2024 ᠣᠨ ᠳᠠᠬᠢ ᠪᠦᠬᠦ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2025/1/21

      ᠭᠠᠵᠠᠷ ᠣᠷᠣᠨ ᠤ ᠦᠢᠯᠡᠳᠪᠦᠷᠢᠯᠡᠯ ᠦᠨ ᠶᠡᠷᠦᠩᠬᠡᠢ ᠥᠷᠲᠡᠭ ᠢ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠣᠷᠣᠨ ᠤ 2024 ᠣᠨ ᠳᠠᠬᠢ ᠦᠢᠯᠡᠳᠪᠦᠷᠢᠯᠡᠯ ᠦᠨ ᠶᠡᠷᠦᠩᠬᠡᠢ ᠥᠷᠲᠡᠭ 26315 ᠳ᠋ᠦᠩᠰᠢᠭᠤᠷ ᠲᠥᠭᠥᠷᠢᠭ ᠪᠠᠶᠢᠵᠤ᠂ ᠬᠤᠪᠢᠷᠠᠯᠲᠠ ᠦᠭᠡᠢ ᠦᠨ᠎ᠡ ᠪᠡᠷ ᠪᠣᠳᠣᠪᠠᠯ᠂ ᠲᠦᠷᠦᠭᠦᠦ ᠵᠢᠯ ᠦᠨ ᠬᠢ ᠡᠴᠡ 5.8% ᠪᠠᠷ ᠨᠡᠮᠡᠭᠳᠡᠪᠡ᠃ ᠪᠦᠬᠦ ᠣᠷᠣᠨ ᠤ ᠦᠢᠯᠡᠳᠪᠦᠷᠢᠯᠡᠯ ᠦᠨ ᠶᠡᠷᠦᠩᠬᠡᠢ ᠥᠷᠲᠡᠭ ᠢᠶᠡᠷ ᠢᠶᠡᠨ ᠪᠦᠬᠦ ᠤᠯᠤᠰ ᠤᠨ 20 ᠳ᠋ᠤᠭᠠᠷ ᠲᠤ ᠵᠢᠭᠰᠠᠭᠠᠭᠳᠠᠵᠤ᠂ 2023 ᠣᠨ ᠤ ᠬᠢ ᠲᠡᠶ ᠠᠳᠠᠯᠢᠳᠬᠠᠪᠠᠯ 1 ᠨᠡᠷᠡᠰ ᠤᠷᠤᠭᠰᠢᠯᠠᠪᠠ᠃ ᠠᠵᠤ ᠦᠢᠯᠡᠰ ᠢᠶᠡᠷ ᠠᠩᠭᠢᠯᠠᠪᠠᠯ᠂ ᠨᠢᠭᠡᠳᠦᠭᠡᠷ ᠠᠵᠤ ᠦᠢᠯᠡᠰ ᠦᠨ ᠨᠡᠮᠡᠭᠳᠡᠯ ᠥᠷᠲᠡᠭ 2873 ᠳ᠋ᠦᠩᠰᠢᠭᠤᠷ ᠲᠥᠭᠥᠷᠢᠭ ᠲᠦ ᠬᠦᠷᠴᠦ᠂ ᠪᠦᠬᠦ ᠤᠯᠤᠰ ᠤᠨ 15 ᠳ᠋ᠤᠭᠠᠷ ᠲᠤ ᠵᠢᠭᠰᠠᠭᠠᠭᠳᠠᠪᠠ︔ ᠬᠣᠶᠠᠳᠤᠭᠠᠷ ᠠᠵᠤ ᠦᠢᠯᠡᠰ ᠦᠨ ᠨᠡᠮᠡᠭᠳᠡᠯ ᠥᠷᠲᠡᠭ 11604 ᠳ᠋ᠦᠩᠰᠢᠭᠤᠷ ᠲᠥᠭᠥᠷᠢᠭ ᠲᠦ ᠬᠦᠷᠴᠦ᠂ ᠪᠦᠬᠦ ᠤᠯᠤᠰ ᠤᠨ 16 ᠳ᠋ᠤᠭᠠᠷ ᠲᠤ ᠵᠢᠭᠰᠠᠭᠠᠭᠳᠠᠵᠤ᠂ ᠡᠭᠦᠨ ᠳᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠩᠬ᠎ᠠ ᠤᠳᠠᠭ᠎ᠠ ᠲᠦᠮᠡᠨ ᠳ᠋ᠦᠩᠰᠢᠭᠤᠷ ᠤᠨ ᠶᠡᠬᠡ ᠪᠣᠭᠣᠮᠲᠠ ᠶᠢ ᠳᠠᠪᠠᠵᠤ᠂ 10002 ᠳ᠋ᠦᠩᠰᠢᠭᠤᠷ ᠲᠥᠭᠥᠷᠢᠭ ᠲᠦ ᠬᠦᠷᠪᠡ︔ ᠭᠤᠷᠪᠠᠳᠤᠭᠠᠷ ᠠᠵᠤ ᠦᠢᠯᠡᠰ ᠦᠨ ᠨᠡᠮᠡᠭᠳᠡᠯ ᠥᠷᠲᠡᠭ 11838 ᠳ᠋ᠦᠩᠰᠢᠭᠤᠷ ᠲᠥᠭᠥᠷᠢᠭ ᠲᠦ ᠬᠦᠷᠴᠦ᠂ ᠪᠦᠬᠦ ᠤᠯᠤᠰ ᠤᠨ 22 ᠳ᠋ᠤᠭᠠᠷ ᠲᠤ ᠵᠢᠭᠰᠠᠭᠠᠭᠳᠠᠪᠠ᠃ ᠪᠦᠬᠦ ᠣᠷᠣᠨ ᠤ ᠦᠢᠯᠡᠳᠪᠦᠷᠢᠯᠡᠯ ᠦᠨ ᠶᠡᠷᠦᠩᠬᠡᠢ ᠥᠷᠲᠡᠭ ᠦᠨ ᠨᠡᠮᠡᠭᠳᠡᠯ ᠬᠤᠷᠳᠤᠴᠠ ᠪᠠᠷ ᠢᠶᠠᠨ ᠪᠦᠬᠦ ᠤᠯᠤᠰ ᠤᠨ 3 ᠳ᠋ᠤᠭᠠᠷ ᠲᠤ ᠵᠢᠭᠰᠠᠭᠠᠭᠳᠠᠵᠤ᠂ ᠬᠣᠶᠠᠷ ᠵᠢᠯ ᠳᠠᠷᠠᠭᠠᠯᠠᠨ ᠪᠦᠬᠦ ᠤᠯᠤᠰ ᠤᠨ ᠡᠮᠦᠨ᠎ᠡ ᠭᠤᠷᠪᠠ ᠳᠤ ᠪᠠᠶᠢᠷᠢᠯᠠᠬᠤ ᠨᠡᠮᠡᠭᠳᠡᠯ ᠬᠤᠷᠳᠤᠴᠠ ᠶᠢ ᠪᠠᠲᠤᠯᠠᠪᠠ᠃ ᠠᠵᠤ ᠦᠢᠯᠡᠰ ᠢᠶᠡᠷ ᠠᠩᠭᠢᠯᠠᠪᠠᠯ᠂ ᠨᠢᠭᠡᠳᠦᠭᠡᠷ ᠠᠵᠤ ᠦᠢᠯᠡᠰ ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠡᠴᠡ 5.6% ᠪᠠᠷ ᠨᠡᠮᠡᠭᠳᠡᠵᠦ᠂ ᠪᠦᠬᠦ ᠤᠯᠤᠰ ᠤᠨ 5 ᠳ᠋ᠤᠭᠠᠷ ᠲᠤ ᠵᠢᠭᠰᠠᠭᠠᠭᠳᠠᠪᠠ︔ ᠬᠣᠶᠠᠳᠤᠭᠠᠷ ᠠᠵᠤ ᠦᠢᠯᠡᠰ ᠦᠨ ᠨᠡᠮᠡᠭᠳᠡᠯ ᠥᠷᠲᠡᠭ 7% ᠪᠠᠷ ᠨᠡᠮᠡᠭᠳᠡᠵᠦ᠂ ᠪᠦᠬᠦ ᠤᠯᠤᠰ ᠤᠨ 5 ᠳ᠋ᠤᠭᠠᠷ ᠲᠤ ᠵᠢᠭᠰᠠᠭᠠᠭᠳᠠᠪᠠ︔ ᠭᠤᠷᠪᠠᠳᠤᠭᠠᠷ ᠠᠵᠤ ᠦᠢᠯᠡᠰ ᠦᠨ ᠨᠡᠮᠡᠭᠳᠡᠯ ᠥᠷᠲᠡᠭ 4.9% ᠪᠠᠷ ᠨᠡᠮᠡᠭᠳᠡᠵᠦ᠂ ᠪᠦᠬᠦ ᠤᠯᠤᠰ ᠤᠨ 14 ᠳ᠋ᠦ᠋ᠭᠡᠷ ᠲᠤ ᠵᠢᠭᠰᠠᠭᠠᠭᠳᠠᠪᠠ᠃  ︵ᠲᠣᠭ᠎ᠠ ᠪᠦᠷᠢᠳᠬᠡᠯ ᠦᠨ ᠲᠣᠪᠴᠢᠶ᠎ᠠ︶

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ