ᠬᠥᠭᠵᠢᠯᠲᠡ ᠶᠢ ᠠᠬᠢᠭᠤᠯᠬᠤ ᠳᠤ ᠥᠷᠯᠥᠭᠡ ᠦᠳᠡᠰᠢ ᠶᠢ ᠲᠡᠮᠡᠴᠡᠬᠦ ᠬᠡᠷᠡᠭᠲᠡᠢ᠂ ᠰᠠᠶᠢᠨ ᠤᠬᠠᠭᠠᠯᠠᠨ ᠲᠥᠯᠥᠪᠯᠡᠭᠡ ᠶᠢ ᠨᠠᠶᠢᠳᠠᠪᠤᠷᠢᠵᠢᠭᠤᠯᠬᠤ ᠳᠤ ᠪᠤᠢ᠃ ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠨᠢ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠡᠷᠭᠢᠴᠡᠭᠦᠯᠵᠦ᠂ ᠰᠢᠨ᠎ᠡ ᠨᠢᠭᠡ ᠵᠢᠯ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ ᠦᠷᠭᠦᠯᠵᠢᠯᠡᠨ ᠲᠡᠮᠡᠴᠡᠬᠦ ᠬᠠᠩᠭᠢᠨᠠᠮ᠎ᠠ ᠪᠦᠷᠢᠶ᠎ᠡ ᠶᠢ ᠬᠠᠩᠭᠢᠨᠠᠭᠤᠯᠪᠠ᠃ ᠪᠦᠭᠦ ᠣᠷᠣᠨ ᠤ ᠡᠯ᠎ᠡ ᠱᠠᠲᠤᠨ ᠤ ᠬᠢᠨ ᠳᠠᠷᠤᠶᠢᠬᠠᠨ ᠬᠥᠳᠡᠯᠦᠯᠴᠡᠵᠦ᠂ ᠳᠠᠷᠤᠢ ᠲᠦᠷᠭᠡᠨ ᠠᠵᠢᠯᠯᠠᠵᠤ᠂ ᠪᠤᠰᠢᠭᠤ ᠲᠦᠷᠭᠡᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠩᠭ᠎ᠠ ᠠᠳᠬᠤᠨ ᠲᠦᠷᠭᠡᠨ ᠭᠦᠢᠴᠡᠳᠬᠡᠵᠦ ᠬᠥᠭᠵᠢᠯᠲᠡ ᠶᠢ ᠡᠷᠢᠯᠬᠢᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠣᠯᠵᠤ ᠰᠢᠨ᠎ᠡ ᠳᠠᠪᠠᠯᠲᠠ ᠭᠠᠷᠬᠤ ᠶᠢ ᠪᠡᠶᠡᠯᠡᠭᠦᠯᠬᠦ ᠬᠡᠷᠡᠭᠲᠡᠢ᠃
ᠠᠵᠢᠯ ᠶᠠᠪᠤᠳᠠᠯ ᠢ ᠳᠠᠷᠤᠢ ᠲᠦᠷᠭᠡᠨ ᠭᠦᠢᠴᠡᠳᠬᠡᠬᠦ ᠨᠢ ᠡᠷᠬᠢᠮ᠃ ᠪᠤᠰᠢᠭᠤ ᠲᠦᠷᠭᠡᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠨᠢ ᠤᠴᠢᠷ ᠶᠠᠪᠤᠳᠠᠯ ᠢ ᠪᠦᠲᠦᠭᠡᠵᠦ᠂ ᠠᠵᠢᠯ ᠢᠶᠠᠨ ᠰᠠᠶᠢᠲᠤᠷ ᠬᠢᠬᠦ ᠶᠢᠨ ᠵᠠᠩᠭᠢᠯᠠᠭ᠎ᠠ ᠮᠥᠨ᠃ ᠣᠳᠣᠬᠠᠨ ᠳᠤ᠂ ᠥᠪᠥᠷ ᠮᠣᠩᠭᠤᠯ ᠳᠤ ᠲᠦᠷᠭᠡᠨ ᠬᠥᠭᠵᠢᠬᠦ ᠬᠠᠨᠳᠤᠰᠢ ᠢᠯᠡᠷᠡᠵᠦ᠂ ᠪᠣᠬᠢᠷᠳᠤᠯ ᠦᠭᠡᠢ ᠬᠥᠭᠵᠢᠭᠦᠯᠬᠦ ᠴᠢᠳᠠᠪᠤᠷᠢ ᠪᠠ ᠲᠡᠰ ᠳᠡᠭᠡᠭᠰᠢᠯᠡᠵᠦ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠭᠤᠷ ᠠᠮᠢᠰᠬᠤᠯ ᠥᠳᠬᠡᠷᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠠᠯᠬᠤᠭ᠎ᠠ ᠲᠦᠷᠭᠡᠳᠴᠦ᠂ ᠰᠣᠶᠣᠯ ᠤᠨ ᠪᠠᠶᠢᠭᠤᠯᠤᠯᠲᠠ ᠶᠢᠨ ᠭᠠᠷᠳᠠᠴᠠ ᠪᠣᠳᠠᠲᠠᠶᠢᠵᠢᠵᠤ᠂ ᠥᠭᠡᠳᠡᠯᠡᠨ ᠰᠠᠶᠢᠵᠢᠷᠠᠵᠤ ᠪᠠᠶᠢᠭ᠎ᠠ ᠪᠠᠶᠢᠳᠠᠯ ᠬᠥᠮᠥᠰ ᠢ ᠤᠷᠮᠠᠰᠢᠭᠤᠯᠤᠨ᠂ ᠤᠷᠤᠭᠰᠢᠯᠠᠨ ᠲᠠᠪᠰᠢᠬᠤ ᠶᠢ ᠵᠣᠷᠢᠭᠵᠢᠭᠤᠯᠵᠤ ᠪᠠᠶᠢᠨ᠎ᠠ᠃ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠬᠢᠵᠠᠭᠠᠷ ᠦᠭᠡᠢ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠬᠦ ᠳᠤ᠂ ᠣᠷᠣᠨ ᠳᠠᠶᠠᠭᠠᠷ ᠡᠷᠴᠢ ᠵᠣᠷᠢᠭ ᠢᠶᠠᠨ ᠬᠥᠪᠴᠢᠯᠡᠨ ᠠᠶᠠᠨ ᠳᠠᠭᠠᠨ ᠳᠠᠭᠢᠨ ᠮᠣᠷᠳᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ᠂ ᠴᠤᠴᠠᠯᠲᠠ ᠦᠭᠡᠢ ᠤᠷᠤᠭᠰᠢᠯᠠᠨ ᠴᠢᠨᠠᠷ ᠰᠠᠶᠢᠲᠠᠢ ᠬᠥᠭᠵᠢᠯᠲᠡ ᠲᠡᠶᠢᠰᠢ ᠡᠷᠡᠮᠡᠬᠡᠶᠢᠯᠡᠨ ᠤᠷᠤᠭᠰᠢᠯᠠᠵᠤ᠂ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠪᠣᠳᠠᠲᠤ ᠦᠷ᠎ᠡ ᠪᠦᠲᠦᠮᠵᠢ ᠶᠢ ᠡᠷᠬᠢᠮᠯᠡᠨ ᠪᠣᠳᠠᠲᠤ ᠠᠮᠵᠢᠯᠲᠠ ᠪᠦᠲᠦᠮᠵᠢ ᠣᠯᠵᠤ᠂ ᠯᠠᠪᠳᠠᠭᠤᠨ ᠪᠠᠲᠤᠲᠠᠢ ᠪᠠᠷ ᠰᠠᠶᠢᠨ ᠤᠬᠠᠭᠠᠯᠠᠨ ᠲᠥᠯᠥᠪᠯᠡᠭᠡ ᠶᠢ ᠴᠠᠭᠠᠰᠤᠨ ᠳᠡᠭᠡᠷ᠎ᠡ ᠠᠴᠠ ᠪᠣᠳᠠᠲᠠᠢ ᠳᠤ ᠨᠠᠶᠢᠳᠠᠪᠤᠷᠢᠵᠢᠭᠤᠯᠵᠤ᠂ ᠰᠠᠶᠢᠨ ᠪᠠᠶᠢᠷᠢᠯᠠᠭᠤᠯᠤᠯᠲᠠ ᠶᠢ ᠬᠤᠷᠠᠯ ᠤᠨ ᠲᠠᠯᠠᠪᠠᠶ ᠠᠴᠠ ᠪᠣᠳᠠᠲᠠᠢ ᠳᠤ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠬᠤᠷᠳᠤᠴᠠ ᠪᠠᠨ ᠲᠦᠷᠭᠡᠳᠬᠡᠵᠦ᠂ ᠰᠢᠨ᠎ᠡ ᠥᠨᠳᠥᠷᠴᠡ ᠲᠠᠢ ᠪᠤᠯᠬᠤ ᠶᠢ ᠠᠬᠢᠭᠤᠯᠬᠤ ᠬᠡᠷᠡᠭᠲᠡᠢ᠃
ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠢᠩᠭᠠᠨ ᠵᠦᠢᠯ ᠲᠦᠮᠡᠨ ᠵᠤᠷᠪᠤᠰ ᠪᠠᠶᠢᠵᠤ᠂ ᠭᠤᠣᠯᠳᠠᠯᠭ᠎ᠠ ᠶᠢ ᠡᠵᠡᠮᠰᠢᠵᠦ ᠵᠠᠩᠭᠢᠯᠠᠭ᠎ᠠ ᠶᠢ ᠠᠳᠬᠤᠪᠠᠯ ᠰᠠᠶ᠋ᠢ ᠲᠡᠷᠢᠭᠦᠨ ᠤ ᠰᠢᠲᠠᠷ᠎ᠠ ᠶᠢ ᠰᠠᠶᠢᠲᠤᠷ ᠲᠠᠯᠪᠢᠵᠤ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ ᠴᠢᠳᠠᠨ᠎ᠠ᠃ ᠭᠠᠪᠰᠢᠭᠠᠢ ᠲᠦᠷᠭᠡᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠳᠤᠷᠠᠳᠪᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠣᠳᠣᠯᠬᠢᠯᠠᠨ᠂ 11 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠪᠢᠳᠡᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ᠂ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠡᠷᠢᠯᠬᠢᠯᠡᠬᠦ ᠳᠤ ᠭᠤᠣᠯ ᠰᠢᠪᠲᠤᠯᠬᠤ ᠴᠢᠭᠯᠡᠯ ᠢ ᠲᠣᠳᠣᠷᠬᠠᠶᠢᠯᠠᠵᠤ᠂ ᠦᠢᠯᠡᠳᠦᠯᠭᠡ ᠶᠢᠨ ᠠᠷᠭ᠎ᠠ ᠵᠠᠮ ᠢ ᠵᠢᠭᠠᠵᠤ ᠥᠭᠴᠡᠢ᠃ ᠣᠷᠣᠨ ᠳᠠᠶᠠᠭᠠᠷ ᠢᠶᠠᠨ ᠬᠠᠮᠲᠤ ᠪᠠᠷ ᠴᠢᠷᠮᠠᠶᠢᠨ ᠠᠵᠢᠯᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠦᠴᠦ ᠪᠠᠨ ᠬᠠᠮᠲᠤᠳᠬᠠᠨ ᠤᠷᠤᠭᠰᠢᠯᠠᠵᠤ᠂ ᠴᠠᠭ ᠮᠥᠴᠡ ᠠᠵᠠ ᠲᠣᠭᠢᠶᠠᠯ ᠢ ᠠᠮᠵᠢᠵᠤ᠂ ᠤᠬᠠᠭᠠᠯᠠᠨ ᠲᠥᠯᠥᠪᠯᠡᠭᠡ ᠪᠠᠨ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠠᠵᠢᠯᠯᠠᠭ᠎ᠠ ᠪᠠᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃
ᠬᠡᠳᠦᠢ ᠤᠯᠠᠨ ᠠᠷᠭ᠎ᠠ ᠪᠠᠶᠢᠭᠰᠠᠨ ᠴᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠭᠡᠢ ᠪᠣᠯ ᠬᠤᠭᠤᠰᠤᠨ ᠠᠷᠭ᠎ᠠ ᠲᠡᠳᠦᠢ ᠪᠤᠯᠣᠨ᠎ᠠ︔ ᠬᠡᠳᠦᠢ ᠶᠠᠭᠠᠷᠠᠤ ᠠᠵᠢᠯᠯᠠᠭᠰᠠᠨ ᠴᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠭᠡᠢ ᠪᠣᠯ ᠲᠠᠯᠠᠭᠠᠷ ᠶᠠᠭᠠᠷᠠᠨ᠎ᠠ᠃ ᠬᠥᠭᠵᠢᠯᠲᠡ ᠶᠢᠨ ᠠᠵᠠ ᠲᠣᠭᠢᠶᠠᠯ ᠪᠣᠯ ᠣᠯᠳᠠᠬᠤᠶ᠎ᠠ ᠪᠡᠷᠬᠡ ᠶᠤᠮ᠂ ᠪᠠᠭ᠎ᠠ ᠯᠠ ᠰᠤᠯᠠᠷᠠᠭᠤᠯᠪᠠᠯ ᠥᠩᠭᠡᠷᠡᠴᠢᠬᠡᠨᠡ᠂ ᠬᠡᠷᠬᠢᠨ ᠵᠠᠭᠤᠨ ᠣᠩᠭᠤᠴᠠ ᠥᠷᠢᠰᠦᠯᠳᠦᠬᠦ ᠤᠷᠤᠯᠳᠤᠭᠠᠨ ᠤ ᠵᠠᠮ ᠳᠡᠭᠡᠷ᠎ᠡ ᠦᠷᠭᠦᠯᠵᠢᠯᠡᠨ ᠲᠡᠷᠢᠭᠦᠨ ᠤ ᠪᠠᠶᠢᠷᠢ ᠶᠢ ᠲᠡᠮᠡᠴᠡᠨ ᠣᠯᠬᠤ ᠪᠤᠢ︖ ᠬᠡᠷᠬᠢᠨ ᠮᠢᠩᠭᠠᠨ ᠳᠠᠷᠪᠠᠭᠤᠯ ᠮᠥᠷᠥᠶᠢᠴᠡᠬᠦ ᠲᠡᠮᠡᠴᠡᠭᠡᠨ ᠳᠤ ᠦᠷᠭᠦᠯᠵᠢᠯᠡᠨ ᠳᠠᠪᠠᠵᠤ ᠭᠠᠷᠬᠤ ᠪᠤᠢ︖ ᠴᠥᠮ ᠦᠨᠡᠨ ᠬᠦ ᠠᠳᠬᠤᠵᠤ ᠪᠣᠳᠠᠲᠠᠢ ᠠᠵᠢᠯᠯᠠᠵᠤ᠂ ᠱᠠᠯᠠᠪᠳᠠᠨ ᠲᠦᠷᠭᠡᠨ ᠬᠢᠬᠦ ᠠᠴᠠ ᠰᠠᠯᠵᠤ ᠴᠢᠳᠠᠬᠤ ᠦᠭᠡᠢ ᠶᠤᠮ᠃ ᠪᠤᠰᠢᠭᠤ ᠲᠦᠷᠭᠡᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ᠂ ᠬᠡᠯᠡᠵᠦ ᠦᠢᠯᠡᠳᠦᠯᠭᠡᠵᠢᠭᠦᠯᠬᠦ ᠨᠢ ᠭᠤᠣᠯ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠶᠢᠬᠤ ᠨᠢ ᠵᠠᠩᠭᠢᠯᠠᠭ᠎ᠠ ᠪᠣᠯᠣᠨ᠎ᠠ᠃ ᠡᠯ᠎ᠡ ᠱᠠᠲᠤ ᠡᠯ᠎ᠡ ᠭᠠᠵᠠᠷ ᠤᠨ ᠬᠢᠨ ︽ᠲᠦᠷᠭᠡᠨ ᠬᠥᠳᠡᠯᠦᠯᠴᠡᠬᠦ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠴᠠᠭ ᠮᠥᠴᠡ ᠪᠣᠯ ᠵᠣᠭᠤᠰ ᠮᠥᠩᠭᠦ᠂ ᠦᠷ᠎ᠡ ᠪᠦᠲᠦᠮᠵᠢ ᠪᠣᠯ ᠠᠮᠢ ᠨᠠᠰᠤ ᠭᠡᠳᠡᠭ ᠢ ᠪᠠᠲᠤ ᠴᠡᠭᠡᠵᠢᠯᠡᠵᠦ᠂ ︽ᠡᠷᠲᠡᠯᠡᠬᠦ︾ ᠰᠡᠳᠬᠢᠴᠡ᠂ ︽ᠬᠤᠷᠳᠤᠴᠠ ᠪᠠᠨ ᠲᠦᠷᠭᠡᠳᠬᠡᠬᠦ︾ ᠣᠪᠣᠷ ᠪᠠᠶᠢᠳᠠᠯ᠂ ︽ᠨᠡᠬᠡᠵᠦ ᠭᠦᠢᠴᠡᠬᠦ︾ ᠵᠣᠷᠢᠭ ᠢᠶᠠᠷ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠣᠷᠣᠨ ᠳᠠᠶᠠᠭᠠᠷ ᠢᠶᠠᠨ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠵᠦ᠂ ᠲᠦᠷᠭᠡᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠳᠠᠷᠤᠶᠢᠬᠠᠨ ᠠᠳᠬᠤᠵᠤ᠂ ᠠᠬᠢᠴᠠ ᠶᠢ ᠴᠠᠭ ᠲᠤᠬᠠᠢ ᠳᠤᠨᠢ ᠮᠡᠳᠡᠭᠦᠯᠵᠦ᠂ ᠴᠠᠭ ᠮᠥᠴᠡ ᠲᠠᠢ ᠤᠷᠤᠯᠳᠤᠨ ᠤᠴᠢᠷ ᠶᠠᠪᠤᠳᠠᠯ᠂ ᠠᠵᠢᠯ ᠪᠣᠯᠭᠠᠨ ᠢ ᠰᠠᠶᠢᠲᠤᠷ ᠬᠢᠵᠦ᠂ ᠰᠠᠶᠢᠲᠤᠷ ᠪᠡᠶᠡᠯᠡᠭᠦᠯᠵᠦ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃
︽ᠶᠡᠭᠡ ᠬᠠᠨᠳᠤᠰᠢ ᠶᠢ ᠠᠳᠬᠤᠪᠠᠰᠤ ᠵᠥᠪ ᠠᠮᠣᠢ᠂ ᠵᠠᠪᠰᠢᠶᠠᠨ ᠲᠤᠭᠢᠶᠠᠯ ᠢ ᠠᠯᠳᠠᠵᠤ ᠦᠯᠦ ᠪᠣᠯᠣᠮᠤᠢ︾᠃ ᠥᠷᠭᠡᠨ ᠤᠯᠠᠨ ᠺᠠᠳ᠋ᠷ ᠤᠯᠠᠨ ᠲᠦᠮᠡᠨ ︽ᠡᠷᠴᠢᠯᠡᠭᠦᠷ︾ ᠢᠶᠠᠨ ᠴᠢᠩᠭᠠᠯᠠᠵᠤ᠂ ︽ᠬᠦᠴᠦᠨ ᠴᠢᠳᠠᠯ︾ ᠢᠶᠠᠨ ᠭᠦᠢᠴᠡᠳ ᠪᠠᠳᠠᠷᠠᠭᠤᠯᠵᠤ᠂ ᠪᠤᠰᠢᠭᠤ ᠲᠦᠷᠭᠡᠨ ᠬᠥᠳᠡᠯᠦᠯᠴᠡᠵᠦ ᠨᠠᠶᠢᠳᠠᠪᠤᠷᠢᠵᠢᠭᠤᠯᠬᠤ ᠶᠢ ᠠᠵᠢᠯ ᠤᠨ ᠡᠬᠢᠨ ᠠᠴᠠ ᠳᠠᠭᠤᠰᠲᠠᠯ᠎ᠠ ᠲᠤᠭᠤᠰᠢᠯᠠᠭᠤᠯᠵᠤ᠂ ᠲᠣᠭᠲᠠᠭᠰᠠᠨ ᠶᠠᠪᠤᠳᠠᠯ ᠢᠶᠠᠨ ᠲᠦᠷᠭᠡᠯᠡᠨ ᠬᠢᠬᠦ᠂ ᠱᠠᠯᠠᠪᠳᠠᠨ ᠨᠠᠶᠢᠳᠠᠪᠤᠷᠢᠵᠢᠭᠤᠯᠵᠤ᠂ ᠪᠠᠶᠢᠷᠢᠯᠠᠭᠤᠯᠤᠭᠰᠠᠨ ᠠᠵᠢᠯ ᠢᠶᠠᠨ ᠲᠤᠭᠤᠰᠢᠲᠠᠢ ᠠᠳᠬᠤᠵᠤ᠂ ᠦᠷ᠎ᠡ ᠪᠦᠲᠦᠮᠵᠢ ᠣᠯᠬᠤ ᠳᠤ ᠯᠡ ᠭᠦᠷᠪᠡᠯ ᠳᠠᠷᠤᠢ ᠠᠵᠠ ᠲᠣᠭᠢᠶᠠᠯ ᠢ ᠣᠯᠵᠤ᠂ ᠰᠠᠨᠠᠭᠠᠴᠢᠯᠠᠭᠠᠲᠤ ᠡᠷᠬᠡ ᠶᠢ ᠣᠯᠵᠤ᠂ ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠵᠤ ᠴᠢᠳᠠᠨ᠎ᠠ᠃