ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠵᠢᠭᠠᠬᠠᠨ ᠴᠦ ᠵᠣᠭᠰᠣᠯ ᠦᠭᠡᠢ ᠤᠬᠳᠤ ᠢᠯᠳᠠᠷ ᠬᠠᠶᠠᠬᠤ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ  ᠸᠠᠩ ᠯᠢ ᠰᠢᠶᠠ  ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2025/1/21


      1 ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃


0121孙绍骋在自治区十一届纪委五次全会上强调.jpg


      1 ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃

      ᠲᠤᠰ ᠰᠤᠨᠢᠨ ᠤ ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠣᠷᠣᠯᠴᠠᠵᠠᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃


0121孙绍骋在自治区十一届纪委五次全会上强调2.jpg


      1 ᠰᠠᠷ᠎ᠠ ᠶᠢᠨ 20᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠬᠦᠬᠡᠬᠤᠲᠠ ᠳᠤ ᠡᠬᠢᠯᠡᠪᠡ᠃

      ᠲᠤᠰ ᠰᠤᠨᠢᠨ ᠤ ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ

      ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠯᠢ ᠤᠯᠠᠨ ᠦᠷ᠎ᠡ ᠪᠦᠲᠦᠭᠡᠯ ᠣᠯᠵᠠᠢ᠃ ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠭᠦᠢᠴᠡᠳ ᠨᠤᠲᠠᠯᠠᠵᠤ ᠪᠠᠶᠢᠨ᠎ᠠ ᠭᠡᠵᠡᠢ᠃

      ᠰᠦᠨ ᠱᠤᠤ ᠴᠧᠩ᠂ ᠣᠳᠣᠬᠠᠨ ᠳᠤ ᠮᠠᠨ ᠤ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠲᠡᠶᠢᠮᠦ ᠰᠠᠶᠢᠨ ᠪᠢᠰᠢ ᠪᠠᠶᠢᠨ᠎ᠠ᠂ ᠭᠠᠷ ᠢᠶᠠᠨ ᠲᠠᠲᠠᠬᠤ ᠦᠭᠡᠢ᠂ ᠴᠡᠭᠴᠡᠯᠡᠨ ᠰᠠᠶᠢᠵᠢᠷᠠᠭᠤᠯᠬᠤ ᠦᠭᠡᠢ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠡᠷᠭᠡ ᠠᠰᠠᠭᠤᠳᠠᠯ ᠪᠠᠰᠠ ᠣᠷᠣᠰᠢᠵᠤ ᠪᠠᠶᠢᠨ᠎ᠠ᠂ ᠢᠯᠵᠢᠷᠡᠯ ᠢ ᠡᠰᠡᠷᠭᠦᠴᠡᠬᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠣᠯᠣᠨ ᠥᠨᠳᠥᠷ ᠳᠠᠷᠤᠯᠲᠠᠲᠤ  ᠪᠠᠶᠢᠳᠠᠯ ᠢᠶᠠᠨ ᠢᠮᠠᠭᠲᠠ ᠪᠠᠲᠤᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠠᠭ ᠢᠮᠠᠭᠲᠠ ᠠᠬᠢᠭᠤᠯᠵᠤ᠂ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ︽ᠬᠤᠶᠠᠷ ᠢ ᠬᠠᠮᠠᠭᠠᠯᠠᠬᠤ︾᠎ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠱᠠᠯᠠᠪᠳᠠᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠬᠦ ᠶᠢᠨ ᠲᠣᠭᠤᠷᠢᠨ ᠳᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ︽ᠲᠦᠷᠪᠡᠨ ᠰᠤᠷᠲᠠᠯ︾᠎ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ ᠱᠠᠮᠰᠢᠬᠤ ᠶᠢ ᠵᠠᠯᠬᠠᠭᠠᠨ ᠢᠯᠵᠢᠷᠡᠯ ᠢ ᠵᠠᠰᠠᠵᠤ᠂ ᠦᠨᠳᠦᠰᠦᠨ ᠱᠠᠲᠤ ᠪᠠ ᠤᠯᠠᠨ ᠲᠦᠮᠡᠨ ᠢ ᠭᠠᠴᠢᠭᠳᠠᠭᠤᠯᠵᠤ ᠪᠠᠶᠢᠭ᠎ᠠ ᠰᠤᠷᠲᠠᠯ ᠢᠯᠵᠢᠷᠡᠯ ᠤᠨ ᠠᠷᠬᠠᠭ ᠭᠡᠮ ᠢ ᠪᠦᠭᠦ ᠬᠦᠴᠦ ᠪᠠᠷ ᠢᠶᠠᠨ ᠴᠡᠭᠴᠡᠯᠡᠨ ᠵᠠᠰᠠᠵᠤ᠂ ︽ᠬᠠᠮᠲᠤ ᠪᠠᠷ ᠪᠠᠶᠢᠴᠠᠭᠠᠬᠤ︾᠎ ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ᠂ ︽ᠬᠠᠮᠲᠤ ᠪᠠᠷ ᠵᠠᠰᠠᠬᠤ︾᠎ ᠪᠠᠷ ᠰᠤᠷᠲᠠᠯ ᠢᠯᠵᠢᠷᠡᠯ ᠤᠨ ᠨᠡᠶᠢᠲᠡᠯᠢᠭ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠵᠤ᠂ ︽ᠪᠠᠶᠢᠴᠠᠭᠠᠬᠤ︾᠂ ︽ᠵᠠᠰᠠᠬᠤ︾᠎ ᠶᠢ ᠨᠡᠪᠲᠡᠷᠡᠭᠦᠯᠬᠦ ᠪᠠᠷ ᠰᠤᠷᠲᠠᠯ ᠢᠯᠵᠢᠷᠡᠯ ᠤᠨ ᠤᠯᠠᠷᠢᠨ ᠬᠤᠪᠢᠷᠠᠬᠤ ᠶᠢ ᠬᠤᠷᠢᠭᠯᠠᠨ ᠵᠣᠭᠰᠤᠭᠠᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠨ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ᠠᠷᠢᠭᠤᠨ ᠴᠢᠬᠡᠴᠢ ᠶᠢᠨ ᠬᠥᠮᠦᠵᠢᠯ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠵᠠᠯᠬᠠᠭᠠᠨ ᠰᠢᠢᠳᠬᠡᠵᠦ ᠰᠦᠷᠳᠡᠭᠦᠯᠬᠦ᠂ ᠳᠦᠷᠢᠮ ᠢᠶᠠᠷ ᠬᠢᠵᠠᠭᠠᠷᠯᠠᠬᠤ ᠶᠢ ᠨᠢᠭᠡ ᠴᠣᠭᠴᠠᠵᠢᠭᠤᠯᠤᠨ ᠬᠦᠴᠦᠯᠡᠬᠦ ᠶᠢ ᠪᠠᠷᠢᠮᠲᠠᠯᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠪᠠ ᠨᠡᠶᠢᠭᠡᠮ ᠤᠨ ᠬᠡᠪ ᠰᠤᠷᠲᠠᠯ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠺᠠᠳ᠋ᠷ ᠤᠨ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠬᠤ᠂ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠨᠡᠶᠢᠲᠡ ᠶᠢᠨ ᠡᠮᠬᠢ ᠵᠢᠷᠤᠮ ᠰᠠᠶᠢᠨ ᠰᠠᠶᠢᠬᠠᠨ ᠵᠠᠩ ᠳᠠᠳᠬᠠᠯ ᠢ ᠬᠠᠮᠠᠭᠠᠯᠠᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ᠃ ᠰᠠᠬᠢᠯᠭ᠎ᠠ ᠪᠠᠲᠤ ᠶᠢ ᠰᠠᠬᠢᠵᠤ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠪᠣᠯ ᠲᠡᠷᠡ ᠴᠢᠭ ᠢᠶᠠᠷ ᠢᠶᠠᠨ ᠰᠠᠬᠢᠯᠭ᠎ᠠ ᠪᠠᠲᠤ ᠶᠢ ᠵᠥᠷᠢᠴᠡᠭᠰᠡᠨ ᠶᠠᠪᠤᠳᠠᠯ ᠪᠣᠯᠣᠨ᠎ᠠ᠂ ᠬᠤᠪᠢ ᠨᠡᠮᠡᠷᠢ ᠬᠡᠳᠦᠢ ᠶᠡᠭᠡ ᠪᠣᠯᠤᠭᠰᠠᠨ ᠴᠤ ᠰᠠᠬᠢᠯᠭ᠎ᠠ ᠪᠠᠲᠤ ᠶᠢ ᠵᠥᠷᠢᠴᠡᠵᠦ ᠪᠤᠯᠬᠤ ᠦᠭᠡᠢ ᠭᠡᠬᠦ ᠶᠣᠰᠣ ᠶᠢ ᠲᠣᠳᠣᠷᠬᠠᠢ ᠶᠠᠷᠢᠵᠤ ᠥᠭᠭᠦᠨ᠂ ᠲᠤᠭ ᠲᠡᠮᠳᠡᠭ ᠲᠣᠳᠣᠷᠬᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠳ ᠲᠤ ᠲᠦᠰᠢᠭ ᠪᠣᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠠᠵᠢᠯ ᠬᠢᠵᠦ ᠦᠢᠯᠡᠰ ᠪᠣᠰᠬᠠᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠠᠷᠢᠭᠤᠴᠠᠯᠭ᠎ᠠ ᠪᠣᠯᠣᠨ ᠳᠠᠷᠤᠯᠲᠠ ᠶᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠷ ᠳᠣᠷᠣᠭᠰᠢ ᠳᠠᠮᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠪᠦᠭᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠬᠤ ᠬᠠᠤᠯᠢ ᠪᠠᠷ ᠵᠠᠰᠠᠬᠤ ᠵᠢᠩᠬᠢᠨᠢᠴᠢᠯᠡᠬᠦ ᠪᠠᠶᠢᠭᠤᠯᠤᠯᠲᠠ ᠶᠢᠨ ᠣᠨ︾᠎ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠥᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠤᠯᠤᠰ ᠲᠦᠷᠦ ᠶᠢᠨ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠪᠣᠯᠣᠨ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠶᠢ ᠠᠬᠢᠭᠤᠯᠬᠤ ᠬᠡᠷᠡᠭᠲᠡᠢ ᠭᠡᠵᠡᠢ᠃


0121孙绍骋在自治区十一届纪委五次全会上强调3.jpg


      1 ᠰᠠᠷ᠎ᠠ ᠶᠢᠨ 20᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠬᠦᠬᠡᠬᠤᠲᠠ ᠳᠤ ᠡᠬᠢᠯᠡᠪᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠤ ᠱᠤᠸᠠᠩ ᠬᠤᠷᠠᠯ ᠢ ᠡᠷᠬᠢᠯᠡᠪᠡ᠃

      ᠲᠤᠰ ᠰᠤᠨᠢᠨ ᠤ ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ

      ᠯᠢᠦ ᠱᠤᠸᠠᠩ ᠬᠤᠷᠠᠯ ᠢ ᠡᠷᠭᠢᠯᠡᠭᠦ ᠳᠡᠭᠡᠨ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠣᠨ ᠰᠦᠨ ᠱᠤᠤ ᠴᠧᠩ ᠨᠥᠬᠦᠷ ᠤᠨ ᠶᠠᠷᠢᠶᠠᠨ ᠤ ᠱᠠᠭᠠᠷᠳᠠᠯᠭ᠎ᠠ ᠶᠣᠰᠣᠭᠠᠷ᠂ ᠪᠦᠭᠦ ᠣᠷᠣᠨ ᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠦᠯ ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ︾᠎ ᠶᠢ ᠬᠠᠮᠲᠤ ᠪᠠᠷ ᠦᠵᠡᠪᠡ᠃ ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠵᠠᠢ᠃

      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠠ ᠬᠤᠷᠠᠯ 1 ᠰᠠᠷ᠎ᠠ ᠶᠢᠨ 20᠎ ᠤ ᠡᠳᠦᠷ ᠭᠦᠭᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ ᠯᠢᠦ ᠱᠤᠸᠠᠩ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ︽ᠪᠦᠭᠦ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠵᠦ ᠪᠠᠲᠤᠯᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ