ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭᠠᠭᠰᠠᠨ ﹇2024﹈ 38 ᠳ᠋ᠤᠭᠠᠷ ᠲᠣᠭᠠᠲᠤ
ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠬᠡᠰᠡᠭ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠ
ᠬᠦᠴᠦᠨ ᠦᠭᠡᠢ ᠪᠣᠯᠣᠭᠰᠠᠨ ᠢ ᠨᠢ ᠨᠡᠶᠢᠲᠡᠯᠡᠬᠦ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠡᠢᠲᠡᠯᠡᠬᠦ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠭᠠᠷᠴᠠᠭ ᠲᠤ ᠣᠷᠣᠭᠤᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠬᠦ ᠪᠡᠨ ᠵᠣᠭᠰᠣᠭᠠᠵᠤ᠂ ᠳᠠᠬᠢᠵᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠨᠡᠶᠢᠲᠡᠯᠡᠭᠰᠡᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠠᠭ ᠲᠤᠬᠠᠶ ᠳᠤ ᠨᠢ ᠢᠯᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠲᠦᠭᠡᠢ᠃
2024 ᠣᠨ ᠤ 12 ᠳ᠋ᠤᠭᠠᠷ ᠰᠠᠷ᠎ᠠ ᠶᠢᠨ 31 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶