ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/1/2


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠂ ᠳᠡᠳ᠋ ᠡᠷᠭᠢᠯᠡᠭᠴᠢ ᠵᠠᠩ ᠱᠤᠤ ᠴᠦᠨ ᠂ ᠳ᠋ᠤᠸᠠᠨ ᡁᠢ ᠴᠢᠶᠠᠩ ᠂ ᠠᠢ ᠯᠢ ᠬᠤᠸᠠ ᠂ ᠯᠢ ᠪᠢᠩ ᠷᠦᠩ ᠂ ᠦ᠋ ᠶᠠᠨ ᠭᠠᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ ᠂ ᠪᠦᠦ ᠰᠢᠶᠠᠨ ᠬᠤᠸᠠ ᠂ ᠵᠧᠩ ᠭᠤᠸᠠᠩ ᠵᠣᠣ ᠂ ᠶᠣᠣ ᠶᠦᠩ ᠪᠦᠸᠧ ᠂ ᠲᠠᠶᠢᠴᠢᠨ ᠂ ᠶᠠᠩ ᠶᠢᠨ ᠂ ᠰᠦᠨ ᠵᠢᠶᠦ᠋ᠨ ᠴᠢᠩ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠸᠧᠢ ᠳ᠋ᠦᠩ ᠂ ᠯᠥᠸᠧ ᡁᠢ ᠬᠤ᠋ ᠂ ᠴᠡᠴᠡᠭ ᠂ ᠸᠧᠢ ᠭᠦᠸᠧ ᠨᠠᠨ ᠂ ᠠᠨ ᠷᠦᠨ ᠱᠧᠩ ᠂ ᠵᠠᠩ ᠯᠧᠢ ᠂ ᠵᠠᠩ ᠪᠠᠢ ᠴᠧᠩ ᠂ ᠶᠠᠩ ᠵᠢᠶᠧ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠨᠠᠷ ᠲᠣᠰ ᠲᠣᠰ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠥᠷᠨᠢᠭᠦᠯᠪᠡ ᠃

      ᠶᠡᠭᠡ ᠳᠡᠭᠡᠳᠦ ᠰᠤᠷᠭᠠᠭᠤᠯᠢ ᠳᠤ ᠬᠦᠷᠬᠦ ᠪᠦᠷᠢ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠴᠥᠮ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠂ ᠪᠠᠭᠰᠢ ᠰᠤᠷᠤᠬᠴᠢᠳ ᠤᠨ ᠦᠵᠡᠯ ᠰᠠᠨᠠᠭᠠᠨ ᠤ ᠪᠠᠶᠢᠳᠠᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠳᠡ ᠮᠠᠨ ᠤ ᠣᠷᠣᠨ ᠤ ᠪᠣᠳᠠᠲᠤ ᠪᠠᠶᠢᠳᠠᠯ ᠪᠠ ᠶᠡᠭᠡ ᠳᠡᠭᠡᠳᠦ ᠰᠤᠷᠭᠠᠭᠤᠯᠢ ᠶᠢᠨ ᠣᠨᠴᠠᠯᠢᠭ ᠲᠠᠢ ᠤᠶᠠᠯᠳᠤᠭᠤᠯᠵᠤ ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠣᠷᠣᠬᠤ ᠂ ᠪᠠᠭᠰᠢ ᠰᠤᠷᠤᠬᠴᠢᠳ ᠤᠨ ᠲᠥᠯᠥᠭᠡᠯᠡᠭᠴᠢᠳ ᠲᠠᠢ ᠶᠠᠷᠢᠯᠴᠠᠨ ᠰᠣᠯᠢᠯᠴᠠᠬᠤ ᠵᠡᠷᠭᠡ ᠤᠯᠠᠨ ᠵᠦᠢᠯ ᠤᠨ ᠭᠡᠯᠪᠡᠷᠢ ᠪᠠᠷ ᠳᠠᠮᠵᠢᠨ ᠂ ᠮᠠᠨ ᠤ ᠤᠯᠤᠰ ᠤᠨ ᠰᠦᠷ ᠳᠠᠯᠠᠶᠢᠴᠠᠲᠠᠢ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠶᠠᠪᠤᠴᠠ ᠶᠢ ᠭᠦᠨᠵᠡᠭᠡᠢ ᠡᠷᠭᠢᠴᠡᠭᠦᠯᠦᠨ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠳᠡᠶᠢᠯᠭᠦ ᠂ ᠮᠠᠷᠺᠰ ᠤᠨ ᠦᠵᠡᠯ ᠶᠠᠭᠠᠬᠢᠭᠠᠳ ᠪᠤᠯᠬᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠲᠤᠬᠠᠢ ᠭᠦᠨᠵᠡᠭᠡᠢ ᠶᠣᠰᠣ ᠤᠴᠢᠷ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠡᠯ᠎ᠡ ᠶᠡᠭᠡ ᠳᠡᠭᠡᠳᠦ  ᠰᠤᠷᠭᠠᠭᠤᠯᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠢᠶᠠᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ ᠂ ᠦᠵᠡᠭᠰᠡᠨ ᠰᠡᠳᠬᠢᠭᠳᠡᠭᠰᠡᠨ ᠤᠬᠠᠪᠤᠷᠢᠯᠠᠭᠰᠠᠨ ᠢᠶᠠᠨ ᠠᠮᠢᠳᠤᠯᠢᠭ ᠪᠣᠳᠠᠲᠠᠢ ᠵᠢᠭᠠᠨ ᠰᠤᠷᠭᠠᠯᠲᠠ ᠶᠢᠨ ᠵᠢᠱᠢᠶ᠎ᠡ ᠪᠣᠯᠭᠠᠨ ᠬᠤᠪᠢᠷᠠᠭᠤᠯᠵᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠳᠤ ᠠᠭᠤᠰᠬᠠᠵᠤ ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠪᠠᠷ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠵᠤ ᠂ ᠨᠠᠮ ᠢ ᠰᠠᠨᠠᠭ᠎ᠠ ᠠᠮᠤᠷ ᠪᠠᠶᠢᠯᠭᠠᠬᠤ ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠭᠦ ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠶᠢ ᠬᠦᠰᠡᠪᠡ ᠃ ᠲᠡᠳᠡ ᠥᠷᠭᠡᠨ ᠤᠯᠠᠨ ᠵᠠᠯᠠᠭᠤ ᠰᠤᠷᠤᠬᠴᠢᠳ ᠢ ᠦᠨᠡᠨ ᠪᠣᠳᠠᠲᠠᠢ ᠶᠢ ᠡᠷᠬᠢᠮᠯᠡᠨ ᠡᠷᠳᠡᠮ ᠮᠡᠳᠡᠯᠭᠡ ᠰᠤᠷᠴᠤ ᠂ ᠵᠢᠩᠬᠢᠨᠢ ᠡᠷᠳᠡᠮ ᠴᠢᠳᠠᠪᠤᠷᠢ ᠶᠢ ᠡᠵᠡᠮᠰᠢᠵᠦ ᠂ ᠢᠲᠡᠭᠡᠯ ᠪᠢᠰᠢᠷᠡᠯ ᠢᠲᠡᠭᠡᠯ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ ᠂ ᠤᠬᠠᠮᠰᠠᠷ ᠠᠴᠠ ᠪᠠᠨ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ ᠂ ᠡᠷᠴᠢ ᠵᠣᠷᠢᠭ ᠰᠥᠰᠥ ᠵᠣᠷᠢᠭ ᠢᠲᠡᠭᠡᠯ ᠵᠣᠷᠢᠭ ᠢᠶᠠᠨ ᠨᠡᠮᠡᠭᠳᠡᠭᠦᠯᠵᠦ ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠂ ᠶᠡᠭᠡ ᠶᠣᠰᠣ ᠰᠤᠷᠲᠠᠬᠤᠨ ᠨᠡᠶᠢᠲᠡ ᠶᠢᠨ ᠶᠣᠰᠣ ᠰᠤᠷᠲᠠᠬᠤᠨ ᠡᠷᠬᠢᠮ ᠶᠣᠰᠣ ᠮᠣᠷᠠᠯ ᠢ ᠪᠤᠢ ᠪᠤᠯᠭᠠᠵᠤ ᠂ ᠬᠤᠪᠢᠰᠬᠠᠯᠲᠤ ᠤᠳᠤᠮᠰᠢᠯ ᠢ ᠤᠬᠠᠮᠰᠠᠷ ᠠᠴᠠ ᠪᠠᠨ ᠵᠠᠯᠭᠠᠮᠵᠢᠯᠠᠵᠤ ᠂ ᠳᠡᠯᠡᠬᠡᠢ ᠶᠢᠨ ᠪᠠᠶᠢᠳᠠᠯ ᠤᠯᠤᠰ ᠤᠨ ᠪᠠᠶᠢᠳᠠᠯ ᠣᠷᠣᠨ ᠤ ᠪᠠᠶᠢᠳᠠᠯ ᠢ ᠭᠦᠨᠵᠡᠭᠡᠢ ᠣᠶᠢᠯᠠᠭᠠᠨ ᠂ ᠤᠬᠠᠮᠰᠠᠷ ᠠᠴᠠ ᠪᠠᠨ ᠥᠪᠥᠷ ᠮᠣᠩᠭᠤᠯ ᠤᠨ ᠬᠥᠭᠵᠢᠯᠲᠡ ᠳᠤ ᠣᠷᠣᠯᠴᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠵᠠᠯᠠᠭᠤ ᠨᠠᠰᠤᠨ ᠤ ᠬᠦᠰᠡᠯ ᠵᠡᠭᠦᠳᠦ ᠪᠠᠨ ᠬᠥᠭᠵᠢᠭᠡᠵᠦ ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ ᠃

      ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠭᠤᠣᠯ ᠰᠡᠳᠦᠪ ᠨᠢ ᠢᠯᠡ ᠲᠣᠳᠣ ᠂ ᠪᠣᠳᠠᠲᠠᠢ ᠲᠠᠢ ᠨᠡᠶᠢᠴᠡᠵᠦ ᠂ ᠠᠭᠤᠯᠭ᠎ᠠ ᠨᠢ ᠪᠠᠶᠠᠯᠢᠭ ᠂ ᠠᠮᠢᠳᠤᠯᠢᠭ ᠰᠠᠶᠢᠬᠠᠨ ᠪᠠᠶᠢᠵᠤ ᠂ ᠰᠤᠷᠤᠬᠴᠢᠳ ᠨᠠᠷᠢᠨ ᠬᠢᠨᠠᠮᠠᠭᠠᠢ ᠰᠣᠨᠣᠰᠴᠤ ᠂ ᠣᠶᠤᠨ ᠲᠠᠷᠢᠬᠢᠨ ᠳᠠᠭᠠᠨ ᠰᠢᠩᠭᠡᠭᠡᠵᠦ ᠂ ᠦᠨᠡᠨ ᠰᠤᠷᠤᠯᠴᠠᠵᠤ ᠦᠨᠡᠨ ᠣᠶᠢᠯᠠᠭᠠᠵᠤ ᠂ ᠦᠨᠡᠨ ᠢᠲᠡᠭᠡᠵᠦ ᠦᠨᠡᠨ ᠬᠡᠷᠡᠭᠯᠡᠬᠦ ᠶᠢ ᠪᠡᠶᠡᠯᠡᠭᠦᠯᠪᠡ ᠃ ᠤᠯᠠᠨ ᠢᠶᠠᠷ ᠢᠶᠠᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠵᠥᠪ ᠦᠷᠳᠡᠭ ᠤᠨ ᠦᠵᠡᠯᠲᠡ ᠶᠢ ᠪᠤᠢ ᠪᠤᠯᠭᠠᠵᠤ ᠂ ᠬᠥᠮᠥᠨ ᠤ ᠠᠮᠢᠳᠤᠷᠠᠯ ᠤᠨ ︽ᠵᠠᠯᠠᠭᠤᠷ ︾ ᠢ ᠰᠠᠶᠢᠲᠤᠷ ᠡᠵᠡᠮᠳᠡᠵᠦ ᠂ ᠬᠦᠰᠡᠯᠡᠩ ᠲᠠᠢ ᠪᠠᠶᠢᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ ᠂ ᠵᠣᠷᠢᠭᠲᠠᠢ ᠪᠠᠷ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠬᠦᠴᠢᠷ ᠠᠴᠠ ᠠᠶᠤᠬᠤ ᠦᠭᠡᠢ ᠬᠠᠳᠠᠨ ᠪᠠᠲᠤ ᠵᠠᠩ ᠴᠢᠨᠠᠷ ᠢ ᠳᠠᠪᠲᠠᠨ ᠪᠤᠯᠪᠠᠰᠤᠷᠠᠭᠤᠯᠵᠤ ᠂ ᠵᠣᠷᠢᠭᠲᠠᠢ ᠪᠠᠷ ᠲᠡᠮᠡᠴᠡᠬᠦ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠤᠨ ᠂ ᠠᠯᠤᠰ ᠭᠡᠳᠦ ᠶᠢᠨ ᠬᠦᠰᠡᠯᠡᠩ ᠢ ᠪᠤᠢ ᠪᠤᠯᠭᠠᠵᠤ ᠂ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠨ ᠂ ᠮᠡᠳᠡᠯᠭᠡ ᠮᠡᠳᠡᠴᠡ ᠪᠠᠨ ᠨᠡᠮᠡᠭᠳᠡᠭᠦᠯᠵᠦ ᠂ ᠶᠡᠷᠦᠩᠬᠡᠶᠢᠯᠡᠭᠰᠡᠨ ᠬᠡᠪ ᠴᠢᠨᠠᠷ ᠢᠶᠠᠨ ᠴᠢᠩᠭᠠᠳᠬᠠᠨ ᠂ ᠤᠬᠠᠮᠰᠠᠷ ᠠᠴᠠ ᠪᠠᠨ ᠵᠠᠯᠠᠭᠤ ᠨᠠᠰᠤᠨ ᠤ ᠵᠡᠭᠦᠳᠦ ᠪᠠᠨ ᠳᠤᠮᠳᠠᠳᠤ ᠶᠢᠨ ᠵᠡᠭᠦᠳᠦ ᠯᠦᠭᠡ ᠠᠭᠤᠰᠤᠯᠴᠠᠭᠤᠯᠤᠨ᠎ᠠ ᠃ ᠴᠠᠭ ᠮᠥᠴᠡ ᠶᠢ ᠨᠠᠨᠳᠢᠩᠨᠠᠵᠤ ᠂ ᠰᠢᠷᠭᠠᠭᠤ ᠰᠤᠷᠤᠯᠴᠠᠵᠤ ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠪᠠᠷᠢᠮᠲᠠᠯᠠᠵᠤ ᠂ ᠬᠦᠰᠡᠯ ᠵᠡᠭᠦᠳᠦ ᠪᠠᠨ ᠬᠥᠭᠡᠭᠡᠴᠡᠯᠳᠦᠬᠦ ᠮᠥᠷᠲᠡᠭᠡᠨ ᠯᠠᠪᠳᠠᠭᠤᠨ ᠪᠠᠲᠤᠲᠠᠢ ᠠᠵᠢᠯᠯᠠᠵᠤ ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠴᠢᠳᠠᠮᠠᠭᠠᠢ ᠬᠢᠵᠦ ᠴᠢᠳᠠᠮᠠᠭᠠᠢ ᠪᠦᠲᠦᠭᠡᠵᠦ ᠂ ᠳᠤᠮᠳᠠᠳᠤᠴᠤᠳ ᠤᠨ ᠡᠷᠴᠢ ᠵᠣᠷᠢᠭ ᠂ ᠰᠥᠰᠥ ᠵᠣᠷᠢᠭ ᠂ ᠢᠲᠡᠭᠡᠯ ᠵᠣᠷᠢᠭ ᠢ ᠴᠢᠩᠭᠠᠳᠬᠠᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠨ᠎ᠠ ᠭᠡᠵᠦ ᠢᠯᠡᠳᠬᠡᠵᠡᠭᠡᠪᠡ ᠃

      

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ