ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ ︵2025.1.12-2025.1.18︶
ᠨᠡᠶᠢᠲᠡᠯᠡᠭᠰᠡᠨ ᠴᠠᠭ᠄
2025/1/20

 

      ︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ ᠃ 

ᠤᠳᠤᠷᠢᠳᠤᠯᠭ᠎ᠠ ᠶᠢᠨ ᠠᠵᠢᠯᠯᠠᠭ᠎ᠠ 

      1

ᠰᠦᠨ ᠱᠤᠤ ᠴᠧᠩ 

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠡᠬᠢᠯᠡᠬᠦ ᠳᠤ ᠶᠠᠷᠢᠶ᠎ᠠ ᠲᠠᠯᠪᠢᠪᠠ

      1 ᠳ᠋ᠦ᠋ᠭᠡᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠥᠪᠥᠷ ᠮᠣᠩᠭᠤᠯ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠸ ᠴᠧᠩ ᠬᠤᠷᠠᠯ ᠳᠤ ᠰᠠᠭᠠᠲᠠᠵᠤ ᠪᠠᠶᠠᠷ ᠬᠦᠷᠭᠡᠭᠰᠡᠨ ᠪᠦᠭᠡᠳ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠨ ᠪᠠᠶᠠᠷ ᠬᠦᠷᠭᠡᠭᠰᠡᠨ ᠪᠦᠭᠡᠳ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠵᠠᠩ ᠶᠠᠨ ᠺᠦᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠸᠧᠢ ᠳ᠋ᠦᠩ ᠡᠬᠢᠯᠡᠯᠲᠡ ᠶᠢᠨ ᠶᠡᠭᠡ ᠬᠤᠷᠠᠯ ᠢ ᠡᠷᠭᠢᠯᠡᠵᠦ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠴᠡᠴᠡᠭ ᠂ ᠸᠧᠢ ᠭᠦᠸᠧ ᠨᠠᠨ ᠂ ᠠᠨ ᠷᠦᠨ ᠱᠧᠩ ᠂ ᠵᠠᠩ ᠯᠧᠢ ᠂ ᠵᠠᠩ ᠪᠠᠢ ᠴᠧᠩ ᠂ ᠶᠠᠩ ᠵᠢᠶᠧ ᠂ ᠰᠦᠨ ᠵᠢᠶᠦ᠋ᠨ ᠴᠢᠩ ᠪᠠ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠨᠠᠷ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠦᠬᠦᠳ ᠲᠤ ᠪᠠᠰᠠ ᠄ ᠯᠢᠦ ᠱᠤᠸᠠᠩ᠂ ᠪᠣᠣ ᠭᠠᠩ᠂ ᠵᠧᠩ ᠬᠤᠩ ᠹᠠᠨ ᠂ ᠳ᠋ᠢᠩ ᠰᠢᠸ ᠹᠧᠩ ᠂ ᠮᠧᠩ ᠰᠢᠶᠠᠨ ᠳ᠋ᠦᠩ ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ ᠂ ᠬᠦᠦᠳᠠᠭᠤᠯᠠ᠂ ᠢᠦᠢ ᠯᠢ ᠰᠢᠨ ᠂ ᠯᠢᠨ ᠱᠤᠤ ᠴᠦᠨ ᠂ ᠵᠠᠩ ᠱᠤᠤ ᠴᠦᠨ ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ ᠂ ᠦ᠋ ᠶᠠᠨ ᠭᠠᠩ ᠂ ᠴᠢ᠊ ᠪᠠᠲᠤ᠂ ᠪᠣᠣ ᠰᠢᠶᠠᠨ ᠬᠤᠸᠠ᠂ ᠶᠣᠣ ᠶᠦᠩ ᠪᠦᠸᠧ᠂ ᠳᠠᠶᠢᠴᠢᠨ ᠂ ᠶᠠᠩ ᠭᠦᠸᠧ ᠠᠨ ᠂ ᠴᠧᠨ ᠯᠦ ᠱᠧᠩ ᠂ ᠵᠠᠩ ᠵᠢᠶᠦ᠋ᠨ ᠨᠠᠷ ᠪᠤᠢ ᠃ 

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠢ ᠡᠷᠬᠢᠯᠡᠪᠡ

      1 ᠳ᠋ᠦ᠋ᠭᠡᠷ ᠰᠠᠷ᠎ᠠ ᠶᠢᠨ 13 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠪᠡᠯᠡᠳᠬᠡᠯ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠲᠤᠰ ᠬᠤᠷᠠᠯ ᠢ ᠡᠷᠬᠢᠯᠡᠪᠡ ᠃ ᠯᠢᠨ ᠱᠤᠤ ᠴᠦᠨ ᠂ ᠵᠠᠩ ᠱᠤᠤ ᠴᠦᠨ ᠂ ᠳ᠋ᠤᠸᠠᠨ ᡁᠢ ᠴᠢᠶᠠᠩ᠂ ᠵᠧᠩ ᠬᠤᠩ ᠹᠠᠨ ᠂ ᠳ᠋ᠢᠩ ᠰᠢᠦ ᠹᠧᠩ᠂ ᠠᠢ ᠯᠢ ᠬᠤᠸᠠ᠂ ᠯᠢ ᠪᠢᠩ ᠷᠦᠩ ᠂ ᠦ᠋ ᠶᠠᠨ ᠭᠠᠩ ᠂ ᠸᠠᠨ ᠴᠤᠤ ᠴᠢ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠳᠣ 532 ᠬᠦᠮᠦᠨ ᠪᠤᠢ᠂ ᠪᠡᠯᠡᠳᠬᠡᠯ ᠬᠤᠷᠠᠯ ᠳᠤ 501 ᠲᠥᠯᠥᠭᠡᠯᠡᠭᠴᠢ ᠣᠷᠣᠯᠴᠠᠵᠤ ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠲᠣᠭᠠᠨ ᠳᠤ ᠨᠡᠶᠢᠴᠡᠨ᠎ᠡ᠃ 

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠤᠳᠠᠭᠠᠨ ᠤ ᠬᠤᠷᠠᠯ ᠢ ᠡᠷᠬᠢᠯᠡᠪᠡ

      1 ᠳ᠋ᠦ᠋ᠭᠡᠷ ᠰᠠᠷ᠎ᠠ ᠶᠢᠨ 13 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠠᠩᠬᠠᠳᠤᠭᠠᠷ ᠤᠳᠠᠭᠠᠨ ᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ 63 ᠬᠥᠮᠥᠨ ᠪᠤᠢ᠂ ᠲᠣᠰ ᠤᠳᠠᠭᠠᠨ ᠤ ᠬᠤᠷᠠᠯ ᠳᠤ 61 ᠬᠥᠮᠥᠨ ᠣᠷᠣᠯᠴᠠᠵᠤ ᠂ ᠬᠠᠤᠯᠢ ᠪᠠᠷ ᠲᠣᠭᠲᠠᠭᠠᠭᠰᠠᠨ ᠬᠥᠮᠥᠨ ᠤ ᠲᠣᠭᠠᠨ ᠳᠤ ᠨᠡᠶᠢᠴᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠲᠤᠰ ᠬᠤᠷᠠᠯ ᠢ ᠡᠷᠬᠢᠯᠡᠪᠡ ᠃ 

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠡᠬᠢᠯᠡᠯᠲᠡ ᠶᠢ ᠡᠷᠬᠢᠯᠡᠪᠡ

      1 ᠳ᠋ᠦ᠋ᠭᠡᠷ ᠰᠠᠷ᠎ᠠ ᠶᠢᠨ 14 ᠤ ᠦᠳᠡ ᠶᠢᠨ ᠡᠮᠦᠨ᠎ᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠬᠥᠬᠡᠬᠤᠲᠠ ᠳᠤ ᠡᠬᠢᠯᠡᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠰᠦᠨ ᠱᠤᠤ ᠴᠧᠩ ᠶᠡᠭᠡ ᠬᠤᠷᠠᠯ ᠢ ᠡᠷᠬᠢᠯᠡᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ ᠴᠦᠨ ᠂ ᠵᠠᠩ ᠱᠤᠤ ᠴᠦᠨ ᠂ ᠳ᠋ᠤᠸᠠᠨ ᡁᠢ ᠴᠢᠶᠠᠩ᠂ ᠵᠧᠩ ᠬᠤᠩ ᠹᠠᠨ ᠂ ᠳ᠋ᠢᠩ ᠰᠢᠦ ᠹᠧᠩ᠂ ᠠᠢ ᠯᠢ ᠬᠤᠸᠠ᠂ ᠯᠢ ᠪᠢᠩ ᠷᠦᠩ ᠂ ᠦ᠋ ᠶᠠᠨ ᠭᠠᠩ ᠂ ᠸᠠᠨ ᠴᠤᠤ ᠴᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠠᠢ᠃ ᠸᠠᠩ ᠯᠢ ᠰᠢᠶᠠ ᠂ ᠵᠠᠩ ᠶᠠᠨ ᠺᠦᠨ ᠂ ᠱᠢ ᠭᠤᠸᠠᠩ ᠬᠤᠢ᠂ ᠯᠢᠦ ᠱᠤᠸᠠᠩ᠂ ᠪᠦᠦ ᠭᠠᠩ ᠂ ᠮᠧᠩ ᠰᠢᠶᠠᠨ ᠳ᠋ᠦᠩ ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ ᠂ ᠬᠦᠦᠳᠠᠭᠤᠯᠠ᠂ ᠢᠦᠢ ᠯᠢ ᠰᠢᠨ ᠂ ᠪᠣᠣ ᠰᠢᠶᠠᠨ ᠬᠤᠸᠠ᠂ ᠵᠧᠩ ᠭᠤᠸᠠᠩ ᠵᠣᠣ᠂ ᠶᠣᠣ ᠶᠦᠩ ᠪᠦᠸᠧ᠂ ᠳᠠᠶᠢᠴᠢᠨ᠂ ᠶᠠᠩ  ᠶᠢᠨ᠂ ᠰᠦᠨ ᠵᠢᠶᠦ᠋ᠨ ᠴᠢᠩ ᠂ ᠶᠠᠩ ᠸᠧᠢ ᠳ᠋ᠦᠩ ᠂ ᠯᠥᠸᠧ ᡁᠢ ᠬᠤ᠋᠂ ᠴᠡᠴᠡᠭ᠂ ᠸᠧᠢ ᠭᠦᠸᠧ ᠨᠠᠨ ᠂ ᠠᠨ ᠷᠦᠨ ᠱᠧᠩ ᠂ ᠵᠠᠩ ᠯᠧᠢ ᠂ ᠵᠠᠩ ᠪᠠᠢ ᠴᠧᠩ ᠂ ᠶᠠᠩ ᠵᠢᠶᠧ ᠂ ᠶᠠᠩ ᠭᠦᠸᠧ ᠠᠨ ᠂ ᠵᠠᠩ ᠸᠧᠨ ᠬᠤᠶ ᠂ ᠶᠠᠩ ᠽᠥᠩ ᠷᠧᠨ ᠂ ᠯᠢ ᠶᠦᠩ ᠵᠢᠶᠦ᠋ᠨ ᠂ ᠴᠧᠨ ᠯᠦ ᠱᠧᠩ ᠂ ᠵᠠᠩ ᠵᠢᠶᠦ᠋ᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠳᠣ 532 ᠬᠥᠮᠥᠨ ᠪᠤᠢ᠂ ᠲᠣᠰ ᠤᠳᠠᠭᠠᠨ ᠤ ᠪᠥᠬᠦᠳᠡ ᠬᠤᠷᠠᠯ ᠳᠤ 509 ᠲᠥᠯᠥᠭᠡᠯᠡᠭᠴᠢ ᠣᠷᠣᠯᠴᠠᠵᠤ᠂ ᠬᠠᠤᠯᠢ ᠪᠠᠷ ᠲᠣᠭᠲᠠᠭᠠᠭᠰᠠᠨ ᠬᠥᠮᠥᠨ ᠤ ᠲᠣᠭᠠᠨ ᠳᠤ ᠨᠡᠶᠢᠴᠡᠨ᠎ᠡ᠃ ᠦᠳᠡ ᠶᠢᠨ ᠡᠮᠦᠨᠡᠬᠢ 9 ᠴᠠᠭ ᠲᠤ ᠂ ᠰᠦᠨ ᠱᠣᠸ ᠴᠧᠩ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠡᠬᠢᠯᠡᠯ᠎ᠡ ᠭᠡᠵᠦ ᠲᠤᠩᠬᠠᠭᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠵᠠᠭᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ ᠃ 

      ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ

      1 ᠳ᠋ᠦ᠋ᠭᠡᠷ ᠰᠠᠷ᠎ᠠ ᠶᠢᠨ 14 ᠤ ᠡᠳᠦᠷ ᠂ ᠰᠦᠨ ᠱᠣᠸ ᠴᠧᠩ ᠲᠡᠭᠦᠨ ᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ ᠃ 

      ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠾᠧ ᠸᠧᠢ ᠲᠠᠢ ᠪᠠᠷᠠᠳᠠᠨ ᠠᠭᠤᠯᠵᠠᠪᠠ

      1 ᠳ᠋ᠦ᠋ᠭᠡᠷ ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠾᠧ ᠸᠧᠢ ᠥᠪᠥᠷ ᠮᠣᠩᠭᠤᠯ ᠳᠤ ᠢᠷᠡᠵᠦ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠦᠷᠨᠢᠭᠦᠯᠪᠡ᠃ ᠡᠨᠡ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠸ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠾᠧ ᠸᠧᠢ ᠲᠠᠢ ᠪᠠᠷᠠᠳᠠᠨ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠱᠢ ᠭᠤᠸᠠᠩ ᠬᠤᠢ ᠂ ᠬᠦᠦᠳᠠᠭᠤᠯᠠ᠂ ᠠᠢ ᠯᠢ ᠬᠤᠸᠠ᠂ ᠴᠢ᠊ ᠪᠠᠲᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠡᠷᠡᠭ ᠬᠢᠨᠠᠭᠴᠢᠳ ᠤᠨ ᠵᠥᠪᠯᠡᠯ ᠤᠨ ᠲᠤᠰᠬᠠᠢ ᠲᠤᠰᠢᠶᠠᠯᠲᠤ ᠳᠡᠳ᠋ ᠬᠡᠷᠡᠭ ᠬᠢᠨᠠᠭᠴᠢᠳ ᠤᠨ ᠳᠠᠷᠤᠭ᠎ᠠ ᠵᠠᠩ ᠰᠢᠶᠣᠣ ᠪᠢᠨ ᠨᠠᠷ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ ᠃ 

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ

      1 ᠳ᠋ᠦ᠋ᠭᠡᠷ ᠰᠠᠷ᠎ᠠ ᠶᠢᠨ 15 ᠤ ᠡᠳᠦᠷ ᠂ ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠂ ᠲᠠᠷᠢᠶᠠᠯᠠᠩ ᠮᠠᠯ ᠠᠵᠤ ᠠᠬᠤᠢ ᠶᠢᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ ᠃ ᠵᠠᠩ ᠶᠠᠨ ᠺᠦᠨ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ ᠃ ᠢᠦᠢ ᠯᠢ ᠰᠢᠨ ᠂ ᠶᠣᠣ ᠶᠦᠩ ᠪᠥᠸᠧ ᠂ ᠳᠠᠶᠢᠴᠢᠨ᠂ ᠴᠡᠴᠡᠭ ᠂ ᠵᠠᠩ ᠯᠧᠢ ᠂ ᠵᠠᠩ ᠪᠠᠢ ᠴᠧᠩ ᠨᠠᠷ ᠣᠷᠣᠯᠴᠠᠵᠠᠢ ᠃ 

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠬᠤᠶᠠᠳᠤᠭᠠᠷ ᠤᠳᠠᠭᠠᠨ ᠤ ᠪᠦᠭᠦᠳᠡ ᠬᠤᠷᠠᠯᠳᠤᠭᠠᠨ ᠳᠤ ᠣᠷᠣᠯᠴᠠᠪᠠ

      1 ᠳ᠋ᠦ᠋ᠭᠡᠷ ᠰᠠᠷ᠎ᠠ ᠶᠢᠨ 16 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠬᠢᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ ᠴᠦᠨ ᠲᠤᠰ ᠬᠤᠷᠠᠯ ᠢ ᠡᠷᠬᠢᠯᠡᠪᠡ ᠃ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠳ᠋ᠤᠸᠠᠨ ᡁᠢ ᠴᠢᠶᠠᠩ᠂ ᠠᠢ ᠯᠢ ᠬᠤᠸᠠ᠂ ᠵᠠᠩ ᠪᠠᠢ ᠴᠧᠩ ᠂ ᠸᠠᠨ ᠴᠤᠤ ᠴᠢ ᠂ ᠸᠠᠩ ᠸᠠᠩ ᠱᠧᠩ᠂ ᠾᠧ ᠸᠧᠢ ᠬᠤᠸᠠ᠂ ᠵᠧᠦ  ᠶᠢᠨ ᠰᠢᠩ ᠂ ᠾᠧ ᠬᠠᠢ ᠳ᠋ᠦᠩ ᠂ ᠴᠢ᠊ · ᠳᠠᠯᠠᠨᠲᠠᠢ ᠨᠠᠷ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ ᠰᠦᠨ ᠱᠤᠤ ᠴᠧᠩ᠂ ᠸᠠᠩ ᠯᠢ ᠰᠢᠶᠠ ᠂ ᠵᠠᠩ ᠶᠠᠨ ᠺᠦᠨ ᠂ ᠱᠢ ᠭᠤᠸᠠᠩ ᠬᠤᠢ ᠂ ᠯᠢᠦ ᠱᠤᠸᠠᠩ᠂ ᠪᠣᠣ ᠭᠠᠩ᠂ ᠵᠧᠩ ᠬᠤᠩ ᠹᠠᠨ ᠂ ᠳ᠋ᠢᠩ ᠰᠢᠦ ᠹᠧᠩ᠂ ᠮᠧᠩ ᠰᠢᠶᠠᠨ ᠳ᠋ᠦᠩ ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ ᠂ ᠢᠦᠢ ᠯᠢ ᠰᠢᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠃ 

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠪᠡ

      1 ᠳ᠋ᠦ᠋ᠭᠡᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ 63 ᠬᠥᠮᠥᠨ ᠪᠤᠢ᠂ 60 ᠬᠥᠮᠥᠨ ᠲᠣᠰ ᠤᠳᠠᠭᠠᠨ ᠤ ᠬᠤᠷᠠᠯ ᠳᠤ ᠣᠷᠣᠯᠴᠠᠵᠤ ᠂ ᠬᠠᠤᠯᠢ ᠪᠠᠷ ᠲᠣᠭᠲᠠᠭᠠᠭᠰᠠᠨ ᠬᠥᠮᠥᠨ ᠤ ᠲᠣᠭᠠᠨ ᠳᠤ ᠨᠡᠶᠢᠴᠡᠨ᠎ᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠱᠤᠤ ᠴᠧᠩ ᠲᠤᠰ ᠬᠤᠷᠠᠯ ᠢ ᠡᠷᠬᠢᠯᠡᠵᠦ ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢᠨ ᠱᠤᠤ ᠴᠦᠨ ᠂ ᠵᠠᠩ ᠱᠤᠤ ᠴᠦᠨ ᠂ ᠳ᠋ᠤᠸᠠᠨ ᡁᠢ ᠴᠢᠶᠠᠩ᠂ ᠵᠧᠩ ᠬᠤᠩ ᠹᠠᠨ ᠂ ᠳ᠋ᠢᠩ ᠰᠢᠦ ᠹᠧᠩ᠂ ᠠᠢ ᠯᠢ ᠬᠤᠸᠠ᠂ ᠯᠢ ᠪᠢᠩ ᠷᠦᠩ ᠂ ᠦ᠋ ᠶᠠᠨ ᠭᠠᠩ ᠂ ᠸᠠᠨ ᠴᠤᠤ ᠴᠢ ᠬᠤᠷᠠᠯ ᠳᠤ ᠣᠷᠣᠯᠴᠠᠪᠠ ᠃ 

 

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠪᠡ

      1 ᠳ᠋ᠦ᠋ᠭᠡᠷ ᠰᠠᠷ᠎ᠠ ᠶᠢᠨ 17 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠤᠳᠠᠭᠠᠨ ᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ 63 ᠬᠥᠮᠥᠨ ᠪᠤᠢ᠂ 58 ᠬᠥᠮᠥᠨ ᠲᠣᠰ ᠤᠳᠠᠭᠠᠨ ᠤ ᠬᠤᠷᠠᠯ ᠳᠤ ᠣᠷᠣᠯᠴᠠᠵᠤ ᠂ ᠬᠠᠤᠯᠢ ᠪᠠᠷ ᠲᠣᠭᠲᠠᠭᠠᠭᠰᠠᠨ ᠬᠥᠮᠥᠨ ᠤ ᠲᠣᠭᠠᠨ ᠳᠤ ᠨᠡᠶᠢᠴᠡᠨ᠎ᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠱᠤᠤ ᠴᠧᠩ ᠲᠤᠰ ᠬᠤᠷᠠᠯ ᠢ ᠡᠷᠬᠢᠯᠡᠪᠡ ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢᠨ ᠱᠤᠤ ᠴᠦᠨ ᠂ ᠵᠠᠩ ᠱᠤᠤ ᠴᠦᠨ ᠂ ᠳ᠋ᠤᠸᠠᠨ ᡁᠢ ᠴᠢᠶᠠᠩ᠂ ᠵᠧᠩ ᠬᠤᠩ ᠹᠠᠨ ᠂ ᠳ᠋ᠢᠩ ᠰᠢᠦ ᠹᠧᠩ᠂ ᠠᠢ ᠯᠢ ᠬᠤᠸᠠ᠂ ᠯᠢ ᠪᠢᠩ ᠷᠦᠩ ᠂ ᠦ᠋ ᠶᠠᠨ ᠭᠠᠩ ᠂ ᠸᠠᠨ ᠴᠤᠤ ᠴᠢ ᠬᠤᠷᠠᠯ ᠳᠤ ᠣᠷᠣᠯᠴᠠᠪᠠ ᠃ 

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ

      1 ᠳ᠋ᠦ᠋ᠭᠡᠷ ᠰᠠᠷ᠎ᠠ ᠶᠢᠨ 17 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠵᠥᠪᠯᠡᠬᠦ ᠵᠦᠢᠯ ᠢᠶᠠᠨ ᠠᠮᠵᠢᠯᠲᠠ ᠲᠠᠢ ᠳᠠᠭᠤᠰᠬᠠᠵᠤ ᠂ ᠬᠥᠬᠡᠬᠤᠲᠠ ᠳᠤ ᠢᠯᠠᠯᠲᠠ ᠲᠠᠢ ᠲᠡᠭᠦᠰᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠰᠦᠨ ᠱᠤᠤ ᠴᠧᠩ ᠲᠤᠰ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ ᠴᠦᠨ ᠂ ᠵᠠᠩ ᠱᠤᠤ ᠴᠦᠨ ᠂ ᠳ᠋ᠤᠸᠠᠨ ᡁᠢ ᠴᠢᠶᠠᠩ᠂ ᠵᠧᠩ ᠬᠤᠩ ᠹᠠᠨ ᠂ ᠳ᠋ᠢᠩ ᠰᠢᠦ ᠹᠧᠩ᠂ ᠠᠢ ᠯᠢ ᠬᠤᠸᠠ᠂ ᠯᠢ ᠪᠢᠩ ᠷᠦᠩ ᠂ ᠦ᠋ ᠶᠠᠨ ᠭᠠᠩ ᠂ ᠸᠠᠨ ᠴᠤᠤ ᠴᠢ ᠨᠠᠷ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ ᠸᠠᠩ ᠯᠢ ᠰᠢᠶᠠ ᠂ ᠵᠠᠩ ᠶᠠᠨ ᠺᠦᠨ ᠂ ᠱᠢ ᠭᠤᠸᠠᠩ ᠬᠤᠢ ᠂ ᠯᠢᠦ ᠱᠤᠸᠠᠩ᠂ ᠪᠣᠣ ᠭᠠᠩ᠂ ᠮᠧᠩ ᠰᠢᠶᠠᠨ ᠳ᠋ᠦᠩ ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠬᠦᠦᠳᠠᠭᠤᠯᠠ᠂ ᠢᠦᠢ ᠯᠢ ᠰᠢᠨ ᠂ ᠴᠢ᠊ ᠪᠠᠲᠤ᠂ ᠪᠣᠣ ᠰᠢᠶᠠᠨ ᠬᠤᠸᠠ᠂ ᠵᠧᠩ ᠭᠤᠸᠠᠩ ᠵᠣᠣ᠂ ᠶᠣᠣ ᠶᠦᠩ ᠪᠦᠸᠧ᠂ ᠳᠠᠶᠢᠴᠢᠨ ᠂ ᠶᠠᠩ  ᠶᠢᠨ᠂ ᠰᠦᠨ ᠵᠢᠶᠦ᠋ᠨ ᠴᠢᠩ ᠂ ᠯᠥᠸᠧ ᡁᠢ ᠬᠤ᠋᠂ ᠴᠡᠴᠡᠭ᠂ ᠸᠧᠢ ᠭᠦᠸᠧ ᠨᠠᠨ ᠂ ᠠᠨ ᠷᠦᠨ ᠱᠧᠩ ᠂ ᠵᠠᠩ ᠯᠧᠢ ᠂ ᠵᠠᠩ ᠪᠠᠢ ᠴᠧᠩ ᠂ ᠶᠠᠩ ᠵᠢᠶᠧ᠂ ᠶᠠᠩ ᠭᠦᠸᠧ ᠠᠨ ᠂ ᠵᠠᠩ ᠸᠧᠨ ᠬᠤᠢ ᠂ ᠶᠠᠩ ᠽᠥᠩ ᠷᠧᠨ ᠂ ᠯᠢ ᠶᠦᠩ ᠵᠢᠶᠦ᠋ᠨ ᠂ ᠴᠧᠨ ᠯᠦ ᠱᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ ᠃ 

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠲᠡᠭᠦᠰᠦᠭᠰᠡᠨ ᠳᠤ ᠪᠠᠶᠠᠷ ᠬᠦᠷᠭᠡᠪᠡ

      1 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠲᠡᠭᠦᠰᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠤᠷᠢᠯᠭ᠎ᠠ ᠪᠠᠷ ᠲᠤᠰ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠲᠡᠭᠦᠰᠬᠦ ᠶᠡᠭᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠸᠧᠶ ᠳ᠋ᠦᠩ᠂ ᠯᠦᠸᠧ ᡁᠢ ᠬᠤ᠋᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠢ ᠴᠧᠩ᠂ ᠶᠠᠩ ᠵᠢᠶᠧ ᠪᠣᠯᠤᠨ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠨᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠤᠯᠭ᠎ᠠ ᠳᠤ ᠪᠠᠰᠠ᠄ ᠱᠢ ᠭᠤᠸᠠᠩ ᠬᠤᠢ᠂ ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠤᠤ ᠺᠠᠩ᠂ ᠬᠦᠦᠳᠠᠭᠤᠯᠠ᠂ ᠢᠤᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠰᠦᠨ ᠵᠢᠶᠦ᠋ᠨ ᠴᠢᠩ᠂ ᠶᠠᠩ ᠽᠦᠩ ᠷᠧᠨ᠂ ᠯᠢ ᠶᠦᠩ ᠵᠢᠶᠦ᠋ᠨ᠂ ᠶᠠᠩ ᠭᠦᠸᠧ ᠠᠨ᠂ ᠴᠧᠨ ᠯᠦ ᠱᠧᠩ ᠨᠡᠷ ᠪᠤᠢ᠃

      2

ᠸᠠᠩ ᠯᠢ ᠰᠢᠶᠠ

      ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ

      1 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

      ᠪᠤᠭᠤᠲᠤ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ

      1 ᠳ᠋ᠦ᠋ᠭᠡᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠡᠭᠦᠨ ᠤ ᠪᠠᠶᠢᠭ᠎ᠠ ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃

      ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ

      1 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠡᠲᠡᠭᠡᠳ᠂ ᠠᠵᠤ ᠠᠬᠤᠶ ᠶᠢᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃ ᠬᠤᠸᠠᠩ ᡁᠢ ᠴᠢᠶᠠᠩ᠂ ᠶᠠᠩ ᠶᠢᠨ᠂ ᠯᠦᠸᠧ ᡁᠢ ᠬᠤ᠋᠂ ᠸᠧᠢ ᠭᠦᠸᠧ ᠨᠠᠨ᠂ ᠠᠨ ᠷᠦᠨ ᠱᠧᠩ᠂ ᠶᠠᠩ ᠵᠢᠶᠧ ᠣᠷᠣᠯᠴᠠᠵᠠᠢ᠃

      ᠰᠢᠯᠢ ᠶᠢᠨ ᠭᠤᠤᠯ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ

      1 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ  ᠯᠦᠭᠡ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃

      3

ᠬᠤᠸᠠᠩ ᡁᠢ ᠴᠢᠶᠠᠩ

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ᠬᠤᠶᠠᠳᠤᠭᠠᠷ ᠪᠥᠬᠦᠳᠡ ᠬᠤᠷᠠᠯ ᠳᠤ ᠣᠷᠣᠯᠴᠠᠪᠠ

      1 ᠳ᠋ᠦ᠋ᠭᠡᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠬᠤᠶᠠᠳᠤᠭᠠᠷ ᠪᠥᠬᠦᠳᠡ ᠬᠤᠷᠠᠯ ᠬᠤᠷᠠᠯᠳᠤᠭᠤᠯᠵᠤ᠂ ᠭᠡᠰᠢᠭᠦᠳ ᠶᠡᠭᠡ ᠬᠤᠷᠠᠯ ᠳᠡᠭᠡᠷ᠎ᠡ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠰ ᠬᠤᠷᠠᠯ ᠳᠤ ᠣᠷᠣᠯᠴᠠᠵᠤ ᠭᠡᠰᠢᠭᠦᠳ ᠤᠨ ᠶᠠᠷᠢᠶ᠎ᠠ ᠶᠢ ᠰᠣᠨᠣᠰᠪᠠ᠃

      ᠲᠥᠯᠥᠭᠡᠯᠡᠭᠴᠢᠳ ᠯᠦᠭᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ

      1 ᠳ᠋ᠦ᠋ᠭᠡᠷ ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠸᠠᠩ ᡁᠢ ᠴᠢᠶᠠᠩ ᠬᠥᠯᠥᠨ ᠪᠤᠶᠢᠷ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃

      4

ᠴᠢ᠊ ᠪᠠᠳᠤ

      2025 ᠣᠨ ᠤ ᠪᠥᠬᠦ ᠣᠷᠣᠨ ᠤ ᠴᠡᠷᠢᠭ ᠡᠯᠰᠡᠬᠦ ᠠᠵᠢᠯ ᠤᠨ ᠲᠧᠯᠸᠢᠰ ᠤᠲᠠᠰᠤᠲᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ

      1 ᠳ᠋ᠦ᠋ᠭᠡᠷ ᠰᠠᠷ᠎ᠠ ᠶᠢᠨ 15 ᠤ ᠡᠳᠦᠷ᠂ 2025 ᠣᠨ ᠤ ᠪᠥᠬᠦ ᠣᠷᠣᠨ ᠤ ᠴᠡᠷᠢᠭ ᠡᠯᠰᠡᠬᠦ ᠠᠵᠢᠯ ᠤᠨ ᠲᠧᠯᠸᠢᠰ ᠤᠲᠠᠰᠤᠲᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠤᠮᠠᠨᠳ᠋ᠯᠠᠭᠴᠢ ᠶᠠᠩ ᠭᠦᠸᠧ ᠠᠨ ᠲᠤᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

      ᠪᠥᠬᠦ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ

      1 ᠳ᠋ᠦ᠋ᠭᠡᠷ ᠰᠠᠷ᠎ᠠ ᠶᠢᠨ 15 ᠤ ᠡᠳᠦᠷ᠂ ᠪᠥᠬᠦ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠬᠥᠬᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ ᠲᠤᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

      5

ᠳᠠᠶᠢᠴᠢᠨ

      ᠠᠯᠠᠱᠠ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ

      1 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ ᠠᠯᠠᠱᠠ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃

      ᠲᠦᠷᠥ ᠶᠢᠨ ᠪᠣᠳᠣᠯᠭ᠎ᠠ ᠶᠢᠨ ᠨᠡᠶᠢᠲᠡᠯᠡᠯ

      1

      ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠶ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ᠤᠨ ᠭᠤᠤᠯᠳᠠᠯᠭ᠎ᠠ ᠪᠣᠯᠬᠤ ᠡᠭᠦᠷᠭᠡ ᠶᠢᠨ ᠲᠣᠳᠣᠷᠬᠠᠢ ᠬᠠᠭᠤᠳᠠᠰᠤ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ ᠢ ᠳᠠᠷᠤᠮᠠᠯᠯᠠᠨ ᠶᠠᠪᠤᠭᠤᠯᠪᠠ

      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠶ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ᠤᠨ ᠭᠤᠤᠯᠳᠠᠯᠭ᠎ᠠ ᠪᠣᠯᠬᠤ ᠡᠭᠦᠷᠭᠡ ᠶᠢᠨ ᠲᠣᠳᠣᠷᠬᠠᠢ ᠬᠠᠭᠤᠳᠠᠰᠤ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2025 ﹈ 2 ᠳ᠋ᠤᠭᠠᠷ ᠲᠣᠭᠠᠲᠤ︶ ᠢ ᠳᠠᠷᠤᠮᠠᠯᠯᠠᠨ ᠶᠠᠪᠤᠭᠤᠯᠪᠠ ᠃

      2

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2025 ﹈ 3 ᠳ᠋ᠤᠭᠠᠷ ᠲᠣᠭᠠᠲᠤ︶ ᠢ ᠨᠡᠶᠢᠲᠡᠯᠡᠪᠡ᠃

      3

      ᠠᠵᠢᠯᠴᠢᠨ ᠤ ᠡᠪᠯᠡᠯ ᠤᠨ ᠪᠦᠬᠦ ᠣᠷᠣᠨ ᠤ ᠠᠵᠢᠯᠴᠢᠨ ᠤ ᠡᠪᠯᠡᠯ ᠤᠨ ᠥᠷᠲᠡᠭᠡᠨ ᠤ ᠪᠦᠲᠦᠭᠡᠨ ᠪᠠᠶᠢᠭᠤᠯᠤᠯᠲᠠ ᠪᠠᠨ ᠠᠬᠢᠭᠤᠯᠬᠤ ᠶᠢ  ᠨᠢ ᠳᠡᠮᠵᠢᠬᠦ ᠲᠤᠬᠠᠢ ᠮᠡᠳᠡᠭᠳᠡᠯ

      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠵᠢᠯᠴᠢᠨ ᠤ ᠡᠪᠯᠡᠯ ᠤᠨ ᠪᠥᠬᠦ ᠣᠷᠣᠨ ᠤ ᠠᠵᠢᠯᠴᠢᠨ ᠤ ᠡᠪᠯᠡᠯ ᠤᠨ ᠥᠷᠲᠡᠭᠡᠨ ᠤ ᠪᠦᠲᠦᠭᠡᠨ ᠪᠠᠶᠢᠭᠤᠯᠤᠯᠲᠠ ᠪᠠᠨ ᠠᠬᠢᠭᠤᠯᠬᠤ ᠶᠢ  ᠨᠢ ᠳᠡᠮᠵᠢᠬᠦ ᠲᠤᠬᠠᠶ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2025 ﹈ 4 ᠳ᠋ᠦ᠋ᠭᠡᠷ ᠲᠣᠭᠠᠲᠤ︶ ᠢ ᠨᠡᠶᠢᠲᠡᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ  ᠯᠦᠭᠡ ᠨᠢᠭᠲᠠ ᠤᠶᠠᠯᠳᠤᠭᠤᠯᠤᠨ᠂ ᠡᠷᠦᠬᠡ ᠶᠢᠨ ᠭᠠᠳᠠᠭᠤᠷᠬᠢ ᠠᠵᠢᠯ ᠤᠨ ᠬᠥᠳᠡᠯᠮᠦᠷᠢᠴᠢᠳ ᠤᠨ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠴᠢᠨ ᠤ ᠡᠪᠯᠡᠯ ᠤᠨ ᠪᠥᠬᠦ ᠣᠷᠣᠨ ᠤ ᠠᠵᠢᠯᠴᠢᠨ ᠤ ᠡᠪᠯᠡᠯ ᠤᠨ ᠥᠷᠲᠡᠭᠡᠨ ᠤ ᠪᠦᠲᠦᠭᠡᠨ ᠪᠠᠶᠢᠭᠤᠯᠤᠯᠲᠠ ᠪᠠᠨ ᠠᠬᠢᠭᠤᠯᠬᠤ ᠶᠢ  ᠨᠢ ᠤᠯᠠᠮ ᠨᠢᠭᠡ ᠠᠯᠬᠤᠮ ᠳᠡᠮᠵᠢᠵᠦ᠂ ᠥᠷᠭᠡᠨ ᠣᠯᠠᠨ ᠡᠷᠦᠬᠡ ᠶᠢᠨ ᠭᠠᠳᠠᠭᠤᠷᠬᠢ ᠠᠵᠢᠯ ᠤᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠮᠡᠳᠡᠭᠳᠡᠪᠡ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ