ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ 1087 ᠬᠤᠪᠢ ᠰᠠᠨᠠᠯ ᠳᠤᠷᠠᠳᠤᠯᠭ᠎ᠠ ᠬᠤᠷᠢᠶᠠᠨ ᠣᠯᠪᠠ
ᠨᠡᠶᠢᠲᠡᠯᠡᠭᠰᠡᠨ ᠴᠠᠭ᠄
2025/1/20

    ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 1 ᠰᠠᠷ᠎ᠠ ᠶᠢᠨ 15 ᠤ ᠡᠳᠦᠷ ᠤᠨ 12 ᠴᠠᠭ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠨᠡᠶᠢᠲᠡ 1087 ᠬᠤᠪᠢ ᠰᠠᠨᠠᠯ ᠳᠤᠷᠠᠳᠤᠯᠭ᠎ᠠ ᠬᠤᠷᠢᠶᠠᠨ ᠣᠯᠵᠠᠢ᠃ ᠬᠢᠨᠠᠨ ᠪᠠᠶᠢᠴᠠᠭᠠᠬᠤ ᠪᠠᠷ ᠳᠠᠮᠵᠢᠭᠠᠳ 821 ᠬᠤᠪᠢ ᠰᠠᠨᠠᠯ ᠳᠤᠷᠠᠳᠤᠯᠭ᠎ᠠ ᠶᠢ ᠳᠠᠩᠰᠠᠯᠠᠵᠤ᠂ 143 ᠬᠤᠪᠢ ᠰᠠᠨᠠᠯ ᠳᠤᠷᠠᠳᠤᠯᠭ᠎ᠠ ᠶᠢ ᠨᠡᠶᠢᠯᠡᠭᠦᠯᠵᠦ᠂ 123 ᠬᠤᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠳᠠᠮᠵᠢᠭᠤᠯᠬᠤ ᠪᠠᠷ ᠪᠠᠶᠢᠨ᠎ᠠ᠃

    ᠲᠤᠰ ᠤᠳᠠᠭ᠎ᠠ ᠶᠢᠨ ᠬᠤᠷᠠᠯ ᠳᠡᠭᠡᠷ᠎ᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠲᠣᠭᠤᠷᠢᠨ ᠳᠤ ᠰᠠᠨᠠᠯ ᠳᠤᠷᠠᠳᠤᠯᠭ᠎ᠠ ᠶᠢ ᠢᠳᠡᠪᠬᠢᠲᠡᠢ ᠠᠰᠢᠭᠯᠠᠨ ᠠᠷᠭ᠎ᠠ ᠤᠬᠠᠭᠠᠨ ᠳᠡᠪᠰᠢᠭᠦᠯᠦᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠡᠭᠦᠨ ᠤ ᠳᠣᠲᠣᠷ᠎ᠠ ᠭᠡᠰᠢᠭᠦᠳ ᠤᠨ ᠰᠠᠨᠠᠯ ᠳᠤᠷᠠᠳᠤᠯᠭ᠎ᠠ 601 ᠬᠤᠪᠢ ᠪᠠᠶᠢᠵᠤ᠂ 73.20% ᠢ ᠡᠵᠡᠯᠡᠪᠡ︔ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠪᠠ ᠡᠲᠡᠭᠡᠳ ᠢᠯᠭᠠᠯ ᠤᠨ ᠰᠠᠨᠠᠯ ᠳᠤᠷᠠᠳᠤᠯᠭ᠎ᠠ 220 ᠬᠤᠪᠢ ᠪᠠᠶᠢᠵᠤ᠂ 26.80% ᠢ ᠡᠵᠡᠯᠡᠪᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 152 ᠬᠤᠪᠢ ᠪᠠᠶᠢᠵᠤ᠂ 18.51% ᠶᠢ ᠡᠵᠡᠯᠡᠪᠡ︔ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 91 ᠬᠤᠪᠢ ᠪᠠᠶᠢᠵᠤ᠂ 11.09% ᠶᠢ ᠡᠵᠡᠯᠡᠪᠡ︔ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 124 ᠬᠤᠪᠢ ᠪᠠᠶᠢᠵᠤ᠂ 15.10% ᠢ ᠡᠵᠡᠯᠡᠪᠡ︔ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 112 ᠬᠤᠪᠢ ᠪᠠᠶᠢᠵᠤ᠂ 13.64% ᠶᠢ ᠡᠵᠡᠯᠡᠪᠡ︔ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 93 ᠬᠤᠪᠢ ᠪᠠᠶᠢᠵᠤ᠂ 11.33% ᠶᠢ ᠡᠵᠡᠯᠡᠪᠡ︔ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 185 ᠬᠤᠪᠢ ᠪᠠᠶᠢᠵᠤ᠂ 22.53% ᠶᠢ ᠡᠵᠡᠯᠡᠪᠡ︔ ᠪᠤᠰᠤᠳ ᠲᠠᠯ᠎ᠠ ᠪᠠᠷ ᠬᠢ ᠰᠠᠨᠠᠯ ᠳᠤᠷᠠᠳᠤᠯᠭ᠎ᠠ 64 ᠬᠤᠪᠢ ᠪᠠᠶᠢᠵᠤ᠂ 7.80% ᠢ ᠡᠵᠡᠯᠡᠪᠡ᠃

    ᠲᠤᠰ ᠤᠳᠠᠭ᠎ᠠ ᠶᠢᠨ ᠬᠤᠷᠠᠯ ᠳᠡᠭᠡᠷ᠎ᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠬᠦᠰᠡᠯ ᠡᠷᠡᠮᠡᠯᠵᠡᠯ ᠢ ᠴᠢᠩᠭ᠎ᠠ ᠠᠩᠬᠠᠷᠴᠤ᠂ ᠰᠠᠨᠠᠯ ᠳᠤᠷᠠᠳᠤᠯᠭ᠎ᠠ ᠶᠢᠨ ᠰᠡᠳᠦᠪ ᠢ ᠰᠣᠩᠭᠤᠬᠤ ᠳᠠᠭᠠᠨ ᠠᠩᠬᠠᠷᠤᠯ ᠢᠶᠠᠨ ᠨᠡᠩ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠨᠡᠩ ᠭᠦᠨᠵᠡᠭᠡᠶᠢᠷᠡᠵᠦ᠂ ᠠᠷᠭ᠎ᠠ ᠤᠬᠠᠭᠠᠨ ᠳᠡᠪᠰᠢᠭᠦᠯᠬᠦ ᠲᠡᠭᠡᠨ ᠪᠣᠳᠠᠲᠠᠢ ᠶᠢ ᠨᠡᠩ ᠡᠷᠬᠢᠮᠯᠡᠨ᠂ ᠰᠠᠨᠠᠯ ᠳᠤᠷᠠᠳᠤᠯᠭ᠎ᠠ ᠶᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠰᠠᠨᠠᠯ ᠳᠤᠷᠠᠳᠤᠯᠭ᠎ᠠ ᠶᠢᠨ ᠪᠦᠬᠦᠯᠢ ᠴᠣᠭᠴᠠ ᠶᠢᠨ ᠶᠠᠰᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠪᠡ᠃ ᠶᠡᠭᠡ ᠬᠤᠷᠠᠯ ᠲᠡᠭᠦᠰᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠬᠠᠮᠲᠤᠷᠠᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ ᠳᠠᠩᠰᠠᠯᠠᠭᠰᠠᠨ ᠰᠠᠨᠠᠯ ᠳᠤᠷᠠᠳᠤᠯᠭ᠎ᠠ ᠶᠢ ᠬᠠᠮᠢᠶ᠎ᠠ ᠪᠦᠬᠦᠢ ᠨᠢᠭᠡᠴᠢ ᠳᠤ ᠲᠤᠰᠢᠶᠠᠨ ᠥᠭᠴᠦ ᠰᠢᠢᠳᠪᠦᠷᠢᠯᠡᠭᠦᠯᠬᠦ ᠪᠣᠯᠣᠨ᠎ᠠ᠃ ᠲᠤᠰ ᠤᠳᠠᠭ᠎ᠠ ᠶᠢᠨ ᠶᠡᠭᠡ ᠬᠤᠷᠠᠯ ᠤᠨ ᠰᠠᠨᠠᠯ ᠳᠤᠷᠠᠳᠤᠯᠭ᠎ᠠ ᠳᠤᠷᠠᠳᠬᠤ ᠴᠠᠭ ᠤᠨ ᠬᠢᠵᠠᠭᠠᠷ ᠥᠩᠭᠡᠷᠡᠭᠰᠡᠨ ᠤ ᠳᠠᠷᠠᠭ᠎ᠠ ᠭᠥᠯᠢᠶᠡᠨ ᠠᠪᠤᠭᠰᠠᠨ ᠰᠠᠨᠠᠯ ᠳᠤᠷᠠᠳᠤᠯᠭ᠎ᠠ ᠶᠢ ᠡᠩ ᠤᠨ ᠦᠶ᠎ᠡ ᠶᠢᠨ ᠰᠠᠨᠠᠯ ᠳᠤᠷᠠᠳᠤᠯᠭ᠎ᠠ ᠪᠤᠯᠭᠠᠵᠤ ᠴᠠᠭ ᠲᠤᠬᠠᠢ ᠳᠤᠨᠢ ᠰᠢᠢᠳᠪᠦᠷᠢᠯᠡᠬᠦ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ