ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 31 ᠤ ᠴᠠᠭᠢᠯᠭᠠᠨ ᠮᠡᠳᠡᠭᠡ
ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠶᠠᠷᠢᠶ᠎ᠠ
︵ 2024 ᠣᠨ ᠤ 12 ᠰᠠᠷ᠎ᠠ ᠶᠢᠨ 31 ᠤ ᠡᠳᠦᠷ ︶
ᠰᠢ ᠶᠢᠨ ᠫᠢᠩ
ᠨᠥᠬᠦᠳ ᠠ᠋ ᠂ ᠨᠠᠶᠢᠵᠠ ᠨᠠᠷ ᠠ᠋ ᠄
ᠡᠨᠡ ᠡᠳᠦᠷ ᠂ ᠪᠢᠳᠡ ᠨᠢᠭᠡ ᠲᠠᠩᠬᠢᠮ ᠳᠤ ᠴᠤᠭᠯᠠᠷᠠᠵᠤ ᠂ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ ᠂ ᠤᠯᠤᠰ ᠤᠨ ᠶᠡᠭᠡ ᠶᠠᠪᠤᠳᠠᠯ ᠢ ᠬᠠᠮᠲᠤ ᠪᠠᠷ ᠵᠥᠪᠳᠡᠯᠴᠡᠵᠦ ᠂ ᠬᠠᠮᠲᠤ ᠪᠠᠷ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠵᠤ ᠪᠠᠶᠢᠨ᠎ᠠ ᠃
ᠡᠩ ᠲᠡᠷᠢᠭᠦᠨ ᠳᠤ ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠥᠮᠥᠰ ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠂ ᠰᠢᠶᠠᠩᠭᠠᠩ ᠤᠨ ᠠᠬ᠎ᠠ ᠳᠡᠭᠦᠦ ᠨᠠᠷ ᠂ ᠣᠣᠮᠧᠨ ᠤ ᠠᠬ᠎ᠠ ᠳᠡᠭᠦᠦ ᠨᠠᠷ ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠂ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠨᠠᠶᠢᠵᠠ ᠨᠠᠷ ᠲᠤ ᠰᠢᠨ᠎ᠡ ᠵᠢᠯ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ ︕
2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠃ ᠨᠢᠭᠡ ᠵᠢᠯ ᠤᠨ ᠲᠤᠷᠰᠢ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠠᠪᠴᠢᠷᠠᠭᠰᠠᠨ ᠥᠷᠢᠰᠦᠯᠳᠦᠭᠡᠨ ᠤ ᠡᠮᠦᠨ᠎ᠡ ᠂ ᠪᠢᠳᠡ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠭ᠎ᠠ ᠶᠢ ᠠᠯᠬᠤᠪᠠ ᠃
ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ ᠂ ᠠᠮᠵᠢᠯᠲᠠ ᠪᠦᠲᠦᠮᠵᠢ ᠬᠥᠮᠥᠰ ᠢ ᠵᠣᠷᠢᠭᠵᠢᠭᠤᠯᠤᠨ᠎ᠠ ᠃ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠴᠢᠬᠤᠯᠠ ᠠᠬᠢᠴᠠ ᠲᠠᠢ ᠪᠣᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ ᠂ ᠵᠢᠱᠢᠯᠲᠡ ᠪᠠᠷ ᠪᠦᠭᠦ ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ 5% ᠣᠷᠴᠢᠮ ᠨᠡᠮᠡᠭᠳᠡᠵᠦ ᠂ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠢ ᠳᠠᠪᠠᠪᠠ ᠃ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠢᠢᠳᠪᠦᠷᠢᠯᠡᠨ ᠠᠷᠢᠯᠭᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠶ ᠶᠠᠪᠤᠭᠳᠠᠵᠤ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠠᠶᠢᠵᠤ ᠂ ᠠᠵᠢᠯ ᠣᠯᠭᠤᠯᠲᠠ ᠂ ᠪᠠᠷᠠᠭᠠᠨ ᠤ ᠦᠨ᠎ᠡ ᠶᠢᠨ ᠲᠣᠭᠲᠠᠭᠤᠨ ᠢ ᠪᠠᠲᠤᠯᠠᠪᠠ ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠂ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ ᠂ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠦᠢᠯᠡᠳᠦᠯᠭᠡ ᠪᠣᠯᠣᠨ ᠡᠬᠡ ᠤᠯᠤᠰ ᠤᠨ ᠨᠢᠭᠡᠳᠦᠯ ᠤᠨ ᠶᠡᠭᠡ ᠦᠢᠯᠡᠰ ᠯᠠᠪᠳᠠᠭᠤᠨ ᠢᠶᠠᠷ ᠤᠷᠤᠭᠰᠢᠯᠠᠪᠠ ᠃ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠭᠦᠨᠵᠡᠭᠡᠢ ᠠᠬᠢᠭᠤᠯᠪᠠ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠪᠡ ᠃ ᠡᠳᠡᠭᠡᠷ ᠠᠮᠵᠢᠯᠲᠠ ᠪᠦᠲᠦᠮᠵᠢ ᠨᠢ ᠪᠢᠳᠡᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠷᠡᠰ ᠵᠣᠷᠢᠭ ᠪᠠ ᠢᠲᠡᠭᠡᠯ ᠢ ᠨᠡᠩ ᠪᠠᠲᠤᠳᠬᠠᠪᠠ ᠃
ᠨᠥᠬᠦᠳ ᠠ᠋ ᠂ ᠨᠠᠶᠢᠵᠠ ᠨᠠᠷ ᠠ᠋ ︕
ᠨᠢᠭᠡ ᠵᠢᠯ ᠤᠨ ᠲᠤᠷᠰᠢ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠤᠣᠯ ᠡᠭᠦᠷᠭᠡ ᠶᠢᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ ᠃
ᠨᠥᠬᠦᠳ ᠠ᠋ ᠂ ᠨᠠᠶᠢᠵᠠ ᠨᠠᠷ ᠠ᠋ ︕
2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠨᠠᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ ᠂ ︽ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ ᠃
ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠤᠳᠤᠷᠢᠳᠤᠯᠭ᠎ᠠ ᠂ ᠨᠢᠭᠡᠳᠦᠮᠡᠯ ᠹᠷᠣᠨᠲ ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠪᠠᠨ ᠴᠢᠩᠭᠠᠳᠬᠠᠵᠤ ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ ᠂ ᠨᠡᠩ ᠥᠷᠭᠡᠨ ᠳᠡᠯᠭᠡᠷᠡᠩᠭᠦᠢ ᠪᠠᠷ ᠬᠥᠮᠥᠰ ᠤᠨ ᠰᠡᠳᠬᠢᠯ ᠢ ᠨᠢᠭᠲᠠᠷᠠᠭᠤᠯᠤᠨ ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠤᠶᠤᠨ ᠤᠬᠠᠭᠠᠨ ᠢ ᠨᠢᠭᠲᠠᠷᠠᠭᠤᠯᠤᠨ ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠃
ᠨᠥᠬᠦᠳ ᠠ᠋ ᠂ ᠨᠠᠶᠢᠵᠠ ᠨᠠᠷ ᠠ᠋ ︕
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠂ ᠤᠷᠢᠬᠠᠨ ᠰᠠᠯᠬᠢ ᠡᠶᠡᠪᠡᠷᠭᠦᠸ ᠨᠠᠷᠠ ᠪᠠᠶᠢᠬᠤ ᠪᠠᠷ ᠪᠠᠷᠠᠬᠤ ᠦᠭᠡᠢ ᠂ ᠪᠠᠰᠠ ᠰᠠᠯᠬᠢ ᠪᠣᠷᠣᠭᠠᠨ ᠴᠢᠨᠠᠭᠰᠢᠯᠠᠪᠠᠯ ᠳᠣᠬᠰᠢᠨ ᠳᠠᠪᠠᠯᠭᠠᠨ ᠰᠢᠷᠦᠭᠦᠨ ᠳᠣᠯᠭᠢᠶᠠᠨ ᠳᠤ ᠤᠴᠠᠷᠠᠬᠤ ᠶᠤᠮ ᠃ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ ᠂ ᠰᠠᠯᠬᠢ ᠳᠠᠪᠠᠯᠭᠠᠨ ᠢ ᠰᠥᠷᠦᠨ ᠡᠷᠡᠯᠬᠡᠭᠯᠡᠨ ᠤᠷᠤᠭᠰᠢᠯᠠᠵᠤ ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠰᠤᠭᠠᠢ ︕
ᠲᠠ ᠣᠯᠠᠨ ᠳᠤ ᠪᠠᠶᠠᠷᠯᠠᠯ᠎ᠠ ︕