠡᠷᠭᠦᠭᠡᠨ ᠬᠠᠭᠠᠯᠪᠤᠷᠢᠯᠠᠬᠤ ᠣᠷᠣᠨ ᠤ ᠵᠠᠰᠠᠯᠲᠠ ᠪᠠ ᠠᠭᠤᠷᠬᠠᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠬᠢᠵᠦ᠂ ᠰᠡᠷᠭᠦᠭᠡᠨ ᠬᠠᠭᠠᠯᠪᠤᠷᠢᠯᠠᠬᠤ ᠣᠷᠣᠨ ᠢ ᠠᠯᠬᠤᠮ ᠠᠯᠬᠤᠮ ᠢᠶᠠᠷ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠦᠬᠦᠢ ᠠᠮᠢ ᠠᠬᠤᠢ ᠶᠢᠨ ᠲᠠᠷᠢᠶᠠᠯᠠᠩ ᠤᠨ ᠬᠦᠷᠢᠶᠡᠯᠡᠩ ᠪᠣᠯᠭᠠᠨ ᠥᠭᠡᠷᠡᠴᠢᠯᠡᠨ᠎ᠡ︾ ᠭᠡᠪᠡ᠃

      ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠪᠠᠶᠠᠨᠨᠠᠭᠤᠷ ᠤᠨ ᠴᠠᠭᠢᠯᠭᠠᠨ ᠬᠠᠩᠭᠠᠬᠤ ᠺᠤᠮᠫᠠᠨᠢ ᠶᠢᠨ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ ᠬᠡᠯᠲᠡᠰ ᠤᠨ ᠳᠠᠷᠤᠭ᠎ᠠ ᠶᠠᠩ ᠺᠠᠢ ᠯᠦᠩ᠄ ︽ᠺᠤᠮᠫᠠᠨᠢ ᠨᠢ ᠥᠪᠡᠷᠲᠡᠭᠡᠨ ᠵᠠᠰᠠᠬᠤ ᠣᠷᠣᠨ ᠤ ︿ᠲᠠᠪᠤᠨ ᠶᠡᠭᠡ ᠡᠭᠦᠷᠭᠡ﹀᠂ ︿ᠵᠢᠷᠭᠤᠭᠠᠨ ᠠᠵᠢᠯᠯᠠᠭ᠎ᠠ﹀ ᠳᠤ ᠪᠦᠭᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠴᠠᠭᠢᠯᠭᠠᠨ ᠬᠠᠩᠭᠠᠬᠤ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠵᠠᠷ ᠣᠷᠣᠨ ᠤ ᠰᠢᠨ᠎ᠡ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠪᠣᠯᠣᠨ ᠴᠠᠭᠢᠯᠭᠠᠨ ᠲᠣᠣᠷ ᠤᠨ ᠲᠤᠰᠬᠠᠢ ᠮᠡᠷᠭᠡᠵᠢᠯ ᠤᠨ ᠳᠠᠪᠠᠭᠤᠯᠢᠭ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠬᠡᠨ ᠠᠪᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠠᠭᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠪᠦᠭᠦ ᠬᠦᠴᠦᠨ ᠢᠶᠠᠷ ᠢᠶᠠᠨ ᠦᠢᠯᠡᠴᠢᠯᠡᠨ᠎ᠡ᠃ ᠤᠰᠤ ᠠᠷᠪᠢᠯᠠᠬᠤ ᠠᠵᠢᠯᠯᠠᠭ᠎ᠠ ᠶᠢᠨ ᠲᠣᠭᠤᠷᠢᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠴᠠᠭᠢᠯᠭᠠᠨ ᠲᠣᠣᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠠᠭᠢᠯᠭᠠᠨ ᠬᠦᠴᠦᠨ᠂ ᠤᠰᠤᠨ ᠠᠰᠢᠭᠯᠠᠯᠲᠠ ᠶᠢᠨ ᠬᠡᠮᠵᠢᠯᠲᠡ ᠬᠢᠭᠡᠳ ᠤᠰᠤ ᠬᠡᠷᠡᠭᠯᠡᠬᠦ ᠮᠡᠳᠡᠭᠡ ᠵᠠᠩᠭᠢ ᠶᠢᠨ ᠳ᠋ᠠᠶᠢᠲ᠋ᠠ ᠶᠢ ᠪᠦᠭᠦ ᠲᠠᠯ᠎ᠠ ᠪᠠᠷ ᠬᠠᠮᠲᠤ ᠪᠠᠷ ᠡᠳ᠋ᠯᠡᠵᠦ ᠲᠣᠬᠢᠷᠠᠭᠤᠯᠬᠤ ᠶᠢ ᠠᠬᠢᠭᠤᠯᠤᠨ᠎ᠠ︾ ᠭᠡᠪᠡ᠃

      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠯᠣᠭᠰᠠᠨ ᠭᠢᠯᠠᠯᠵᠠᠮ᠎ᠠ ᠠᠮᠵᠢᠯᠲᠠ ᠶᠢ ᠡᠷᠭᠢᠴᠡᠭᠦᠯᠵᠦ᠂ 2025 ᠣᠨ ᠤ ᠥᠪᠥᠷ ᠮᠣᠩᠭᠤᠯ ᠤᠨ ᠬᠥᠭᠵᠢᠯᠲᠡ ᠶᠢᠨ ᠲᠥᠰᠥᠪ ᠢ ᠵᠢᠷᠤᠭᠯᠠᠵᠤ᠂ ᠬᠥᠮᠥᠰ ᠰᠣᠨᠣᠰᠤᠭᠰᠠᠨ ᠤ ᠳᠠᠷᠠᠭ᠎ᠠ ᠤᠷᠮ᠎ᠠ ᠰᠡᠳᠬᠢᠯᠭᠡ ᠪᠠᠳᠠᠷᠠᠵᠤ᠂ ᠢᠲᠡᠭᠡᠯ ᠵᠣᠷᠢᠭ ᠬᠥᠪᠴᠢᠯᠡᠭᠳᠡᠨ᠎ᠡ︾᠃ ︽ᠮᠠᠨ ᠤ ᠪᠦᠯᠦᠭᠯᠡᠯ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠠᠨ ᠤ ᠪᠦᠯᠦᠭᠯᠡᠯ ᠳᠤ ᠲᠣᠭᠲᠠᠭᠠᠵᠤ ᠥᠭᠭᠦᠭᠰᠡᠨ ᠡᠭᠦᠷᠭᠡ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠡᠭᠦᠷᠭᠡ ᠶᠢᠨ ᠪᠠᠷᠢᠮᠵᠢᠶ᠎ᠠ ᠳᠤ ᠬᠦᠷᠬᠦ᠂ ᠵᠠᠬ᠎ᠠ ᠳᠡᠯᠭᠡᠭᠦᠷ ᠢ ᠥᠷᠭᠡᠳᠬᠡᠬᠦ᠂ ᠤᠯᠠᠨ ᠡᠰᠢᠵᠢᠭᠦᠯᠦᠨ ᠬᠥᠭᠵᠢᠭᠦᠯᠬᠦ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠵᠤ᠂ ᠪᠦᠯᠦᠭᠯᠡᠯ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠪᠦᠭᠦ ᠲᠠᠯ᠎ᠠ ᠶᠢᠨ ᠰᠢᠪᠲᠤᠯᠤᠯᠲᠠ ᠪᠠ ᠳᠡᠭᠡᠭᠰᠢᠯᠡᠯᠲᠡ ᠲᠠᠢ ᠪᠤᠯᠬᠤ ᠶᠢ ᠬᠦᠴᠦᠲᠡᠢ ᠠᠬᠢᠭᠤᠯᠤᠨ᠎ᠠ︾᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ᠂ ᠬᠥᠳᠡᠯᠭᠡᠬᠦ ᠬᠦᠴᠦᠨ ᠨᠡᠮᠡᠷᠢᠯᠡᠪᠡ᠂ ᠳᠠᠷᠠᠭᠠᠴᠢ ᠶᠢᠨ ᠠᠯᠬᠤᠮ ᠳᠤ ︿ᠳᠤᠮᠳᠠ ᠲᠦᠪᠰᠢᠨ ᠳᠤ ᠣᠷᠣᠬᠤ᠂ 500 ᠬᠦᠴᠦᠷᠬᠡᠭ ᠲᠤ ᠣᠷᠣᠬᠤ﹀ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠪᠣᠳᠠᠲᠤ ᠠᠵᠢᠯᠯᠠᠭ᠎ᠠ ᠪᠠᠷ ᠢᠶᠠᠨ ᠵᠠᠮ ᠬᠠᠷᠢᠯᠴᠠᠭᠠᠨ ᠤ ᠪᠦᠯᠦᠭᠯᠡᠯ ᠤᠨ ᠬᠦᠴᠦᠨ ᠢ ᠨᠡᠮᠡᠷᠢᠯᠡᠨ᠎ᠡ︾ ᠭᠡᠵᠦ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠺᠠᠳ᠋ᠷ ᠠᠵᠢᠯᠲᠠᠳ ᠰᠠᠨᠠᠯ ᠨᠢᠭᠡᠲᠡᠢ ᠢᠯᠡᠳᠬᠡᠪᠡ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ