2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2025/1/23

ᠵᠠᠰᠠᠭ ᠤᠨ ᠣᠷᠳᠣᠨ ᠤ ᠠᠵᠢᠯ ᠤᠨ ᠢᠯᠡᠳᠬᠡᠯ

– 2025 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ   ᠸᠠᠩ ᠯᠢ ᠰᠢᠶᠠ


22222222222.jpg

ᠲᠥᠯᠥᠭᠡᠯᠡᠭᠴᠢᠳ ᠠ᠋ ᠄

      ᠣᠳᠣ ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ ᠂ ᠬᠢᠨᠠᠨ ᠵᠥᠪᠯᠡᠬᠦ ᠪᠣᠯᠪᠠᠤ ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠤᠷᠤᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ ᠃

      ᠨᠢᠭᠡ ᠂ 2024 ᠣᠨ ᠤ ᠠᠵᠢᠯ ᠤᠨ ᠡᠷᠭᠢᠴᠡᠭᠦᠯᠦᠯ

      ᠥᠩᠭᠡᠷᠡᠭᠰᠡᠨ ᠨᠢᠭᠡ ᠵᠢᠯ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠂ ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ︽ᠬᠤᠶᠠᠷ ᠶᠡᠭᠡ ᠶᠠᠪᠤᠳᠠᠯ ︾ ᠢ ᠰᠠᠶᠢᠲᠤᠷ ᠬᠢᠵᠦ ᠂ ︽ᠵᠢᠷᠭᠤᠭᠠᠨ ᠢᠨᠵᠧᠨᠧᠷᠢᠩ ︾ ᠢ ᠰᠠᠶᠢᠲᠤᠷ ᠠᠳᠬᠤᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ᠲᠠᠯ᠎ᠠ ᠪᠠᠷ ᠪᠣᠳᠠᠲᠤ ᠠᠬᠢᠴᠠ ᠲᠠᠢ ᠪᠣᠯᠪᠠ ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 6% ᠣᠷᠴᠢᠮ ᠨᠡᠮᠡᠭᠳᠡᠨ ᠂ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ ᠶᠡᠷᠦᠩᠬᠡᠢ ᠬᠡᠮᠵᠢᠶ᠎ᠡ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 20 ᠳ᠋ᠤᠭᠠᠷ ᠲᠤ ᠬᠦᠷᠬᠦ ᠪᠣᠯᠣᠮᠵᠢᠲᠠᠢ ᠪᠠᠶᠢᠵᠤ ᠂ 5 ᠵᠢᠯ ᠥᠩᠭᠡᠷᠡᠭᠡᠳ ᠳᠠᠬᠢᠨᠲᠠ ᠪᠦᠬᠦ ᠤᠯᠤᠰ ᠤᠨ ᠳᠤᠮᠳᠠ ᠲᠦᠪᠰᠢᠨ ᠳᠤ ᠪᠤᠴᠠᠬᠤ ᠪᠣᠯᠣᠨ᠎ᠠ ︔ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ ᠂ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 3 ᠨᠡᠷᠡᠰ ᠳᠡᠭᠡᠭᠰᠢᠯᠡᠨ ᠂ 14 ᠳ᠋ᠦ᠋ᠭᠡᠷ ᠲᠤ ᠬᠦᠷᠬᠦ ᠪᠣᠯᠣᠮᠵᠢᠲᠠᠢ ᠪᠠᠶᠢᠵᠤ ᠂ ᠰᠦ ᠰᠠᠭᠠᠯᠢ ᠶᠢᠨ ᠦᠢᠯᠡᠰ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠨ ᠂ ᠲᠤᠭ᠎ᠠ ᠬᠡᠮᠵᠢᠶ᠎ᠡ ᠨᠢ ᠪᠠᠷᠠᠭᠤᠨ ᠬᠡᠰᠡᠭ ᠤᠨ ᠮᠤᠵᠢ ᠣᠷᠣᠨ ᠤ ᠳᠣᠲᠣᠷ᠎ᠠ 2 ᠳ᠋ᠤᠭᠠᠷ ᠲᠤ ᠪᠠᠶᠢᠷᠢᠰᠢᠪᠠ ᠃ ᠠᠮᠤ ᠪᠤᠳᠠᠭᠠᠨ ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ ᠳᠤ ᠬᠦᠷᠴᠦ ᠂ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ︾ ᠶᠢ ᠪᠡᠶᠡᠯᠡᠭᠦᠯᠵᠦ ᠂ ᠨᠡᠮᠡᠭᠳᠡᠯ ᠤᠨ ᠬᠡᠮᠵᠢᠶ᠎ᠡ ᠪᠦᠬᠦ ᠤᠯᠤᠰ ᠤᠨ 3 ᠳ᠋ᠤᠭᠠᠷ ᠲᠤ ᠪᠠᠶᠢᠷᠢᠰᠢᠪᠠ ᠃ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠪᠦᠬᠦ ᠤᠯᠤᠰ ᠲᠤ ᠡᠩ ᠲᠡᠷᠢᠭᠦᠨ ᠳᠤ ᠳ᠋ᠦᠩᠰᠢᠭᠤᠷ ᠺᠢᠯᠣᠸᠠᠲ ᠢ ᠳᠠᠪᠠᠵᠤ ᠂ 1.35 ᠳ᠋ᠦᠩᠰᠢᠭᠤᠷ ᠺᠢᠯᠣᠸᠠᠲ ᠲᠤ ᠬᠦᠷᠴᠦ ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠵᠤ ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠳᠤ ᠲᠣᠭᠲᠠᠭᠠᠭᠰᠠᠨ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ ᠃ ᠨᠢᠭᠡᠴᠢ GDP ᠤᠨ ᠡᠨᠧᠷᠬᠢ ᠶᠢᠨ ᠬᠤᠷᠣᠭᠳᠠᠯ 3% ᠪᠠᠷ ᠪᠠᠭᠤᠷᠠᠵᠤ ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠳᠠᠬᠢ ᠬᠢᠵᠠᠭᠠᠷᠯᠠᠬᠤ ᠬᠠᠷᠠᠯᠲᠠ ᠳᠤ ᠪᠠᠨ ᠨᠢᠭᠡ ᠵᠢᠯ ᠤᠷᠢᠳᠴᠢᠯᠠᠨ ᠬᠦᠷᠪᠡ ᠃ ᠣᠷᠣᠭᠤᠯᠤᠨ ᠠᠪᠴᠢᠷᠠᠵᠤ ᠪᠣᠳᠠᠲᠠᠶᠢᠵᠢᠭᠤᠯᠤᠭᠰᠠᠨ ᠪᠡᠯᠡ ᠮᠥᠩᠭᠦ 5300 ᠳ᠋ᠦᠩᠰᠢᠭᠤᠷ ᠲᠥᠭᠦᠷᠢᠭ ᠢ ᠳᠠᠪᠠᠵᠤ ᠂ ᠭᠤᠷᠪᠠᠨ ᠵᠢᠯ ᠳᠤ ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠠᠪᠴᠢᠷᠠᠬᠤ ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠪᠡ ᠃ ᠪᠣᠳᠣᠬᠤ ᠴᠢᠳᠠᠪᠤᠷᠢ ᠶᠢᠨ ᠶᠡᠷᠦᠩᠬᠡᠢ ᠬᠡᠪᠴᠢᠶᠡᠵᠢᠯ 9.4 ᠲᠦᠮᠡᠨ P ᠲᠤ ᠬᠦᠷᠴᠦ ᠂ ᠡᠭᠦᠨ ᠳᠤ ᠣᠶᠤᠨᠴᠢ ᠪᠣᠳᠣᠬᠤ ᠴᠢᠳᠠᠪᠤᠷᠢ 8.7 ᠲᠦᠮᠡᠨ P ᠪᠠᠶᠢᠵᠤ ᠂ ᠪᠦᠬᠦ ᠤᠯᠤᠰ ᠤᠨ ᠨᠢᠭᠡᠳᠦᠭᠡᠷ ᠲᠤ ᠪᠠᠶᠢᠷᠢᠯᠠᠪᠠ ᠃

      ᠨᠢᠭᠡ ᠵᠢᠯ ᠤᠨ ᠲᠤᠷᠰᠢ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ︽ᠲᠠᠪᠤᠨ ᠶᠡᠭᠡ ᠡᠭᠦᠷᠭᠡ ︾ ᠶᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠨᠢᠭᠲᠠ ᠤᠶᠠᠯᠳᠤᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ ᠵᠢᠴᠢ 28 ᠵᠤᠷᠪᠤᠰ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ ᠂ ︽ᠨᠠᠮ ᠤᠨ ᠠᠴᠢ ᠳᠤ ᠲᠠᠯᠠᠷᠬᠠᠨ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠲᠠᠭᠠᠨ ᠤᠷᠤᠭᠰᠢᠯᠠᠬᠤ ︾ ᠤᠯᠠᠨ ᠲᠦᠮᠡᠨᠴᠢ ᠬᠥᠮᠦᠵᠢᠯ ᠢ ᠪᠠᠶᠢᠩᠭᠤᠰᠢᠭᠤᠯᠤᠨ ᠥᠷᠨᠢᠭᠦᠯᠵᠦ ᠂ ᠭᠤᠣᠯ ᠰᠢᠵᠢᠮ ᠤᠨ ᠱᠠᠭᠠᠷᠳᠠᠯᠭ᠎ᠠ ᠳᠤ ᠦᠯᠦ ᠨᠡᠶᠢᠴᠡᠬᠦ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠥᠳᠡᠯᠦᠩᠭᠦᠢ ᠪᠠᠷ ᠢᠯᠭᠠᠷᠠᠭᠤᠯᠵᠤ ᠂ ᠳᠤᠮᠳᠠᠳᠤ ᠪᠠᠭ᠎ᠠ ᠰᠤᠷᠭᠠᠭᠤᠯᠢ ᠳᠤ ᠭᠤᠷᠪᠠᠨ ᠬᠢᠴᠢᠶᠡᠯ ᠲᠦᠷᠦᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠷᠢᠨ ᠪᠦᠷᠬᠦᠭᠦᠯᠪᠡ ᠃ ︽ᠲᠠᠪᠤᠨ ᠶᠡᠭᠡ ᠡᠭᠦᠷᠭᠡ ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠶᠢᠵᠤ ᠂ ᠪᠢᠳᠡᠨ ᠤ ᠡᠷᠬᠡᠪᠰᠢ ᠰᠠᠶᠢᠲᠤᠷ ᠭᠦᠢᠴᠡᠳᠬᠡᠬᠦ ᠴᠢᠬᠤᠯᠠ ᠬᠠᠷᠢᠭᠤᠴᠠᠯᠭ᠎ᠠ ᠳᠠᠷᠬᠠᠨ ᠡᠭᠦᠷᠭᠡ ᠪᠣᠯᠣᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠣᠨ ᠤ ᠡᠭᠦᠷᠭᠡ ᠶᠢᠨ ᠲᠣᠳᠣᠷᠬᠠᠢ ᠬᠠᠭᠤᠳᠠᠰᠤ ᠪᠠᠨ ᠲᠣᠳᠣᠷᠬᠠᠶᠢᠯᠠᠭᠰᠠᠨ ᠤ ᠳᠠᠷᠠᠭ᠎ᠠ ᠂ ᠪᠢᠳᠡ ᠮᠦᠷᠳᠡᠨ ᠲᠣᠬᠢᠷᠠᠭᠤᠯᠵᠤ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠂ ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠭᠠᠳ ᠢᠯᠡᠳᠲᠡ ᠦᠷ᠎ᠡ ᠪᠦᠲᠦᠮᠵᠢ ᠣᠯᠪᠠ ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠠᠯ᠎ᠠ ᠪᠠᠷ ᠂ ᠶᠡᠷᠦᠩᠬᠡᠢ ᠱᠦᠵᠢ ᠰᠢ ᠶᠢᠨ ᠫᠢᠩ ᠤᠨ ᠳᠠᠶᠢᠴᠢᠯᠠᠯᠲᠠ ᠶᠢᠨ ᠵᠠᠷᠯᠢᠭ ᠤᠨ ᠱᠠᠭᠠᠷᠳᠠᠯᠭ᠎ᠠ ᠶᠣᠰᠣᠭᠠᠷ ᠂ ︽ᠭᠤᠷᠪᠠᠨ ᠤᠮᠠᠷᠠᠲᠤ ︾ ᠶᠢᠨ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ ᠂ ᠡᠯᠡᠰᠦ ᠶᠢ ᠵᠠᠰᠠᠬᠤ ᠂ ᠣᠶᠢᠵᠢᠭᠤᠯᠬᠤ ᠂ ᠡᠪᠡᠰᠦ ᠲᠠᠷᠢᠬᠤ ᠲᠠᠯ᠎ᠠ ᠪᠠᠷ ᠳᠤᠰ ᠪᠦᠷᠢ ᠣᠨ ᠤ ᠬᠠᠷᠠᠯᠲᠠ ᠡᠭᠦᠷᠭᠡ ᠪᠠᠨ 113% ᠂ 220% ᠪᠠ 148% ᠪᠠᠷ ᠪᠡᠶᠡᠯᠡᠭᠦᠯᠪᠡ ︔ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠳ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠭᠡᠮ ᠰᠣᠭᠤᠭ ᠢ ᠲᠤᠶᠢᠯᠪᠤᠷᠢᠲᠠᠢ ᠵᠢᠭᠰᠠᠭᠠᠨ ᠪᠠᠶᠢᠴᠠᠭᠠᠵᠤ ᠂ ᠬᠠᠳᠤᠨ ᠭᠤᠣᠯ ᠵᠢᠴᠢ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ ︾ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ 47 ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠶᠢᠨ ᠠᠭᠠᠷ ᠮᠠᠨᠳᠠᠯ ᠤᠨ ᠵᠠᠰᠠᠯᠲᠠ ᠶᠢᠨ ᠲᠦᠷᠦᠯ ᠵᠦᠢᠯ ᠢ 63 ᠬᠡᠷᠡᠭᠵᠢᠭᠦᠯᠵᠦ ᠂ ᠬᠠᠳᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠴᠢᠨᠠᠷ ᠤᠨ 5 ᠵᠢᠯ ᠳᠠᠷᠠᠭᠠᠯᠠᠨ II ᠲᠦᠷᠦᠯ ᠠᠴᠠ ᠳᠡᠭᠡᠭᠰᠢ ᠪᠠᠶᠢᠬᠤ ᠶᠢ ᠪᠠᠲᠤᠯᠠᠵᠤ ᠂ ᠤᠯᠤᠰ ᠤᠨ ᠭᠠᠵᠠᠷ ᠳᠡᠭᠡᠷᠡᠬᠢ ᠤᠰᠤ ᠶᠢ ᠰᠢᠯᠭᠠᠨ ᠬᠢᠨᠠᠬᠤ ᠣᠭᠲᠣᠯᠣᠭᠠᠰᠤ ᠳᠠᠬᠢ ᠪᠦᠬᠦ ᠣᠷᠣᠨ ᠤ ᠭᠠᠵᠠᠷ ᠳᠡᠭᠡᠷᠡᠬᠢ ᠤᠰᠤᠨ ᠤ ᠴᠢᠨᠠᠷ ᠤᠨ ᠰᠢᠯᠢᠳᠡᠭ ᠰᠠᠶᠢᠨ ᠤ ᠬᠠᠷᠢᠴᠠᠯ 81.4% ᠂ ᠴᠡᠪᠡᠷ ᠰᠠᠶᠢᠨ ᠠᠭᠠᠷ ᠲᠠᠢ ᠡᠳᠦᠷ ᠤᠨ ᠲᠤᠭ᠎ᠠ ᠶᠢᠨ ᠬᠠᠷᠢᠴᠠᠯ 90.6% ᠪᠠᠶᠢᠵᠤ ᠂ ᠴᠥᠮ ᠤᠯᠤᠰ ᠤᠨ ᠪᠠᠭᠤᠯᠭᠠᠭᠰᠠᠨ ᠰᠢᠯᠭᠠᠨ ᠬᠢᠨᠠᠬᠤ ᠬᠠᠷᠠᠯᠲᠠ ᠶᠢ ᠪᠡᠶᠡᠯᠡᠭᠦᠯᠪᠡ ᠃ ᠠᠮᠤᠷ ᠲᠣᠭᠲᠠᠭᠤᠨ ᠤ ᠬᠠᠯᠬᠠᠪᠴᠢ ᠶᠢᠨ ᠲᠠᠯ᠎ᠠ ᠪᠠᠷ ᠂ ︽ᠰᠤᠷᠤᠯᠭ᠎ᠠ ᠶᠢᠨ ᠰᠦᠢᠳᠬᠡᠯ ᠢ ᠲᠠᠯᠠᠭᠠᠷ ᠲᠤᠰᠢᠶᠠᠵᠤ ᠪᠣᠯᠬᠤ ᠦᠭᠡᠢ ︾ ᠭᠡᠳᠡᠭ ᠢ ᠪᠠᠲᠤ ᠴᠡᠭᠡᠵᠢᠯᠡᠵᠦ ᠂ ᠠᠶᠤᠯ ᠦᠭᠡᠢ ᠦᠢᠯᠡᠳᠪᠦᠷᠢᠯᠡᠯ ᠢ ᠬᠦᠴᠦᠯᠡᠨ ᠠᠳᠬᠤᠵᠤ ᠂ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢ ᠥᠷᠨᠢᠭᠦᠯᠵᠦ ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ ᠂ ᠠᠳᠡᠭᠰᠡᠨ ᠬᠥᠮᠥᠨ ᠤ ᠲᠤᠭ᠎ᠠ ᠴᠥᠮ ᠪᠠᠭᠤᠷᠠᠪᠠ ᠃ ᠪᠢᠳᠡ ᠲᠦᠭᠰᠢᠭᠦᠷᠢ ᠶᠢ ᠰᠡᠷᠭᠡᠶᠢᠯᠡᠬᠦ ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠂ ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠡᠳ᠋ ᠤᠨ ᠵᠠᠰᠠᠭ ᠢ ᠪᠦᠬᠦ ᠣᠷᠣᠨ ᠳᠤ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ ᠂ ᠪᠡᠯᠡ ᠮᠥᠩᠭᠦ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠤᠨ ᠂ 120.6 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠨᠢ ᠳᠡᠮᠵᠢᠵᠥ ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ ︾ ᠰᠠᠭᠤᠷᠢ ᠱᠤᠭᠤᠮ ᠢ ᠪᠠᠲᠤ ᠰᠠᠬᠢᠵᠤ ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠢ 66.5% ᠪᠠᠷ ᠪᠠᠭᠤᠷᠠᠭᠤᠯᠤᠨ ᠂ 8 ᠬᠤᠰᠢᠭᠤ ᠰᠢᠶᠠᠨ ᠤ ᠳᠠᠯᠳᠠ ᠥᠷᠢ ᠥᠭᠴᠡᠭᠡ ᠶᠢ ᠪᠦᠷᠢᠮᠦᠰᠦᠨ ᠠᠷᠢᠯᠭᠠᠵᠤ ᠂ 1 ᠠᠶᠢᠮᠠᠭ ᠬᠤᠳᠡ ᠶᠢᠨ ᠲᠤᠰ ᠱᠠᠲᠤ ᠪᠠ 10 ᠬᠤᠰᠢᠭᠤ ᠰᠢᠶᠠᠨ ᠨᠢ ᠲᠦᠭᠰᠢᠭᠦᠷᠢ ᠶᠡᠬᠡᠲᠡᠢ ᠵᠡᠷᠭᠡ ᠳᠡᠰ ᠠᠴᠠ ᠪᠤᠴᠠᠵᠤ ᠭᠠᠷᠬᠤ ᠪᠣᠯᠣᠮᠵᠢᠲᠠᠢ ᠪᠠᠶᠢᠵᠤ ᠂ ᠪᠦᠬᠦ ᠣᠷᠣᠨ ᠤ ᠥᠷᠢ ᠥᠭᠴᠡᠭᠡᠨ ᠤ ᠲᠦᠭᠰᠢᠭᠦᠷᠢ ᠶᠢᠨ ᠳᠡᠰ ᠤᠨ ᠪᠠᠭᠤᠷᠠᠯᠲᠠ ᠶᠢ ᠪᠡᠶᠡᠯᠡᠭᠦᠯᠬᠦ ᠪᠣᠯᠣᠮᠵᠢᠲᠠᠢ ᠪᠠᠶᠢᠨ᠎ᠠ ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠠᠬᠢᠭᠤᠯᠵᠤ ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢ 80% ᠪᠠᠷ ᠪᠠᠭᠤᠷᠠᠭᠤᠯᠪᠠ ︔ ᠴᠠᠭ ᠲᠤ ᠪᠠᠨ ᠪᠠᠲᠤᠯᠠᠨ ᠲᠤᠰᠢᠶᠠᠬᠤ ᠠᠰᠠᠷ ᠂ ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ ᠡᠭᠦᠷᠭᠡ ᠪᠠᠨ ᠪᠡᠶᠡᠯᠡᠭᠦᠯᠪᠡ ᠃ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠪᠠᠨ ᠴᠢᠩᠭᠠᠳᠬᠠᠵᠤ ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠶᠡᠷᠦᠩᠬᠡᠢ ᠬᠡᠮᠵᠢᠶ᠎ᠡ 46.5% ᠪᠠᠷ ᠪᠠᠭᠤᠷᠠᠪᠠ ᠃ ᠴᠠᠬᠢᠯᠭᠠᠨ ᠬᠤᠯᠪᠣᠭᠠᠨ ᠤ ᠮᠡᠬᠡᠯᠡᠯ ᠂ ᠰᠤᠷᠭᠠᠭᠤᠯᠢ ᠶᠢᠨ ᠬᠦᠷᠢᠶᠡᠨ ᠳᠠᠬᠢ ᠳᠠᠷᠤᠯᠠᠯ ᠳᠣᠷᠣᠮᠵᠢᠯᠠᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠠᠮᠢᠨ ᠬᠡᠷᠡᠭ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠤᠯᠲᠠ ᠶᠢ ᠭᠦᠨᠵᠡᠭᠡᠶᠢᠷᠡᠭᠦᠯᠦᠨ ᠂ ᠨᠡᠶᠢᠭᠡᠮ ᠳᠠᠶᠠᠭᠠᠷ ᠤᠨ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ ᠃ ᠨᠠᠮ ᠵᠠᠰᠠᠭ ᠴᠡᠷᠢᠭ ᠴᠠᠭᠳᠠᠭ᠎ᠠ ᠠᠷᠠᠳ ︽ᠲᠠᠪᠤ ᠶᠢ ᠨᠢᠭᠡ ᠴᠣᠭᠴᠠᠵᠢᠭᠤᠯᠬᠤ ︾ ᠪᠠᠷ ᠬᠦᠴᠦ ᠪᠠᠨ ᠬᠠᠮᠲᠤᠳᠬᠠᠨ ᠬᠢᠯᠢ ᠬᠢᠵᠠᠭᠠᠷ ᠤᠨ ᠪᠦᠲᠦᠭᠡᠨ ᠪᠠᠶᠢᠭᠤᠯᠤᠯᠲᠠ ᠶᠢ ᠴᠢᠩᠳᠠᠯᠠᠨ ᠬᠢᠯᠢ ᠬᠢᠵᠠᠭᠠᠷ ᠢᠶᠠᠨ ᠪᠠᠬᠢᠵᠢᠭᠦᠯᠬᠦ ᠠᠵᠢᠯ ᠢ ᠴᠢᠩᠭᠠᠳᠬᠠᠪᠠ ᠃ ᠡᠨᠧᠷᠬᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠲᠠᠯ᠎ᠠ ᠪᠠᠷ ᠂ ᠵᠢᠱᠢᠯᠲᠡ ᠪᠠᠷ ᠨᠡᠭᠦᠷᠡᠰᠦᠨ ᠤ ᠭᠠᠷᠤᠯᠲᠠ 12.9 ᠳ᠋ᠦᠩᠰᠢᠭᠤᠷ ᠲᠤᠨ ᠳᠤ ᠬᠦᠷᠴᠦ ᠂ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 8.3 ᠳ᠋ᠦᠩᠰᠢᠭᠤᠷ ᠲᠤᠨ ᠪᠡᠶᠡᠯᠡᠭᠦᠯᠦᠨ ᠂ ᠪᠦᠬᠦ ᠤᠯᠤᠰ ᠤᠨ 34.5% ᠶᠢ ᠡᠵᠡᠯᠡᠵᠦ ᠂ ᠴᠠᠬᠢᠯᠭᠠᠨ ᠭᠠᠷᠭᠠᠭᠰᠠᠨ ᠬᠡᠮᠵᠢᠶ᠎ᠡ 8000 ᠳ᠋ᠦᠩᠰᠢᠭᠤᠷ ᠭᠷᠡᠳᠦ᠋ᠰ ᠢ ᠳᠠᠪᠠᠵᠤ ᠂ ᠭᠠᠳᠠᠭᠰᠢ ᠴᠠᠬᠢᠯᠭᠠᠨ ᠳᠠᠮᠵᠢᠭᠤᠯᠤᠭᠰᠠᠨ ᠬᠡᠮᠵᠢᠶ᠎ᠡ 3150 ᠳ᠋ᠦᠩᠰᠢᠭᠤᠷ ᠭᠷᠡᠳᠦ᠋ᠰ ᠲᠤ ᠬᠦᠷᠴᠦ ᠂ ᠪᠦᠬᠦ ᠤᠯᠤᠰ ᠤᠨ 16% ᠶᠢ ᠡᠵᠡᠯᠡᠵᠦ ᠂ ᠴᠥᠮ ᠪᠦᠬᠦ ᠤᠯᠤᠰ ᠤᠨ ᠨᠢᠭᠡᠳᠦᠭᠡᠷ ᠲᠤ ᠪᠠᠶᠢᠷᠢᠰᠢᠪᠠ ︔ ᠪᠣᠬᠢᠷᠳᠤᠯ ᠦᠭᠡᠢ ᠴᠠᠬᠢᠯᠭᠠᠨ ᠭᠠᠷᠭᠠᠭᠰᠠᠨ ᠬᠡᠮᠵᠢᠶ᠎ᠡ 2000 ᠳ᠋ᠦᠩᠰᠢᠭᠤᠷ ᠭᠷᠡᠳᠦ᠋ᠰ ᠢ ᠳᠠᠪᠠᠵᠤ ᠂ ᠪᠦᠬᠦ ᠤᠯᠤᠰ ᠤᠨ ᠪᠣᠬᠢᠷᠳᠤᠯ ᠦᠭᠡᠢ ᠴᠠᠬᠢᠯᠭᠠᠨ ᠤ ᠤᠯᠠᠨ ᠤᠯᠤᠰ ᠤᠨ ᠨᠡᠭᠦᠷᠡᠰᠦᠳᠦ᠋ᠷᠦᠭᠴᠢ ᠶᠢᠨ ᠤᠯᠠ ᠮᠥᠷ ᠤᠨ ᠠᠩᠬᠠᠳᠠᠭᠴᠢ ᠦᠨᠡᠮᠯᠡᠯ ᠢ ᠲᠠᠷᠬᠠᠭᠠᠵᠤ ᠂ ᠪᠦᠬᠦ ᠤᠯᠤᠰ ᠲᠤ ᠡᠩ ᠲᠡᠷᠢᠭᠦᠨ ᠳᠤ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠬᠢᠯᠭᠠᠨ ᠤ ᠠᠷᠠᠯᠵᠢᠶ᠎ᠠ ᠥᠷᠨᠢᠭᠦᠯᠦᠨ ᠂ ᠪᠣᠬᠢᠷᠳᠤᠯ ᠦᠭᠡᠢ ᠴᠠᠬᠢᠯᠭᠠᠨ ᠤ ᠠᠷᠠᠯᠵᠢᠶᠠᠨ ᠤ ᠬᠡᠪᠴᠢᠶ᠎ᠡ ᠪᠦᠬᠦ ᠤᠯᠤᠰ ᠤᠨ ᠨᠢᠭᠡᠳᠦᠭᠡᠷ ᠲᠤ ᠪᠠᠶᠢᠷᠢᠰᠢᠵᠤ ᠂ ᠶᠤᠸᠠᠨ ᠵᠢᠩ ᠂ ᠮᠢᠩ ᠶᠠᠩ ᠂ ᠯᠦᠩ ᠵᠢᠢ ᠂ ᠯᠦᠩ ᠮᠠ ᠵᠡᠷᠭᠡ ᠨᠢᠭᠡ ᠪᠦᠯᠦᠭ ᠠᠵᠤ ᠠᠬᠤᠶᠢᠯᠠᠯ ᠤᠨ ᠶᠡᠷᠦᠩᠬᠡᠢ ᠬᠡᠯᠲᠡᠰ ᠳᠠᠩᠰᠠᠯᠠᠭᠤᠯᠤᠨ ᠰᠠᠭᠤᠷᠢᠰᠢᠪᠠ ︔ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠮᠠᠲ᠋ᠧᠷᠢᠶᠠᠯ ᠤᠨ ᠭᠠᠷᠤᠯᠲᠠ 30% ᠠᠴᠠ ᠳᠡᠭᠡᠭᠰᠢ ᠨᠡᠮᠡᠭᠳᠡᠵᠦ ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠦᠷᠲᠡᠭ ᠮᠢᠩᠭᠠᠨ ᠳ᠋ᠦᠩᠰᠢᠭᠤᠷ ᠲᠥᠭᠦᠷᠢᠭ ᠢ ᠳᠠᠪᠠᠪᠠ ︔ ᠠᠭᠤᠷᠬᠠᠢ ᠬᠠᠶᠢᠬᠤ ᠰᠢᠪᠲᠤᠯᠤᠯᠲᠠ ᠶᠢᠨ ᠠᠵᠢᠯᠯᠠᠭᠠᠨ ᠢᠶᠠᠷ ᠲᠣᠮᠣ ᠳᠤᠮᠳᠠ ᠬᠡᠯᠪᠡᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠣᠷᠣᠨ ᠢ ᠰᠢᠨ᠎ᠡ ᠪᠠᠷ 20 ᠢᠯᠡᠷᠡᠭᠦᠯᠵᠦ ᠂ 8 ᠵᠦᠢᠯ ᠤᠨ ᠠᠭᠤᠷᠬᠠᠢ ᠶᠢᠨ ᠭᠠᠷᠤᠯᠲᠠ ᠨᠢ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠳᠠᠬᠢ ᠨᠥᠭᠡᠴᠡ ᠨᠡᠮᠡᠭᠳᠡᠭᠦᠯᠬᠦ ᠡᠭᠦᠷᠭᠡ ᠶᠢ ᠪᠡᠶᠡᠯᠡᠭᠦᠯᠪᠡ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠲᠠᠯ᠎ᠠ ᠪᠠᠷ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 940 ᠲᠦᠮᠡᠨ ᠮᠦ ᠂ ︽ᠲᠣᠨ ᠤᠨᠠᠯᠲᠠ ᠲᠠᠢ ᠲᠠᠷᠢᠶ᠎ᠠ ︾ ᠶᠢ 855 ᠲᠦᠮᠡᠨ ᠮᠦ ᠪᠠᠶᠢᠭᠤᠯᠵᠤ ᠂ ᠪᠡᠯᠡᠳᠭᠡᠮᠵᠢᠲᠦ ᠲᠠᠷᠢᠶᠠᠯᠠᠩ ᠢ 26 ᠲᠦᠮᠡᠨ ᠮᠦ ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 300 ᠲᠦᠮᠡᠨ ᠺᠦᠸᠠᠳ᠋ ᠮᠧᠲᠷ ᠰᠢᠨ᠎ᠡ ᠪᠠᠷ ᠨᠡᠮᠡᠭᠳᠡᠭᠦᠯᠦᠨ ᠂ 78 ᠲᠦᠮᠡᠨ ᠲᠠᠷᠢᠶᠠᠯᠠᠬᠤ ᠮᠠᠯᠵᠢᠬᠤ ᠡᠷᠦᠬᠡ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ ᠂ ᠠᠮᠤ ᠪᠤᠳᠠᠭᠠᠨ ᠤ ᠮᠦ ᠪᠦᠷᠢ ᠶᠢᠨ ᠤᠨᠠᠯᠲᠠ 24.2 ᠵᠢᠩ ᠳᠡᠭᠡᠭᠰᠢᠯᠡᠵᠦ ᠂ ᠡᠷᠳᠡᠨᠢ ᠰᠢᠰᠢ ᠂ ᠲᠥᠮᠥᠰᠥ ᠶᠢᠨ ᠳᠤᠮᠳᠠᠴᠢ ᠨᠢᠭᠡᠴᠢ ᠤᠨᠠᠯᠲᠠ ᠳᠠᠬᠢᠨᠲᠠ ᠰᠢᠨ᠎ᠡ ᠲᠦᠪᠰᠢᠨ ᠳᠤ ᠬᠦᠷᠴᠦ ᠂ ᠦᠬᠡᠷ ᠬᠤᠨᠢᠨ ᠤ ᠮᠢᠬ᠎ᠠ ᠂ ᠦᠨᠢᠶᠡᠨ ᠰᠦᠨ ᠤ ᠭᠠᠷᠤᠯᠲᠠ ᠪᠦᠬᠦ ᠤᠯᠤᠰ ᠤᠨ ᠨᠢᠭᠡᠳᠦᠭᠡᠷ ᠲᠤ ᠯᠠᠪᠳᠠᠭᠤᠨ ᠪᠠᠶᠢᠷᠢᠯᠠᠵᠤ ᠂ ᠰᠦ ᠰᠠᠭᠠᠯᠢ ᠂ ᠤᠯᠠᠭᠠᠨ ᠢᠳᠡᠭᠡ ᠂ ᠲᠥᠮᠥᠰᠥ ᠂ ᠨᠣᠣᠯᠣᠭᠤᠷ ᠵᠡᠷᠭᠡ ᠭᠤᠣᠯᠳᠠᠯᠭ᠎ᠠ ᠪᠣᠯᠬᠤ 7 ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠲᠡᠭ 7000 ᠳ᠋ᠦᠩᠰᠢᠭᠤᠷ ᠲᠥᠭᠦᠷᠢᠭ ᠢ ᠳᠠᠪᠠᠵᠤ ᠂ ᠪᠦᠬᠦ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡᠨ ᠳᠤ ᠲᠠᠯ᠎ᠠ ᠨᠤᠲᠤᠭ ᠠᠴᠠ ᠢᠷᠡᠭᠰᠡᠨ ᠪᠣᠬᠢᠷᠳᠤᠯ ᠦᠭᠡᠢ ᠢᠳᠡᠭᠡᠨ ᠶᠠᠪᠤᠬᠤ ᠲᠣᠳᠣᠮ ᠣᠯᠠᠰᠢᠷᠠᠪᠠ ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠠᠯ᠎ᠠ ᠪᠠᠷ ᠂ 3 ᠬᠤᠣᠰ ᠤᠯᠠᠨ ᠤᠯᠤᠰ ᠤᠨ ᠨᠦᠬᠦᠷᠰᠡᠭ ᠬᠤᠳᠠ ᠶᠢᠨ ᠬᠠᠷᠢᠴᠠᠭ᠎ᠠ ᠶᠢ ᠰᠢᠨ᠎ᠡ ᠪᠠᠷ ᠪᠠᠶᠢᠭᠤᠯᠤᠨ ᠂ ᠳᠤᠮᠳᠠᠳᠤ ᠮᠣᠩᠭᠤᠯ ᠤᠨ ᠡᠷᠢᠶᠡᠨ ᠬᠤᠳᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠂ ᠲᠦᠩᠯᠢᠶᠣᠣ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠵᠥᠪᠰᠢᠶᠡᠷᠡᠭᠳᠡᠵᠦ ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠪᠦᠭᠦ ᠱᠤᠭᠤᠮ ᠢᠶᠠᠷ ᠨᠡᠪᠲᠡᠷᠡᠵᠥ ᠂ ᠮᠠᠨᠵᠤᠤᠷ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠬᠠᠷᠢᠯᠴᠠᠨ ᠠᠷᠠᠯᠵᠢᠶᠠᠯᠠᠬᠤ ᠣᠷᠣᠨ ᠢ ᠪᠣᠭᠤᠮᠲᠠ ᠬᠤᠷᠢᠵᠤ ᠡᠵᠡᠩᠨᠡᠨ ᠠᠵᠢᠯᠯᠠᠭᠤᠯᠵᠤ ᠂ ᠵᠢᠱᠢᠯᠲᠡ ᠪᠠᠷ ᠪᠦᠬᠦ ᠣᠷᠣᠨ ᠤ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1.2 ᠳ᠋ᠦᠩᠰᠢᠭᠤᠷ ᠲᠣᠨ ᠢ ᠳᠠᠪᠠᠵᠤ ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 2000 ᠳ᠋ᠦᠩᠰᠢᠭᠤᠷ ᠲᠥᠭᠦᠷᠢᠭ ᠢ ᠳᠠᠪᠠᠨ ᠂ ︽ᠰᠢᠨ᠎ᠡ ᠭᠤᠷᠪᠠᠨ ᠵᠦᠢᠯ ︾ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 50% ᠠᠴᠠ ᠳᠡᠭᠡᠭᠰᠢ ᠨᠡᠮᠡᠭᠳᠡᠪᠡ ᠃

      ᠨᠢᠭᠡ ᠵᠢᠯ ᠤᠨ ᠲᠤᠷᠰᠢ ᠂ ᠪᠢᠳᠡ ᠡᠷᠴᠢᠮ ᠢᠶᠠᠨ ᠰᠤᠯᠠᠷᠠᠭᠤᠯᠤᠯ ᠦᠭᠡᠢ ᠴᠢᠩᠭ᠎ᠠ ᠠᠩᠬᠠᠷᠴᠤ ᠂ ᠴᠢᠩᠭ᠎ᠠ ᠠᠳᠬᠤᠨ ᠱᠠᠯᠠᠪᠳᠠᠨ ᠭᠦᠢᠴᠡᠳᠬᠡᠵᠦ ᠂ ︽ᠵᠢᠷᠭᠤᠭᠠᠨ ᠢᠨᠵᠧᠨᠧᠷᠢᠩ ︾ ᠢ ᠠᠬᠢᠭᠤᠯᠵᠤ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠪᠠ ᠃ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ ᠂ ᠲᠦᠷᠦ ᠶᠢᠨ ᠶᠠᠪᠤᠳᠠᠯ ᠤᠨ ᠬᠤᠷᠢᠶᠠᠨ ᠤ 16 ᠳ᠋ᠤᠭᠠᠷ ᠪᠢᠴᠢᠭ ᠮᠠᠲ᠋ᠧᠷᠢᠶᠠᠯ ᠢ ᠲᠦᠷᠭᠡᠳᠬᠡᠨ ᠬᠡᠷᠡᠭᠵᠢᠭᠦᠯᠵᠦ ᠂ 86 ᠴᠢᠬᠤᠯᠠ ᠶᠡᠭᠡ ᠲᠦᠷᠦᠯ ᠵᠦᠢᠯ ᠤᠨ 74 ᠶᠢ ᠨᠢ ᠠᠵᠢᠯ ᠡᠬᠢᠯᠡᠭᠦᠯᠵᠦ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠴᠥᠮ ᠪᠦᠲᠦᠮᠵᠢᠳᠠᠢ ᠨᠠᠶᠢᠳᠠᠪᠤᠷᠢᠵᠢᠭᠤᠯᠪᠠ ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ︽ᠬᠠᠪᠤᠷ ᠪᠣᠯᠣᠮᠠᠭᠴᠠ ᠠᠵᠢᠯ ᠡᠬᠢᠯᠡᠭᠦᠯᠬᠦ ︾ ᠶᠢ ᠪᠡᠶᠡᠯᠡᠭᠦᠯᠵᠦ ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ ᠪᠦᠲᠦᠭᠡᠨ ᠪᠠᠶᠢᠭᠤᠯᠵᠤ ᠂ 238 ᠲᠦᠮᠡᠨ ᠮᠦ ᠡᠯᠡᠰᠦ ᠶᠢ ᠵᠠᠰᠠᠵᠤ ᠂ ᠬᠥᠪᠴᠢ ᠶᠢᠨ ᠡᠯᠡᠰᠦ ᠶᠢᠨ ︽ᠭᠡᠷᠡᠯᠴᠢ ᠴᠡᠨᠡᠭ ᠤᠨ ᠣᠷᠲᠦ ᠴᠠᠭᠠᠨ ᠬᠡᠷᠡᠮ ︾ ᠠᠩᠬ᠎ᠠ ᠬᠡᠪᠴᠢᠶᠡᠵᠢᠵᠦ ᠂ ᠪᠣᠷᠣᠬᠤᠲᠠ ᠠᠴᠠ ᠪᠠᠶᠠᠨᠲᠤᠬᠤᠢ ᠬᠦᠷᠬᠦ ᠡᠯᠡᠰᠦ ᠶᠢ ᠵᠠᠰᠠᠬᠤ ᠵᠠᠰᠠᠮᠠᠯ ᠵᠠᠮ ᠪᠦᠬᠦ ᠤᠯᠤᠰ ᠤᠨ ᠬᠠᠮᠤᠭ ᠤᠨ ᠰᠠᠶᠢᠬᠠᠨ ᠬᠥᠳᠡᠭᠡ ᠳᠤᠰᠬᠤᠨ ᠤ ᠵᠠᠮ ᠢᠶᠠᠷ ᠦᠨᠡᠯᠡᠭᠳᠡᠵᠦ ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ︾ ᠪᠠᠷ ᠤᠯᠠᠨ ᠲᠦᠮᠡᠨ ᠢ ᠳᠠᠶᠢᠴᠢᠯᠠᠨ 8.5 ᠳ᠋ᠦᠩᠰᠢᠭᠤᠷ ᠲᠥᠭᠦᠷᠢᠭ ᠤᠨ ᠣᠷᠣᠯᠭ᠎ᠠ ᠨᠡᠮᠡᠭᠳᠡᠭᠦᠯᠦᠨ ᠂ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠂ ᠰᠢᠨ᠎ᠡ ᠡᠨᠧᠷᠬᠢ ᠶᠢ ᠬᠥᠭᠵᠢᠭᠦᠯᠬᠦ ᠂ ᠠᠷᠠᠳ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠴᠥᠮ ᠠᠰᠢᠭ ᠬᠦᠷᠲᠡᠬᠦ ᠶᠢ ᠪᠡᠶᠡᠯᠡᠭᠦᠯᠪᠡ ᠃ ᠳᠤᠯᠠᠭᠠᠯᠠᠭ᠎ᠠ ᠶᠢᠨ ᠢᠨᠵᠧᠨᠧᠷᠢᠩ ᠤᠨ ᠣᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ ᠂ 200 ᠳ᠋ᠦᠩᠰᠢᠭᠤᠷ ᠲᠥᠭᠦᠷᠢᠭ ᠰᠢᠬᠠᠮ ᠪᠡᠯᠡ ᠣᠷᠣᠭᠤᠯᠵᠤ ᠂ ᠢᠯᠴᠢ ᠬᠠᠩᠭᠠᠬᠤ ᠬᠤᠭᠤᠯᠠᠢ ᠭᠤᠤᠷᠰᠤ ᠶᠢᠨ ᠲᠣᠣᠷ ᠢ ᠲᠦᠮᠡᠨ ᠺᠢᠯᠣᠮᠧᠲᠷ ᠰᠢᠬᠠᠮ ᠥᠭᠡᠷᠡᠴᠢᠯᠡᠨ ᠰᠢᠨᠡᠳᠬᠡᠵᠦ ᠂ ᠪᠦᠬᠦ ᠣᠷᠣᠨ ᠤ ᠰᠦᠯᠵᠢᠶ᠎ᠡ ᠪᠠᠷ ᠬᠢᠨᠠᠨ ᠰᠢᠨᠵᠢᠭᠰᠡᠨ ᠥᠷᠥᠭᠡᠨ ᠤ ᠳᠤᠯᠠᠭᠠᠨ ᠤ ᠪᠠᠷᠢᠮᠵᠢᠶ᠎ᠠ ᠳᠤ ᠬᠦᠷᠦᠭᠰᠡᠨ ᠨᠤᠷᠮ᠎ᠠ 99% ᠠᠴᠠ ᠳᠡᠭᠡᠭᠰᠢ ᠳᠤ ᠬᠦᠷᠴᠦ ᠂ 19.3 ᠲᠦᠮᠡᠨ ᠡᠷᠦᠬᠡ ᠶᠢᠨ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠬᠡᠬᠦ ᠠᠵᠢᠯ ᠢ ᠪᠡᠶᠡᠯᠡᠭᠦᠯᠦᠨ ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ ᠢ ᠨᠡᠶᠢᠲᠡᠯᠡᠨ ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ ᠂ ᠦᠨᠡᠨᠴᠢ ᠢᠲᠡᠭᠡᠮᠵᠢ ᠶᠢᠨ ᠵᠠᠭᠠᠯᠳᠤᠯᠭ᠎ᠠ ᠶᠢᠨ ᠴᠣᠩᠬᠤᠪᠴᠢ ᠭᠠᠷᠭᠠᠵᠤ ᠂ ᠡᠯ᠎ᠡ ᠲᠦᠷᠦᠯ ᠤᠨ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠶᠡᠭᠡ ᠪᠠᠷ ᠴᠡᠭᠴᠡᠯᠡᠨ ᠵᠠᠰᠠᠵᠤ ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ ᠵᠣᠭᠤᠰ ᠢ ᠨᠢ ᠢᠯᠭᠠᠷᠠᠭᠤᠯᠤᠨ ᠂ 71.4 ᠳ᠋ᠦᠩᠰᠢᠭᠤᠷ ᠲᠥᠭᠦᠷᠢᠭ ᠤᠨ ᠬᠤᠬᠢᠷᠠᠯ ᠢ ᠡᠭᠡᠭᠦᠯᠵᠦ ᠠᠪᠴᠢᠷᠠᠪᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠠᠵᠢᠯ ᠠᠩᠬ᠎ᠠ ᠡᠬᠢᠯᠡᠮᠡᠭᠴᠡ ᠲᠥᠯᠥᠪᠵᠢᠵᠦ ᠂ 5 ᠴᠡᠭ ᠪᠠᠶᠢᠷᠢᠯᠠᠯ ᠤᠨ 36 ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢ ᠪᠦᠬᠦ ᠲᠠᠯ᠎ᠠ ᠪᠠᠷ ᠠᠬᠢᠭᠤᠯᠤᠨ ᠂ ᠰᠦ ᠰᠠᠭᠠᠯᠢ ᠶᠢᠨ ᠦᠢᠯᠡᠰ ᠂ ᠬᠤᠪᠣᠷ ᠰᠢᠷᠣᠢ ᠂ ᠣᠰᠣᠳᠦ᠋ᠷᠦᠭᠴᠢ ᠂ ᠨᠥᠭᠡᠴᠡ ᠡᠨᠧᠷᠬᠢ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠠᠵᠢᠯ ᠲᠦᠷᠦᠯ ᠤᠨ ᠬᠤᠭᠤᠰᠤᠨ ᠣᠷᠣᠨ ᠵᠠᠢ ᠶᠢ ᠨᠥᠬᠦᠪᠦᠷᠢᠯᠡᠭᠰᠡᠨ ᠮᠡᠷᠭᠡᠵᠢᠯ ᠤᠨ ᠰᠢᠪᠲᠤᠯᠤᠯᠲᠠ ᠲᠠᠢ ᠪᠣᠯᠵᠤ ᠂ ᠠᠭᠠᠷ ᠰᠠᠨᠰᠠᠷ ᠤᠨ ᠬᠡᠮᠵᠢᠭᠦᠷ ᠠᠯᠤᠰᠯᠠᠭᠰᠠᠨ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭᠠᠨ ᠤ ᠲᠣᠨᠣᠭᠯᠠᠯ ᠬᠢᠭᠡᠳ ᠴᠢᠳᠠᠮᠵᠢ ᠰᠠᠶᠢᠲᠠᠢ ᠬᠡᠷᠡᠯᠳᠦ ᠰᠠᠷᠠᠯᠵᠢ ᠶᠢ ᠠᠵᠤ ᠦᠢᠯᠡᠰᠵᠢᠭᠦᠯᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ ︔ ᠬᠤᠸᠠᠢ ᠷᠧᠦ ᠶᠢᠨ ᠤᠯᠤᠰ ᠤᠨ ᠲᠤᠷᠰᠢᠯᠲᠠ ᠶᠢᠨ ᠲᠠᠰᠤᠭ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠶᠢᠭᠤᠯᠵᠤ ᠂ ᠳᠠᠯᠠᠨ ᠬᠠᠷ᠎ᠠ ᠠᠭᠤᠯᠠ ᠂ ᠣᠷᠳᠣᠰ ᠲᠤᠷᠰᠢᠯᠲᠠ ᠶᠢᠨ ᠲᠠᠰᠤᠭ ᠫᠠᠶᠢᠰᠠ ᠡᠯᠭᠦᠨ ᠠᠵᠢᠯᠯᠠᠵᠤ ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠂ ᠠᠵᠤ ᠠᠬᠤᠶᠢᠯᠠᠯ ᠤᠳ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ 13 ᠲᠦᠷᠦᠯ ᠵᠦᠢᠯ ᠢ ᠳᠠᠭᠠᠭᠠᠨ ᠠᠪᠴᠤ ᠵᠠᠯᠭᠠᠭᠤᠯᠪᠠ ︔ ︽ᠮᠧᠩ ᠺᠧ ᠵᠢᠦᠢ ︾ ᠲᠠᠪᠴᠠᠩ ᠤᠨ ᠦᠷ᠎ᠡ ᠪᠦᠲᠦᠮᠵᠢ ᠲᠣᠳᠣᠷᠠᠵᠤ ᠂ ᠨᠡᠶᠢᠲᠡ 2412 ᠬᠤᠪᠢ ᠠᠷᠠᠯᠵᠢᠶᠠᠯᠠᠨ ᠤᠯᠠᠷᠢᠭᠤᠯᠵᠤ ᠂ 8.7% ᠪᠠᠷ ᠨᠡᠮᠡᠭᠳᠡᠨ ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠭᠰᠠᠨ ᠲᠤᠭ᠎ᠠ 33.6% ᠪᠠᠷ ᠨᠡᠮᠡᠭᠳᠡᠪᠡ ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ 853 ᠡᠷᠦᠬᠡ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 97 ᠡᠷᠦᠬᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 20 ᠡᠷᠦᠬᠡ ᠪᠣᠳᠠᠲᠠᠢ ᠨᠡᠮᠡᠭᠳᠡᠵᠦ ᠂ ᠳ᠋ᠣᠺᠲ᠋ᠣᠷ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠴᠡᠭ 45 ᠰᠢᠨ᠎ᠡ ᠪᠠᠷ ᠨᠡᠮᠡᠭᠳᠡᠨ ᠂ 11 ᠰᠢᠨᠵᠢᠯᠡᠭᠡᠨ ᠤ ᠰᠠᠯᠠᠭᠠᠨ ᠤ ᠳ᠋ᠣᠺᠲ᠋ᠣᠷ ᠤᠨ ᠴᠡᠭ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ ᠂ 2 ᠲᠦᠷᠦᠯ ᠵᠦᠢᠯ ᠨᠢ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ ᠂ ᠮᠠᠨ ᠤ ᠣᠷᠣᠨ ᠤ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 4 ᠨᠡᠷᠡᠰ ᠳᠡᠭᠡᠭᠰᠢᠯᠡᠪᠡ ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ ᠂ ᠶᠡᠷᠦᠩᠬᠡᠢ ᠲᠥᠰᠥᠯ ᠢ ᠨᠠᠶᠢᠷᠠᠭᠤᠯᠤᠨ ᠳᠠᠭᠤᠰᠬᠠᠵᠤ ᠂ ᠤᠯᠤᠰ ᠤᠨ ᠱᠠᠲᠤ ᠳᠠᠪᠬᠤᠷᠭ᠎ᠠ ᠳᠠᠬᠢ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ 223 ᠬᠠᠭᠤᠯᠪᠤᠷᠢᠯᠠᠨ ᠳᠡᠯᠭᠡᠷᠡᠭᠦᠯᠵᠦ ᠂ ᠪᠡᠯᠡ ᠣᠷᠣᠭᠤᠯᠤᠯᠳᠠ ᠂ ᠠᠷᠠᠯᠵᠢᠶ᠎ᠠ ᠂ ᠮᠥᠩᠭᠦᠨ ᠭᠦᠢᠯᠭᠡᠭᠡ ᠵᠡᠷᠭᠡ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠲᠤᠷᠰᠢᠨ ᠥᠷᠨᠢᠭᠦᠯᠪᠡ ᠃

      ᠨᠢᠭᠡ ᠵᠢᠯ ᠤᠨ ᠲᠤᠷᠰᠢ ᠂ ᠪᠢᠳᠡ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠪᠦᠲᠦᠮᠵᠢᠳᠠᠢ ᠬᠥᠭᠵᠢᠭᠡᠪᠡ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠭᠰᠠᠨ 276 ᠵᠦᠢᠯ ᠤᠨ ᠥᠭᠡᠷᠡᠴᠢᠯᠡᠯᠲᠡ ᠶᠢᠨ ᠡᠭᠦᠷᠭᠡ ᠲᠠᠢ ᠨᠢᠭᠲᠠ ᠤᠶᠠᠯᠳᠤᠭᠤᠯᠤᠨ ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ ᠂ ᠴᠢᠩᠭ᠎ᠠ ᠬᠦᠴᠦᠲᠡᠢ ᠠᠬᠢᠭᠤᠯᠵᠤ ᠂ ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ ᠂ ᠲᠡᠭ ᠰᠠᠭᠤᠷᠢᠨ ᠲᠥᠰᠥᠪ ᠂ ᠳᠣᠣᠷ᠎ᠠ ᠠᠭᠠᠷ ᠤᠨ ᠠᠵᠤ ᠠᠬᠤᠢ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠵᠡᠷᠭᠡ ᠨᠢᠭᠡ ᠪᠦᠯᠦᠭ ᠥᠭᠡᠷᠡᠴᠢᠯᠡᠯᠲᠡ ᠶᠢᠨ ᠲᠥᠰᠥᠯ ᠢ ᠨᠡᠶᠢᠲᠡᠯᠡᠪᠡ ᠃ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ ᠂ ᠲᠣᠭᠲᠠᠴᠠ ᠪᠠᠨ ᠥᠭᠡᠷᠡᠴᠢᠯᠡᠬᠦ ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠨᠢᠭᠡ ᠪᠦᠯᠦᠭ ᠵᠥᠷᠢᠴᠡᠯᠳᠦ ᠠᠰᠠᠭᠤᠳᠠᠯ ᠢ ᠰᠢᠢᠳᠪᠦᠷᠢᠯᠡᠨ ᠂ ᠬᠡᠰᠡᠭ ᠡᠭᠦᠷᠭᠡ ᠴᠢᠳᠠᠪᠤᠷᠢ ᠶᠢᠨ ᠲᠣᠭᠲᠠᠴᠠ ᠶᠢ ᠰᠢᠯᠤᠭᠤᠳᠬᠠᠪᠠ ᠃ ︽ᠨᠡᠯᠦᠶᠢᠲᠡᠯ᠎ᠡ ᠤᠰᠤᠯᠠᠬᠤ ︾ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ ᠂ ᠲᠠᠷᠢᠶᠠᠯᠠᠩ ᠤᠨ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠦᠨ ᠂ ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ 3.8 ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠪᠡ ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠲᠣᠭᠲᠠᠴᠠ ᠶᠢ ᠲᠡᠭᠦᠯᠳᠡᠷᠵᠢᠭᠦᠯᠦᠨ ᠂ 17 ᠬᠤᠰᠢᠭᠤ ᠰᠢᠶᠠᠨ ᠳᠤ ᠲᠤᠷᠰᠢᠯᠲᠠ ᠶᠢᠨ ᠴᠡᠭ ᠥᠷᠨᠢᠭᠦᠯᠵᠦ ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠭᠠᠯᠲᠠ ᠲᠤᠭ᠎ᠠ 23.9% ᠪᠠᠶᠢᠭᠰᠠᠨ ᠠᠴᠠ ᠪᠠᠨ ᠪᠠᠭᠤᠷᠠᠭᠠᠳ 10% ᠬᠦᠷᠬᠦ ᠦᠭᠡᠢ ᠪᠣᠯᠪᠠ ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠠᠬᠢᠭᠤᠯᠵᠤ ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢ ᠶᠢ ᠬᠢᠨᠠᠨ ᠬᠠᠮᠢᠶᠠᠷᠬᠤ ᠦᠢᠯᠡᠴᠢᠯᠡᠭᠡ ᠶᠢ ᠴᠢᠩᠭᠠᠳᠬᠠᠨ ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠂ ᠠᠷᠠᠯᠵᠢᠶᠠᠯᠠᠭᠰᠠᠨ ᠲᠤᠭ᠎ᠠ ᠲᠣᠰ ᠪᠦᠷᠢ 3.5 ᠳᠠᠬᠢᠨ ᠪᠠ 2.5 ᠳᠠᠬᠢᠨ ᠨᠡᠮᠡᠭᠳᠡᠵᠦ ᠂ ᠵᠠᠰᠠᠮᠠᠯ ᠵᠠᠮ ᠲᠡᠮᠦᠷ ᠵᠠᠮ ᠠᠭᠠᠷ ᠤᠨ ᠲᠡᠭᠡᠭᠡᠪᠦᠷᠢ ᠰᠢᠤᠳᠠᠨ ᠤ ᠶᠠᠪᠤᠳᠠᠯ ᠤᠨ ᠳᠠᠭᠠᠭᠤᠯᠤᠭᠴᠢ ᠠᠵᠤ ᠠᠬᠤᠶᠢᠯᠠᠯ ᠢ 91 ᠪᠣᠶᠢᠵᠢᠭᠤᠯᠵᠤ ᠂ 4747 ᠺᠢᠯᠣᠮᠧᠲᠷ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢᠨ ᠬᠢᠵᠠᠭᠠᠷᠯᠠᠯ ᠳᠤ ᠲᠣᠬᠢᠷᠠᠭᠤᠯᠤᠯᠲᠠ ᠬᠢᠵᠦ ᠂ ᠴᠠᠭ ᠤᠨ ᠬᠤᠷᠳᠤᠴᠠ ᠶᠢ 120 ᠺᠢᠯᠣᠮᠧᠲᠷ ᠢᠶᠠᠷ ᠬᠢᠵᠠᠭᠠᠷᠯᠠᠬᠤ ᠵᠠᠮ ᠤᠨ ᠬᠡᠰᠡᠭ ᠤᠨ ᠡᠵᠡᠯᠡᠬᠦ ᠬᠠᠷᠢᠴᠠᠯ 18% ᠪᠠᠶᠢᠭᠰᠠᠨ ᠠᠴᠠ ᠨᠡᠮᠡᠭᠳᠡᠭᠡᠳ 71% ᠪᠣᠯᠪᠠ ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠥᠷᠭᠦᠯᠵᠢᠯᠡᠨ ᠰᠢᠯᠢᠳᠡᠭᠵᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠨ ᠂ ᠠᠵᠤ ᠠᠬᠤᠶᠢᠯᠠᠯ ᠳᠤ ᠭᠠᠶᠢᠯᠢ ᠬᠥᠩᠭᠡᠯᠡᠨ ᠰᠦᠢᠳᠬᠡᠯ ᠪᠠᠭᠤᠷᠠᠭᠤᠯᠤᠭᠰᠠᠨ ᠵᠢᠴᠢ ᠭᠠᠶᠢᠯᠢ ᠪᠤᠴᠠᠭᠠᠭᠰᠠᠨ ᠨᠢ 300 ᠳ᠋ᠦᠩᠰᠢᠭᠤᠷ ᠲᠥᠭᠦᠷᠢᠭ ᠪᠠᠶᠢᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠭᠤᠳ ᠬᠦᠷᠭᠡᠬᠦ ᠪᠡᠯᠡ ᠮᠥᠩᠭᠦ 13.7 ᠳ᠋ᠦᠩᠰᠢᠭᠤᠷ ᠲᠥᠭᠦᠷᠢᠭ ᠲᠤ ᠬᠦᠷᠴᠦ ᠂ ᠲᠦᠭᠡᠮᠡᠯ ᠬᠠᠷᠠᠭᠠᠯᠵᠠᠯ ᠤᠨ ᠬᠡᠯᠪᠡᠷᠢᠲᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 14% ᠪᠠᠷ ᠨᠡᠮᠡᠭᠳᠡᠨ ᠂ ︽ᠥᠨᠳᠥᠷ ᠪᠦᠲᠦᠮᠵᠢᠳᠠᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ ︾ ᠠᠵᠢᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ 13 ᠵᠦᠢᠯᠡᠰ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢᠯᠡᠰ ᠢ ᠨᠡᠶᠢᠲᠡᠯᠡᠨ ᠂ ᠭᠤᠭᠴᠤᠭ᠎ᠠ ᠴᠠᠭ ᠮᠠᠲ᠋ᠧᠷᠢᠶᠠᠯ ᠢ ᠴᠥᠮ 70% ᠠᠴᠠ ᠳᠡᠭᠡᠭᠰᠢ ᠪᠠᠭᠠᠰᠬᠠᠨ ᠬᠠᠰᠤᠵᠤ ᠂ ᠠᠷᠠᠳ ᠠᠴᠠ ᠡᠵᠡᠩᠨᠡᠭᠰᠡᠨ ᠡᠵᠡᠩᠨᠡᠯᠲᠡ ᠶᠢᠨ ᠭᠤᠣᠯ ᠴᠣᠭᠴᠠ 16.4 ᠲᠦᠮᠡᠨ ᠡᠷᠦᠬᠡ ᠪᠣᠳᠠᠲᠠᠢ ᠨᠡᠮᠡᠭᠳᠡᠨ ᠂ 6.4% ᠪᠠᠷ ᠨᠡᠮᠡᠭᠳᠡᠵᠦ ᠂ ᠶᠢᠩ ᠰᠧ ᠲᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠨᠢ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠢᠶᠠᠷ ᠰᠲ᠋ᠣᠺ ᠤᠨ ᠵᠠᠬ᠎ᠠ ᠳᠤ ᠭᠠᠷᠪᠠ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠦᠷᠭᠡᠳᠬᠡᠨ ᠪᠠᠶᠢᠭᠤᠯᠵᠤ ᠂ ᠬᠥᠯᠥᠰᠦ ᠣᠯᠭᠤᠮᠵᠢ ᠬᠢᠭᠡᠳ ᠦᠷ᠎ᠡ ᠠᠰᠢᠭ ᠢ ᠪᠠᠲᠤᠯᠠᠭᠠᠲᠤ ᠴᠢᠨᠠᠷᠲᠠᠢ ᠪᠠᠷ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠦᠨ ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠢ ᠲᠤᠭ᠎ᠠ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ ᠪᠦᠬᠦ ᠤᠯᠤᠰ ᠤᠨ 500 ᠬᠦᠴᠦᠷᠬᠡᠭ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠴᠠᠬᠢᠯᠭᠠᠨ ᠬᠦᠴᠦᠨ ᠤ ᠪᠦᠯᠦᠭᠯᠡᠯ 11 ᠨᠡᠷᠡᠰ ᠳᠠᠪᠰᠢᠵᠤ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠰᠢᠭ ᠣᠯᠵᠠᠪᠤᠷᠢ ᠶᠢᠨ ᠨᠡᠮᠡᠭᠳᠡᠯ ᠤᠨ ᠬᠤᠷᠳᠤᠴᠠ ᠠᠵᠢᠯ ᠲᠦᠷᠦᠯ ᠤᠨ ᠳᠤᠮᠳᠠᠴᠢ ᠬᠢᠷᠢ ᠲᠦᠪᠰᠢᠨ ᠠᠴᠠ 33 ᠵᠠᠭᠤᠨ ᠤ ᠬᠤᠪᠢ ᠶᠢᠨ ᠴᠡᠭ ᠥᠨᠳᠥᠷ ᠪᠠᠶᠢᠵᠤ ᠂ ᠡᠨᠧᠷᠬᠢ ᠶᠢᠨ ᠪᠦᠯᠦᠭᠯᠡᠯ ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠺᠣᠮᠫᠠᠨᠢ ᠶᠢᠨ ᠠᠰᠢᠭ ᠣᠯᠵᠠᠪᠤᠷᠢ ᠲᠤᠰ ᠪᠦᠷᠢ 1 ᠳᠠᠬᠢᠨ ᠪᠠ 15 ᠳᠠᠬᠢᠨ ᠨᠡᠮᠡᠭᠳᠡᠨ ᠂ ᠵᠠᠮ ᠬᠠᠷᠢᠯᠴᠠᠭᠠᠨ ᠤ ᠪᠦᠯᠦᠭᠯᠡᠯ ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠡᠵᠡᠩᠨᠡᠯᠲᠡ ᠶᠢᠨ ᠣᠷᠣᠯᠭ᠎ᠠ ᠲᠣᠰ ᠪᠦᠷᠢ 1.1 ᠳᠠᠬᠢᠨ ᠪᠠ 4.3 ᠳᠠᠬᠢᠨ ᠨᠡᠮᠡᠭᠳᠡᠪᠡ ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠴᠤᠪᠤᠷᠠᠯ ᠤᠨ ᠬᠤᠭᠤᠴᠠᠭᠠᠲᠤ ᠦᠢᠯᠡᠳᠦᠯ ᠢ ᠰᠢᠯᠢᠳᠡᠭᠵᠢᠭᠦᠯᠬᠦ ᠂ ᠪᠡᠯᠡ ᠮᠥᠩᠭᠦᠨ ᠤ ᠬᠠᠮᠢᠶᠠᠷᠤᠯᠲᠠ ᠶᠢᠨ ᠡᠷᠬᠡ ᠮᠡᠳᠡᠯ ᠢ ᠠᠭᠤᠵᠢᠭᠤ ᠲᠠᠯᠪᠢᠬᠤ ᠵᠡᠷᠭᠡ ᠨᠢᠭᠡ ᠪᠦᠯᠦᠭ ᠥᠭᠡᠷᠡᠴᠢᠯᠡᠯᠲᠡ ᠶᠢᠨ ᠵᠦᠢᠯᠡᠰ ᠢ ᠨᠡᠶᠢᠲᠡᠯᠡᠪᠡ ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠨᠢ ᠥᠭᠡᠷᠡᠴᠢᠯᠡᠯᠲᠡ ᠪᠣᠯᠬᠤ ᠶᠢ ᠪᠠᠷᠢᠮᠲᠠᠯᠠᠨ ᠂ ᠲᠣᠭᠤᠷᠢᠨ ᠪᠠᠶᠢᠴᠠᠭᠠᠯᠲᠠ ᠂ ᠬᠢᠨᠠᠨ ᠪᠣᠳᠣᠯᠲᠠ ᠂ ᠲᠤᠭ᠎ᠠ ᠪᠦᠷᠢᠳᠬᠡᠯ ᠵᠡᠷᠭᠡ ᠬᠢᠨᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠳ ᠢ ᠬᠢᠨᠠᠮᠠᠭᠠᠢ ᠴᠡᠭᠴᠡᠯᠡᠨ ᠵᠠᠰᠠᠵᠤ ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠵᠠᠰᠠᠯᠲᠠ ᠶᠢ ᠪᠠᠶᠢᠩᠭᠤᠰᠢᠭᠤᠯᠤᠨ ᠠᠬᠢᠭᠤᠯᠵᠤ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠂ ᠡᠮ ᠡᠮᠨᠡᠯᠭᠡ ᠂ ᠮᠥᠩᠭᠦᠨ ᠭᠦᠢᠯᠭᠡᠭᠡ ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶ᠎ᠡ ᠴᠠᠷᠠᠭᠠᠨ ᠳᠠᠬᠢ ᠲᠣᠪᠣᠶᠢᠮ᠎ᠠ ᠠᠰᠠᠭᠤᠳᠠᠯ ᠤᠳ ᠢ ᠭᠦᠨᠵᠡᠭᠡᠢ ᠴᠡᠭᠴᠡᠯᠡᠨ ᠵᠠᠰᠠᠪᠠ ᠃

      ᠨᠢᠭᠡ ᠵᠢᠯ ᠤᠨ ᠲᠤᠷᠰᠢ ᠂ ᠪᠢᠳᠡ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ ᠂ ᠨᠦᠭᠦᠭᠡ ᠲᠠᠯ᠎ᠠ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠨ ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠪᠡ ᠃ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ 13% ᠪᠠᠷ ᠨᠡᠮᠡᠭᠳᠡᠨ ᠂ ᠪᠦᠬᠦ ᠤᠯᠤᠰ ᠤᠨ 2 ᠳ᠋ᠤᠭᠠᠷ ᠪᠠᠶᠢᠷᠢ ᠪᠠᠨ ᠪᠠᠲᠤᠯᠠᠵᠤ ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠲᠠ 9100 ᠳ᠋ᠦᠩᠰᠢᠭᠤᠷ ᠲᠥᠭᠦᠷᠢᠭ ᠢ ᠳᠠᠪᠠᠵᠤ ᠂ ᠪᠣᠣ ᠹᠧᠩ ᠤᠨ ᠪᠦᠬᠦ ᠪᠥᠮᠪᠥᠷᠴᠡᠭ ᠲᠤ ᠳᠠᠩ ᠭᠠᠭᠴᠠ ᠦᠢᠯᠡᠳᠪᠦᠷᠢ ᠶᠢᠨ ᠬᠡᠪᠴᠢᠶᠡᠵᠢᠯ ᠢᠶᠠᠷ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ ᠪᠣᠬᠢᠷᠳᠤᠯ ᠦᠭᠡᠢ ᠣᠰᠣᠳᠦ᠋ᠷᠦᠭᠴᠢ ᠶᠢ ᠡᠪᠴᠡᠯᠳᠦᠭᠦᠯᠬᠦ ᠂ ᠯᠦᠩ ᠵᠢᠢ ᠭᠡᠷᠡᠯᠴᠢ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠬᠤ ᠂ ᠤᠮᠠᠷᠠᠲᠤ ᠶᠢᠨ ᠬᠤᠪᠣᠷ ᠰᠢᠷᠣᠢ ᠶᠢᠨ ᠪᠦᠬᠦ ᠪᠥᠮᠪᠥᠷᠴᠡᠭ ᠲᠤ ᠬᠡᠪᠴᠢᠶᠡᠵᠢᠯ ᠢᠶᠠᠷ ᠬᠠᠮᠤᠭ ᠤᠨ ᠶᠡᠭᠡ ᠬᠠᠮᠤᠭ ᠤᠨ ᠲᠡᠷᠢᠭᠦᠨ ᠤ ᠬᠠᠶᠢᠯᠤᠭᠤᠯᠤᠨ ᠪᠣᠯᠪᠠᠰᠣᠷᠠᠭᠤᠯᠵᠦ ᠬᠤᠪᠢᠶᠠᠨ ᠰᠠᠯᠭᠠᠬᠤ ᠵᠡᠷᠭᠡ ᠠᠵᠤ ᠦᠢᠯᠡᠰ ᠤᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠪᠠ ︔ ᠵᠢᠨᠢᠩ ᠠᠴᠠ ᠳ᠋ᠠᠲ᠋ᠦ᠋ᠩ ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ ᠢ ᠨᠡᠪᠲᠡᠷᠡᠭᠦᠯᠦᠨ ᠠᠵᠢᠯᠯᠠᠭᠤᠯᠵᠤ ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ ᠂ ᠵᠡᠭᠦᠨᠰᠢ ᠪᠠᠷᠠᠭᠤᠨᠰᠢᠬᠢ ᠲᠦᠷᠭᠡᠨ ᠤ ᠵᠠᠰᠠᠮᠠᠯ ᠵᠠᠮ ᠤᠨ ᠶᠡᠭᠡ ᠨᠡᠪᠲᠡᠷᠡᠯ ᠵᠠᠮ ᠢ ᠪᠦᠬᠦ ᠱᠤᠭᠤᠮ ᠢᠶᠠᠷ ᠨᠡᠪᠲᠡᠷᠡᠭᠦᠯᠦᠨ ᠂ ᠬᠦᠬᠡᠬᠤᠳᠠ ᠶᠢᠨ ᠱᠧᠩᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠭᠤᠣᠯ ᠴᠣᠭᠴᠠᠲᠤ ᠪᠠᠷᠢᠯᠭ᠎ᠠ ᠦᠨᠳᠦᠰᠦᠨ ᠳᠤ ᠪᠠᠨ ᠠᠵᠢᠯ ᠳᠠᠭᠤᠰᠴᠤ ᠂ ᠱᠧᠩᠯᠢ ᠠᠴᠠ ᠵᠠᠩᠪᠧᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠢᠨᠵᠧᠨᠧᠷᠢᠩ ᠢ ᠡᠬᠢᠯᠡᠭᠦᠯᠦᠨ ᠠᠵᠢᠯᠯᠠᠭᠤᠯᠵᠤ ᠂ ᠡᠭᠦᠯᠡᠨ ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠣᠯᠲᠠ 40% ᠠᠴᠠ ᠳᠡᠭᠡᠭᠰᠢ ᠨᠡᠮᠡᠭᠳᠡᠪᠡ ᠃ ᠵᠢᠱᠢᠯᠲᠡ ᠪᠠᠷ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 4% ᠪᠠᠷ ᠨᠡᠮᠡᠭᠳᠡᠨ ᠂ ᠮᠠᠰᠢᠨ ᠲᠡᠷᠭᠡ ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠨᠢ 300 ᠭᠠᠷᠤᠢ ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠦ ᠂ ᠲᠦᠷᠦᠭᠦᠴᠢ ᠳᠡᠯᠭᠡᠭᠦᠷ ᠂ ᠬᠤᠰᠢᠭᠤᠴᠢ ᠳᠡᠯᠭᠡᠭᠦᠷ ᠢ 168 ᠰᠢᠨ᠎ᠡ ᠪᠠᠷ ᠣᠷᠣᠭᠤᠯᠤᠨ ᠠᠪᠴᠢᠷᠠᠵᠤ ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ ︾᠂ ︽ᠳᠡᠯᠭᠡᠷ ᠨᠠᠭᠠᠳᠤᠮ ︾  ᠨᠢ ᠵᠢᠭᠤᠯᠴᠢᠯᠠᠯ ᠤᠨ ᠰᠢᠨ᠎ᠡ ᠬᠥᠭ ᠠᠶᠠᠰ ᠢ ᠴᠢᠪᠬᠠᠳᠠᠵᠤ ᠂ ᠷᠠᠰᠢᠶᠠᠨ ᠤ ᠤᠯᠤᠰ ᠤᠨ ᠳᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠠ ᠯᠣᠣ ᠨᠢᠦ ᠸᠠᠨ ᠬᠠᠲᠣᠨ ᠭᠤᠣᠯ ᠤᠨ ᠶᠡᠭᠡ ᠬᠠᠪᠴᠢᠯ ᠂ ᠮᠡᠷᠭᠡᠯ ᠭᠤᠣᠯ 5A ᠳᠡᠰ ᠤᠨ ᠦᠵᠡᠮᠵᠢ ᠶᠢᠨ ᠣᠷᠣᠨ ᠬᠢᠨᠠᠨ ᠵᠥᠪᠰᠢᠶᠡᠷᠡᠭᠳᠡᠵᠦ ᠂ ᠪᠦᠬᠦ ᠣᠷᠣᠨ ᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.73 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ ᠂ 4140 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠦᠨ ᠂ 18.6% ᠪᠠ 23.4% ᠪᠠᠷ ᠨᠡᠮᠡᠭᠳᠡᠪᠡ ᠃ᠤᠮᠠᠷᠠᠲᠤ ᠬᠢᠯᠢ ᠶᠢᠨ ᠰᠣᠶᠣᠯ ᠢ ᠰᠤᠳᠤᠯᠵᠤ ᠵᠣᠬᠢᠶᠠᠨ ᠪᠦᠲᠦᠭᠡᠵᠦ ᠤᠯᠠᠮᠵᠢᠯᠠᠬᠤ ᠶᠢ ᠴᠢᠩᠭᠠᠳᠬᠠᠨ ᠂ ᠶᠤᠸᠠᠨ ᠤ ᠳᠡᠭᠡᠳᠦ ᠨᠡᠶᠢᠰᠯᠡᠯ ᠂ ᠴᠢᠨ ᠤ ᠴᠢᠬᠡ ᠵᠠᠮ ᠤᠨ ᠪᠠᠭᠤᠷᠢ ᠂ ᠤᠳᠠ ᠶᠢᠨ ᠫᠧᠷᠮᠢ ᠭᠠᠯᠪᠠ ᠶᠢᠨ ᠤᠷᠭᠤᠮᠠᠯ ᠬᠤᠴᠢᠯᠭ᠎ᠠ ᠶᠢᠨ ᠴᠢᠯᠠᠭᠤᠵᠢᠮᠠᠯ ᠤᠨ ᠭᠠᠷᠤᠯᠲᠠ ᠶᠢᠨ ᠣᠷᠣᠨ ᠤ ᠬᠠᠮᠠᠭᠠᠯᠠᠯᠲᠠ ᠢᠳᠡᠪᠬᠢ ᠠᠬᠢᠯᠲᠠ ᠲᠠᠢ ᠪᠣᠯᠵᠤ ᠂ ᠬᠤᠩᠱᠠᠨ ᠰᠣᠶᠣᠯ ᠤᠨ ᠬᠠᠭᠤᠴᠢᠨ ᠤ ᠰᠤᠳᠤᠯᠤᠯ ᠤᠨ ᠲᠠᠯ᠎ᠠ ᠪᠠᠷ ᠪᠠᠰᠠ ᠴᠢᠬᠤᠯᠠ ᠶᠡᠭᠡ ᠢᠯᠡᠷᠡᠭᠦᠯᠦᠯᠲᠡ ᠲᠠᠢ ᠪᠠᠶᠢᠵᠤ ᠂ ᠪᠠᠳᠠᠢ ᠶᠢᠨ ᠵᠢᠷᠠᠨ ᠡᠯᠡᠰᠦ – ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ ᠢ ᠠᠮᠵᠢᠯᠲᠠ ᠲᠠᠢ ᠪᠠᠷ ᠥᠪ ᠢᠶᠠᠷ ᠭᠤᠶᠤᠴᠢᠯᠠᠪᠠ ᠂ ᠲᠧᠯᠸᠢᠰ ᠵᠦᠴᠦᠭᠡ ︽ᠠᠬᠠᠮᠠᠳ ᠦᠶ᠎ᠡ ᠶᠢᠨ ᠢᠷᠠᠭᠤ ᠠᠯᠳᠠᠷ ︾  ᠨᠢ ︽ᠲᠠᠪᠤᠨ ᠨᠢᠭᠡ ᠶᠢᠨ ᠢᠨᠵᠧᠨᠧᠷᠢᠩ ︾ ᠤᠨ ᠱᠠᠩᠨᠠᠯ ᠬᠦᠷᠲᠡᠵᠦ ᠂ ᠤᠯᠠᠭᠠᠨᠮᠥ᠋ᠴᠢᠷ ᠨᠢ ᠪᠡᠭᠡᠵᠢᠩ ᠱᠠᠩᠬᠠᠢ ᠭᠤᠸᠠᠩᠵᠧᠦ ᠵᠡᠷᠭᠡ 25 ᠮᠤᠵᠢ ᠬᠤᠳᠠ ᠪᠠᠷ 760 ᠭᠠᠷᠤᠢ ᠲᠠᠯᠠᠪᠤᠷ ᠲᠣᠭᠤᠷᠢᠨ ᠲᠣᠭᠯᠠᠵᠤ ᠂ ︽ᠮᠣᠷᠢᠲᠤ ᠴᠡᠷᠢᠭ ︾ ᠵᠡᠷᠭᠡ ᠤᠳᠬ᠎ᠠ ᠤᠷᠠᠯᠢᠭ ᠤᠨ ᠪᠦᠲᠦᠭᠡᠯ ᠤᠨ ᠦᠵᠡᠭᠦᠯᠭᠡ ᠶᠢᠨ ᠲᠤᠭᠯᠠᠯᠲᠠ ᠶᠢᠨ ᠲᠠᠯᠠᠪᠤᠷ ᠪᠣᠯᠭᠠᠨ ᠳᠤ ᠦᠵᠡᠭᠴᠢᠳ ᠳᠦᠭᠦᠷᠴᠦ ᠂ ︽ᠤᠮᠠᠷᠠᠲᠤ ᠬᠢᠯᠢ ᠶᠢᠨ ᠰᠣᠶᠣᠯ ᠤᠨ ᠡᠬᠡ ᠤᠯᠤᠰ ᠲᠠᠬᠢ ᠠᠶᠠᠯᠠᠯ ︾ ᠢ ᠪᠦᠬᠦ ᠤᠯᠤᠰ ᠲᠤ ᠬᠠᠩᠭᠢᠨᠠᠭᠤᠯᠪᠠ ᠃ ᠠᠷᠠᠳ ᠤᠨ ᠠᠮᠢᠳᠤᠷᠠᠯ ᠤᠨ ᠦᠢᠯᠡᠰ ᠲᠠᠰᠤᠷᠠᠯᠲᠠ ᠦᠭᠡᠢ ᠰᠢᠨ᠎ᠡ ᠠᠬᠢᠯᠲᠠ ᠲᠠᠢ ᠪᠣᠯᠵᠤ ᠂ ᠵᠢᠱᠢᠯᠲᠡ ᠪᠠᠷ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠨᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ  ᠪᠠᠨ ᠠᠳᠠᠯᠢ ᠪᠠᠶᠢᠵᠤ ᠂ ᠬᠤᠲᠠ ᠪᠠᠯᠭᠠᠰᠤᠨ ᠤ 20.1 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠨ ᠂ ᠵᠢᠯ ᠤᠨ ᠡᠬᠢᠨ ᠳᠤ ᠠᠮᠠᠯᠠᠭᠰᠠᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠵᠦ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠮᠥᠩᠭᠦ ᠂ ᠵᠡᠮᠳᠡᠭᠴᠦᠳ ᠤᠨ ᠨᠡᠮᠡᠭᠦᠷᠢ ᠵᠡᠷᠭᠡ 5 ᠵᠦᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠪᠠ ︔ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ᠰᠢᠨ᠎ᠡ ᠪᠠᠷ ᠪᠡᠯᠡᠳᠬᠡᠨ ᠪᠠᠶᠢᠭᠤᠯᠵᠤ ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3460 ᠡᠷᠣᠭᠡ ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠪᠡ ︔ ᠪᠦᠢᠲᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠦᠴᠦᠨ ᠤ ᠲᠣᠣᠷ ᠢ ᠤᠷᠲᠤᠳᠬᠠᠬᠤ ᠵᠢᠴᠢ ᠰᠢᠨ᠎ᠡ ᠡᠨᠧᠷᠬᠢ ᠶᠢᠨ ᠴᠠᠬᠢᠯᠭᠠᠨ ᠨᠠᠪᠲᠠᠷᠡᠭᠦᠯᠵᠦ ᠳᠡᠰ ᠳᠡᠪᠰᠢᠭᠦᠯᠬᠦ ᠢᠨᠵᠧᠨᠧᠷᠢᠩ ᠢ ᠪᠦᠭᠦ ᠲᠠᠯ᠎ᠠ ᠪᠠᠷ ᠪᠡᠶᠡᠯᠡᠭᠦᠯᠪᠡ ︔ ᠨᠢᠯᠬ᠎ᠠ ᠨᠢᠷᠠᠢ ᠬᠡᠦᠬᠡᠳ ᠰᠠᠭᠠᠲᠠᠭᠤᠯᠬᠤ ᠣᠷᠣ ᠶᠢ 1.8 ᠲᠦᠮᠡ ᠂ ᠰᠠᠭᠤᠷᠢ ᠰᠤᠷᠭᠠᠨ ᠬᠥᠮᠦᠵᠢᠯ ᠤᠨ ᠰᠤᠷᠤᠯᠭ᠎ᠠ ᠶᠢᠨ ᠣᠷᠣ ᠶᠢ 3.8 ᠲᠦᠮᠡ ᠰᠢᠨ᠎ᠡ ᠪᠠᠷ ᠨᠡᠮᠡᠭᠳᠡᠭᠦᠯᠵᠦ ᠂ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠢ 22 ᠰᠢᠨ᠎ᠡ ᠪᠠᠷ ᠲᠣᠬᠢᠷᠠᠭᠤᠯᠵᠤ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠠᠵᠤ ᠠᠬᠤᠶᠢᠯᠠᠯ ᠳᠤ ᠵᠠᠬᠢᠶᠠᠯᠠᠭ᠎ᠠ ᠮᠠᠶ᠋ᠢᠭ ᠢᠶᠠᠷ ᠮᠡᠷᠭᠡᠰᠢᠯᠲᠦ ᠴᠢᠳᠠᠪᠤᠷᠢᠲᠠᠨ ᠢ 3.1 ᠲᠦᠮᠡ ᠬᠥᠮᠥᠵᠢᠭᠦᠯᠵᠦ ᠥᠭᠪᠡ ︔ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠂ ᠰᠢᠤᠸᠠᠨ ᠦ᠋ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠣᠷᠣᠨ ᠪᠦᠰᠡ ᠶᠢᠨ 2 ᠡᠮᠴᠢᠯᠡᠭᠡᠨ ᠤ ᠲᠥᠪ ᠰᠢᠨ᠎ᠡ ᠪᠠᠷ ᠫᠠᠶᠢᠰᠠ ᠡᠯᠭᠦᠨ ᠪᠠᠶᠢᠭᠤᠯᠤᠭᠳᠠᠵᠤ ᠂ ᠨᠢᠭᠲᠠ ᠬᠡᠯᠪᠡᠷᠢ ᠪᠦᠬᠦᠢ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ 61 ᠪᠠᠶᠢᠭᠤᠯᠵᠤ ᠂ ᠪᠦᠬᠦ ᠣᠷᠣᠨ ᠤ 333 ᠡᠷᠦᠬᠡ ᠡᠮᠴᠢᠯᠡᠭᠡᠨ ᠤ ᠪᠠᠶᠢᠭᠤᠯᠤᠮᠵᠢ ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ ᠂ ᠡᠮ ᠡᠮᠨᠡᠯᠭᠡ ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠨᠢ ᠣᠯᠠᠨ ᠲᠦᠮᠡᠨ ᠤ ᠡᠮᠨᠡᠭᠦᠯᠬᠦ ᠳᠠᠷᠤᠭᠠᠰᠤ ᠶᠢ 172 ᠳ᠋ᠦᠩᠰᠢᠭᠤᠷ ᠲᠥᠭᠦᠷᠢᠭ ᠬᠥᠩᠭᠡᠷᠡᠭᠦᠯᠪᠡ ︔ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠂ ᠡᠷᠡᠭᠲᠡᠢ ᠶᠢᠨ ᠪᠦᠢᠺᠦ ᠪᠥᠮᠪᠦᠭᠡ ᠶᠢᠨ ᠠᠽᠢᠶ᠎ᠠ ᠲᠢᠪ ᠬᠤᠨᠳᠠᠭᠠᠲᠤ ᠬᠤᠯᠪᠣᠭᠠᠲᠤ ᠣᠷᠣᠯᠳᠣᠭᠠᠨ ᠂ ᠪᠦᠬᠦ ᠤᠯᠤᠰ ᠤᠨ ᠫᠢᠩᠫᠠᠩ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠣᠷᠣᠯᠳᠣᠭᠠᠨ ᠵᠡᠷᠭᠡ ᠴᠢᠬᠤᠯᠠ ᠶᠡᠭᠡ ᠣᠷᠣᠯᠳᠣᠭᠠᠨ ᠤ ᠶᠠᠪᠤᠳᠠᠯ ᠢ ᠠᠮᠵᠢᠯᠲᠠ ᠲᠠᠢ ᠡᠷᠬᠢᠯᠡᠨ ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠣᠷᠣᠨ ᠤ ᠲᠠᠮᠢᠷᠴᠢᠨ 1 ᠠᠯᠲᠠᠨ ᠮᠧᠳᠠᠯ 1 ᠮᠥᠩᠭᠦᠨ ᠮᠧᠳᠠᠯ ᠤᠨ ᠲᠡᠦᠬᠡᠨ ᠳᠡᠭᠡᠷᠡᠬᠢ ᠬᠠᠮᠤᠭ ᠤᠨ ᠰᠠᠶᠢᠨ ᠬᠢᠷᠢ ᠪᠦᠲᠦᠮᠵᠢ ᠣᠯᠪᠠ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠴᠠ ᠪᠦᠬᠦ ᠲᠠᠯ᠎ᠠ ᠶᠢᠨ ᠬᠠᠮᠲᠤᠷᠠᠯᠴᠠᠭ᠎ᠠ ᠲᠡᠶᠢᠰᠢ ᠥᠷᠭᠡᠳᠴᠦ ᠂ ᠪᠡᠭᠡᠵᠢᠩ ᠤᠨ ᠠᠵᠤ ᠠᠬᠤᠶᠢᠯᠠᠯ ᠰᠠᠭᠤᠷᠢᠰᠢᠵᠤ ᠪᠡᠯᠡ ᠣᠷᠣᠭᠤᠯᠤᠭᠰᠠᠨ ᠲᠤᠭ᠎ᠠ 175 ᠳ᠋ᠦᠩᠰᠢᠭᠤᠷ ᠲᠥᠭᠦᠷᠢᠭ ᠲᠤ ᠬᠦᠷᠴᠦ ᠂ ᠲᠠᠷᠢᠶᠠᠯᠠᠬᠤ ᠮᠠᠯᠵᠢᠬᠤ ᠣᠷᠣᠨ ᠤ 7 ᠲᠦᠮᠡ ᠭᠠᠷᠤᠢ ᠬᠦᠳᠡᠯᠮᠦᠷᠢ ᠬᠦᠴᠦᠨ ᠤ ᠠᠵᠢᠯ ᠣᠯᠭᠤᠯᠲᠠ ᠶᠢ ᠳᠠᠶᠢᠴᠢᠯᠠᠨ ᠂ ᠪᠡᠭᠡᠵᠢᠩ ᠤᠨ 1000 ᠭᠠᠷᠤᠢ ᠪᠠᠭᠰᠢ ᠡᠮᠴᠢ ᠲᠤᠰᠬᠠᠢ ᠮᠡᠷᠭᠡᠵᠢᠯᠲᠡᠨ ᠮᠠᠨ ᠤ ᠣᠷᠣᠨ ᠳᠤ ᠦᠢᠯᠡᠴᠢᠯᠡᠭᠡ ᠥᠷᠨᠢᠭᠦᠯᠵᠦ ᠂ ᠮᠠᠨ ᠤ ᠣᠷᠣᠨ ᠤ 308 ᠳ᠋ᠦᠩᠰᠢᠭᠤᠷ ᠲᠥᠭᠦᠷᠢᠭ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠰᠯᠡᠯ ᠳᠤ ᠣᠷᠣᠭᠤᠯᠵᠤ ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭ᠎ᠠ ᠪᠠᠶᠢᠭᠤᠯᠤᠭᠳᠠᠨ ᠠᠵᠢᠯᠯᠠᠵᠤ ᠡᠬᠢᠯᠡᠪᠡ ᠃

      ᠨᠢᠭᠡ ᠵᠢᠯ ᠤᠨ ᠲᠤᠷᠰᠢ ᠂ ᠪᠢᠳᠡ ᠰᠢᠨ᠎ᠡ ᠴᠠᠭ ᠦᠶ᠎ᠡ ᠶᠢᠨ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠳᠠᠭᠠᠵᠦ ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠣᠷᠠᠯᠲᠠ ᠦᠭᠡᠢ ᠴᠢᠩᠭᠠᠳᠬᠠᠪᠠ ᠃ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠪᠠ ᠃ ᠣᠯᠠᠨ ᠠᠷᠪᠢᠨ ᠬᠦᠴᠢᠷ ᠪᠡᠷᠬᠡ ᠥᠷᠢᠰᠦᠯᠳᠦᠭᠡᠨ ᠲᠤᠯᠭᠠᠷᠠᠭᠰᠠᠨ ᠪᠠᠶᠢᠳᠠᠯ ᠳᠣᠣᠷ᠎ᠠ ᠂ ᠡᠯ᠎ᠡ ᠱᠠᠲᠤᠨ ᠤ ᠵᠠᠰᠠᠭ ᠤᠨ ᠣᠷᠳᠣᠨ ᠢᠮᠠᠭᠲᠠ ᠨᠠᠮ ᠤᠨ ᠬᠤᠷᠢᠶᠠᠨ ᠤ ᠳᠠᠭᠠᠭᠤᠯᠭ᠎ᠠ ᠳᠤ ᠴᠢᠩᠭ᠎ᠠ ᠲᠦᠰᠢᠭᠯᠡᠵᠦ ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ ᠂ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢᠶᠠᠨ ᠬᠥᠪᠴᠢᠯᠡᠨ ᠂ ᠪᠦᠬᠦ ᠵᠢᠯ ᠤᠨ ᠬᠠᠷᠠᠯᠲᠠ ᠶᠢ ᠴᠢᠩᠭ᠎ᠠ ᠠᠩᠬᠠᠷᠴᠤ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠵᠣᠷᠢᠭᠲᠠᠢ ᠤᠷᠤᠭᠰᠢᠯᠠᠨ ᠳᠠᠪᠰᠢᠪᠠ ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ 18 ᠬᠤᠪᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠪᠠᠷ ᠳᠡᠪᠰᠢᠭᠦᠯᠵᠦ ᠂ 12 ᠬᠤᠪᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 680 ᠬᠤᠪᠢ ᠰᠠᠨᠠᠭᠤᠯᠭ᠎ᠠ ᠂ ᠤᠯᠤᠰ ᠲᠦᠷᠦ ᠶᠢᠨ ᠵᠥᠪᠯᠡᠯᠭᠡᠨ ᠤ 895 ᠬᠤᠪᠢ ᠰᠠᠨᠠᠯ ᠳᠤᠷᠠᠳᠤᠯᠭ᠎ᠠ ᠶᠢ ᠴᠠᠭ ᠲᠤ ᠪᠠᠨ ᠭᠦᠢᠴᠡᠳᠬᠡᠨ ᠬᠠᠷᠢᠭᠤ ᠥᠭᠪᠡ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ ︾ ᠰᠤᠷᠲᠠᠯ ᠤᠨ ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ ᠵᠠᠰᠠᠪᠠ ᠃

      ᠲᠥᠯᠥᠭᠡᠯᠡᠭᠴᠢᠳ ᠠ᠋ ︕ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ ᠂ ᠲᠤᠯᠭᠠᠷᠠᠭᠰᠠᠨ ᠠᠰᠠᠭᠤᠳᠠᠯ ᠬᠡᠳᠦᠶᠢᠪᠡᠷ ᠵᠢᠯ ᠤᠨ ᠡᠬᠢᠨ ᠳᠤ ᠲᠥᠰᠥᠭᠡᠯᠡᠭᠰᠡᠨ ᠠᠴᠠ ᠣᠯᠠᠨ ᠂ ᠥᠷᠢᠰᠦᠯᠳᠦᠭᠡᠨ ᠨᠢ ᠴᠦ ᠲᠥᠰᠥᠭᠡᠯᠡᠭᠰᠡᠨ ᠠᠴᠠ ᠶᠡᠭᠡ ᠂ ᠣᠨᠴᠠᠭᠠᠶᠢᠯᠠᠨ ᠳᠣᠣᠷ᠎ᠠ ᠬᠠᠭᠠᠰ ᠵᠢᠯ ᠳᠤ ᠵᠠᠬ᠎ᠠ ᠳᠡᠯᠭᠡᠭᠦᠷ ᠤᠨ ᠪᠠᠶᠢᠳᠠᠯ ᠵᠢᠱᠢᠭᠰᠡᠨ ᠬᠡᠮᠵᠢᠶᠡᠨ ᠳᠤ ᠬᠦᠷᠦᠭᠰᠡᠨ ᠦᠭᠡᠢ ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠢᠮᠳᠠᠷᠠᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠦᠢᠯᠡᠰ ᠪᠠᠭᠤᠷᠠᠯᠲᠠ ᠲᠠᠢ ᠪᠠᠶᠢᠬᠤ ᠵᠡᠷᠭᠡ ᠳᠠᠷᠤᠭᠠᠰᠤ ᠬᠦᠨᠳᠦᠷᠡᠭᠰᠡᠨ ᠪᠠᠶᠢᠳᠠᠯ ᠳᠣᠣᠷ᠎ᠠ ᠂ ᠪᠦᠬᠦ ᠵᠢᠯ ᠤᠨ ᠬᠥᠭᠵᠢᠯᠲᠡ ᠮᠥᠨ ᠴᠤ ᠲᠣᠭᠲᠠᠭᠤᠨ ᠪᠠᠶᠢᠬᠤ ᠶᠢᠨ ᠳᠠᠭᠠᠤ ᠤᠷᠤᠭᠰᠢᠯᠠᠨ ᠂ ᠥᠭᠡᠳᠡᠯᠡᠨ ᠳᠠᠪᠰᠢᠬᠤ ᠪᠠᠨ ᠪᠡᠶᠡᠯᠡᠭᠦᠯᠪᠡ ᠃ ᠡᠶᠢᠮᠦᠷᠬᠦᠦ ᠠᠮᠵᠢᠯᠲᠠ ᠪᠦᠲᠦᠮᠵᠢ ᠣᠯᠣᠭᠰᠠᠨ ᠤ ᠤᠭ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠷ ᠠᠳᠬᠤᠨ ᠵᠠᠮᠴᠢᠯᠠᠭᠰᠠᠨ ᠂ ᠳᠣᠲᠣᠨᠣ ᠬᠠᠯᠠᠮᠵᠢᠯᠠᠭᠰᠠᠨ ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠳᠤ ᠪᠣᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠣᠷᠣᠨ ᠳᠠᠶᠠᠭᠠᠷ ᠢ ᠤᠳᠤᠷᠢᠳᠤᠨ ᠳᠠᠭᠠᠭᠤᠯᠵᠤ ᠰᠡᠳᠬᠢᠯ ᠨᠢᠭᠡᠳᠦᠭᠦᠯᠦᠨ ᠪᠦᠯᠬᠦᠮᠳᠡᠭᠦᠯᠵᠦ ᠂ ᠬᠠᠲᠠᠭᠤ ᠪᠡᠷᠬᠡᠰᠢᠶᠡᠯ ᠢ ᠲᠣᠭᠤᠯᠣᠨ ᠳᠠᠪᠠᠵᠤ ᠂ ᠡᠷᠡᠮᠡᠬᠡᠶᠢᠯᠡᠨ ᠲᠡᠮᠡᠴᠡᠭᠰᠡᠨ ᠳᠤ ᠪᠣᠢ ᠃ ᠡᠭᠦᠨ ᠳᠤ ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ ᠂ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕

      ᠪᠢᠳᠡ ᠠᠮᠵᠢᠯᠲᠠ ᠪᠦᠳᠣᠮᠵᠢ ᠪᠠᠨ ᠭᠦᠢᠴᠡᠳ ᠬᠡᠯᠡᠬᠦ ᠶᠢᠨ ᠬᠠᠮᠲᠤ ᠂ ᠠᠰᠠᠭᠤᠳᠠᠯ ᠢᠶᠠᠨ ᠴᠦ ᠲᠤᠭᠤᠷᠠᠲᠠᠯ᠎ᠠ ᠶᠠᠷᠢᠬᠤ ᠬᠡᠷᠡᠭᠲᠡᠢ ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠨ ᠴᠦ ᠪᠠᠭ᠎ᠠ ᠪᠤᠰᠤ ᠳᠠᠷᠤᠯᠲᠠ ᠥᠷᠢᠰᠦᠯᠳᠦᠭᠡᠨ ᠲᠤᠯᠭᠠᠷᠠᠵᠤ ᠪᠤᠢ ᠃ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠠᠴᠠ ᠦᠵᠡᠪᠡᠯ ᠂ ᠮᠠᠨ ᠤ ᠣᠷᠣᠨ ᠤ ᠬᠡᠷᠡᠭᠯᠡᠭᠡ ᠪᠠᠭᠤᠷᠠᠢ ᠂ ᠭᠠᠳᠠᠭᠠᠳᠤ ᠭᠠᠷᠭᠠᠯᠲᠠ ᠴᠥᠭᠡᠨ ᠂ ᠠᠵᠤ ᠠᠬᠤᠢ ᠶᠢᠨ ᠨᠡᠮᠡᠭᠳᠡᠯ ᠳᠠᠬᠢ ᠳᠠᠶᠢᠴᠢᠯᠠᠬᠤ ᠬᠦᠴᠦᠨ ᠬᠢᠵᠠᠭᠠᠷᠲᠠᠢ ᠪᠠᠶᠢᠵᠤ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ ᠨᠢᠭᠡᠨᠲᠡ 3 ᠵᠢᠯ ᠳᠠᠷᠠᠭᠠᠯᠠᠨ ᠥᠨᠳᠥᠷ ᠨᠡᠮᠡᠭᠳᠡᠯ ᠲᠠᠢ ᠪᠠᠶᠢᠬᠤ ᠶᠢ ᠪᠡᠶᠡᠯᠡᠭᠦᠯᠦᠭᠰᠡᠨ ᠠᠴᠠ ᠦᠷᠭᠦᠯᠵᠢᠯᠡᠨ ᠥᠨᠳᠥᠷ ᠨᠡᠮᠡᠭᠳᠡᠯ ᠤᠨ ᠬᠤᠷᠳᠤᠴᠠ ᠶᠢ ᠪᠠᠲᠤᠯᠠᠬᠤ ᠳᠤ ᠪᠠᠭ᠎ᠠ ᠪᠤᠰᠤ ᠬᠦᠴᠢᠷᠳᠡᠯ ᠲᠤᠯᠭᠠᠷᠠᠬᠤ ᠶᠤᠮ ᠃ ᠠᠵᠤ ᠦᠢᠯᠡᠰ ᠤᠨ ᠲᠠᠯ᠎ᠠ ᠠᠴᠠ ᠦᠵᠡᠪᠡᠯ ᠂ ᠳᠡᠭᠡᠳᠦ ᠲᠡᠰᠵᠢᠬᠦᠯᠬᠦ ᠂ ᠣᠶᠤᠨᠴᠢᠯᠠᠬᠤ ᠂ ᠪᠣᠬᠢᠷᠳᠤᠯ ᠦᠭᠡᠢ ᠪᠣᠯᠭᠠᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠵᠤ ᠂ ᠠᠵᠤ ᠦᠢᠯᠡᠳᠪᠦᠷᠢ ᠭᠡᠰᠡᠨ ᠦᠭᠡᠢ ᠲᠠᠷᠢᠶᠠᠯᠠᠩ ᠮᠠᠯ ᠠᠵᠤ ᠠᠬᠤᠢ ᠭᠡᠰᠡᠨ ᠦᠭᠡᠢ ᠦᠢᠯᠡᠳᠬᠦᠨ ᠨᠢ ᠭᠤᠣᠯᠳᠠᠭᠤ ᠠᠵᠤ ᠦᠢᠯᠡᠰ ᠤᠨ ᠬᠡᠯᠬᠢᠶᠡᠨ ᠤ ᠳᠤᠮᠳᠠ ᠳᠡᠭᠡᠳᠦ ᠬᠡᠯᠬᠢᠶᠡᠨ ᠳᠤ ᠲᠥᠪᠯᠡᠷᠡᠵᠦ ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠨᠡᠮᠡᠭᠳᠡᠯ ᠬᠤᠷᠳᠤᠨ ᠪᠣᠯᠪᠠᠴᠣ ᠡᠵᠡᠯᠡᠬᠦ ᠬᠤᠪᠢ ᠶᠢᠨ ᠵᠢᠩ ᠪᠠᠭ᠎ᠠ ᠪᠠᠶᠢᠪᠠ ᠃ ᠬᠦᠴᠦᠨ ᠵᠦᠢᠯ ᠤᠨ ᠪᠠᠲᠤᠯᠠᠭ᠎ᠠ ᠶᠢᠨ ᠲᠠᠯ᠎ᠠ ᠠᠴᠠ ᠦᠵᠡᠪᠡᠯ ᠂ ᠮᠠᠨ ᠤ ᠣᠷᠣᠨ ᠤ ᠠᠮᠢ ᠠᠬᠤᠢ ᠬᠡᠪᠡᠷᠡᠭ ᠂ ᠣᠷᠴᠢᠨ ᠲᠣᠭᠤᠷᠢᠨ ᠤ ᠳᠠᠭᠠᠭᠠᠴᠠ ᠬᠢᠵᠠᠭᠠᠷᠲᠠᠢ ᠂ ᠤᠰᠤ ᠂ ᠭᠠᠵᠠᠷ ᠰᠢᠷᠣᠢ ᠂ ᠡᠨᠧᠷᠬᠢ ᠶᠢᠨ ᠬᠤᠷᠣᠭᠳᠠᠯ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ ᠠᠷᠪᠢᠯᠠᠨ ᠠᠰᠢᠭᠯᠠᠬᠤ ᠲᠦᠪᠰᠢᠨ ᠪᠠᠰᠠ ᠥᠨᠳᠥᠷ ᠪᠤᠰᠤ ᠪᠠᠶᠢᠨ᠎ᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠠᠴᠠ ᠦᠵᠡᠪᠡᠯ ᠂ ᠳᠡᠭᠡᠳᠦ ᠳᠡᠰ ᠤᠨ ᠴᠢᠳᠠᠪᠤᠷᠢᠲᠠᠨ ᠲᠤᠲᠠᠭᠳᠠᠵᠤ ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠬᠦᠷᠦᠯᠴᠡᠬᠦ ᠦᠭᠡᠢ ᠂ ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠳᠤᠲᠠᠮᠠᠭ ᠂ ᠵᠠᠬ᠎ᠠ ᠳᠡᠯᠭᠡᠭᠦᠷ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠰᠤᠯᠠᠪᠲᠤᠷ ᠪᠠᠶᠢᠨ᠎ᠠ ᠃ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠠᠴᠠ ᠦᠵᠡᠪᠡᠯ ᠂ ᠬᠥᠭᠵᠢᠯᠲᠡ ᠲᠡᠩᠴᠡᠭᠦᠷᠢ ᠦᠭᠡᠢ ᠠᠰᠠᠭᠤᠳᠠᠯ ᠲᠣᠪᠣᠶᠢᠮ᠎ᠠ ᠪᠠᠶᠢᠵᠤ ᠂ ᠬᠡᠳᠦᠶᠢᠪᠡᠷ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠳᠣᠲᠣᠷ᠎ᠠ ᠮᠠᠨ ᠤ ᠣᠷᠣᠨ ᠠᠴᠠ 4 ᠪᠠᠶᠢᠬᠤ ᠪᠣᠯᠪᠠᠴᠣ ᠂ ᠪᠠᠰᠠ 34 ᠬᠤᠰᠢᠭᠤ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠵᠠᠭᠤᠨ ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠪᠠᠶᠢᠭᠰᠠᠭᠠᠷ ᠶᠤᠮ ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠠᠴᠠ ᠦᠵᠡᠪᠡᠯ ᠂ ᠡᠨᠡ ᠵᠢᠯ ᠮᠠᠨ ᠤ ᠣᠷᠣᠨ ᠤ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ 17 ᠲᠦᠮᠡ ᠪᠠᠶᠢᠵᠤ ᠂ ᠣᠯᠠᠨ ᠲᠦᠮᠡᠨ ᠳᠤ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠳᠠᠷᠤᠭᠠᠰᠤ ᠤᠯᠠᠮ ᠨᠢᠭᠡ ᠠᠯᠬᠤᠮ ᠬᠦᠨᠳᠦᠷᠡᠵᠦ ᠂ ᠰᠤᠷᠭᠠᠨ ᠬᠥᠮᠦᠵᠢᠯ ᠂ ᠡᠮᠴᠢᠯᠡᠭᠡ ᠂ ᠨᠠᠰᠤᠵᠢᠯ ᠤᠨ ᠠᠰᠠᠷᠠᠮᠵᠢ ᠂ ᠨᠠᠶᠢᠳᠠᠵᠤ ᠰᠠᠭᠠᠲᠠᠭᠤᠯᠬᠤ ᠂ ᠣᠷᠣᠨ ᠰᠠᠭᠤᠴᠠ ᠂ ᠠᠮᠢ ᠠᠬᠤᠢ ᠣᠷᠴᠢᠨ ᠲᠣᠭᠤᠷᠢᠨ ᠤ ᠲᠠᠯ᠎ᠠ ᠪᠠᠷ ᠣᠯᠠᠨ ᠲᠦᠮᠡᠨ ᠪᠠᠰᠠ ᠮᠠᠰᠢ ᠣᠯᠠᠨ ᠬᠦᠰᠡᠯ ᠡᠷᠡᠮᠡᠯᠵᠡᠯ ᠲᠠᠢ ᠶᠤᠮ ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠠᠴᠠ ᠦᠵᠡᠪᠡᠯ ᠂ ᠨᠢᠭᠡ ᠪᠦᠯᠦᠭ ᠥᠭᠡᠷᠡᠴᠢᠯᠡᠯᠲᠡ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠲᠤᠭᠤᠰᠢᠲᠠᠢ ᠪᠢᠰᠢ ᠂ ᠵᠠᠷᠢᠮ ᠺᠠᠳ᠋ᠷ ᠤᠨ ᠰᠤᠷᠲᠠᠯ ᠮᠥᠨ ᠯᠠ ︽ᠤᠳᠠᠭᠠᠨ ᠪᠦᠳᠦᠭᠦᠯᠢᠭ ᠬᠡᠶᠢᠰᠪᠦᠷᠢ ︾ ᠪᠠᠶᠢᠵᠤ ᠂ ᠬᠦᠴᠢᠷ ᠪᠡᠷᠬᠡᠰᠢᠶᠡᠯ ᠥᠷᠢᠰᠦᠯᠳᠦᠭᠡᠨ ᠲᠤᠯᠭᠠᠷᠠᠬᠤ ᠳᠤ ᠢᠲᠡᠭᠡᠯ ᠵᠣᠷᠢᠭ ᠲᠡᠭᠦᠯᠳᠡᠷ ᠪᠤᠰᠤ ᠂ ᠢᠳᠡ ᠬᠦᠴᠦᠨ ᠮᠡᠬᠦᠰᠳᠡᠵᠦ ᠪᠠᠶᠢᠨ᠎ᠠ ᠃ ᠡᠳᠡᠭᠡᠷ ᠠᠰᠠᠭᠤᠳᠠᠯ ᠢ ᠡᠷᠬᠡᠪᠰᠢ ᠬᠢᠨᠠᠮᠠᠭᠠᠢ ᠰᠤᠳᠤᠯᠵᠤ ᠰᠢᠢᠳᠪᠦᠷᠢᠯᠡᠬᠦ ᠬᠡᠷᠡᠭᠲᠡᠢ ᠃

      ᠬᠤᠶᠠᠷ ᠂ 2025 ᠣᠨ ᠤ ᠠᠵᠢᠯ ᠤᠨ ᠲᠣᠬᠢᠷᠠᠭᠤᠯᠤᠯᠲᠠ

      ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠰᠡᠬᠦᠯ ᠬᠤᠷᠢᠶᠠᠬᠤ ᠵᠢᠯ ᠪᠣᠯᠬᠤ ᠮᠥᠷᠲᠡᠭᠡᠨ ︽ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ ᠪᠠᠶᠢᠷᠢᠯᠠᠭᠤᠯᠬᠤ ᠵᠢᠯ ᠪᠣᠯᠣᠨ᠎ᠠ ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠤᠨ ᠂ ᠪᠦᠭᠦ ᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠪᠡ ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠦ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠦ ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠂ ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠨ ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ︾ ᠲᠠᠯ᠎ᠠ ᠪᠠᠷ ᠨᠡᠩ ᠶᠡᠭᠡ ᠠᠬᠢᠯᠲᠠ ᠲᠠᠢ ᠪᠣᠯᠭᠠᠬᠤ ᠪᠠᠷ ᠴᠢᠷᠮᠠᠶᠢᠨ ᠂ ᠳᠤᠮᠳᠠᠳᠦ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠦᠷᠠᠯᠲᠠ ᠦᠭᠡᠢ ᠪᠢᠴᠢᠭᠯᠡᠨ᠎ᠡ ᠃

      ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠣᠷᠴᠢᠮ ᠨᠡᠮᠡᠭᠳᠡᠭᠦᠯᠦᠨ᠎ᠡ ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 7% ᠣᠷᠴᠢᠮ ᠨᠡᠮᠡᠭᠳᠡᠭᠦᠯᠦᠨ᠎ᠡ ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠤᠯᠭ᠎ᠠ ᠶᠢ ᠠᠳᠠᠯᠢ ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ ︔ ᠬᠤᠲᠠ ᠪᠠᠯᠭᠠᠰᠤᠨ ᠤ 18 ᠲᠦᠮᠡ ᠠᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠵᠤ ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠨ ᠨᠣᠷᠮ᠎ᠠ ᠶᠢ 5.5% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ ᠣᠷᠤᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ ︔ ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠳᠠᠬᠢ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ ᠡᠨᠡ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠂ ᠪᠢᠳᠡ ᠨᠥᠬᠦᠴᠡᠯ ᠲᠠᠢ ᠂ ᠰᠠᠭᠤᠷᠢ ᠲᠠᠢ ᠂ ᠶᠠᠷᠢᠶᠠᠨ ᠦᠭᠡᠢ ᠪᠠᠰᠠ ᠳᠠᠷᠤᠭᠠᠰᠤ ᠲᠠᠢ ᠂ ᠥᠷᠢᠰᠦᠯᠳᠦᠭᠡᠨ ᠲᠠᠢ ᠶᠤᠮ ᠂ ᠵᠠᠩᠭᠢᠯᠠᠭ᠎ᠠ ᠨᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤ ᠰᠠᠬᠢᠵᠤ ᠴᠢᠳᠠᠬᠤ ᠡᠰᠡᠬᠦ ᠂ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢᠶᠠᠨ ᠰᠤᠯᠠᠷᠠᠭᠤᠯᠬᠤ ᠦᠭᠡᠢ ᠂ ᠬᠤᠶᠢᠷᠭᠤᠰᠢᠬᠤ ᠦᠭᠡᠢ ᠪᠠᠶᠢᠬᠤ ᠶᠢ ᠪᠠᠲᠤᠯᠠᠵᠤ ᠴᠢᠳᠠᠬᠤ ᠡᠰᠡᠬᠦ ᠳᠤ ᠪᠠᠶᠢᠬᠤ ᠶᠤᠮ ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠢᠭᠡᠳᠦᠯᠲᠡᠢ ᠪᠠᠶᠢᠯᠭᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠦᠯᠲᠡᠢ ᠪᠠᠶᠢᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠂ ︽ᠲᠠᠪᠤᠨ ᠶᠡᠭᠡ ᠡᠭᠦᠷᠭᠡ ︾ ᠶᠢᠨ ᠲᠣᠭᠤᠷᠢᠨ ᠳᠤ ᠴᠢᠩᠭ᠎ᠠ ᠤᠶᠠᠯᠳᠤᠵᠤ ᠂ ᠵᠢᠷᠤᠭ ᠲᠥᠰᠥᠪ ᠢᠶᠠᠨ ᠡᠴᠦᠰ ᠲᠤ ᠨᠢ ᠲᠤᠯᠲᠠᠯ᠎ᠠ ᠵᠢᠷᠤᠭᠯᠠᠨ ᠂ ︽ᠵᠢᠷᠭᠤᠭᠠᠨ ᠢᠨᠵᠧᠨᠧᠷᠢᠩ ︾ ᠢ ᠦᠷᠬᠦᠯᠵᠢᠯᠡᠨ ᠬᠡᠷᠡᠭᠵᠢᠭᠦᠯᠵᠦ ᠂ ︽ᠵᠢᠷᠭᠤᠭᠠᠨ ᠠᠵᠢᠯᠯᠠᠭᠠᠨ ︾ ᠢ ᠵᠣᠬᠢᠶᠠᠨ ᠪᠠᠶᠢᠭᠤᠯᠤᠨ ᠥᠷᠨᠢᠭᠦᠯᠵᠦ ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃

      ᠡᠨᠡ ᠵᠢᠯ ᠭᠤᠣᠯᠳᠠᠭᠤ ᠳᠠᠷᠠᠭᠠᠬᠢ 11 ᠲᠠᠯ᠎ᠠ ᠶᠢᠨ ᠠᠵᠢᠯ ᠢ ᠰᠠᠶᠢᠲᠤᠷ ᠬᠢᠨ᠎ᠡ ᠃

      ︵ᠨᠢᠭᠡ︶ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ ᠢ ᠬᠡᠷᠡᠭᠵᠢᠭᠦᠯᠵᠦ ᠂ ᠪᠡᠯᠡ ᠣᠷᠤᠭᠤᠯᠤᠯᠲᠠ ᠶᠢ ᠡᠷᠡᠰ ᠭᠤᠶᠢᠪᠢᠰᠢ ᠦᠭᠡᠢ ᠠᠳᠬᠤᠨ᠎ᠠ ᠃ ᠡᠨᠡ ᠵᠢᠯ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ ᠂ ᠡᠨᠡ ᠬᠦ ᠬᠠᠷᠠᠯᠲᠠ ᠨᠢ ᠬᠦᠯᠢᠶᠡᠭᠡᠳ ᠪᠡᠶᠡᠯᠡᠭᠳᠡᠬᠦ ᠪᠢᠰᠢ ᠂ ᠡᠷᠬᠡᠪᠰᠢ ᠦᠨᠡᠨ ᠪᠣᠳᠠᠲᠠᠢ ᠪᠠᠷ ᠲᠦᠷᠦᠯ ᠵᠦᠢᠯ ᠢ ᠰᠦᠪᠡᠭᠴᠢᠯᠡᠨ ᠂ ᠪᠡᠯᠡ ᠮᠥᠩᠭᠦ ᠣᠯᠵᠤ ᠂ ᠬᠤᠳᠠᠯᠳᠤᠭᠠᠴᠢᠨ ᠤᠷᠢᠬᠤ ᠶᠢ ᠠᠳᠬᠤᠨ ᠂ ᠴᠢᠬᠤᠯᠠ ᠶᠡᠭᠡ ᠲᠦᠷᠦᠯ ᠵᠦᠢᠯ ᠢ ᠪᠦᠲᠦᠭᠡᠨ ᠪᠠᠶᠢᠭᠤᠯᠬᠤ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ ᠂ ᠪᠡᠯᠡ ᠣᠷᠤᠭᠤᠯᠤᠯᠲᠠ ᠶᠢᠨ ᠲᠠᠯ᠎ᠠ ᠪᠠᠷ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠭ᠋ᠤ ᠪᠠᠷ ᠬᠦᠴᠦᠯᠡᠨ ᠴᠢᠷᠮᠠᠶᠢᠨ᠎ᠠ ᠃

      ᠲᠦᠷᠦᠯ ᠵᠦᠢᠯ ᠤᠷᠢᠵᠤ ᠲᠠᠲᠠᠬᠤ ᠶᠢ ᠤᠨᠤᠪᠴᠢᠲᠠᠢ ᠤᠬᠠᠭᠠᠯᠠᠨ ᠲᠥᠯᠥᠪᠯᠡᠨ᠎ᠡ ᠃ ᠡᠨᠡ ᠵᠢᠯ ᠤᠯᠤᠰ ᠤᠨ ︽ᠬᠤᠶᠠᠷ ᠴᠢᠬᠤᠯᠠ ︾ ᠲᠦᠷᠦ ᠶᠢᠨ ᠪᠣᠳᠣᠯᠭ᠎ᠠ ᠶᠢᠨ ᠬᠦᠴᠦᠯᠡᠴᠡ ᠨᠡᠩ ᠶᠡᠭᠡ ᠪᠠᠶᠢᠵᠤ ᠂ ᠵᠠᠩᠭᠢᠯᠠᠭ᠎ᠠ ᠨᠢ ᠲᠦᠷᠦᠯ ᠵᠦᠢᠯ ᠢ ᠰᠠᠶᠢᠲᠤᠷ ᠤᠬᠠᠭᠠᠯᠠᠨ ᠲᠥᠯᠥᠪᠯᠡᠬᠦ ᠳᠤ ᠪᠣᠢ ︔ ︽ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠂ ᠨᠡᠩ ᠣᠯᠠᠨ ᠲᠦᠷᠦᠯ ᠵᠦᠢᠯ ᠢ ᠤᠯᠤᠰ ᠤᠨ ᠶᠡᠭᠡ ᠬᠡᠪᠴᠢᠶᠡᠵᠢᠯ ᠳᠤ ᠣᠷᠣᠭᠤᠯᠵᠤ ᠂ ᠲᠥᠪ ᠤᠨ ᠲᠦᠷᠦ ᠶᠢᠨ ᠪᠣᠳᠣᠯᠭ᠎ᠠ ᠶᠢᠨ ᠠᠰᠢᠭ ᠢ ᠬᠦᠷᠲᠡᠬᠦ ᠪᠠᠷ ᠴᠢᠷᠮᠠᠶᠢᠨ᠎ᠠ ᠂ ᠡᠭᠦᠨ ᠤ ᠵᠠᠩᠭᠢᠯᠠᠭ᠎ᠠ ᠨᠢ ᠮᠥᠨ ᠴᠦ ᠲᠦᠷᠦᠯ ᠵᠦᠢᠯ ᠢ ᠰᠠᠶᠢᠲᠤᠷ ᠤᠬᠠᠭᠠᠯᠠᠨ ᠲᠥᠯᠥᠪᠯᠡᠬᠦ ᠳᠤ ᠪᠣᠢ ᠃ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠤᠨ ᠲᠠᠯ᠎ᠠ ᠪᠠᠷ ᠂ ᠬᠥᠮᠥᠨ ᠠᠮᠠ ᠪᠠ ᠠᠵᠤ ᠠᠬᠤᠢ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠂ ᠨᠢᠭᠡ ᠪᠦᠯᠦᠭ ᠠᠵᠤ ᠦᠢᠯᠡᠰ ᠤᠨ ᠵᠠᠮ ᠂ ᠵᠢᠭᠤᠯᠴᠢᠯᠠᠯ ᠤᠨ ᠵᠠᠮ ᠂ ᠬᠦᠷᠢᠶᠡᠯᠡᠩ ᠲᠣᠭᠤᠷᠢᠭ ᠤᠨ ᠵᠠᠮ ᠂ ᠠᠷᠠᠳ ᠲᠤ ᠳᠦᠭᠦᠮ ᠦᠵᠡᠭᠦᠯᠬᠦ ᠵᠠᠮ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ ᠂ ᠲᠡᠮᠦᠷ ᠵᠠᠮ ᠤᠨ ᠲᠣᠣᠷ ᠂ ᠵᠠᠰᠠᠮᠠᠯ ᠵᠠᠮ ᠤᠨ ᠲᠣᠣᠷ ᠂ ᠠᠭᠠᠷ ᠠᠶᠠᠯᠠᠯ ᠤᠨ ᠲᠣᠣᠷ ᠂ ᠤᠰᠤᠨ ᠠᠰᠢᠭᠯᠠᠯᠲᠠ ᠶᠢᠨ ᠲᠣᠣᠷ ᠂ ᠴᠠᠬᠢᠯᠭᠠᠨ ᠬᠦᠴᠦᠨ ᠤ ᠲᠣᠣᠷ ᠂ ᠴᠠᠬᠢᠯᠭᠠᠨ ᠬᠤᠯᠪᠣᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠰᠠᠭᠤᠷᠢ ᠪᠡᠯᠡᠳᠬᠡᠮᠵᠢ ᠶᠢᠨ ᠪᠡᠯᠡ ᠣᠷᠤᠭᠤᠯᠤᠯᠲᠠ ᠶᠢ 3000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠦᠨᠡᠨ ᠬᠦ ᠪᠠᠲᠤᠯᠠᠨ᠎ᠠ ᠃ ᠠᠵᠤ ᠦᠢᠯᠡᠰ ᠤᠨ ᠬᠥᠭᠵᠢᠯᠲᠡ ᠶᠢᠨ ᠲᠦᠷᠦᠯ ᠵᠦᠢᠯ ᠤᠨ ᠲᠠᠯ᠎ᠠ ᠪᠠᠷ ᠂ ᠡᠯ᠎ᠡ ᠠᠶᠢᠮᠠᠭ ᠬᠤᠲᠠ ᠨᠢ ᠪᠦᠬᠦ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠬᠤᠳᠠᠯᠳᠤᠭᠠᠴᠢᠨ ᠤᠷᠢᠬᠤ ᠲᠥᠰᠥᠯ ᠢ ᠨᠢᠭᠡᠳ ᠨᠢᠭᠡ ᠪᠠᠷ ᠲᠣᠭᠲᠠᠭᠠᠵᠤ ᠂ ᠣᠷᠣᠭᠤᠯᠤᠨ ᠠᠪᠴᠢᠷᠠᠵᠤ ᠪᠣᠳᠠᠲᠠᠶᠢᠵᠢᠭᠤᠯᠬᠤ ᠪᠡᠯᠡ ᠮᠥᠩᠭᠦ ᠶᠢ 5700 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠵᠦ ᠂ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠶᠢ 4900 ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠦᠨ ᠂ 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ ᠃

      ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠢ ᠲᠦᠷᠭᠡᠳᠬᠡᠨ ᠪᠠᠶᠢᠭᠤᠯᠵᠤ ᠂ ᠯᠢᠨ ᠾᠧ ᠠᠴᠠ ᠬᠠᠮᠢ ᠬᠦᠷᠬᠦ ᠱᠤᠭᠤᠮ ᠂ ᠵᠢᠨᠢᠩ ᠠᠴᠠ ᠡᠷᠢᠶᠡᠨ ᠬᠦᠷᠬᠦ ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠵᠦ ᠰᠢᠨᠡᠳᠬᠡᠨ ᠂ ᠪᠤᠭᠤᠲᠤ ᠣᠷᠳᠣᠰ ᠲᠡᠮᠡᠭᠡᠲᠦ ᠶᠢᠨ ᠲᠦᠷᠭᠡᠨ ᠤ ᠲᠡᠮᠦᠷ ᠵᠠᠮ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ ︔ S22 ᠪᠠᠶᠠᠨᠴᠠᠭᠠᠨ ᠠᠴᠠ ᠶᠦᠩ ᠲᠠᠢ ᠬᠦᠩ ᠬᠦᠷᠬᠦ ᠬᠡᠰᠡᠭ ᠂ S29 ᠬᠦᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ ᠢ ᠪᠠᠶᠢᠭᠤᠯᠵᠤ ᠳᠠᠭᠤᠰᠬᠠᠨ ᠂ G0616 ᠬᠠᠯᠢᠭᠤᠲᠤ ᠠᠴᠠ ᠮᠤᠨᠠ ᠠᠭᠤᠯᠠ ᠪᠠᠯᠭᠠᠰᠤ ᠬᠦᠷᠬᠦ ᠬᠡᠰᠡᠭ ᠂ G1817 ᠤᠰᠤᠲᠠᠢ ᠠᠴᠠ ᠪᠠᠶᠠᠨ ᠬᠤᠳᠳᠤᠭ ᠬᠦᠷᠬᠦ ᠬᠡᠰᠡᠭ ᠂ S27 ᠬᠦᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ ︔ ᠬᠦᠬᠡᠬᠤᠲᠠ ᠶᠢᠨ ᠱᠧᠩᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠶᠠᠯᠠᠯ ᠨᠡᠪᠲᠡᠷᠡᠬᠦ ᠶᠢ ᠦᠨᠡᠨ ᠬᠦ ᠪᠠᠲᠤᠯᠠᠵᠤ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠂ ᠤᠯᠠᠭᠠᠢ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ ︔ ᠬᠠᠲᠦᠨ ᠭᠤᠣᠯ ᠤᠨ ᠤᠰᠤ ᠶᠢ ᠵᠠᠯᠠᠵᠤ ᠬᠦᠬᠡᠬᠤᠲᠠ ᠶᠢ ᠲᠤᠰᠠᠯᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ ᠂ ᠪᠣᠷᠣᠳᠣᠬᠤᠢ ᠂ ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠨ ᠥᠭᠡᠷᠡᠴᠢᠯᠡᠵᠦ ᠰᠢᠨᠡᠳᠬᠡᠬᠦ ᠶᠢ ᠠᠬᠢᠭᠤᠯᠵᠤ ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠨᠢᠭᠡᠳᠦᠭᠡᠷ ᠬᠤᠭᠤᠴᠠᠭ᠎ᠠ ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠬᠦ ᠱᠤᠭᠤᠮ ᠢᠶᠠᠷ ᠤᠰᠤ ᠨᠡᠪᠲᠡᠷᠡᠬᠦ ᠶᠢ ᠪᠡᠶᠡᠯᠡᠭᠦᠯᠦᠨ᠎ᠡ ᠃ ᠨᠢᠭᠡᠨᠲᠡ ᠤᠬᠠᠭᠠᠯᠠᠨ ᠲᠥᠯᠥᠪᠯᠡᠭᠰᠡᠨ 1400 ᠰᠢᠬᠠᠮ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠡᠯᠡᠳᠬᠡᠯ ᠬᠤᠭᠤᠴᠠᠭ᠎ᠠ ᠂ ᠴᠢᠬᠤᠯᠠ ᠬᠦᠴᠦᠨ ᠵᠦᠢᠯ ᠂ ᠪᠣᠳᠠᠲᠠᠶᠢᠵᠢᠭᠤᠯᠤᠯᠲᠠ ᠶᠢ ᠨᠢᠭᠡᠳ ᠨᠢᠭᠡ ᠪᠠᠷ ᠠᠩᠬᠠᠷᠴᠤ ᠂ ᠳᠤᠮᠳᠠᠳᠦ ᠤᠯᠤᠰ ᠤᠨ ᠴᠢᠯᠠᠭᠤᠨ ᠲᠣᠰᠤᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠨᠡᠭᠦᠷᠡᠰᠦ ᠪᠠᠷ ᠠᠯᠺᠧᠡ ᠨᠡᠭᠦᠷᠦᠭᠴᠢ ᠦᠢᠯᠡᠳᠬᠦ ᠂ ᠷᠦᠩ ᠱᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠢᠭᠡ ᠴᠣᠭᠴᠠᠵᠢᠭᠤᠯᠬᠤ ᠂ ᠰᠠᠢ ᠱᠧᠩ ᠰᠢᠨ᠎ᠡ ᠮᠠᠲ᠋ᠧᠷᠢᠶᠠᠯ ᠂ ᠶᠤᠸᠠᠨ ᠵᠢᠩ ᠲᠡᠭ ᠨᠡᠭᠦᠷᠡᠰᠦᠲᠥ᠋ᠷᠥᠭᠴᠢᠲᠦ ᠴᠡᠨᠡᠭ ᠵᠡᠷᠭᠡ ᠨᠢᠭᠡ ᠪᠦᠯᠦᠭ ᠵᠠᠭᠤᠨ ᠳ᠋ᠦᠩᠰᠢᠭᠤᠷ ᠤᠨ ᠳᠡᠰ ᠤᠨ ᠲᠦᠷᠦᠯ ᠵᠦᠢᠯ ᠢ ᠲᠦᠷᠭᠡᠳᠬᠡᠨ ᠠᠬᠢᠭᠤᠯᠵᠤ ᠂ ᠡᠷᠲᠡ ᠨᠢᠭᠡ ᠡᠳᠦᠷ ᠠᠵᠢᠯ ᠡᠬᠢᠯᠡᠭᠦᠯᠵᠦ ᠂ ᠡᠷᠲᠡ ᠨᠢᠭᠡ ᠡᠳᠦᠷ ᠦᠢᠯᠡᠳᠪᠦᠷᠢᠯᠡᠬᠦ ᠬᠡᠮᠵᠢᠶᠡᠨ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ ᠃

      ︵ᠬᠤᠶᠠᠷ︶ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ ᠂ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠨ᠎ᠡ ᠃ ᠬᠡᠷᠡᠭᠯᠡᠭᠡ ᠶᠡᠷᠦ ᠨᠢ ᠮᠠᠨ ᠤ ᠣᠷᠣᠨ ᠤ ᠳᠤᠲᠠᠭᠤᠳᠠᠯ ᠪᠠᠶᠢᠵᠤ ᠂ ᠡᠷᠬᠡᠪᠰᠢ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠶᠡᠭᠡ ᠪᠠᠷ ᠬᠡᠷᠡᠭᠵᠢᠭᠦᠯᠵᠦ ᠂ ᠳᠣᠲᠣᠭᠠᠳᠤ ᠳᠠᠯᠳᠠ ᠬᠦᠴᠦᠨ ᠢᠶᠠᠨ ᠭᠦᠢᠴᠡᠳ ᠠᠭᠤᠳᠠᠯᠬᠤ ᠬᠡᠷᠡᠭᠲᠡᠢ ᠃

      ᠤᠯᠤᠰ ᠤᠨ ︽ᠬᠤᠶᠠᠷ ᠰᠢᠨ᠎ᠡ ︾ ᠲᠦᠷᠦ ᠶᠢᠨ ᠪᠣᠳᠣᠯᠭ᠎ᠠ ᠶᠢ ᠬᠦᠴᠦᠯᠡᠨ ᠥᠷᠭᠡᠵᠢᠭᠦᠯᠵᠦ ᠬᠡᠷᠡᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠨ᠎ᠠ ᠃ ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ ᠂ ᠮᠡᠷᠭᠡᠵᠢᠯ ᠂ ᠡᠨᠧᠷᠭᠢ ᠶᠢᠨ ᠬᠤᠷᠣᠭᠳᠠᠯ ᠂ ᠭᠠᠳᠠᠭᠰᠢᠯᠠᠭᠤᠯᠤᠯᠲᠠ ᠂ ᠠᠮᠤᠷ ᠲᠦᠪᠰᠢᠨ ᠵᠡᠷᠭᠡ ᠪᠠᠷᠢᠮᠵᠢᠶᠠᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠂ ᠠᠵᠤ ᠦᠢᠯᠡᠳᠪᠦᠷᠢ ᠶᠢᠨ ᠲᠥᠬᠦᠭᠡᠷᠦᠮᠵᠢ ᠂ ᠪᠠᠷᠢᠯᠭ᠎ᠠ ᠶᠢᠨ ᠮᠧᠬᠠᠨᠢᠭ ᠂ ᠬᠠᠭᠤᠴᠢᠷᠠᠭᠰᠠᠨ ᠴᠠᠬᠢᠯᠭᠠᠨ ᠱᠠᠲᠤ ᠂ ᠡᠵᠡᠩᠨᠡᠯᠲᠡ ᠶᠢᠨ ᠠᠴᠢᠶᠠᠨ ᠤ ᠲᠡᠷᠭᠡ ᠵᠡᠷᠭᠡ ᠶᠢᠨ ︽ᠰᠣᠯᠢᠬᠤ ᠴᠢᠬᠤᠯᠠᠲᠠᠢ ᠶᠢ  ᠨᠢ ᠴᠥᠮ ᠰᠣᠯᠢᠬᠤ ︾ ᠶᠢ ᠠᠬᠢᠭᠤᠯᠤᠨ᠎ᠠ ᠃ ᠣᠨᠴᠠᠭᠠᠶᠢᠯᠠᠨ ᠣᠷᠣᠨ ᠤ ᠳᠣᠲᠣᠨ᠎ᠠ ᠭᠠᠳᠠᠨᠠᠬᠢ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠬᠦᠭᠡᠷᠦᠮᠵᠢ ᠂ ᠬᠠᠭᠤᠴᠢᠨ ᠴᠠᠬᠢᠯᠭᠠᠨ ᠮᠠᠰᠢᠨ ᠢ ᠰᠢᠨᠡᠳᠬᠡᠨ ᠰᠣᠯᠢᠬᠤ ᠬᠡᠷᠡᠭᠴᠡᠭᠡ ᠶᠢ ᠴᠢᠩᠭ᠎ᠠ ᠠᠩᠬᠠᠷᠴᠤ ᠂ ᠮᠠᠨ ᠤ ᠣᠷᠣᠨ ᠤ ᠪᠠᠶᠢᠩᠭᠤ ᠰᠣᠷᠢᠨᠵᠢᠨᠲᠤ ᠴᠠᠬᠢᠯᠭᠠᠨ ᠮᠠᠰᠢᠨ ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ ᠦᠢᠯᠡᠳᠪᠦᠷᠢᠯᠡᠬᠦ ᠴᠢᠳᠠᠮᠵᠢ ᠪᠠᠨ ᠳᠠᠭᠠᠯᠳᠤᠭᠤᠯᠤᠨ ᠪᠠᠳᠠᠷᠠᠭᠤᠯᠤᠨ᠎ᠠ ᠃ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ ᠂ ᠬᠡᠷᠡᠭᠯᠡᠭᠡ ᠶᠢ ᠠᠬᠢᠭᠤᠯᠬᠤ ᠬᠢᠭᠡᠳ ᠠᠷᠠᠳ ᠤᠨ ᠠᠮᠢᠳᠤᠷᠠᠯ ᠳᠤ ᠬᠠᠷᠠᠭᠠᠯᠵᠠᠯ ᠦᠵᠡᠭᠦᠯᠬᠦ ᠶᠢ ᠤᠶᠠᠯᠳᠤᠭᠤᠯᠤᠨ ᠂ ᠨᠡᠮᠡᠭᠦᠷᠢ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠨ ᠂ ᠰᠢᠨ᠎ᠡ ᠡᠨᠧᠷᠭᠢ ᠶᠢᠨ ᠮᠠᠰᠢᠨ ᠲᠡᠷᠭᠡ ᠂ ᠣᠶᠤᠨᠴᠢ ᠭᠡᠷ ᠤᠨ ᠬᠡᠷᠡᠭᠰᠡᠯ ᠂ ᠳ᠋ᠢᠬᠢᠲ ᠦᠢᠯᠡᠳᠬᠦᠨ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠭᠡ ᠶᠢᠨ ᠲᠠᠯ᠎ᠠ ᠶᠢᠨ ᠬᠦᠰᠡᠯ ᠪᠠ ᠬᠡᠷᠡᠭᠴᠡᠭᠡ ᠶᠢ ᠪᠦᠬᠦ ᠲᠠᠯ᠎ᠠ ᠪᠠᠷ ᠬᠥᠭᠵᠢᠭᠡᠨ᠎ᠡ ᠃

      ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠨ᠎ᠠ ᠃ ᠪᠦᠬᠦ ᠣᠷᠣᠨ ᠤ 280 ᠲᠦᠮᠡᠨ ᠲᠠᠷᠢᠶᠠᠴᠢᠨ ᠮᠠᠯᠴᠢᠨ ᠬᠤᠲᠠ ᠪᠠᠯᠭᠠᠰᠤᠨ ᠳᠤ ᠰᠢᠯᠵᠢᠨ ᠠᠵᠢᠯ ᠣᠯᠵᠤ ᠪᠠᠶᠢᠬᠤ ᠪᠠᠶᠢᠳᠠᠯ ᠳᠤ ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯᠯᠠᠭᠠᠨ ᠢ ᠰᠠᠶᠢᠲᠤᠷ ᠬᠡᠷᠡᠭᠵᠢᠭᠦᠯᠵᠦ ᠂ ᠰᠢᠯᠵᠢᠭᠦᠯᠦᠨ ᠲᠥᠯᠥᠬᠦ ᠂ ᠬᠦᠴᠦᠨ ᠵᠦᠢᠯ ᠢ ᠲᠣᠬᠢᠷᠠᠭᠤᠯᠬᠤ ᠵᠡᠷᠭᠡ ᠶᠢ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠯᠤᠭ᠎ᠠ ᠬᠤᠯᠪᠣᠭᠳᠠᠭᠤᠯᠬᠤ ᠶᠢ ᠠᠬᠢᠭᠤᠯᠤᠨ ᠂ ᠣᠷᠣᠨ ᠰᠠᠭᠤᠴᠠ ᠂ ᠰᠤᠷᠭᠠᠨ ᠬᠥᠮᠦᠵᠢᠯ ᠂ ᠡᠮᠴᠢᠯᠡᠭᠡ ᠂ ᠨᠡᠶᠢᠭᠡᠮ ᠤᠨ ᠳᠠᠭᠠᠳᠬᠠᠯ ᠂ ᠵᠠᠮ ᠬᠠᠷᠢᠯᠴᠠᠭ᠎ᠠ ᠵᠡᠷᠭᠡ ᠲᠠᠯ᠎ᠠ ᠪᠠᠷ ᠨᠡᠩ ᠰᠠᠶᠢᠲᠤᠷ ᠦᠢᠯᠡᠴᠢᠯᠡᠭᠡ ᠬᠠᠩᠭᠠᠬᠤ ᠬᠡᠷᠡᠭᠲᠡᠢ ᠃ ᠣᠯᠠᠨ ᠲᠦᠮᠡᠨ ᠤ ︽ᠰᠠᠶᠢᠨ ᠭᠡᠷ ᠪᠠᠶᠢᠰᠢᠩ ᠂ ᠰᠠᠶᠢᠨ ᠰᠠᠭᠤᠭᠠᠯᠢ ᠲᠣᠭᠤᠷᠢᠭ ︾ ᠤᠨ ᠬᠦᠰᠡᠯ ᠡᠷᠡᠮᠡᠯᠵᠡᠯ ᠳᠦᠭᠦᠷᠡᠩ ᠪᠠᠶᠢᠵᠤ ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ ᠂ ᠬᠠᠭᠤᠴᠢᠨ ᠰᠠᠭᠤᠭᠠᠯᠢ ᠲᠣᠭᠤᠷᠢᠭ ᠤᠨ ᠡᠵᠡ ᠮᠡᠳᠡᠵᠦ ᠰᠢᠨᠡᠳᠬᠡᠬᠦ ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡᠨ ᠭᠡᠷ ᠪᠠᠶᠢᠰᠢᠩ ᠪᠣᠷᠣᠯᠠᠭᠤᠯᠬᠤ ᠵᠡᠷᠭᠡ ᠰᠢᠨ᠎ᠡ ᠬᠡᠪ ᠵᠠᠭᠪᠤᠷ ᠢ ᠳᠡᠯᠭᠡᠷᠡᠭᠦᠯᠵᠦ ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠭᠡᠷ ᠪᠠᠶᠢᠰᠢᠩ ᠬᠤᠳᠠᠯᠳᠤᠨ ᠠᠪᠬᠤ ᠶᠢ ᠨᠢ ᠤᠷᠮᠠᠰᠢᠭᠤᠯᠬᠤ ᠲᠦᠷᠦ ᠶᠢᠨ ᠪᠣᠳᠣᠯᠭ᠎ᠠ ᠨᠡᠶᠢᠲᠡᠯᠡᠵᠦ ᠂ ᠪᠠᠲᠤᠯᠠᠭᠠᠲᠤ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠳᠠᠷᠠᠭᠠᠨ᠎ᠠ ᠃ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠤᠶᠠᠨ ᠬᠠᠳᠠᠨ ᠴᠢᠨᠠᠷ ᠪᠦᠬᠦᠢ ᠣᠶᠤᠨᠲᠤ ᠬᠤᠲᠠ ᠶᠢ ᠲᠦᠷᠭᠡᠳᠬᠡᠨ ᠪᠠᠶᠢᠭᠤᠯᠵᠤ ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ ᠳ᠋ᠢᠭᠢᠲᠴᠢᠯᠡᠨ ᠥᠭᠡᠷᠡᠴᠢᠯᠡᠨ ᠰᠢᠨᠡᠳᠬᠡᠬᠦ ᠂ ᠣᠶᠤᠨᠴᠢᠯᠠᠨ ᠳᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ ᠂ ᠬᠠᠭᠤᠴᠢᠨ ᠰᠠᠭᠤᠭᠠᠯᠢ ᠲᠣᠭᠤᠷᠢᠭ ᠢ 1291 ᠂ ᠡᠯ᠎ᠡ ᠲᠥᠷᠥᠯ ᠤᠨ ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠲᠷ ᠥᠭᠡᠷᠡᠴᠢᠯᠡᠨ ᠰᠢᠨᠡᠳᠬᠡᠵᠦ ᠂ ᠵᠠᠬ᠎ᠠ ᠳᠡᠯᠭᠡᠭᠦᠷᠴᠢᠯᠡᠭᠰᠡᠨ ᠬᠡᠪ ᠵᠠᠭᠪᠤᠷ ᠢᠶᠠᠷ ᠪᠠᠰᠠ ᠨᠢᠭᠡ ᠪᠦᠯᠦᠭ ᠠᠷᠠᠳ ᠲᠤ ᠳᠦᠭᠦᠮ ᠦᠵᠡᠬᠦᠯᠬᠦ ᠴᠠᠬᠢᠯᠭᠠᠨ ᠴᠡᠨᠡᠭᠯᠡᠬᠦ ᠱᠣᠩ ᠢ ᠪᠦᠲᠦᠭᠡᠨ ᠪᠠᠶᠢᠭᠤᠯᠤᠨ᠎ᠠ ᠃

      ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠯ ᠠᠴᠠ ᠪᠣᠯᠤᠭᠰᠠᠨ ᠠᠵᠠ ᠲᠣᠬᠢᠶᠠᠯ ᠢ ᠴᠢᠩᠭ᠎ᠠ ᠠᠳᠬᠤᠨ᠎ᠠ ᠃ ᠮᠠᠨ ᠤ ᠣᠷᠣᠨ ᠤ 60 ᠨᠠᠰᠦᠨ ᠠᠴᠠ ᠳᠡᠭᠡᠭᠰᠢᠬᠢ ᠨᠠᠰᠤᠲᠠᠶᠢᠴᠤᠳ ᠵᠢᠯ ᠪᠦᠷᠢ ᠳᠤᠮᠳᠠᠴᠢ ᠪᠠᠷ 30 ᠲᠦᠮᠡ ᠰᠢᠨ᠎ᠡ ᠪᠠᠷ ᠨᠡᠮᠡᠭᠳᠡᠵᠦ ᠪᠠᠶᠢᠨ᠎ᠠ ᠂ ᠭᠡᠬᠦ ᠮᠥᠷᠲᠡᠭᠡᠨ ᠴᠢᠳᠠᠪᠤᠷᠢ ᠪᠠᠨ ᠠᠯᠳᠠᠭᠰᠠᠨ ᠨᠠᠰᠤᠲᠠᠨ 63 ᠲᠦᠮᠡ ᠂ ᠵᠡᠮᠳᠡᠭᠴᠦᠳ 158 ᠲᠦᠮᠡ ᠂ 3 ᠨᠠᠰᠦᠨ ᠠᠴᠠ ᠳᠣᠷᠣᠭᠰᠢᠬᠢ ᠨᠢᠯᠬ᠎ᠠ ᠨᠢᠷᠠᠢ ᠬᠡᠦᠬᠡᠳ 40 ᠲᠦᠮᠡ ᠪᠠᠶᠢᠵᠤ ᠂ ᠨᠠᠰᠤᠵᠢᠯ ᠤᠨ ᠠᠰᠠᠷᠠᠮᠵᠢ ᠂ ᠬᠡᠦᠬᠡᠳ ᠪᠣᠶᠢᠵᠢᠭᠤᠯᠬᠤ ᠂ ᠬᠠᠷᠠᠭᠠᠯᠵᠠᠨ ᠠᠰᠠᠷᠠᠬᠤ ᠂ ᠭᠡᠷ ᠠᠬᠤᠢ ᠵᠡᠷᠭᠡ ᠶᠢᠨ ᠦᠢᠯᠡᠴᠢᠯᠡᠭᠡ ᠪᠣᠯ ᠬᠡᠷᠡᠭᠴᠡᠭᠡ ᠱᠠᠭᠠᠷᠳᠠᠯᠭ᠎ᠠ ᠲᠠᠢ ᠶᠤᠮ ᠂ ᠵᠠᠩᠭᠢᠯᠠᠭ᠎ᠠ ᠶᠢᠨ ᠠᠰᠠᠭᠤᠳᠠᠯ ᠨᠢ ᠴᠢᠨᠠᠷ ᠰᠠᠶᠢᠲᠠᠢ ᠬᠠᠩᠭᠠᠯᠭ᠎ᠠ ᠬᠦᠷᠦᠯᠴᠡᠬᠦ ᠦᠭᠡᠢ ᠂ ︽ᠰᠠᠶᠢᠨ ᠠᠨᠢᠶ᠎ᠠ ︾᠂ ︽ᠰᠠᠶᠢᠨ ᠰᠤᠪᠢᠯᠠᠭᠴᠢ ︾ ᠠᠮᠠᠷᠬᠠᠨ ᠣᠯᠳᠠᠬᠤ ᠦᠭᠡᠢ ᠂ ᠬᠡᠷᠡᠭᠯᠡᠵᠦ ᠬᠦᠴᠦᠷᠡᠬᠦ ᠦᠭᠡᠢ ᠂ ᠦᠯᠡᠳᠡᠭᠡᠵᠦ ᠳᠡᠶᠢᠯᠬᠦ ᠦᠭᠡᠢ ᠪᠠᠶᠢᠵᠤ ᠂ ᠪᠠᠲᠤᠯᠠᠭ᠎ᠠ ᠲᠠᠢ ᠪᠥᠭᠡᠳ ᠴᠢᠨᠠᠷ ᠴᠢᠨᠰᠠᠭ᠎ᠠ ᠲᠠᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠴᠤ ᠴᠥᠭᠡᠨ ᠪᠠᠶᠢᠨ᠎ᠠ ᠃ ᠨᠠᠰᠤᠲᠠᠨ ᠢ ᠠᠰᠠᠷᠠᠬᠤ ᠪᠠ ᠨᠠᠶᠢᠳᠠᠵᠤ ᠰᠠᠭᠠᠲᠠᠭᠤᠯᠬᠤ ᠂ ᠭᠡᠷ ᠠᠬᠤᠢ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ ᠂ ᠶᠡᠭᠡ ᠬᠡᠪᠴᠢᠶᠡᠨ ᠤ ᠬᠠᠨᠳᠤᠯᠭᠠᠲᠤ ᠴᠢᠨᠠᠷ ᠢᠶᠠᠷ ᠴᠢᠩᠭ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠵᠦ ᠂ ᠨᠢᠭᠡ ᠪᠦᠯᠦᠭ ᠢᠲᠡᠭᠡᠮᠵᠢᠲᠡᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠪᠠ ᠳᠠᠭᠤᠷᠢᠰᠬᠠᠯ ᠲᠠᠢ ᠦᠢᠯᠡᠴᠢᠯᠡᠭᠡᠨ ᠤ ᠨᠡᠷᠡᠲᠦ ᠲᠡᠮᠳᠡᠭ ᠢ ᠴᠣᠭᠴᠠᠯᠠᠨ᠎ᠠ ᠃ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠᠴᠢᠯᠠᠵᠤ ᠂ ᠨᠠᠰᠤᠲᠠᠶᠢᠴᠤᠳ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠵᠢᠭᠤᠯᠴᠢᠯᠠᠨ ᠰᠠᠭᠤᠷᠢᠰᠢᠬᠤ ᠨᠠᠰᠤᠵᠢᠯ ᠤᠨ ᠠᠰᠠᠷᠠᠮᠵᠢ ᠂ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠂ ᠡᠮᠴᠢᠯᠡᠭᠡ ᠪᠠ ᠰᠤᠪᠢᠯᠠᠯᠲᠠ ᠶᠢᠨ ᠤᠶᠠᠯᠳᠤᠯ ᠵᠡᠷᠭᠡ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠵᠤ ᠂ ᠨᠠᠰᠤᠲᠠᠶᠢᠴᠤᠳ ᠤᠨ ᠪᠤᠶᠠᠨ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ ᠃ ᠬᠡᠦᠬᠡᠳ ᠤᠨ ᠬᠡᠷᠡᠭᠯᠡᠭᠡ ᠶᠡᠷᠦ ᠠᠴᠠ ︽ᠨᠢᠭᠡ ᠯᠡ ᠬᠥᠮᠥᠨ ᠪᠦᠬᠦ ᠭᠡᠷ ᠤᠨ ᠬᠡᠷᠡᠭᠯᠡᠭᠡ ᠶᠢ ᠳᠠᠶᠢᠴᠢᠯᠠᠬᠤ ︾ ᠶᠤᠮ ᠂ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ ᠂ ᠡᠴᠢᠭᠡ ᠡᠬᠡ ᠦᠷ᠎ᠡ ᠬᠡᠦᠬᠡᠳ ᠤᠨ ᠦᠢᠯᠡᠴᠢᠯᠡᠭᠡ ᠂ ᠭᠤᠣᠯ ᠰᠡᠳᠦᠪᠲᠦ ᠨᠠᠭᠠᠳᠤᠮ ᠲᠣᠭᠯᠠᠭᠠᠮ ᠵᠡᠷᠭᠡ ᠬᠡᠷᠡᠭᠯᠡᠭᠡ ᠶᠢᠨ ᠬᠠᠨᠳᠤᠰᠢ ᠳᠤ ᠨᠡᠶᠢᠴᠡᠭᠦᠯᠦᠨ ᠂ ᠡᠵᠡᠩᠨᠡᠯᠲᠡ ᠶᠢᠨ ᠠᠬᠤᠢ ᠪᠠᠶᠢᠳᠠᠯ ᠳᠤ ᠰᠢᠨ᠎ᠡ ᠶᠢ ᠡᠭᠦᠳᠴᠦ ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ ᠃ 

      ᠤᠯᠤᠰ ᠤᠨ ᠳᠣᠲᠣᠭᠠᠳᠤ ᠶᠢᠨ ᠶᠡᠭᠡ ᠣᠷᠴᠢᠯ ᠠᠴᠠ ᠪᠣᠢ ᠪᠣᠯᠤᠭᠰᠠᠨ ᠠᠵᠠ ᠳᠣᠬᠢᠶᠠᠯ ᠢ ᠴᠢᠩᠭ᠎ᠠ ᠠᠳᠬᠤᠨ᠎ᠠ ᠃ ᠥᠪᠥᠷ ᠮᠣᠩᠭᠤᠯ ᠳᠤ ᠬᠥᠮᠥᠨ ᠠᠮᠠ ᠬᠠᠷᠢᠴᠠᠩᠭᠤᠢ ᠴᠥᠭᠡᠨ ᠂ ᠬᠡᠷᠡᠭᠯᠡᠭᠡ ᠶᠢᠨ ᠴᠢᠳᠠᠪᠤᠷᠢ ᠬᠢᠵᠠᠭᠠᠷ ᠲᠠᠢ ᠪᠣᠯᠬᠤᠷ ᠂ ᠬᠡᠷᠡᠭᠯᠡᠭᠡ ᠶᠢ ᠠᠳᠬᠤᠬᠤ ᠳᠤ ᠪᠠᠨ ᠣᠷᠣᠨ ᠤ ᠳᠣᠲᠣᠭᠠᠳᠤ ᠳᠤ  ᠪᠠᠨ ᠠᠩᠬᠠᠷᠤᠯ ᠢᠶᠠᠨ ᠬᠠᠨᠳᠤᠭᠤᠯᠬᠤ ᠪᠠᠷ ᠦᠯᠦ ᠪᠠᠷᠠᠨ ᠂ ᠣᠷᠣᠨ ᠤ ᠭᠠᠳᠠᠨᠠᠬᠢ ᠶᠢ ᠴᠦ ᠠᠩᠬᠠᠷᠬᠤ ᠬᠡᠷᠡᠭᠲᠡᠢ ᠃ ᠮᠠᠨ ᠤ ᠣᠷᠣᠨ ᠤ 1100 ᠢᠯᠡᠭᠦᠦ ᠵᠦᠢᠯ ᠤᠨ ︽ᠥᠪᠥᠷ ᠮᠣᠩᠭᠤᠯ ︾ᠨᠡᠷᠡᠮᠵᠢᠲᠦ ᠰᠠᠶᠢᠨ ᠪᠦᠲᠦᠭᠡᠭᠳᠡᠬᠦᠨ ᠪᠦᠬᠦ ᠤᠯᠤᠰ ᠲᠤ ᠵᠠᠬ᠎ᠠ ᠳᠡᠯᠭᠡᠭᠦᠷ ᠲᠠᠢ ᠪᠥᠭᠡᠳ ᠬᠡᠷᠡᠭᠴᠡᠭᠡ ᠱᠠᠭᠠᠷᠳᠠᠯᠭ᠎ᠠ ᠲᠠᠢ ᠶᠤᠮ ᠂ ᠵᠠᠩᠭᠢᠯᠠᠭ᠎ᠠ ᠨᠢ ᠣᠳᠣ ᠦᠶ᠎ᠡ ᠶᠢᠨ ᠬᠡᠷᠡᠭᠯᠡᠭᠡ ᠶᠢᠨ ᠰᠢᠨ᠎ᠡ ᠬᠠᠨᠳᠤᠰᠢ ᠳᠤ ᠵᠣᠬᠢᠴᠠᠭᠤᠯᠤᠨ ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠂ ᠣᠬᠤᠷ ᠸᠢᠳᠢᠤ᠋ ᠪᠠᠷ ᠡᠵᠡᠩᠨᠡᠨ ᠪᠣᠷᠣᠯᠠᠭᠤᠯᠬᠤ ᠂ ᠠᠩᠬ᠎ᠠ ᠲᠠᠷᠬᠠᠭᠠᠬᠤ ᠲᠦᠷᠦᠭᠦᠴᠢ ᠳᠡᠯᠭᠡᠭᠦᠷ ᠨᠡᠭᠡᠭᠡᠬᠦ ᠵᠡᠷᠭᠡ ᠰᠢᠨ᠎ᠡ ᠬᠡᠪ ᠵᠠᠭᠪᠤᠷ ᠢ ᠰᠠᠶᠢᠲᠤᠷ ᠬᠡᠷᠡᠭᠯᠡᠵᠦ ᠂ ᠮᠠᠨ ᠤ ᠣᠷᠣᠨ ᠤ ᠪᠣᠬᠢᠷᠳᠤᠯ ᠦᠭᠡᠢ ᠪᠥᠭᠡᠳ ᠣᠨᠴᠠᠯᠢᠭ ᠲᠠᠢ ᠴᠢᠨᠠᠷ ᠰᠠᠶᠢᠲᠠᠢ ᠪᠦᠲᠦᠭᠡᠭᠳᠡᠬᠦᠨ ᠢᠶᠠᠨ ᠪᠦᠬᠦ ᠤᠯᠤᠰ ᠲᠤ ᠭᠠᠷᠭᠠᠨ ᠪᠣᠷᠣᠯᠠᠭᠤᠯᠬᠤ ᠶᠠᠪᠤᠳᠠᠯ ᠪᠣᠯᠣᠨ᠎ᠠ ᠃ ᠮᠠᠨ ᠤ ᠣᠷᠣᠨ ᠤ ᠵᠢᠯ ᠪᠦᠷᠢ ᠬᠦᠯᠢᠶᠡᠨ ᠠᠪᠬᠤ ᠵᠢᠭᠤᠯᠴᠢᠯᠠᠭᠴᠢᠳ 3 ᠳ᠋ᠦᠩᠰᠢᠭᠤᠷ ᠰᠢᠬᠠᠮ ᠬᠥᠮᠥᠨ ᠤᠳᠠᠭ᠎ᠠ ᠳᠤ ᠬᠦᠷᠴᠦ ᠂ ᠡᠨᠡ ᠬᠦ ᠡᠭᠦᠳᠡᠨ ᠳᠤ ᠰᠠᠭᠠᠲᠠᠭᠰᠠᠨ ᠬᠡᠷᠡᠭᠯᠡᠭᠡ ᠳᠤ ᠪᠠᠰᠠ ᠮᠠᠰᠢ ᠶᠡᠭᠡ ᠳᠠᠯᠳᠠ ᠬᠦᠴᠦᠨ ᠨᠢᠭᠤᠭᠳᠠᠵᠤ ᠪᠠᠶᠢᠬᠤ ᠪᠣᠯᠬᠤᠷ ︽ᠥᠪᠥᠷ ᠮᠣᠩᠭᠤᠯ ᠤᠨ ᠦᠨᠦᠷ ᠠᠮᠲᠠ ︾ ᠲᠠᠢ ᠬᠤᠪᠴᠠᠰᠤ ᠬᠤᠨᠠᠷ ᠵᠠᠰᠠᠯ ᠴᠢᠮᠡᠭᠯᠡᠯ ᠂ ᠭᠠᠷ ᠤᠷᠠᠯᠠᠯ ᠤᠨ ᠪᠦᠲᠦᠭᠡᠯ ᠂ ᠰᠣᠶᠣᠯ ᠤᠨ ᠪᠦᠲᠦᠭᠡᠯᠴᠢ ᠲᠠᠸᠠᠷ ᠂ ᠪᠣᠬᠢᠷᠳᠤᠯ ᠦᠭᠡᠢ ᠠᠮᠲᠠᠲᠤ ᠢᠳᠡᠭᠡᠨ ᠢ ᠨᠡᠩ ᠣᠯᠠᠨ ᠨᠡᠭᠡᠭᠡᠨ ᠬᠥᠭᠵᠢᠭᠦᠯᠵᠦ ᠂ ᠵᠢᠭᠤᠯᠴᠢᠯᠠᠭᠴᠢᠳ ᠪᠦᠷᠢ ᠶᠢ ᠥᠪᠡᠷ ᠤᠨ ᠢᠶᠠᠨ ᠲᠠᠭᠠᠰᠢᠶᠠᠭᠰᠠᠨ ᠨᠢᠭᠡᠨ ᠬᠤᠪᠢ ︽ᠭᠠᠷ ᠪᠡᠯᠡᠭ ︾  ᠲᠠᠢ ᠪᠤᠴᠠᠭᠠᠬᠤ ᠪᠣᠯᠭᠠᠨ᠎ᠠ ᠃ ᠡᠯ᠎ᠡ ᠭᠠᠵᠠᠷ ᠣᠷᠣᠨ ᠨᠢ ᠴᠥᠮ ᠬᠦᠴᠦ ᠵᠠᠷᠤᠴᠠᠭᠤᠯᠵᠤ ᠪᠠᠶᠢᠭᠠᠳ ᠡᠷᠬᠢᠨ ᠲᠣᠭᠤᠷᠢᠨ ᠤ ᠭᠠᠵᠠᠷ ᠣᠷᠣᠨ ᠤ ᠨᠡᠩ ᠣᠯᠠᠨ ᠬᠥᠮᠥᠰ ᠢ ᠲᠠᠲᠠᠨ ᠠᠪᠴᠢᠷᠠᠵᠤ ᠮᠠᠨ ᠤ ᠣᠷᠣᠨ ᠳᠤ ᠲᠣᠭᠤᠷᠢᠨ ᠵᠤᠭᠠᠴᠠᠭᠤᠯᠵᠤ ᠬᠡᠷᠡᠭᠯᠡᠭᠡ ᠳᠤ ᠣᠷᠣᠯᠴᠠᠭᠤᠯᠤᠨ ᠂ ᠮᠠᠨ ᠤ ᠦᠢᠯᠡᠴᠢᠯᠡᠭᠡ ᠶᠢ ᠬᠦᠷᠲᠡᠭᠡᠨ ᠂ ᠮᠠᠨ ᠤ ᠦᠢᠯᠡᠳᠬᠦᠨ ᠢ ᠬᠤᠳᠠᠯᠳᠤᠨ ᠠᠪᠤᠭᠤᠯᠵᠤ ᠂ ᠵᠤᠭᠠᠴᠠᠨ ᠺᠠᠷᠲᠯᠠᠭᠤᠯᠬᠤ ᠮᠥᠷᠲᠡᠭᠡᠨ ᠺᠠᠷᠲ ᠵᠤᠷᠠᠭᠤᠯᠣᠨ᠎ᠠ ᠃ ᠦᠵᠡᠭᠦᠯᠭᠡ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠦᠵᠡᠭᠦᠯᠭᠡ ᠪᠠᠷ ᠪᠣᠷᠤᠯᠠᠭᠤᠯᠭ᠎ᠠ ᠶᠢ ᠠᠬᠢᠭᠤᠯᠬᠤ ᠂ ᠦᠵᠡᠭᠦᠯᠭᠡ ᠪᠠᠷ ᠬᠤᠳᠠᠯᠳᠤᠭ᠎ᠠ ᠶᠢ ᠠᠬᠢᠭᠤᠯᠬᠤ ᠂ ᠠᠵᠤ ᠦᠢᠯᠡᠰ ᠪᠠ ᠦᠵᠡᠭᠦᠯᠭᠡ ᠶᠢ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ ᠂ ᠬᠡᠷᠡᠭᠯᠡᠭᠡ ᠶᠢ ᠨᠡᠩ ᠰᠠᠶᠢᠲᠤᠷ ᠲᠠᠶᠢᠴᠢᠯᠠᠨ ᠂ ᠠᠵᠤ ᠦᠢᠯᠡᠰ ᠢ ᠨᠡᠩ ᠰᠠᠶᠢᠲᠤᠷ ᠪᠥᠭᠡᠮᠨᠡᠷᠡᠭᠦᠯᠦᠨ᠎ᠡ ᠃ 

      ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠶᠢᠵᠢᠭᠤᠯᠵᠤ ᠬᠥᠭᠵᠢᠭᠦᠯᠦᠨ᠎ᠡ ᠃ ᠰᠢᠨ᠎ᠡ ᠶᠢ ᠡᠭᠦᠳᠬᠦ ᠦᠭᠡᠢ ᠪᠣᠯ ᠭᠠᠷᠬᠤ ᠵᠠᠮ ᠦᠭᠡᠢ ᠂ ᠨᠡᠩ ᠴᠦ ᠢᠷᠡᠭᠡᠳᠦᠢ ᠦᠭᠡᠢ ᠶᠤᠮ ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ ᠃ 

      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠥᠬᠦᠷᠡᠰᠢ ᠦᠭᠡᠢ ᠤᠳᠠᠭᠠᠨ ᠳᠠᠭᠠᠭᠠᠮᠠᠭᠠᠢ ᠪᠠᠷ ᠠᠵᠢᠯᠯᠠᠬᠤ ᠶᠢ ᠡᠷᠬᠢᠮᠯᠡᠨ᠎ᠡ ᠃ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠪᠠᠨ ᠨᠡᠮᠡᠭᠳᠡᠭᠦᠯᠦᠨ ᠂ 20% ᠶᠢᠨ ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠰᠠᠶᠢᠲᠤᠷ ᠬᠡᠷᠡᠭᠵᠢᠭᠦᠯᠵᠦ ᠂ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠᠨ ᠴᠢᠩᠭᠠᠳᠬᠠᠬᠤ ᠂ ᠵᠠᠷᠤᠳᠠᠯ ᠤᠨ ᠣᠷᠤᠭᠤᠯᠤᠯᠲᠠ ᠪᠠᠨ ᠨᠡᠮᠡᠭᠳᠡᠭᠦᠯᠬᠦ ᠶᠢ ᠳᠠᠶᠢᠴᠢᠯᠠᠨ ᠳᠠᠭᠠᠭᠤᠯᠤᠨ᠎ᠠ ᠃ ᠴᠡᠭ ᠪᠠᠶᠢᠷᠢᠯᠠᠯ ᠤᠨ ᠲᠣᠭᠤᠷᠢᠨ ᠳᠤ ︽ᠪᠦᠰᠡᠯᠡᠯᠲᠡ ᠰᠢᠪᠲᠤᠯᠬᠤ ︾ ᠶᠢ ᠠᠳᠬᠤᠨ᠎ᠠ ᠂ ᠨᠢᠳᠤᠨᠤᠨ ᠤ ᠪᠠᠶᠢᠷᠢᠰᠢᠭᠤᠯᠤᠭᠰᠠᠨ 5 ᠴᠡᠭ ᠪᠠᠶᠢᠷᠢᠯᠠᠯ ᠤᠨ ᠰᠠᠭᠤᠷᠢᠨ ᠳᠡᠭᠡᠷ᠎ᠡ ᠂ ᠡᠨᠡ ᠵᠢᠯ ᠵᠣᠬᠢᠶᠠᠮᠠᠯ ᠤᠶᠤᠨ + ᠂ ᠳᠣᠣᠷ᠎ᠠ ᠠᠭᠠᠷ ᠤᠨ ᠠᠵᠤ ᠠᠬᠤᠢ ᠂ ᠠᠮᠢᠳᠤ ᠪᠣᠳᠠᠰ ᠤᠨ ᠮᠡᠷᠭᠡᠵᠢᠯ ᠵᠡᠷᠭᠡ ᠬᠦᠷᠢᠶ᠎ᠡ ᠴᠠᠷᠠᠭᠠᠨ ᠳᠤ ᠪᠠᠰᠠ ᠨᠢᠭᠡ ᠪᠦᠯᠦᠭ ᠰᠢᠨ᠎ᠡ ᠴᠡᠭ ᠪᠠᠶᠢᠷᠢᠯᠠᠯ ᠢ ᠡᠬᠢᠯᠡᠭᠦᠯᠵᠦ ᠂ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ ᠂ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ ᠂ ᠭᠤᠣᠯᠯᠠᠬᠤ ᠮᠡᠷᠭᠡᠵᠢᠯ ᠳᠤ ᠲᠦᠷᠭᠡᠬᠡᠨ ᠰᠢᠪᠲᠤᠯᠤᠯᠲᠠ ᠭᠠᠷᠭᠠᠵᠤ ᠂ ︽ᠡᠬᠢᠯᠡᠵᠦ ᠭᠦᠶᠦᠮᠡᠭᠴᠡ ᠲᠦᠷᠦᠭᠦᠯᠡᠬᠦ ︾ ᠶᠢ ᠪᠡᠶᠡᠯᠡᠭᠦᠯᠬᠦ ᠪᠠᠷ ᠴᠢᠷᠮᠠᠶᠢᠨ᠎ᠠ ᠃ ᠠᠵᠤ ᠦᠢᠯᠡᠰ ᠤᠨ ᠳᠤᠲᠠᠭᠤᠳᠠᠯ ᠤᠨ ᠲᠣᠭᠤᠷᠢᠨ ᠳᠤ ᠰᠢᠨ᠎ᠡ ᠶᠢ ᠡᠭᠦᠳᠬᠦ ᠶᠢ ᠠᠳᠬᠤᠨ᠎ᠠ ᠂ ᠠᠵᠤ ᠦᠢᠯᠡᠰ ᠤᠨ ᠬᠥᠭᠵᠢᠯᠲᠡ ᠶᠢᠨ ᠪᠣᠭᠤᠮᠢ ᠬᠦᠯᠢᠶᠡᠰᠦᠯᠡᠯ ᠪᠣᠯ ᠰᠢᠨ᠎ᠡ ᠶᠢ ᠡᠭᠦᠳᠬᠦ ᠶᠢᠨ ᠬᠦᠴᠦᠯᠡᠬᠦ ᠴᠡᠭ ᠮᠥᠨ ᠃ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠬᠡᠯᠬᠢᠶᠡᠨ ᠤ ᠲᠦᠭᠵᠢᠷᠡᠯ ᠲᠠᠰᠤᠷᠬᠠᠢ ᠴᠡᠭ ᠢ ᠨᠠᠪᠲᠠᠷᠡᠭᠦᠯᠵᠦ ᠂ ᠬᠥᠲᠥᠴᠢ ᠠᠵᠤ ᠠᠬᠤᠶᠢᠯᠠᠯ ᠢᠶᠠᠷ ᠲᠦᠷᠦᠭᠦᠯᠡᠭᠦᠯᠦᠭᠰᠡᠨ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶᠡᠨ ᠤ ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠶᠢ ᠲᠦᠷᠭᠡᠳᠬᠡᠨ ᠵᠣᠬᠢᠶᠠᠨ ᠪᠠᠶᠢᠭᠤᠯᠵᠤ ᠂ ᠰᠢᠨ᠎ᠡ ᠶᠢ ᠡᠭᠦᠳᠬᠦ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠠᠵᠤ ᠠᠬᠤᠶᠢᠯᠠᠯ ᠂ ︽ᠪᠢᠴᠢᠬᠠᠨ ᠠᠪᠤᠷᠭᠤ ︾ ᠠᠵᠤ ᠠᠬᠤᠶᠢᠯᠠᠯ ᠂ ᠭᠠᠭᠴᠠ ᠵᠦᠢᠯ ᠤᠨ ᠮᠠᠩᠯᠠᠢ ᠠᠵᠤ ᠠᠬᠤᠶᠢᠯᠠᠯ ᠢ ᠱᠠᠲᠤᠯᠠᠨ ᠬᠥᠮᠥᠵᠢᠭᠦᠯᠬᠦ ᠲᠣᠭᠲᠠᠯᠴᠠᠭ᠎ᠠ ᠪᠠᠨ ᠪᠦᠷᠢᠨᠰᠢᠭᠦᠯᠦᠨ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠢᠨ ᠪᠦᠷᠬᠦᠭᠦᠯᠬᠦ ᠪᠠᠷ ᠬᠦᠴᠦᠯᠡᠨ ᠴᠢᠷᠮᠠᠶᠢᠨ᠎ᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠭᠦᠢᠴᠡᠳ ᠰᠠᠶᠢᠲᠤᠷ ᠠᠰᠢᠭᠯᠠᠨ᠎ᠠ ᠂ ︽ᠤᠯᠤᠰ ᠤᠨ ᠠᠩᠭᠢ ︾ ᠶᠢ ᠦᠷᠭᠦᠯᠵᠢᠯᠡᠨ ᠪᠤᠵᠠᠭᠠᠶᠢᠷᠠᠭᠤᠯᠵᠤ ᠂ ᠬᠤᠸᠠᠢ ᠷᠧᠦ ᠶᠢᠨ ᠤᠯᠤᠰ ᠤᠨ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠭᠠᠵᠠᠷ ᠂ ᠬᠦᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠣᠷᠣᠨ ᠂ ᠡᠪᠡᠰᠦᠨ ᠤ ᠦᠢᠯᠡᠰ ᠤᠨ ᠮᠡᠷᠭᠡᠵᠢᠯ ᠤᠨ ᠤᠯᠤᠰ ᠤᠨ ᠰᠢᠨ᠎ᠡ ᠶᠢ ᠡᠭᠦᠳᠬᠦ ᠲᠥᠪ ᠵᠥᠪᠰᠢᠶᠡᠷᠡᠭᠳᠡᠵᠦ ᠰᠠᠭᠤᠷᠢᠰᠢᠬᠤ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠦᠨ᠎ᠡ ︔ ︽ᠣᠷᠣᠨ ᠨᠤᠲᠤᠭ ᠤᠨ ᠠᠩᠭᠢ ︾ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠂ ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ ᠂ ᠣᠷᠳᠣᠰ ᠤᠨ ᠲᠤᠷᠰᠢᠯᠲᠠ ᠶᠢᠨ ᠲᠠᠰᠤᠭ ᠢ ᠰᠠᠶᠢᠲᠤᠷ ᠪᠦᠲᠦᠭᠡᠨ ᠪᠠᠶᠢᠭᠤᠯᠤᠨ ᠂ ᠪᠤᠭᠤᠲᠤ ᠬᠤᠲᠠ ᠶᠢᠨ ᠲᠤᠷᠰᠢᠯᠲᠠ ᠶᠢᠨ ᠲᠠᠰᠤᠭ ᠢ ᠵᠣᠬᠢᠶᠠᠨ ᠪᠠᠶᠢᠭᠤᠯᠵᠤ ᠂ ᠣᠨᠴᠠᠭᠠᠶᠢᠯᠠᠨ ︽ᠮᠧᠩ ᠺᠧ ᠵᠢᠦᠢ ︾ ᠶᠡᠷᠦᠩᠬᠡᠢ ᠲᠠᠪᠴᠠᠩ ᠶᠡᠷᠦᠩᠬᠡᠢ ᠬᠦᠢᠰᠦ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠭᠰᠠᠨ ᠲᠤᠭ᠎ᠠ ᠶᠢ ᠵᠠᠭᠤᠨ ᠳ᠋ᠦᠩᠰᠢᠭᠤᠷ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ ᠃ ᠬᠥᠭᠵᠢᠭᠰᠡᠨ ᠮᠤᠵᠢ ᠣᠷᠣᠨ ᠤ ᠰᠤᠳᠤᠯᠤᠨ ᠨᠡᠭᠡᠭᠡᠬᠦ ᠴᠢᠳᠠᠪᠤᠷᠢ ᠴᠢᠩᠭ᠎ᠠ ᠂ ᠭᠡᠪᠡᠴᠦ ᠮᠠᠨ ᠤ ᠣᠷᠣᠨ ᠤ ᠬᠡᠷᠡᠭᠯᠡᠯᠲᠡ ᠶᠢᠨ ᠠᠬᠤᠢ ᠪᠠᠶᠢᠳᠠᠯ ᠣᠯᠠᠨ ᠶᠤᠮ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠪᠠᠶᠢᠷᠢᠯᠠᠭᠤᠯᠪᠠ ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠬᠠᠮᠲᠤᠷᠠᠯᠴᠠᠭ᠎ᠠ ᠶᠢ ᠴᠢᠬᠤᠯᠠ ᠠᠭᠤᠯᠭ᠎ᠠ ᠪᠠᠨ ᠪᠣᠯᠭᠠᠵᠣ ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠣᠰ ᠴᠢᠭᠯᠡᠯᠲᠦ ᠣᠭᠤᠷᠴᠤᠭ ᠬᠠᠷᠢᠶ᠎ᠠ ᠭᠠᠵᠠᠷ ᠢ ᠪᠦᠲᠦᠭᠡᠨ ᠪᠠᠶᠢᠭᠤᠯᠵᠤ ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠶᠢᠵᠢᠭᠤᠯᠤᠨ ᠂ ᠨᠡᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠣᠷᠣᠨ ᠳᠤ ᠪᠠᠨ ᠤᠯᠠᠷᠢᠭᠤᠯᠤᠨ ᠬᠡᠷᠡᠭᠯᠡᠭᠦᠯᠦᠨ᠎ᠡ ᠃

      ᠴᠢᠳᠠᠪᠤᠷᠢᠲᠠᠨ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠦᠨᠳᠦᠰᠦ ᠰᠠᠭᠤᠷᠢ ᠪᠣᠯᠣᠨ᠎ᠠ ᠃ ︽ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ︾ ᠢᠨᠵᠧᠨᠧᠷᠢᠩ ᠢᠶᠠᠷ ᠶᠡᠷᠦᠩᠬᠡᠢ ᠵᠢᠯᠣᠭᠤᠳᠤᠮᠵᠢ ᠪᠣᠯᠭᠠᠵᠤ ᠂ ᠮᠠᠨ ᠤ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠳᠠᠪᠤᠷᠢᠲᠠᠨ ᠢ ᠰᠡᠳᠬᠢᠯ ᠲᠠᠯᠪᠢᠨ ᠤᠷᠢᠵᠤ ᠂ ᠴᠢᠳᠠᠪᠤᠷᠢᠲᠠᠨ ᠢ ᠦᠨᠡᠨᠴᠢ ᠪᠠᠷ ᠦᠯᠡᠳᠡᠭᠡᠵᠦ ᠂ ᠴᠢᠳᠠᠪᠤᠷᠢᠲᠠᠨ ᠢ ᠨᠠᠨᠳᠢᠩᠨᠠᠨ ᠬᠡᠷᠡᠭᠯᠡᠵᠦ ᠂ ᠰᠢᠨᠵᠢᠯᠡᠬᠦ ᠤᠬᠠᠭᠠᠨ ᠤ ᠰᠤᠳᠤᠯᠤᠯ ᠳᠤ ᠵᠠᠷᠤᠳᠠᠯ ᠤᠨ ᠳᠡᠮᠵᠢᠯᠭᠡ ᠦᠵᠡᠭᠦᠯᠬᠦ ᠂ ᠴᠢᠳᠠᠪᠤᠷᠢᠲᠠᠨ ᠤᠷᠢᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ ᠂ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠬᠤ ᠂ ᠬᠥᠯᠥᠰᠦ ᠣᠯᠭᠤᠮᠵᠢ ᠪᠠᠷ ᠤᠷᠮᠠᠰᠢᠭᠤᠯᠬᠤ ᠶᠢ ᠴᠢᠩᠭᠠᠷᠠᠭᠤᠯᠬᠤ ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠳᠤ ᠬᠠᠷᠠᠭᠠᠯᠵᠠᠯ ᠦᠵᠡᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠦᠨ ᠂ ᠰᠠᠶᠢᠨ ᠲᠥᠷᠥ ᠶᠢᠨ ᠪᠣᠳᠣᠯᠭ᠎ᠠ ᠶᠢ ᠦᠨᠡᠨ ᠪᠣᠳᠠᠲᠠᠢ ᠪᠠᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ ᠃ ᠰᠤᠷᠭᠠᠨ ᠬᠥᠮᠦᠵᠢᠯ ᠪᠣᠯ ᠴᠢᠳᠠᠪᠤᠷᠢᠲᠠᠨ ᠬᠥᠮᠥᠵᠢᠭᠦᠯᠬᠦ ᠶᠢᠨ ᠦᠨᠳᠦᠰᠦᠨ ᠠᠷᠭ᠎ᠠ ᠵᠠᠮ ᠪᠣᠯᠣᠨ᠎ᠠ ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠨᠢ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠬᠤᠣᠰ ᠲᠡᠷᠢᠭᠦᠨ ᠳᠡᠰ ︾ ᠤᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ ᠂ ᠰᠦ ᠰᠠᠭᠠᠯᠢ ᠶᠢᠨ ᠦᠢᠯᠡᠰ ᠂ ᠬᠤᠪᠣᠷ ᠰᠢᠷᠣᠢ ᠂ ᠡᠨᠧᠷᠬᠢ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ ᠳᠡᠭᠡᠳᠦ ᠵᠡᠷᠭᠡ ᠶᠢᠨ ᠰᠤᠳᠤᠯᠤᠯ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠣᠷᠣᠨ ᠪᠦᠰᠡ ᠶᠢᠨ ᠬᠥᠭᠵᠢᠯᠲᠡ ᠲᠠᠢ ᠵᠣᠬᠢᠴᠠᠯᠳᠤᠭᠤᠯᠵᠤ ᠂ ᠠᠵᠤ ᠦᠢᠯᠡᠰ ᠤᠨ ᠪᠠᠶᠢᠷᠢᠰᠢᠭᠤᠯᠤᠯᠲᠠ ᠲᠠᠢ ᠵᠣᠯᠭᠠᠭᠤᠯᠤᠨ ᠂ ᠬᠤᠲᠠ ᠶᠢᠨ ᠬᠡᠪᠴᠢᠶᠡᠨ ᠤ ᠠᠵᠤ ᠦᠢᠯᠡᠰ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠂ ᠠᠵᠢᠯ ᠲᠦᠷᠦᠯ ᠤᠨ ᠠᠵᠤ ᠦᠢᠯᠡᠰ ᠰᠤᠷᠭᠠᠨ ᠬᠥᠮᠦᠵᠢᠯ ᠠᠭᠤᠰᠤᠯᠴᠠᠭᠰᠠᠨ ᠬᠠᠮᠲᠤ ᠶᠢᠨ ᠴᠣᠭᠴᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠂ ᠬᠦᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢᠶᠠᠨ ᠨᠡᠶᠢᠳᠬᠡᠨ ᠠᠵᠢᠯ ᠮᠡᠷᠭᠡᠵᠢᠯ ᠤᠨ ᠦᠨᠳᠦᠰᠦᠨ ᠠᠩᠭᠢ ᠪᠠᠶᠢᠭᠤᠯᠬᠤ ᠶᠢ ᠳᠡᠮᠵᠢᠨ᠎ᠡ ᠃

      ︵ᠳᠥᠷᠪᠡ︶ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ ᠂ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ ᠃ ᠮᠠᠨ ᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ ᠂ ᠭᠠᠵᠠᠷ ᠠᠭᠤᠳᠠᠮ ᠬᠥᠮᠥᠨ ᠴᠥᠭᠡᠨ ᠂ ᠦᠢᠯᠡᠳᠪᠦᠷᠢᠯᠡᠯ ᠤᠨ ᠬᠦᠴᠦᠨ ᠵᠦᠢᠯ ᠬᠠᠷᠢᠴᠠᠩᠭᠤᠢ ᠲᠠᠷᠠᠬᠠᠢ ᠪᠤᠲᠠᠷᠬᠠᠢ ᠶᠤᠮ ᠂ ᠠᠵᠤ ᠦᠢᠯᠡᠰ ᠢ ᠬᠥᠭᠵᠢᠭᠦᠯᠬᠦ ᠳᠤ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠨ ᠂ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠭᠤᠶᠢᠪᠢᠰᠢ ᠦᠭᠡᠢ ᠪᠠᠷᠢᠮᠲᠠᠯᠠᠵᠤ ᠂ ᠣᠷᠣᠨ ᠳᠠᠶᠠᠭᠠᠷ ︽ᠨᠢᠭᠡ ᠬᠥᠯᠭᠡ ᠰᠢᠲᠠᠷ᠎ᠠ ᠰᠢᠭ᠋ ︾ ᠪᠠᠶᠢᠬᠤ ᠶᠢ ᠡᠷᠬᠡᠪᠰᠢ ᠪᠠᠷᠢᠮᠲᠠᠯᠠᠵᠤ ᠂ ᠵᠠᠭᠤᠨ ᠳ᠋ᠦᠩᠰᠢᠭᠤᠷ ᠤᠨ ᠠᠵᠤ ᠦᠢᠯᠡᠰ ᠤᠨ ᠰᠠᠭᠤᠷᠢ ᠮᠥᠩᠭᠦ ᠶᠢ ᠨᠡᠶᠢᠳᠬᠡᠨ ᠪᠠᠶᠢᠭᠤᠯᠵᠤ ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠢ ᠰᠡᠳᠬᠢᠯ ᠲᠠᠯᠪᠢᠨ ᠴᠣᠭᠴᠠᠯᠠᠵᠤ ᠂ ᠥᠨᠳᠥᠷ ᠲᠦᠪᠰᠢᠨᠳᠣ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠲᠥᠪᠯᠡᠷᠡᠵᠦ ᠪᠥᠭᠡᠮᠨᠡᠷᠡᠨ ᠡᠷᠴᠢᠮᠵᠢᠵᠦ ᠬᠥᠭᠵᠢᠬᠦ ᠶᠢ ᠠᠬᠢᠭᠤᠯᠤᠨ ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ ᠂ ᠠᠮᠢᠵᠢᠷᠠᠯ ᠤᠨ ᠬᠦᠴᠦᠨ ᠪᠢᠯᠬᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ ᠃

      ᠪᠦᠬᠦ ᠤᠯᠤᠰ ᠤᠨ ᠲᠡᠷᠢᠭᠦᠨ ᠡᠩᠨᠡᠭᠡᠨ ᠳᠤ ᠪᠠᠶᠢᠭ᠎ᠠ ᠠᠵᠤ ᠦᠢᠯᠡᠰ ᠤᠨ ᠲᠦᠷᠦᠭᠦᠯᠡᠬᠦ ᠪᠠᠶᠢᠷᠢ ᠶᠢ ᠨᠢ ᠪᠠᠲᠤᠯᠠᠵᠤ ᠂ ᠰᠢᠨ᠎ᠡ ᠥᠨᠳᠦᠷᠯᠢᠭ ᠢ ᠵᠠᠪᠳᠤᠨ ᠡᠵᠡᠯᠡᠬᠦ ᠶᠢ ᠠᠬᠢᠭᠤᠯᠤᠨ᠎ᠠ ᠃ ᠮᠠᠨ ᠤ ᠣᠷᠣᠨ ᠤ ᠰᠦ ᠰᠠᠭᠠᠯᠢ ᠶᠢᠨ ᠦᠢᠯᠡᠰ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠨᠢ ᠨᠢᠭᠡᠨᠲᠡ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠪᠠ ᠂ ᠣᠳᠣ ᠳᠡᠯᠡᠬᠡᠢ ᠶᠢᠨ ᠳᠡᠰ ᠲᠤ ᠳᠠᠪᠰᠢᠨ ᠣᠷᠣᠬᠤ ᠪᠠᠷ ᠲᠦᠷᠭᠡᠨ ᠤᠷᠤᠭᠰᠢᠯᠠᠬᠤ ᠬᠡᠷᠡᠭᠲᠡᠢ ᠃ ᠰᠦ ᠰᠠᠭᠠᠯᠢ ᠶᠢᠨ ᠦᠢᠯᠡᠰ ᠤᠨ ᠲᠠᠯ᠎ᠠ ᠪᠠᠷ ᠳᠡᠯᠡᠬᠡᠢ ᠳᠠᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ ᠂ ᠢᠯᠢ ᠂ ᠮᠧᠩ ᠨᠢᠦ ᠬᠤᠶᠠᠷ ᠲᠣᠮᠣ ᠰᠦ ᠰᠠᠭᠠᠯᠢ ᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ᠳᠡᠯᠡᠬᠡᠶᠢᠵᠢᠭᠦᠯᠬᠦ ᠪᠠᠶᠢᠯᠳᠤᠬᠤ ᠪᠣᠳᠣᠯᠭ᠎ᠠ ᠶᠢ ᠨᠢ ᠠᠬᠢᠭᠤᠯᠵᠤ ᠂ ᠣᠨᠴᠠᠭᠠᠶᠢᠯᠠᠨ ᠪᠦᠲᠦᠭᠡᠭᠳᠡᠬᠦᠨ ᠤ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ ᠂ ᠪᠢᠰᠢᠯᠠᠭ ᠂ ᠰᠢᠷᠠᠰᠤ ᠂ ᠰᠦᠨ ᠤ ᠲᠡᠮᠦᠷᠲᠦ ᠤᠭᠤᠷᠠᠭ ᠵᠡᠷᠭᠡ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠲᠦᠷᠭᠡᠳᠬᠡᠨ ᠪᠠᠶᠢᠷᠢᠰᠢᠭᠤᠯᠵᠤ ᠂ ᠰᠦᠨ ᠲᠠᠯᠬ᠎ᠠ ᠂ ᠲᠠᠷᠠᠭ ᠂ ᠮᠥᠰᠥᠮᠡᠭ ᠤᠨ ᠵᠠᠬ᠎ᠠ ᠳᠡᠯᠭᠡᠭᠦᠷ ᠤᠨ ᠬᠤᠪᠢᠳᠠᠴᠠ ᠶᠢ ᠥᠷᠭᠡᠳᠬᠡᠨ ᠂ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 2500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ ᠃ ᠬᠤᠪᠣᠷ ᠰᠢᠷᠣᠢ ᠶᠢᠨ ᠲᠠᠯ᠎ᠠ ᠪᠠᠷ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ ︾ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠣᠨᠢᠯᠠᠨ ᠂ ︽ᠠᠭᠤᠷᠬᠠᠢ ᠠᠴᠠ ᠬᠤᠪᠣᠷ ᠰᠢᠷᠣᠢ ᠢᠯᠡᠷᠡᠭᠦᠯᠬᠦ ︾᠂ ︽ᠬᠤᠪᠣᠷ ᠰᠢᠷᠣᠢ ᠠᠴᠠ ᠮᠠᠲ᠋ᠧᠷᠢᠶᠠᠯ ᠪᠣᠯᠭᠠᠬᠤ ︾᠂ ︽ᠮᠠᠲ᠋ᠧᠷᠢᠶᠠᠯ ᠢ ᠬᠡᠷᠡᠭᠯᠡᠯᠲᠡ ᠳᠤ ᠣᠷᠣᠭᠤᠯᠬᠤ ︾ ᠠᠵᠢᠯ ᠢ ᠰᠠᠶᠢᠲᠤᠷ ᠬᠢᠵᠦ ᠂ ᠪᠦᠬᠦ ᠬᠡᠯᠬᠢᠶᠡᠨ ᠤ ᠬᠤᠪᠣᠷ ᠰᠢᠷᠣᠢ ᠶᠢᠨ ᠠᠵᠤ ᠦᠢᠯᠡᠰ ᠤᠨ ᠬᠡᠮᠵᠢᠯᠲᠡ ᠶᠢᠨ ᠪᠠᠷᠢᠮᠵᠢᠶ᠎ᠠ ᠶᠢ ᠭᠡᠷᠡᠴᠢᠯᠡᠬᠦ ᠲᠣᠭᠲᠠᠯᠴᠠᠭ᠎ᠠ ᠪᠠᠨ ᠲᠡᠭᠦᠯᠳᠡᠷᠵᠢᠭᠦᠯᠦᠨ ᠂ ︽ᠬᠤᠪᠣᠷ ᠰᠢᠷᠣᠢ + ︾ ᠠᠵᠤ ᠦᠢᠯᠡᠰ ᠤᠨ ᠡᠪᠴᠡᠯᠳᠦᠨ ᠬᠥᠭᠵᠢᠬᠦ ᠣᠷᠣᠨ ᠵᠠᠢ ᠶᠢ ᠥᠷᠭᠡᠳᠬᠡᠵᠦ ᠂ ᠪᠦᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 1300 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠬᠡᠯᠪᠡᠷᠢ ᠶᠢᠨ ᠨᠡᠶᠢᠯᠡᠯᠭᠡ ᠮᠠᠲ᠋ᠧᠷᠢᠶᠠᠯ ᠂ ᠲᠡᠷᠢᠭᠦᠨ ᠤ ᠨᠡᠭᠦᠷᠡᠰᠦᠳᠦ᠋ᠷᠦᠭᠴᠢ ᠮᠠᠲ᠋ᠧᠷᠢᠶᠠᠯ ᠂ ᠵᠠᠳᠠᠷᠠᠬᠤᠶᠢᠴᠠ ᠮᠠᠲ᠋ᠧᠷᠢᠶᠠᠯ ᠵᠡᠷᠭᠡ ᠳᠡᠭᠡᠳᠦ ᠲᠡᠰᠵᠢᠭᠰᠡᠨ ᠦᠢᠯᠡᠳᠬᠦᠨ ᠤ ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠲᠦᠷᠭᠡᠳᠬᠡᠨ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠬᠢᠭᠡᠳ ᠪᠣᠬᠢᠷᠳᠤᠯ ᠦᠭᠡᠢ ᠴᠠᠬᠢᠯᠭᠠᠨ ᠂ ᠪᠣᠬᠢᠷᠳᠤᠯ ᠦᠭᠡᠢ ᠤᠰᠤᠳᠦ᠋ᠷᠦᠭᠴᠢ ᠵᠡᠷᠭᠡ ᠶᠢᠨ ᠡᠪᠴᠡᠯᠳᠦᠨ ᠬᠥᠭᠵᠢᠬᠦ ᠶᠢ ᠠᠬᠢᠭᠤᠯᠵᠤ ᠂ ᠣᠷᠳᠣᠰ ᠲᠠᠬᠢ ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠵᠤ ᠂ ᠤᠯᠤᠰ ᠤᠨ ᠡᠨᠧᠷᠬᠢ ᠶᠢᠨ ᠪᠦᠯᠦᠭᠯᠡᠯ ᠤᠨ ᠨᠡᠭᠦᠷᠡᠰᠦ ᠪᠠᠷ ᠲᠣᠰᠣ ᠦᠢᠯᠡᠳᠬᠦ ᠂ ᠪᠤᠤ ᠹᠧᠩ ᠪᠦᠯᠦᠭᠯᠡᠯ ᠤᠨ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ ᠂ ᠵᠢᠦ ᠲᠠᠢ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠭᠠᠷᠤᠢ ᠲᠥᠭᠦᠷᠢᠭ ᠲᠤ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠠ ᠃ ᠮᠠᠨ ᠤ ᠣᠷᠣᠨ ᠪᠣᠯ ᠤᠯᠤᠰ ᠤᠨ ᠨᠠᠢᠮᠠᠨ ᠶᠡᠭᠡ ᠪᠣᠳᠣᠬᠤ ᠴᠢᠳᠠᠪᠤᠷᠢ ᠶᠢᠨ ᠬᠦᠢᠰᠦ ᠵᠠᠩᠭᠢᠯᠠᠭ᠎ᠠ ᠶᠢᠨ ᠴᠡᠭ ᠪᠠ ᠠᠷᠪᠠᠨ ᠶᠡᠭᠡ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠨᠢᠭᠡ ᠨᠢ ᠪᠣᠯᠣᠨ᠎ᠠ ᠂ ︽ᠤᠯᠤᠰ ᠤᠨ ᠳᠣᠲᠣᠭᠠᠳᠤ ᠳᠤ ᠲᠦᠷᠦᠭᠦᠯᠡᠬᠦ ︾ ᠬᠠᠷᠠᠯᠲᠠ ᠳᠤ ᠴᠢᠭᠯᠡᠭᠦᠯᠦᠨ ᠂ ᠤᠯᠤᠰ ᠤᠨ ᠪᠣᠳᠣᠬᠤ ᠴᠢᠳᠠᠪᠤᠷᠢ ᠬᠢᠭᠡᠳ ᠴᠠᠬᠢᠯᠭᠠᠨ ᠬᠦᠴᠦᠨ ᠤ ᠵᠣᠬᠢᠴᠠᠩᠭᠤᠢ ᠬᠥᠭᠵᠢᠯᠲᠡ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠤ ᠂ ᠳᠡᠭᠡᠳᠦ ᠬᠡᠯᠬᠢᠶᠡᠨ ᠤ IT ᠤᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠂ ᠳᠤᠮᠳᠠ ᠬᠡᠯᠬᠢᠶᠡᠨ ᠤ ᠪᠣᠳᠣᠬᠤ ᠴᠢᠳᠠᠪᠤᠷᠢ ᠶᠢᠨ ᠰᠦᠯᠵᠢᠶ᠎ᠡ ᠵᠢᠴᠢ ᠲᠠᠪᠴᠠᠩ ᠂ ᠳᠣᠣᠷᠠᠳᠤ ᠬᠡᠯᠬᠢᠶᠡᠨ ᠤ ᠬᠡᠷᠡᠭᠯᠡᠯᠲᠡ ᠶᠢᠨ ᠠᠬᠤᠢ ᠪᠠᠶᠢᠳᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠲᠦᠷᠭᠡᠳᠬᠡᠨ ᠂ ᠬᠤᠸᠠ ᠸᠧᠢ ᠂ ᠾᠥᠸᠧ ᠱᠠᠨ ᠬᠥᠳᠡᠯᠭᠡᠭᠦᠷ ᠂ ᠱᠢ ᠵᠢᠢ ᠬᠤ ᠯᠢᠶᠠᠨ ᠂ ᠵᠦᠩ ᠶᠢᠨ ᠳ᠋ᠠᠶᠢᠲ᠋ᠠ ᠵᠡᠷᠭᠡ ᠣᠶᠤᠨᠴᠢ ᠪᠣᠳᠣᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠪᠦᠬᠦ ᠤᠯᠤᠰ ᠲᠤ ᠦᠢᠯᠡᠴᠢᠯᠡᠬᠦ ᠪᠣᠬᠢᠷᠳᠤᠯ ᠦᠭᠡᠢ ᠪᠣᠳᠣᠬᠤ ᠴᠢᠳᠠᠪᠤᠷᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ ᠂ ᠳ᠋ᠠᠶᠢᠲ᠋ᠠ ᠪᠣᠯᠪᠠᠰᠤᠷᠠᠭᠤᠯᠬᠤ ᠰᠠᠭᠤᠷᠢᠨ ᠭᠠᠵᠠᠷ ᠂ ᠲᠣᠮᠣ ᠵᠠᠭᠪᠤᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠴᠣᠭᠴᠠᠯᠠᠨ ᠂ ᠪᠣᠳᠣᠬᠤ ᠴᠢᠳᠠᠪᠤᠷᠢ ᠶᠢᠨ ᠬᠡᠪᠴᠢᠶᠡᠵᠢᠯ ᠢ 20 ᠲᠦᠮᠡᠨ P ᠠᠴᠠ ᠳᠠᠪᠠᠭᠤᠯᠵᠤ ᠂ ᠣᠶᠤᠨᠴᠢ ᠪᠣᠳᠣᠬᠤ ᠴᠢᠳᠠᠪᠤᠷᠢ ᠶᠢᠨ ᠪᠦᠬᠦ ᠤᠯᠤᠰ ᠲᠤ ᠲᠦᠷᠦᠭᠦᠯᠡᠭᠰᠡᠨ ᠪᠠᠶᠢᠷᠢ ᠶᠢ ᠪᠠᠲᠤᠯᠠᠨ ᠂ ᠰᠢᠨ᠎ᠡ ᠪᠠᠷ ᠪᠠᠶᠢᠭᠤᠯᠬᠤ ᠳ᠋ᠠᠶᠢᠲ᠋ᠠ ᠶᠢᠨ ᠲᠥᠪ ᠤᠨ ᠪᠣᠬᠢᠷᠳᠤᠯ ᠦᠭᠡᠢ ᠴᠠᠬᠢᠯᠭᠠᠨ ᠬᠦᠴᠦᠨ ᠤ ᠬᠠᠷᠢᠴᠠᠯ ᠢ 80% ᠠᠴᠠ ᠳᠣᠣᠷ᠎ᠠ ᠪᠠᠶᠢᠯᠭᠠᠬᠤ ᠦᠭᠡᠢ ᠪᠠᠷ ᠬᠦᠴᠦᠯᠡᠨ ᠴᠢᠷᠮᠠᠶᠢᠨ᠎ᠠ ᠃ ᠠᠵᠤ ᠦᠢᠯᠡᠰ ᠤᠨ ᠳ᠋ᠢᠭᠢᠲᠴᠢᠯᠠᠯᠳᠡ ᠶᠢ ᠶᠡᠭᠡ ᠪᠠᠷ ᠠᠬᠢᠭᠤᠯᠤᠨ ᠂ ᠦᠢᠯᠡᠳᠬᠦ ᠦᠢᠯᠡᠰ ᠤᠨ ᠣᠶᠤᠨᠴᠢ ᠪᠠᠷ ᠥᠭᠡᠷᠡᠴᠢᠯᠡᠨ ᠰᠢᠨᠡᠳᠬᠡᠵᠦ ᠳ᠋ᠢᠬᠢᠲᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠳᠤ ᠳ᠋ᠢᠬᠢᠲᠴᠢᠯᠡᠨ ᠥᠭᠡᠷᠡᠴᠢᠯᠡᠨ ᠰᠢᠨᠡᠳᠬᠡᠬᠦ ᠶᠢ ᠪᠦᠷᠢᠨ ᠪᠦᠷᠬᠦᠭᠦᠯᠬᠦ ᠪᠠᠨ ᠪᠡᠶᠡᠯᠡᠭᠦᠯᠦᠨ᠎ᠡ ᠃

      ᠣᠨᠴᠠᠯᠢᠭ ᠲᠠᠢ ᠂ ᠳᠠᠪᠠᠭᠤᠯᠢᠭ ᠠᠵᠤ ᠦᠢᠯᠡᠰ ᠤᠨ ᠲᠦᠷᠭᠡᠬᠡᠨ ᠪᠤᠵᠠᠭᠠᠶᠢᠷᠠᠵᠤ ᠬᠦᠴᠦᠷᠬᠡᠭᠵᠢᠬᠦ ᠶᠢ ᠠᠬᠢᠭᠤᠯᠵᠤ ᠂ ᠨᠡᠮᠡᠭᠳᠡᠯ ᠤᠨ ᠰᠢᠨ᠎ᠡ ᠬᠥᠳᠡᠯᠭᠡᠭᠦᠷ ᠢ ᠪᠦᠷᠢᠯᠳᠦᠭᠦᠯᠦᠨ᠎ᠡ ᠃ ᠰᠢᠨ᠎ᠡ ᠡᠨᠧᠷᠬᠢ ᠶᠢᠨ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠲᠤᠳᠬᠠᠨ᠎ᠠ ᠃ ᠨᠢᠭᠡ ᠲᠠᠯ᠎ᠠ ᠪᠠᠷ ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠲᠣᠮᠣ ᠰᠠᠭᠤᠷᠢᠨ ᠭᠠᠵᠠᠷ ᠪᠠ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠬᠦᠷᠬᠦ ᠂ ᠬᠥᠪᠴᠢ ᠶᠢᠨ ᠡᠯᠡᠰᠦ ᠠᠴᠠ ᠱᠠᠩᠬᠠᠢ ᠬᠦᠷᠬᠦ ᠂ ᠲᠡᠭᠷᠢ ᠡᠯᠡᠰᠦ ᠠᠴᠠ ᠵᠢᠶᠠᠩᠰᠢ ᠬᠦᠷᠬᠦ ᠂ ᠤᠯᠠᠭᠠᠨᠪᠤᠬ᠎ᠠ ᠶᠢᠨ ᠡᠯᠡᠰᠦ ᠠᠴᠠ ᠪᠡᠭᠡᠵᠢᠩ ᠲᠢᠶᠠᠨᠵᠢᠨ ᠾᠧᠪᠧᠢ ᠱᠠᠨᠳᠦ᠋ᠩ ᠬᠦᠷᠬᠦ ᠭᠠᠳᠠᠭᠰᠢ ᠳᠠᠮᠵᠢᠭᠤᠯᠬᠤ ᠨᠡᠪᠲᠡᠷᠡᠯ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ 4000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠦᠨ ᠂ ᠴᠠᠬᠢᠯᠭᠠᠨ ᠭᠠᠷᠭᠠᠬᠤ ᠬᠡᠮᠵᠢᠶ᠎ᠡ ᠶᠢ 3000 ᠳ᠋ᠦᠩᠰᠢᠭᠤᠷ ᠭᠷᠡᠳᠦ᠋ᠰ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ ᠃ ᠨᠦᠭᠦᠭᠡ ᠲᠠᠯ᠎ᠠ ᠪᠠᠷ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ ᠂ ᠪᠠᠭᠲᠠᠭᠠᠨ ᠰᠢᠩᠭᠡᠭᠡᠬᠦ ᠠᠬᠤᠢ ᠪᠠᠶᠢᠳᠠᠯ ᠤᠨ ᠬᠡᠷᠡᠭᠯᠡᠯᠲᠡ ᠶᠢ ᠶᠡᠭᠡ ᠪᠠᠷ ᠠᠬᠢᠭᠤᠯᠤᠨ ᠂ ᠰᠢᠨ᠎ᠡ ᠡᠨᠧᠷᠬᠢ ᠶᠢᠨ ᠠᠰᠢᠭᠯᠠᠮᠵᠢ ᠶᠢ 90% ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ ᠃ ᠡᠭᠦᠨ ᠳᠤ ᠭᠤᠣᠯᠳᠠᠭᠤ ᠲᠠᠪᠤᠨ ᠠᠵᠢᠯ ᠶᠠᠪᠤᠳᠠᠯ ᠢ ᠰᠠᠶᠢᠲᠤᠷ ᠠᠳᠬᠤᠨ᠎ᠠ ᠃ ᠨᠢᠭᠡ ᠨᠢ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢ ᠲᠦᠷᠭᠡᠳᠬᠡᠨ ᠬᠥᠭᠵᠢᠭᠦᠯᠦᠨ᠎ᠡ ᠂ ᠠᠯᠠᠱᠠ ᠶᠢᠨ ᠰᠢᠨ ᠶᠤᠸᠠᠨ ᠵᠢᠩ ᠵᠡᠷᠭᠡ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢᠨ 35 ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠂ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ ᠰᠢᠨ᠎ᠡ ᠪᠠᠷ ᠠᠵᠢᠯ ᠡᠬᠢᠯᠡᠭᠦᠯᠦᠨ ᠂ 600 ᠲᠦᠮᠡᠨ ᠺᠢᠯᠣᠸᠠᠲ ᠢ ᠰᠢᠨ᠎ᠡ ᠪᠠᠷ ᠠᠰᠢᠭᠯᠠᠯᠲᠠ ᠳᠤ ᠣᠷᠤᠭᠤᠯᠬᠤ ᠪᠠᠷ ᠬᠦᠴᠦᠯᠡᠨ ᠴᠢᠷᠮᠠᠶᠢᠨ᠎ᠠ ᠃ ᠬᠤᠶᠠᠷ ᠨᠢ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠᠨ ᠨᠡᠮᠡᠭᠳᠡᠭᠦᠯᠦᠨ᠎ᠡ ᠂ ᠲᠡᠮᠦᠷ ᠤᠨ ᠬᠠᠶᠢᠯᠤᠰᠢ ᠂ ᠪᠣᠯᠣᠳ ᠲᠡᠮᠦᠷ ᠂ ᠵᠡᠰ ᠂ ᠬᠥᠩᠭᠡᠨᠴᠠᠭᠠᠨ ᠂ ᠯᠢᠲ᠋ᠢ ᠵᠡᠷᠭᠡ ᠰᠢᠨ᠎ᠡ ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠤᠳ ᠤᠨ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠵᠤ ᠂ ᠪᠦᠬᠦ ᠤᠯᠤᠰ ᠤᠨ ᠬᠠᠮᠤᠭ ᠤᠨ ᠲᠣᠮᠣ ᠪᠣᠬᠢᠷᠳᠤᠯ ᠦᠭᠡᠢ ᠥᠨᠳᠥᠷ ᠡᠨᠧᠷᠬᠢ ᠶᠢᠨ ᠳᠠᠭᠠᠭᠠᠴᠠᠳᠣ ᠠᠵᠤ ᠦᠢᠯᠡᠰ ᠤᠨ ᠪᠥᠭᠡᠮᠨᠡᠷᠡᠯ ᠤᠨ ᠣᠷᠣᠨ ᠢ ᠪᠦᠲᠦᠭᠡᠨ ᠪᠠᠶᠢᠭᠤᠯᠤᠨ᠎ᠠ ᠃ ᠭᠤᠷᠪᠠ ᠨᠢ ᠪᠣᠬᠢᠷᠳᠤᠯ ᠦᠭᠡᠢ ᠴᠠᠬᠢᠯᠭᠠᠨ ᠢ ᠪᠣᠬᠢᠷᠳᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠂ ᠤᠰᠤᠳᠦ᠋ᠷᠦᠭᠴᠢ ᠡᠨᠧᠷᠬᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠴᠣᠭᠴᠠᠯᠠᠨ ᠂ ᠤᠯᠠᠭᠠᠨᠴᠠᠪ ᠠᠴᠠ ᠶᠠᠨᠱᠠᠨ ᠤ ᠴᠢᠯᠠᠭᠤᠨ ᠲᠣᠰᠣ ᠬᠢᠮᠢ ᠶᠢᠨ ᠺᠤᠮᠫᠠᠨᠢ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ ᠂ ᠤᠯᠠᠭᠠᠨᠬᠠᠳᠠ ᠠᠴᠠ ᠵᠢᠨᠵᠧᠦ ᠭᠠᠷᠠᠮ ᠢ ᠳᠠᠮᠵᠢᠨ ᠱᠠᠩᠬᠠᠢ ᠬᠦᠷᠬᠦ ᠪᠣᠬᠢᠷᠳᠤᠯ ᠦᠭᠡᠢ ᠤᠰᠤᠳᠦ᠋ᠷᠦᠭᠴᠢ ᠶᠢᠨ ᠬᠤᠩᠭᠢᠯ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ ᠂ ᠰᠢᠯᠢ ᠶᠢᠨ ᠭᠤᠣᠯ ᠠᠴᠠ ᠼᠤᠤ ᠹᠧᠢ ᠳ᠋ᠢᠶᠠᠨ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ ᠂ ᠠᠶᠢᠮᠠᠭ ᠬᠤᠲᠠ ᠶᠢᠨ ᠬᠢᠨ ᠤ ᠪᠣᠬᠢᠷᠲᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ ᠂ ᠤᠰᠤᠳᠦ᠋ᠷᠦᠭᠴᠢ ᠡᠨᠧᠷᠬᠢ ᠶᠢᠨ ᠬᠡᠷᠡᠭᠯᠡᠭᠡᠨ ᠤ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠶᠢ ᠳᠡᠮᠵᠢᠨ᠎ᠡ ᠃ ᠳᠥᠷᠪᠡ ᠨᠢ ᠰᠠᠯᠬᠢ ᠭᠡᠷᠡᠯ ᠤᠰᠤᠳᠦ᠋ᠷᠦᠭᠴᠢ ᠨᠥᠭᠡᠴᠡ ᠶᠢᠨ ᠪᠦᠬᠦ ᠬᠡᠯᠬᠢᠶᠡᠨ ᠤ ᠬᠥᠭᠵᠢᠯᠲᠡ ᠶᠢ ᠪᠠᠷᠢᠮᠲᠠᠯᠠᠨ ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠦᠴᠦᠷᠬᠡᠭᠵᠢᠭᠦᠯᠵᠦ ᠂ ᠴᠠᠬᠢᠯᠭᠠᠨ ᠡᠭᠦᠰᠭᠡᠭᠦᠷ ᠂ ᠭᠦᠶᠦᠳᠡᠯ ᠬᠤᠪᠢᠷᠠᠭᠠᠭᠤᠷ ᠂ ᠰᠥᠷᠭᠡᠦ ᠬᠤᠪᠢᠰᠬᠠᠭᠤᠷ ᠂ ᠰᠢᠰᠲ᠋ᠧᠮ ᠤᠨ ᠴᠢᠩᠭᠡᠯᠢᠭ ᠵᠡᠷᠭᠡ ᠭᠤᠣᠯᠯᠠᠬᠤ ᠰᠡᠯᠪᠢᠭ ᠲᠤᠨᠤᠭ ᠲᠤ ᠠᠩᠬᠠᠷᠤᠯ ᠢᠶᠠᠨ ᠲᠥᠪᠯᠡᠷᠡᠭᠦᠯᠵᠦ ᠂ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ 113 ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠢ 2700 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ ᠃ ᠲᠠᠪᠤ ᠨᠢ ᠰᠢᠨ᠎ᠡ ᠡᠨᠧᠷᠬᠢ ᠶᠢᠨ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠦᠢᠯᠡᠰ ᠢ ᠰᠠᠶᠢᠲᠤᠷ ᠬᠢᠵᠦ ᠂ ᠮᠡᠷᠭᠡᠵᠢᠯ ᠤᠨ ᠯᠠᠪᠯᠠᠭ᠎ᠠ ᠂ ᠣᠶᠤᠨᠴᠢ ᠬᠠᠮᠠᠭᠠᠯᠠᠯᠲᠠ ᠂ ᠠᠦ᠋ᠲ᠋ᠣᠴᠢᠯᠠᠭᠰᠠᠨ ᠬᠢᠨᠠᠨ ᠰᠢᠨᠵᠢᠯᠲᠡ ᠣᠨᠣᠰᠢᠯᠠᠯᠲᠠ ᠵᠡᠷᠭᠡ ᠲᠤᠬᠠᠶᠢᠯᠠᠭᠰᠠᠨ ᠠᠵᠢᠯ ᠢ ᠰᠢᠨ᠎ᠡ ᠶᠢ ᠡᠭᠦᠳᠦᠨ ᠬᠥᠭᠵᠢᠭᠦᠯᠵᠦ ᠂ ᠠᠵᠢᠯᠯᠠᠭᠤᠯᠵᠤ ᠪᠠᠲᠤᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠂ ᠳᠡᠭᠡᠳᠦ ᠲᠡᠰ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠴᠣᠭᠴᠠᠯᠠᠨ᠎ᠠ ᠃ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠡᠳ᠋ᠰᠢᠭᠦᠯᠬᠦ ᠦᠢᠯᠡᠰ ᠢ ᠰᠢᠯᠢᠳᠡᠭᠵᠢᠭᠦᠯᠦᠨ᠎ᠡ ᠃ ᠦᠬᠡᠷ ᠬᠤᠨᠢᠨ ᠤ ᠮᠢᠬ᠎ᠠ ᠂ ᠲᠥᠮᠥᠰᠥ ᠂ ᠡᠷᠳᠡᠨᠢ ᠰᠢᠰᠢ ᠂ ᠢᠮᠠᠭᠠᠨ ᠨᠣᠣᠯᠣᠭᠤᠷ ᠂ ᠡᠪᠡᠰᠦᠨ ᠤ ᠦᠢᠯᠡᠰ ᠪᠣᠯ ᠪᠢᠳᠡᠨ ᠤ ᠣᠯᠠᠨ ᠵᠢᠯ ᠬᠥᠭᠵᠢᠭᠦᠯᠦᠭᠡᠳ ᠢᠷᠡᠭᠰᠡᠨ ᠣᠨᠴᠠᠯᠢᠭᠲᠤ ᠠᠵᠤ ᠦᠢᠯᠡᠰ ᠪᠣᠯᠣᠨ᠎ᠠ ᠂ ᠦᠷᠭᠦᠯᠵᠢᠯᠡᠨ ᠭᠦᠨᠵᠡᠭᠡᠶᠢᠷᠡᠭᠦᠯᠦᠨ ᠬᠥᠭᠵᠢᠭᠦᠯᠵᠦ ᠂ ᠲᠠᠷᠢᠬᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠪᠦᠬᠦ ᠬᠡᠯᠬᠢᠶᠡᠨ ᠤ ᠬᠥᠭᠵᠢᠯᠲᠡ ᠶᠢ ᠠᠬᠢᠭᠤᠯᠵᠤ ᠂ ᠠᠯᠠᠰᠢᠨ ᠬᠤᠨᠢ ᠂ ᠡᠷᠳᠡᠨᠢ ᠰᠢᠰᠢ 2 ᠵᠦᠢᠯ ᠤᠨ ᠮᠢᠩᠭᠠᠨ ᠳ᠋ᠦᠩᠰᠢᠭᠤᠷ ᠳᠡᠰ ᠤᠨ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠨ ᠦᠷ᠎ᠡ ᠠᠰᠢᠭ ᠢᠶᠠᠨ ᠨᠡᠮᠡᠭᠳᠡᠭᠦᠯᠬᠦ ᠂ ᠠᠯᠠᠰᠢᠨ ᠦᠬᠡᠷ ᠂ ᠡᠪᠡᠰᠦᠨ ᠤ ᠦᠢᠯᠡᠰ 2 ᠵᠦᠢᠯ ᠤᠨ ᠠᠵᠤ ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ ᠳᠡᠰ ᠢ ᠲᠦᠷᠭᠡᠬᠡᠨ ᠳᠠᠪᠠᠭ᠋ᠤ ᠂ ᠲᠥᠮᠥᠰᠥ ᠂ ᠢᠮᠠᠭᠠᠨ ᠨᠣᠣᠯᠣᠭᠤᠷ 2 ᠵᠦᠢᠯ ᠤᠨ ᠠᠵᠤ ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ ᠳᠡᠰ ᠲᠤ ᠳᠠᠪᠰᠢᠨ ᠣᠷᠣᠬᠤ ᠶᠢ ᠨᠢ ᠠᠬᠢᠭᠤᠯᠤᠨ᠎ᠠ ᠃

      ᠳᠠᠯᠳᠠ ᠬᠦᠴᠦᠨ ᠲᠠᠢ ᠂ ᠨᠥᠬᠦᠴᠡᠯ ᠲᠠᠢ ᠠᠵᠤ ᠦᠢᠯᠡᠰ ᠢ ᠲᠦᠷᠭᠡᠳᠬᠡᠨ ᠪᠣᠶᠢᠵᠢᠭᠤᠯᠬᠤ ᠶᠢ ᠠᠬᠢᠭᠤᠯᠵᠤ ᠂ ᠰᠢᠨ᠎ᠡ ᠥᠷᠢᠰᠦᠯᠳᠦᠭᠡᠨ ᠤ ᠴᠠᠷᠠᠭ᠎ᠠ ᠰᠢᠨ᠎ᠡ ᠬᠥᠳᠡᠯᠭᠡᠭᠴᠢ ᠡᠨᠧᠷᠬᠢ ᠶᠢ ᠡᠷᠲᠡᠬᠡᠨ ᠪᠣᠢ ᠪᠣᠯᠭᠠᠬᠤ ᠪᠠᠷ ᠴᠢᠷᠮᠠᠶᠢᠨ᠎ᠠ ᠃ ᠳᠣᠣᠷ᠎ᠠ ᠠᠭᠠᠷ ᠤᠨ ᠠᠵᠤ ᠠᠬᠤᠢ ᠶᠢᠨ ᠲᠠᠯ᠎ᠠ ᠪᠠᠷ ᠳᠣᠣᠷ᠎ᠠ ᠠᠭᠠᠷ ᠤᠨ ᠨᠢᠰᠦᠭᠦᠷ ᠦᠢᠯᠡᠳᠬᠦ ᠂ ᠳᠣᠣᠷ᠎ᠠ ᠠᠭᠠᠷ ᠤᠨ ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ ᠂ ᠳᠣᠣᠷ᠎ᠠ ᠠᠭᠠᠷ ᠤᠨ ᠣᠯᠠᠡ ᠡᠰᠢᠵᠢᠭᠰᠡᠨ ᠬᠡᠷᠡᠭᠯᠡᠯᠲᠡ ᠵᠡᠷᠭᠡ ᠭᠤᠷᠪᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠠᠳᠬᠤᠨ ᠂ ᠥᠪᠥᠷ ᠮᠣᠩᠭᠤᠯ ᠤᠨ ᠳᠣᠣᠷ᠎ᠠ ᠠᠭᠠᠷ ᠤᠨ ᠠᠵᠤ ᠠᠬᠤᠢ ᠶᠢᠨ ᠰᠤᠳᠤᠯᠤᠯ ᠤᠨ ᠬᠦᠷᠢᠶᠡᠯᠡᠩ ᠢ ᠪᠡᠯᠡᠳᠬᠡᠨ ᠪᠠᠶᠢᠭᠤᠯᠵᠤ ᠂ ᠳᠣᠣᠷ᠎ᠠ ᠠᠭᠠᠷ ᠤᠨ ᠨᠢᠰᠦᠭᠦᠷ ᠢ ᠲᠤᠷᠰᠢᠨ ᠨᠢᠰᠬᠡᠵᠦ ᠬᠡᠮᠵᠢᠨ ᠰᠢᠯᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ ᠂ ᠳᠣᠣᠷ᠎ᠠ ᠠᠭᠠᠷ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ ᠤᠷᠢᠬᠤ ᠠᠵᠢᠯ ᠤᠨ ᠵᠢᠷᠤᠭ ᠤᠨ ᠵᠢᠭᠰᠠᠯ ᠢ ᠡᠮᠬᠢᠯᠡᠵᠦ ᠨᠡᠶᠢᠲᠡᠯᠡᠨ ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠭᠠᠷ ᠠᠶᠠᠯᠠᠯ ᠤᠨ ᠪᠠᠶᠢᠴᠠᠭᠠᠯᠲᠠ ᠶᠢᠨ ᠲᠥᠪ ᠂ ᠠᠷᠠᠳ ᠤᠨ ᠠᠭᠠᠷ ᠠᠶᠠᠯᠠᠯ ᠤᠨ ᠵᠢᠯᠣᠭᠤᠴᠢ ᠦᠭᠡᠢ ᠨᠢᠰᠬᠡᠯ ᠤᠨ ᠰᠢᠯᠭᠠᠯᠲᠠ ᠶᠢᠨ ᠲᠥᠪ ᠂ ᠳᠤᠮᠳᠠᠳᠤ ᠤᠯᠤᠰ ᠤᠨ ᠷᠦᠩ ᠲᠦᠩ ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠯᠲᠠ ᠶᠢᠨ ᠲᠥᠪ ᠵᠡᠷᠭᠡ ᠲᠥᠷᠥᠯ ᠵᠦᠢᠯ ᠤᠨ ᠪᠣᠳᠠᠲᠠᠶᠢᠵᠢᠬᠤ ᠶᠢ ᠠᠬᠢᠭᠤᠯᠤᠨ ᠂ ᠳᠣᠣᠷ᠎ᠠ ᠠᠭᠠᠷ + ᠪᠠᠷᠠᠭᠠᠨ ᠤ ᠭᠦᠢᠯᠭᠡᠭᠡ ᠂ ᠰᠣᠶᠣᠯ ᠵᠢᠭᠤᠯᠴᠢᠯᠠᠯ ᠂ ᠪᠠᠴᠢᠮ ᠪᠠᠶᠢᠳᠠᠯ ᠤᠨ ᠠᠷᠭᠠᠴᠠᠭᠠᠯᠲᠠ ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠬᠤᠢ ᠪᠠᠶᠢᠳᠠᠯ ᠤᠨ ᠬᠡᠷᠡᠭᠯᠡᠯᠲᠡ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ ᠂ ᠬᠦᠬᠡᠬᠤᠳᠠ ᠶᠢᠨ ᠰᠠᠨᠰᠠᠷ ᠠᠶᠠᠯᠠᠯ ᠤᠨ ᠨᠡᠭᠡᠭᠡᠯᠲᠡ ᠶᠢᠨ ᠲᠣᠭᠤᠷᠢᠭ ᠢᠶᠠᠷ ᠬᠥᠲᠥᠯᠥᠮᠵᠢ ᠪᠣᠯᠭᠠᠵᠣ ᠂ ᠬᠦᠬᠡᠬᠤᠲᠠ ᠪᠤᠭᠤᠲᠤ ᠣᠷᠳᠣᠰ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠢ ᠪᠣᠶᠢᠵᠢᠭᠤᠯᠵᠤ ᠂ ᠤᠯᠠᠭᠠᠨᠬᠠᠳᠠ ᠲᠦᠩᠯᠢᠶᠣᠣ ᠰᠢᠯᠢ ᠶᠢᠨ ᠭᠤᠣᠯ ᠤᠨ ᠳᠣᠣᠷ᠎ᠠ ᠠᠭᠠᠷ ᠤᠨ ᠬᠡᠷᠡᠭᠯᠡᠯᠲᠡ ᠶᠢᠨ ᠪᠥᠭᠡᠮᠨᠡᠷᠡᠯ ᠤᠨ ᠣᠷᠣᠨ ᠪᠠ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ ᠂ ᠤᠯᠠᠭᠠᠨᠴᠠᠪ ᠤᠨ ᠳᠣᠣᠷ᠎ᠠ ᠠᠭᠠᠷ ᠤᠨ ᠵᠢᠭᠤᠯᠴᠢᠯᠠᠯ ᠤᠨ ᠪᠥᠭᠡᠮᠨᠡᠷᠡᠯ ᠤᠨ ᠣᠷᠣᠨ ᠢ ᠴᠣᠭᠴᠠᠯᠠᠨ᠎ᠠ ᠃ ᠵᠣᠬᠢᠶᠠᠮᠠᠯ ᠣᠶᠤᠨ ᠤ ᠲᠠᠯ᠎ᠠ ᠪᠠᠷ ᠰᠤᠳᠤᠯᠤᠨ ᠨᠡᠭᠡᠭᠡᠯᠲᠡ ᠂ ᠦᠢᠯᠡᠳᠪᠦᠷᠢᠯᠡᠬᠦ ᠪᠠ ᠬᠡᠷᠡᠭᠯᠡᠯᠲᠡ ᠶᠢ ᠰᠠᠶᠢᠲᠤᠷ ᠬᠢᠵᠦ ᠂ ᠬᠦᠬᠡᠬᠤᠲᠠ ᠶᠢᠨ ᠣᠶᠤᠨᠴᠢ ᠡᠵᠡᠮᠰᠢᠭᠦᠷ ᠂ ᠣᠶᠤᠨᠴᠢ ᠨᠥᠯᠥᠭᠡᠯᠡᠭᠦᠷ ᠂ ᠣᠶᠤᠨᠴᠢ ᠵᠥᠭᠡᠯᠡᠨ ᠬᠡᠷᠡᠭᠰᠡᠯ ᠵᠡᠷᠭᠡ ᠵᠠᠩᠭᠢᠯᠠᠭ᠎ᠠ ᠶᠢᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠬᠥᠭᠵᠢᠭᠦᠯᠬᠦ ᠶᠢ  ᠨᠢ ᠲᠡᠮᠵᠢᠵᠤ ᠂ ᠵᠣᠬᠢᠶᠠᠮᠠᠯ ᠣᠶᠣᠨ ᠤ ᠠᠵᠤ ᠦᠢᠯᠡᠰ ᠤᠨ ᠰᠠᠭᠤᠷᠢᠨ ᠭᠠᠵᠠᠷ ᠢ ᠴᠣᠭᠴᠠᠯᠠᠨ᠎ᠠ ᠃ ᠣᠶᠤᠨᠲᠤ ᠠᠭᠤᠷᠬᠠᠢ ᠂ ᠣᠶᠤᠨᠲᠤ ᠴᠠᠬᠢᠯᠭᠠᠨ ᠬᠦᠴᠦᠨ ᠂ ᠣᠶᠤᠨᠲᠤ ᠲᠠᠷᠢᠶᠠᠯᠠᠩ ᠂ ᠣᠶᠤᠨᠲᠤ ᠰᠣᠶᠣᠯ ᠵᠢᠭᠤᠯᠴᠢᠯᠠᠯ ᠂ ᠣᠶᠤᠨᠲᠤ ᠡᠮᠴᠢᠯᠡᠭᠡ ᠂ ᠣᠶᠤᠨᠲᠤ ᠰᠤᠷᠭᠠᠨ ᠬᠥᠮᠦᠵᠢᠯ ᠂ ᠣᠶᠤᠨᠲᠤ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠶᠢᠨ ᠰᠢᠨ᠎ᠡ ᠡᠭᠦᠳᠦᠯᠲᠡ ᠶᠢ ᠲᠦᠷᠭᠡᠳᠬᠡᠨ᠎ᠡ ᠃ ᠦᠢᠯᠡᠳᠪᠦᠷᠢᠯᠡᠯ ᠤᠨ ᠠᠬᠤᠢ ᠪᠠᠶᠢᠳᠠᠯ ᠤᠨ ᠣᠶᠤᠨᠴᠢᠯᠠᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠵᠤ ᠂ ᠲᠦᠭᠰᠢᠭᠦᠷᠢ ᠶᠡᠬᠡᠲᠡᠢ ᠂ ᠬᠥᠳᠡᠯᠮᠦᠷᠢ ᠶᠢᠨ ᠬᠦᠴᠦᠯᠡᠴᠡ ᠴᠢᠩᠭ᠎ᠠ ᠵᠢᠴᠢ ᠠᠵᠢᠯ ᠬᠢᠬᠦ ᠣᠷᠴᠢᠨ ᠨᠥᠬᠦᠴᠡᠯ ᠠᠨᠠᠢ ᠦᠢᠯᠡᠳᠪᠦᠷᠢᠯᠡᠯ ᠤᠨ ᠨᠢᠭᠡᠴᠢ ᠶᠢᠨ ︽ᠮᠠᠰᠢᠨ ᠢᠶᠠᠷ ᠬᠥᠮᠥᠨ ᠢ ᠣᠷᠣᠯᠠᠭᠤᠯᠬᠤ ︾ ᠶᠢ ᠲᠦᠷᠭᠡᠳᠬᠡᠨ᠎ᠡ ᠃ ᠠᠮᠢᠳᠤ ᠪᠣᠳᠠᠰ ᠤᠨ ᠦᠢᠯᠡᠳᠬᠦ ᠦᠢᠯᠡᠰ ᠤᠨ ᠲᠠᠯ᠎ᠠ ᠪᠠᠷ ᠠᠮᠢᠳᠤ ᠪᠣᠳᠠᠰ ᠤᠨ ᠡᠮ ᠡᠮᠨᠡᠯᠭᠡ ᠪᠠ ᠠᠮᠢᠳᠤ ᠪᠣᠳᠠᠰ ᠤᠨ ᠢᠰᠬᠡᠯᠲᠡ ᠬᠤᠶᠠᠷ ᠶᠡᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ ᠂ ᠬᠦᠬᠡᠬᠤᠲᠠ ᠶᠢᠨ ᠪᠦᠬᠦ ᠪᠥᠮᠪᠥᠷᠴᠡᠭ ᠲᠤ ᠲᠦᠷᠦᠭᠦᠯᠡᠭᠰᠡᠨ ᠮᠠᠯ ᠳᠤ ᠬᠡᠷᠡᠭᠯᠡᠬᠦ ᠸᠠᠺᠼᠢᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠰᠠᠭᠤᠷᠢᠨ ᠭᠠᠵᠠᠷ ᠢ ᠴᠣᠭᠴᠠᠯᠠᠨ ᠂ ᠬᠦᠬᠡᠬᠤᠲᠠ ᠂ ᠲᠦᠩᠯᠢᠶᠣᠣ ᠂ ᠤᠯᠠᠭᠠᠨᠬᠠᠳᠠ ᠂ ᠪᠠᠶᠠᠨᠨᠠᠭᠤᠷ ᠵᠡᠷᠭᠡ ᠭᠠᠵᠠᠷ ᠣᠷᠣᠨ ᠤ ᠲᠦᠭᠦᠬᠡᠢ ᠮᠠᠲ᠋ᠧᠷᠢᠶᠠᠯ ᠤᠨ ᠡᠮ ᠪᠠ ᠬᠢᠮᠢ ᠶᠢᠨ ᠡᠮ ᠤᠨ ᠬᠥᠭᠵᠢᠯᠲᠡ ᠶᠢ ᠲᠦᠷᠭᠡᠳᠬᠡᠵᠦ ᠂ ᠲᠦᠭᠦᠬᠡᠢ ᠮᠠᠲ᠋ᠧᠷᠢᠶᠠᠯ ᠤᠨ ᠡᠮ ᠢ ᠴᠢᠨᠠᠷ ᠴᠢᠨᠰᠠᠭ᠎ᠠ ᠲᠠᠢ ᠪᠦᠲᠦᠭᠡᠭᠳᠡᠬᠦᠨ ᠡᠮ ᠪᠠ ᠨᠠᠶᠢᠷᠠᠯᠭ᠎ᠠ ᠲᠡᠶᠢᠰᠢ ᠬᠤᠪᠢᠷᠠᠭᠤᠯᠬᠤ ᠶᠢ ᠠᠬᠢᠭᠤᠯᠤᠨ ᠂ ᠴᠢᠨᠠᠬᠤ ᠡᠮ ᠂ ᠨᠠᠶᠢᠷᠠᠯᠭ᠎ᠠ ᠂ ᠵᠣᠷ ᠤᠨ ᠮᠥᠬᠦᠯᠢᠭᠲᠦ ᠡᠮ ᠤᠨ ᠣᠨᠴᠠᠯᠢᠭ ᠪᠦᠬᠦᠢ ᠬᠢᠲᠠᠳ ᠮᠣᠩᠭᠤᠯ ᠡᠮ ᠤᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ᠎ᠠ ᠃ ᠴᠠᠷᠳᠠᠭᠤᠯ ᠂ ᠣᠨᠴᠠᠭᠠᠢ ᠵᠦᠢᠯ ᠤᠨ ᠠᠮᠢᠨᠤ᠋ ᠬᠦᠴᠢᠯ ᠂ ᠰᠦᠨ ᠬᠦᠴᠢᠯ ᠤᠨ ᠪᠠᠺᠲ᠋ᠧᠷᠢ ᠵᠢᠴᠢ ᠲᠡᠭᠦᠨ ᠤ ᠢᠰᠭᠡᠭᠰᠡᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ ᠃ ᠰᠢᠨ᠎ᠡ ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠤᠨ ᠲᠠᠯ᠎ᠠ ᠪᠠᠷ ᠲᠡᠮᠦᠷ ᠤᠨ ᠬᠠᠶᠢᠯᠤᠰᠢ ᠂ ᠪᠣᠯᠣᠳ ᠲᠡᠮᠦᠷ ᠂ ᠵᠡᠰ ᠂ ᠬᠥᠩᠭᠡᠨᠴᠠᠭᠠᠨ ᠂ ᠯᠢᠲ᠋ᠢ ᠵᠡᠷᠭᠡ ᠡᠬᠢ ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ ᠂ ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠲᠡᠶᠢᠰᠢ ᠬᠡᠯᠬᠢᠶ᠎ᠡ ᠪᠠᠨ ᠤᠷᠲᠤᠳᠬᠠᠵᠤ ᠨᠥᠬᠦᠪᠦᠷᠢᠯᠡᠨ ᠂ ᠵᠠᠮ ᠬᠠᠷᠢᠯᠴᠠᠭ᠎ᠠ ᠂ ᠰᠠᠨᠰᠠᠷ ᠠᠶᠠᠯᠠᠯ ᠠᠭᠠᠷ ᠠᠶᠠᠯᠠᠯ ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠪᠠᠨ ᠥᠷᠭᠡᠳᠬᠡᠨ᠎ᠡ ᠃

      ︵ᠲᠠᠪᠤ︶ ᠲᠠᠷᠢᠶᠠᠯᠠᠩ ᠮᠠᠯ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠴᠣᠭᠴᠠᠯᠠᠬᠤ ᠪᠠᠷ ᠴᠢᠷᠮᠠᠶᠢᠵᠤ ᠂ ᠣᠳᠣᠬᠢᠴᠢᠯᠠᠭᠰᠠᠨ ᠰᠢᠨ᠎ᠡ ᠬᠥᠳᠡᠭᠡ ᠲᠤᠰᠬᠤᠨ ᠰᠢᠨ᠎ᠡ ᠮᠠᠯᠵᠢᠬᠤ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ ᠃ ᠣᠨᠠᠯᠲᠠ ᠦᠢᠯᠡᠳᠪᠦᠷᠢᠯᠡᠬᠦ ᠴᠢᠳᠠᠮᠵᠢ ᠂ ᠦᠢᠯᠡᠳᠪᠦᠷᠢᠯᠡᠯ ᠠᠮᠢ ᠠᠬᠤᠢ ᠂ ᠤᠨᠠᠯᠲᠠ ᠭᠠᠷᠤᠯᠲᠠ ᠪᠠ ᠣᠷᠣᠯᠭ᠎ᠠ ᠶᠢᠨ ᠨᠡᠮᠡᠭᠳᠡᠯ ᠢ ᠬᠠᠮᠲᠤ ᠳᠤ ᠨᠢ ᠠᠳᠬᠤᠬᠤ ᠶᠢ ᠪᠠᠷᠢᠮᠲᠠᠯᠠᠵᠤ ᠂ ᠥᠩ ᠰᠢᠮᠡᠯᠢᠭ ᠬᠥᠷᠥᠰᠥ ᠰᠢᠷᠣᠢ ᠂ ᠥᠷᠭᠡᠨ ᠠᠭᠤᠳᠠᠮ ᠲᠠᠯ᠎ᠠ ᠨᠤᠲᠤᠭ ᠂ ᠲᠤᠩᠭᠠᠯᠠᠭ ᠴᠡᠩᠭᠡᠭ ᠭᠤᠣᠯ ᠤᠨ ᠤᠰᠤ ᠶᠢ ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠬᠥᠳᠡᠭᠡ ᠲᠤᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠃

      ᠨᠢᠭᠡᠴᠢ ᠤᠨᠠᠯᠲᠠ ᠶᠢ ᠲᠡᠬᠡᠭᠰᠢᠯᠡᠬᠦᠯᠬᠦ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠎ᠡ ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 2500 ᠲᠦᠮᠡᠨ ᠮᠦ ᠰᠢᠨ᠎ᠡ ᠪᠠᠷ ᠪᠠᠶᠢᠭᠤᠯᠵᠤ ᠂ ᠪᠡᠯᠡᠳᠬᠡᠮᠵᠢᠲᠦ ᠲᠠᠷᠢᠶᠠᠯᠠᠩ ᠢ 25 ᠲᠦᠮᠡᠨ ᠮᠦ ᠰᠢᠨ᠎ᠡ ᠪᠠᠷ ᠨᠡᠮᠡᠭᠳᠡᠭᠦᠯᠦᠨ ᠂ ᠭᠤᠣᠯ ᠪᠣᠯᠬᠤ ᠲᠠᠷᠢᠮᠠᠯ ᠤᠨ ᠨᠢᠭᠡᠴᠢ ᠤᠨᠠᠯᠲᠠ ᠶᠢ ᠨᠢ ᠳᠡᠭᠡᠭᠰᠢᠯᠡᠭᠦᠯᠦᠭᠰᠡᠨ ᠵᠢᠱᠢᠶ᠎ᠡ ᠦᠵᠡᠬᠦᠯᠬᠦ ᠲᠣᠭᠤᠷᠢᠭ ᠢ 1000 ᠲᠦᠮᠡᠨ ᠮᠦ ᠂ ︽ᠲᠤᠨ ᠤᠨᠠᠯᠲᠠ ᠲᠠᠢ ᠲᠠᠷᠢᠶ᠎ᠡ ︾ ᠶᠢ 900 ᠲᠦᠮᠡᠨ ᠮᠦ ᠴᠣᠭᠴᠠᠯᠠᠵᠤ ᠂ ᠠᠮᠤ ᠪᠤᠳᠠᠭ᠎ᠠ ᠮᠢᠬ᠎ᠠ ᠰᠦᠨ ᠤ ᠭᠠᠷᠤᠯᠲᠠ ᠶᠢ ᠲᠤᠰ ᠲᠤᠰ 800 ᠳ᠋ᠦᠩᠰᠢᠭᠤᠷ ᠵᠢᠩ ᠂ 60 ᠳ᠋ᠦᠩᠰᠢᠭᠤᠷ ᠵᠢᠩ ᠂ 160 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ ᠃

      ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢ ᠲᠦᠷᠭᠡᠳᠬᠡᠨ ᠠᠬᠢᠭᠤᠯᠤᠨ᠎ᠠ ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠳᠤ ᠪᠠᠶᠢᠬᠤ ᠶᠤᠮ ᠃ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠲᠤᠷᠰᠢᠯᠭ᠎ᠠ ᠶᠢ ᠭᠦᠨᠵᠡᠭᠡᠢ ᠳ᠋ᠦᠩᠨᠡᠵᠦ ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠬᠤᠰᠢᠭᠤ ᠰᠢᠶᠠᠨ ᠳᠤ ᠪᠦᠭᠦ ᠲᠠᠯ᠎ᠠ ᠪᠠᠷ ᠳᠡᠯᠭᠡᠷᠡᠭᠦᠯᠦᠨ ᠂ ᠪᠦᠬᠦᠯᠢ ᠪᠠᠶᠢᠭᠤᠯᠤᠮᠵᠢᠲᠤ ᠳᠦᠷᠢᠮ ᠪᠦᠬᠦᠢ ᠪᠡᠯᠴᠢᠭᠡᠷᠯᠡᠭᠦᠯᠬᠦ ᠶᠢ ᠵᠣᠭᠰᠤᠭᠠᠬᠤ ᠲᠤᠷᠰᠢᠯᠲᠠ ᠶᠢᠨ ᠴᠡᠭ ᠤᠨ ᠠᠵᠢᠯ ᠢ ᠵᠡᠷᠭᠡ ᠳᠤ ᠨᠢ ᠥᠷᠨᠢᠭᠦᠯᠵᠦ ᠂ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠂ ᠨᠠᠶᠢᠳᠠᠨ ᠬᠠᠮᠢᠶᠠᠷᠤᠭᠤᠯᠬᠤ ᠪᠠ ᠣᠷᠣᠯᠠᠨ ᠲᠡᠵᠢᠭᠡᠬᠦ ᠵᠡᠷᠭᠡ ᠬᠡᠪ ᠵᠠᠭᠪᠤᠷ ᠢ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠳᠡᠯᠭᠡᠷᠡᠭᠦᠯᠦᠨ ᠂ ᠮᠡᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ︽ᠤᠯᠠᠨ ᠲᠡᠵᠢᠭᠡᠬᠦ ︾ ᠠᠴᠠ ︽ᠨᠠᠷᠢᠯᠢᠭ ᠠᠷᠠᠴᠢᠯᠠᠬᠤ ︾ ᠲᠡᠶᠢᠰᠢ ᠬᠤᠪᠢᠷᠠᠭᠤᠯᠬᠤ ᠶᠢ  ᠨᠢ ᠠᠬᠢᠭᠤᠯᠵᠤ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ ᠪᠠᠶᠢᠭᠠᠳ ᠲᠠᠷᠢᠶᠠᠴᠢᠨ ᠮᠠᠯᠴᠢᠳ ᠤᠨ ︽ᠪᠡᠯᠴᠢᠭᠡᠷᠯᠡᠭᠦᠯᠬᠦ ᠶᠢ ᠨᠢ ᠵᠣᠭᠰᠣᠭᠠᠭᠰᠠᠨ ᠴᠤ ᠣᠷᠣᠯᠭ᠎ᠠ ᠶᠢ ᠨᠢ ᠬᠠᠰᠤᠭᠳᠠᠭᠤᠯᠬᠤ ᠦᠭᠡᠢ ︾ ᠪᠠᠶᠢᠬᠤ ᠳᠤ ᠪᠠᠲᠤᠯᠠᠭ᠎ᠠ ᠬᠠᠩᠭᠠᠵᠤ ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 500 ᠲᠦᠮᠡ ᠺᠦᠸᠠᠳ᠋ ᠮᠧᠲᠷ ᠠᠴᠠ ᠳᠡᠭᠡᠭᠰᠢ ᠰᠢᠨ᠎ᠡ ᠪᠠᠷ ᠪᠠᠶᠢᠭᠤᠯᠤᠨ ᠂ ᠪᠡᠯᠡᠳᠬᠡᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ 75% ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠭᠠᠯᠲᠠ ᠲᠤᠭ᠎ᠠ ᠶᠢ ᠳᠣᠷᠣᠭᠰᠢᠯᠠᠭᠤᠯᠤᠭᠠᠳ 10% ᠬᠦᠷᠬᠦ ᠦᠭᠡᠢ ᠪᠣᠯᠭᠠᠨ᠎ᠠ ᠃

      ᠮᠠᠨ ᠤ ᠣᠷᠣᠨ ᠤ ᠮᠠᠰᠢ ᠤᠯᠠᠨ ᠰᠠᠶᠢᠨ ᠵᠦᠢᠯ ᠦᠨ᠎ᠡ ᠭᠠᠷᠴᠤ ᠲᠡᠶᠢᠯᠬᠦ ᠦᠭᠡᠢ ᠪᠠᠶᠢᠭ᠎ᠠ ᠶᠢᠨ ᠵᠠᠩᠭᠢᠯᠠᠭ᠎ᠠ ᠨᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠳᠤ ᠪᠠᠶᠢᠬᠤ ᠶᠤᠮ ᠃ ᠨᠢᠭᠡ ᠲᠠᠯ᠎ᠠ ᠪᠠᠷ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠠᠳᠬᠤᠵᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢᠶᠠᠨ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠢ ᠥᠷᠨᠢᠭᠦᠯᠦᠨ ᠂ ᠴᠠᠭᠠᠨ ᠢᠳᠡᠭᠡ ᠂ ᠦᠬᠡᠷ ᠬᠤᠨᠢᠨ ᠤ ᠮᠢᠬ᠎ᠠ ᠵᠡᠷᠭᠡ 10 ᠲᠦᠷᠦᠯ ᠢᠯᠭᠠᠯ ᠤᠨ ᠲᠣᠭᠤᠷᠢᠨ ᠳᠤ ᠂ ᠬᠡᠯᠬᠢᠶᠡᠨ ᠤ ᠭᠤᠣᠯ ᠪᠣᠯᠬᠤ ᠠᠵᠤ ᠠᠬᠤᠶᠢᠯᠠᠯ ᠂ ᠬᠥᠲᠥᠴᠢ ᠠᠵᠤ ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ ᠂ ᠠᠵᠤ ᠦᠢᠯᠡᠰ ᠤᠨ ᠬᠡᠯᠬᠢᠶᠡᠨ ᠤ ᠲᠡᠭᠦᠰᠬᠡᠯ ᠦᠵᠦᠭᠦᠷ ᠪᠠ ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠠᠬᠢᠭᠤᠯᠤᠨ ᠂ ᠭᠤᠣᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠦ ᠤᠯᠠᠷᠢᠭᠤᠯᠬᠤ ᠨᠤᠷᠮ᠎ᠠ ᠶᠢ 75% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ ᠃ ᠨᠦᠭᠦᠬᠡ ᠲᠠᠯ᠎ᠠ ᠪᠠᠷ ᠨᠡᠷᠡᠳᠦ ᠲᠡᠮᠳᠡᠭ ᠢ ᠡᠵᠡᠩᠨᠡᠨ ᠪᠣᠷᠣᠯᠠᠭᠤᠯᠬᠤ ᠶᠢ ᠠᠳᠬᠤᠨ ᠂ ︽ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ ᠭᠦᠨᠵᠡᠭᠡᠶᠢᠷᠡᠭᠦᠯᠦᠨ ᠥᠷᠭᠡᠵᠢᠭᠦᠯᠵᠦ ᠂ ᠰᠣᠳᠣᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠪᠠ ᠠᠵᠤ ᠠᠬᠤᠶᠢᠯᠠᠯ ᠤᠨ ᠪᠦᠲᠦᠭᠡᠭᠳᠡᠬᠦᠨ ᠤ ᠨᠡᠷᠡᠲᠦ ᠲᠡᠮᠳᠡᠭ ᠢᠶᠠᠨ ᠦᠷᠭᠦᠯᠵᠢᠯᠡᠨ ᠬᠦᠴᠦᠷᠬᠡᠭᠵᠢᠭᠦᠯᠵᠦ ᠂ ᠨᠢᠭᠡ ᠪᠦᠯᠦᠭ ᠡᠵᠡᠩᠨᠡᠨ ᠪᠣᠷᠣᠯᠠᠭᠤᠯᠬᠤ ᠲᠥᠪ ᠪᠠ ᠤᠷᠢᠳᠠᠴᠢ ᠰᠠᠩ ᠢ ᠪᠦᠭᠦ ᠤᠯᠤᠰ ᠲᠤ ᠬᠠᠨᠳᠤᠭᠤᠯᠵᠤ ᠪᠠᠶᠢᠷᠢᠰᠢᠭᠤᠯᠤᠨ ᠂ ᠲᠠᠯ᠎ᠠ ᠨᠤᠲᠤᠭ ᠤᠨ ᠰᠠᠶᠢᠬᠠᠨ ᠦᠨᠦᠷ ᠠᠮᠲᠠ ᠶᠢ ᠪᠦᠭᠦ ᠤᠯᠤᠰ ᠲᠤ ᠠᠩᠬᠢᠯᠤᠭᠤᠯᠤᠨ᠎ᠠ ᠃

      ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡ ᠦᠵᠦᠭᠦᠷ ᠨᠢ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠯᠳᠤᠵᠤ ᠂ ᠨᠦᠭᠦᠬᠡ ᠦᠵᠦᠭᠦᠷ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠯᠳᠤᠵᠤ ᠪᠠᠶᠢᠳᠠᠭ ᠃ ︽ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠂ ᠳ᠋ᠢᠬᠢᠲ ᠬᠥᠳᠡᠭᠡ ᠲᠤᠰᠬᠤᠨ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠲᠠᠷᠢᠶᠠᠴᠢᠳ ᠲᠤ ᠠᠰᠢᠭ ᠬᠦᠷᠲᠡᠭᠡᠬᠦ ᠲᠠᠷᠢᠶᠠᠴᠢᠳ ᠢ ᠪᠠᠶᠠᠵᠢᠭᠤᠯᠬᠤ ᠲᠤᠰᠬᠠᠢ ᠠᠵᠢᠯᠯᠠᠭᠠᠨ ᠢ ᠬᠡᠷᠡᠭᠵᠢᠭᠦᠯᠦᠨ ᠂ ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭᠠᠨ ᠢ ᠭᠦᠨᠵᠡᠭᠡᠢ ᠥᠷᠨᠢᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠨ ᠮᠠᠯᠴᠢᠳ ᠤᠨ ᠬᠥᠮᠥᠨ ᠳᠤᠮᠳᠠᠴᠢ ᠶᠢᠨ ᠡᠵᠡᠮᠳᠡᠬᠦᠶᠢᠴᠡ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠭᠦ ᠣᠷᠣᠨ ᠪᠠ ᠪᠦᠭᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠦᠭᠡᠢ ᠪᠠᠶᠢᠯᠭᠠᠬᠤ ᠶᠢ ᠦᠨᠡᠨ ᠬᠦ ᠪᠠᠲᠤᠯᠠᠵᠤ ᠂ ᠬᠡᠪᠴᠢᠶᠡᠵᠢᠯ ᠤᠨ ᠴᠢᠨᠠᠷᠲᠠᠢ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠠᠬᠢᠭᠤᠯᠵᠤ ᠂ ᠣᠢ ᠰᠢᠭᠤᠢ ᠂ ᠲᠠᠷᠢᠶᠠᠯᠠᠩ ᠤᠨ ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠃ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠤᠨ᠎ᠠ ᠂ ᠬᠦᠷᠢᠶ᠎ᠡ ᠬᠠᠰᠢᠶᠠᠨ ᠤ ᠠᠵᠤ ᠠᠬᠤᠢ ᠂ ᠤᠢ ᠶᠢᠨ ᠬᠤᠷᠮᠣᠢ ᠶᠢᠨ ᠠᠵᠤ ᠠᠬᠤᠢ ᠂ ᠠᠷᠠᠳ ᠤᠨ ᠭᠡᠷ ᠪᠠᠭᠤᠳᠠᠯ ᠤᠨ ᠠᠵᠤ ᠠᠬᠤᠢ ᠶᠢ ᠬᠥᠭᠵᠢᠭᠦᠯᠦᠨ ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ︾ ᠬᠡᠪᠴᠢᠶ᠎ᠡ ᠶᠢ ᠥᠷᠭᠡᠳᠬᠡᠵᠦ ᠂ ︽ᠭᠤᠷᠪᠠᠨ ᠤᠮᠠᠷᠠᠲᠤ ︾ ᠶᠢᠨ ᠢᠨᠵᠧᠨᠧᠷᠢᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠶᠢ ︽ᠠᠷᠠᠳ ᠢ ᠪᠠᠶᠠᠵᠢᠭᠤᠯᠬᠤ ᠢᠨᠵᠧᠨᠧᠷᠢᠩ ︾ ᠪᠣᠯᠭᠠᠵᠤ ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠣᠶᠢᠷ᠎ᠠ ᠬᠠᠪᠢ ᠲᠤᠬᠠᠢ ᠶᠢᠨ ᠭᠠᠵᠠᠷ ᠲᠤ ᠨᠢ ᠠᠵᠢᠯᠴᠢᠨ ᠡᠯᠰᠡᠭᠦᠯᠵᠦ ᠂ ᠣᠯᠠᠨ ᠲᠦᠮᠡᠨ ᠳᠤ ᠣᠯᠠᠨ ᠠᠷᠭ᠎ᠠ ᠵᠠᠮ ᠢᠶᠠᠷ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠪᠠᠷ ᠴᠢᠷᠮᠠᠶᠢᠨ᠎ᠠ ᠃ ᠰᠠᠭᠤᠷᠢ ᠪᠡᠯᠡᠳᠬᠡᠮᠵᠢ ᠶᠢ ᠬᠥᠳᠡᠭᠡ ᠲᠤᠰᠬᠤᠨ ᠲᠡᠶᠢᠰᠢ ᠤᠷᠲᠤᠳᠬᠠᠬᠤ ᠶᠢ ᠠᠬᠢᠭᠤᠯᠤᠨ᠎ᠠ ᠂ ᠤᠰᠤ ᠬᠡᠷᠡᠭᠯᠡᠬᠦ ᠂ ᠴᠠᠬᠢᠯᠭᠠᠨ ᠬᠡᠷᠡᠭᠯᠡᠬᠦ ᠂ ᠲᠡᠷᠭᠡ ᠨᠡᠪᠲᠡᠷᠡᠭᠦᠯᠬᠦ ᠂ ᠰᠦᠯᠵᠢᠶ᠎ᠡ ᠨᠡᠪᠲᠡᠷᠡᠭᠦᠯᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ ᠂ ᠬᠥᠳᠡᠭᠡ ᠲᠤᠰᠬᠤᠨ ᠤ ᠵᠠᠰᠠᠮᠠᠯ ᠵᠠᠮ ᠢ 5000 ᠺᠢᠯᠣᠮᠧᠲᠷ ᠰᠢᠨ᠎ᠡ ᠪᠠᠷ ᠪᠦᠲᠦᠭᠡᠨ ᠪᠠᠶᠢᠭᠤᠯᠵᠤ ᠂ ︽ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠲᠠᠢ ᠪᠣᠯᠭᠠᠬᠤ ︾ ᠨᠡᠪᠳᠡᠷᠡᠮᠵᠢ ᠶᠢ 97% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ ᠂ ᠨᠥᠬᠦᠴᠡᠯ ᠲᠠᠢ ᠭᠠᠵᠠᠷ ᠣᠷᠣᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠ ᠰᠣᠯᠢᠬᠤ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠎ᠠ ᠃ ᠬᠥᠳᠡᠭᠡ ᠲᠤᠰᠬᠤᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤᠨ ᠤ ᠵᠠᠰᠠᠯᠲᠠ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠤᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠂ ᠮᠠᠯ ᠵᠢᠭᠦᠷᠲᠡᠨ ᠤ ᠰᠢᠭᠡᠭ ᠰᠠᠩᠭᠠᠰᠤ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 83% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ ᠂ ᠤᠯᠤᠰ ᠤᠨ ᠳᠡᠰ ᠤᠨ ᠦᠵᠡᠰᠬᠦᠯᠡᠩᠲᠦ ᠰᠡᠯᠡᠭᠦᠴᠡᠯ ᠤᠨ ᠬᠥᠳᠡᠭᠡ ᠲᠤᠰᠬᠤᠨ ᠂ ᠨᠣᠭᠤᠭᠠᠷᠠᠭᠤᠯᠵᠤ ᠭᠤᠶᠣᠵᠢᠭᠤᠯᠤᠭᠰᠠᠨ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢ ᠰᠠᠶᠢᠲᠤᠷ ᠡᠭᠦᠳᠦᠨ ᠪᠠᠶᠢᠭᠤᠯᠤᠨ᠎ᠠ ᠃

      ︵ᠵᠢᠷᠭᠤᠭ᠎ᠠ︶ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠬᠡᠭᠰᠢᠯᠡᠬᠦᠯᠬᠦ ᠠᠵᠢᠯᠯᠠᠭᠠᠨ ᠢᠶᠠᠷ ᠬᠥᠲᠥᠯᠥᠨ ᠵᠢᠯᠣᠭᠤᠳᠤᠭᠤᠯᠵᠤ ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠴᠣᠭᠴᠠᠯᠠᠨ᠎ᠠ ᠃ ᠤᠮᠠᠷᠠᠲᠤ ᠬᠢᠯᠢ ᠶᠢᠨ ᠰᠣᠶᠣᠯ ᠪᠣᠯ ︽ᠤᠶᠤᠨ ᠰᠠᠨᠠᠭᠠᠨ ᠤ ᠪᠠᠶᠠᠨ ᠠᠭᠤᠷᠬᠠᠢ ︾ ᠶᠤᠮ ᠂ ᠰᠣᠶᠣᠯ ᠢᠶᠠᠷ ᠵᠢᠭᠤᠯᠴᠢᠯᠠᠯ ᠢ ᠱᠤᠭᠤᠬᠤ ᠂ ᠵᠢᠭᠤᠯᠴᠢᠯᠠᠯ ᠢᠶᠠᠷ ᠰᠣᠶᠣᠯ ᠢ ᠲᠣᠳᠣᠷᠠᠭᠤᠯᠬᠤ ᠶᠢ ᠪᠠᠷᠢᠮᠲᠠᠯᠠᠵᠤ ᠂ ᠰᠣᠶᠣᠯ ᠂ ᠵᠢᠭᠤᠯᠴᠢᠯᠠᠯ ᠂ ᠪᠡᠶ᠎ᠡ ᠶᠢᠨ ᠲᠠᠮᠢᠷ ᠂ ᠤᠷᠤᠯᠳᠤᠭᠠᠨ ᠤ ᠶᠠᠪᠤᠳᠠᠯ ᠂ ᠤᠷᠠᠨ ᠲᠣᠨᠨᠯᠠᠯᠲᠠ ᠂ ᠦᠵᠡᠭᠦᠯᠭᠡ ᠂ ᠬᠤᠳᠠᠯᠳᠤᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠰᠣᠶᠣᠯ ᠵᠢᠭᠤᠯᠴᠢᠯᠠᠯ ᠤᠨ ᠬᠦᠴᠦᠷᠬᠡᠭ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ ᠃ 

      ᠤᠮᠠᠷᠠᠲᠤ ᠬᠢᠯᠢ ᠶᠢᠨ ᠰᠣᠶᠣᠯ ᠳᠤ ᠥᠪᠥᠷ ᠮᠣᠩᠭᠤᠯ ᠤᠨ ᠲᠡᠦᠬᠡ ᠬᠥᠮᠥᠨ ᠰᠣᠶᠣᠯ ᠤᠨ ᠭᠤᠸ᠎ᠠ ᠰᠠᠶᠢᠬᠠᠨ ᠂ ᠦᠵᠡᠮᠵᠢ ᠵᠠᠩ ᠦᠢᠯᠡ ᠶᠢᠨ ᠭᠤᠸ᠎ᠠ ᠰᠠᠶᠢᠬᠠᠨ ᠠᠭᠤᠯᠤᠭᠳᠠᠵᠤ ᠪᠠᠶᠢᠳᠠᠭ ᠂ ︽ᠤᠮᠠᠷᠠᠲᠤ ᠬᠢᠯᠢ ᠶᠢᠨ ᠰᠣᠶᠣᠯ ᠤᠨ ᠡᠬᠡ ᠤᠯᠤᠰ ᠲᠠᠬᠢ ᠠᠶᠠᠯᠠᠯ ︾ ᠤᠨ ᠠᠵᠢᠯᠯᠠᠭ᠎ᠠ ᠶᠢ ᠦᠷᠬᠦᠯᠵᠢᠯᠡᠨ ᠥᠷᠨᠢᠭᠦᠯᠵᠦ ᠂ ᠤᠯᠠᠭᠠᠨᠮᠥ᠋ᠴᠢᠷ ᠵᠡᠷᠭᠡ ᠤᠷᠠᠯᠢᠭ ᠤᠨ ᠪᠦᠯᠭᠦᠮ ᠤᠨ ᠪᠦᠬᠦ ᠤᠯᠤᠰ ᠴᠢᠨᠠᠭᠰᠢᠯᠠᠪᠠᠯ ᠭᠠᠳᠠᠭᠠᠳᠤ ᠳᠤ ᠭᠠᠷᠴᠤ ᠦᠵᠡᠭᠦᠯᠭᠡ ᠲᠣᠨᠨᠯᠠᠯᠲᠠ ᠭᠠᠷᠭᠠᠬᠤ ᠶᠢ ᠳᠡᠮᠵᠢᠵᠦ ᠂ ᠮᠠᠨ ᠤ ᠣᠷᠣᠨ ᠤ ᠡᠯᠪᠡᠭ ᠪᠠᠶᠠᠯᠢᠭ ᠲᠡᠦᠬᠡ ᠰᠣᠶᠣᠯ ᠤᠨ ᠥᠪ ᠪᠠ ᠬᠤᠪᠢᠰᠬᠠᠯ ᠤᠨ ᠡᠬᠢ ᠪᠠᠶᠠᠯᠢᠭ ᠢ ᠥᠷᠭᠡᠨ ᠢᠶᠠᠷ ᠤᠬᠠᠭᠤᠯᠤᠨ ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠦᠨ᠎ᠡ ᠃ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠦᠯᠡᠳᠡᠭᠳᠡᠯ ᠪᠣᠯ ᠡᠪᠦᠭᠡ ᠳᠡᠭᠡᠳᠦᠰ ᠤᠨ ᠥᠪᠯᠡᠵᠦ ᠦᠯᠡᠳᠡᠭᠡᠭᠰᠡᠨ ᠬᠤᠪᠣᠷ ᠨᠠᠨᠳᠢᠨ ᠥᠪ ᠬᠥᠷᠥᠩᠭᠡ ᠶᠤᠮ ᠂ ᠡᠷᠬᠡᠪᠰᠢ ᠰᠠᠶᠢᠲᠤᠷ ᠬᠠᠮᠠᠭᠠᠯᠠᠵᠤ ᠂ ᠰᠠᠶᠢᠲᠤᠷ ᠵᠠᠯᠭᠠᠮᠵᠢᠯᠠᠵᠤ ᠂ ᠰᠠᠶᠢᠲᠤᠷ ᠠᠰᠢᠭᠯᠠᠬᠤ ᠬᠡᠷᠡᠭᠲᠡᠢ ᠂ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ ᠤᠷᠢᠳᠠᠴᠢ ᠬᠢᠨᠠᠨ ᠪᠠᠶᠢᠴᠠᠭᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠂ ᠬᠠᠭᠤᠴᠢᠨ ᠤ ᠰᠤᠳᠤᠯᠤᠯ ᠤᠨ ᠡᠷᠴᠢᠮ ᠢᠶᠠᠨ ᠴᠢᠩᠳᠠᠯᠠᠵᠤ ᠂ ᠬᠤᠩᠱᠠᠨ ᠰᠣᠶᠣᠯ ᠢ ᠥᠪ ᠢᠶᠠᠷ ᠬᠤᠯᠪᠤᠭᠠᠯᠠᠨ ᠭᠤᠶᠤᠴᠢᠯᠠᠬᠤ ᠶᠢ ᠠᠬᠢᠭᠤᠯᠤᠨ ᠂ ᠲᠣᠮᠳᠠᠳᠣ ᠶᠢᠨ ᠪᠣᠯᠪᠠᠰᠤᠨ ᠤ ᠡᠬᠢ ᠡᠭᠦᠰᠦᠯ ᠤᠨ ᠰᠦᠪᠡᠭᠴᠢᠯᠡᠯᠲᠡ ᠳᠤ ᠬᠤᠪᠢ ᠨᠡᠮᠡᠷᠢ ᠦᠵᠡᠭᠦᠯᠦᠨ᠎ᠡ ᠃ ᠤᠳᠬ᠎ᠠ ᠤᠷᠠᠯᠢᠭ ᠤᠨ ᠪᠦᠲᠦᠭᠡᠯ ᠪᠣᠯ ᠤᠮᠠᠷᠠᠲᠤ ᠬᠢᠯᠢ ᠶᠢᠨ ᠰᠣᠶᠣᠯ ᠤᠨ ᠬᠠᠮᠤᠭ ᠤᠨ ᠠᠮᠢᠳᠤᠯᠢᠭ ᠠᠴᠢᠶᠠᠯᠠᠪᠤᠷᠢ ᠪᠣᠯᠣᠨ᠎ᠠ ᠂ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠪᠠ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ ᠂ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠲᠦᠷᠦᠯ ᠵᠦᠢᠯ ᠪᠠ ᠰᠣᠳᠣᠨ ᠪᠦᠲᠦᠭᠡᠯ ᠢ ᠲᠡᠳᠬᠦᠨ ᠳᠡᠮᠵᠢᠬᠦ ᠂ ᠱᠠᠩᠨᠠᠨ ᠬᠥᠬᠢᠭᠦᠯᠬᠦ ᠡᠷᠴᠢᠮ ᠢᠶᠠᠨ ᠴᠢᠩᠳᠠᠯᠠᠵᠤ ᠂ ᠤᠳᠬ᠎ᠠ ᠤᠷᠠᠯᠢᠭ ᠤᠨ ᠠᠵᠢᠯᠲᠠᠳ ᠤᠨ ᠵᠣᠬᠢᠶᠠᠨ ᠪᠦᠲᠦᠭᠡᠬᠦ ᠤᠷᠮ᠎ᠠ ᠵᠣᠷᠢᠭ ᠢ ᠭᠦᠢᠴᠡᠳ ᠬᠥᠭᠵᠢᠭᠡᠵᠦ ᠂ ᠨᠡᠩ ᠤᠯᠠᠨ ᠰᠣᠳᠣᠨ ᠪᠦᠲᠦᠭᠡᠯ ᠳᠣᠷᠪᠢᠯᠢᠭ ᠵᠣᠬᠢᠶᠠᠯ ᠢ ᠪᠣᠢ ᠪᠣᠯᠭᠠᠨ ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠩ ᠣᠯᠠᠨ ᠲᠣᠮᠣ ᠱᠠᠩᠨᠠᠯ ᠢ ᠭᠦᠷᠲᠡᠬᠦ ᠪᠠᠷ ᠮᠡᠷᠡᠶᠢᠨ ᠴᠢᠷᠮᠠᠶᠢᠨ᠎ᠠ ᠃ ᠣᠳᠣᠬᠠᠨ ᠳᠤ ᠰᠣᠶᠣᠯ ᠤᠨ ᠦᠵᠡᠰᠭᠦᠯᠡᠩ ᠤᠨ ᠬᠠᠯᠠᠭᠤᠷᠠᠯ ᠂ ᠪᠣᠳᠠᠰ ᠤᠨ ᠪᠤᠰᠤ ᠰᠣᠶᠣᠯ ᠤᠨ ᠥᠪ ᠤᠨ ᠤᠷᠤᠰᠬᠠᠯ ᠨᠢ ᠴᠠᠭ ᠤᠨ ᠰᠢᠨ᠎ᠡ ᠥᠩᠭᠡ ᠪᠣᠯᠤᠭᠰᠠᠨ ᠪᠠᠶᠢᠨ᠎ᠠ ᠂ ᠡᠶᠢᠮᠦᠷᠬᠦᠦ ᠪᠠᠶᠢᠳᠠᠯ ᠬᠠᠨᠳᠤᠰᠢ ᠲᠠᠢ ᠵᠣᠬᠢᠴᠠᠭᠤᠯᠤᠨ ᠂ ᠲᠣᠮᠣ ᠬᠡᠯᠪᠡᠷᠢ ᠶᠢᠨ ᠪᠠᠶᠠᠷ ᠳᠤᠷᠠᠰᠬᠠᠯ ᠂ ᠡᠯ᠎ᠡ ᠲᠦᠷᠦᠯ ᠤᠨ ᠳᠡᠯᠭᠡᠨ ᠦᠵᠡᠭᠦᠯᠭᠡ ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠳᠤ ᠤᠮᠠᠷᠠᠲᠤ ᠬᠢᠯᠢ ᠶᠢᠨ ᠰᠣᠶᠣᠯ ᠤᠨ ᠡᠯᠧᠮᠧᠨ᠋ᠲ ᠪᠠ ᠢᠯᠡᠷᠬᠡᠶᠢᠯᠡᠯᠲᠦ ᠲᠡᠮᠳᠡᠭ ᠢ ᠰᠢᠭᠢᠳᠬᠡᠵᠦ ᠂ ᠪᠦᠲᠦᠭᠡᠯᠴᠢ ᠵᠢᠷᠤᠭ ᠲᠥᠯᠥᠪᠯᠡᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠴᠢᠳᠠᠮᠵᠢ ᠶᠢ ᠡᠷᠴᠢᠮᠯᠡᠬᠦ ᠪᠠᠨ ᠴᠢᠩᠭᠠᠳᠬᠠᠨ ᠂ ᠥᠪᠡᠷᠮᠢᠴᠡ ᠬᠡᠪ ᠨᠠᠮᠪᠠ ᠪᠦᠬᠦᠢ ᠰᠣᠶᠣᠯ ᠤᠨ ︽ᠺᠠᠷᠲᠯᠠᠬᠤ ᠭᠠᠵᠠᠷ ︾ ᠢ ᠨᠡᠩ ᠤᠯᠠᠨ ᠴᠣᠭᠴᠠᠯᠠᠨ᠎ᠠ ᠃

      ᠥᠪᠥᠷ ᠮᠣᠩᠭᠤᠯ ᠳᠤ ᠡᠯᠪᠡᠭ ᠳᠡᠯᠪᠡᠭ ᠵᠢᠭᠤᠯᠴᠢᠯᠠᠯ ᠤᠨ ᠡᠬᠢ ᠪᠠᠶᠠᠯᠢᠭ ᠲᠠᠢ ᠂ ᠭᠡᠪᠡᠴᠦ ︽ᠰᠠᠷᠬᠤᠳ ᠤᠨ ᠠᠩᠬᠢᠯᠤᠮ᠎ᠠ ᠦᠨᠦᠷ ᠭᠤᠳᠤᠮᠵᠢ ᠶᠢᠨ ᠭᠦᠨ ᠳᠤ ᠬᠠᠰᠢᠭᠳᠠᠵᠤ ᠮᠡᠳᠡᠨ᠎ᠡ ︾᠂ ᠲᠠᠯ᠎ᠠ ᠨᠤᠲᠤᠭ ᠤᠢ ᠰᠢᠭᠤᠢ ᠂ ᠡᠯᠡᠰᠦᠨ ᠴᠦᠯ ᠭᠤᠪᠢ ᠪᠦᠷᠢᠳᠦ ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ ᠵᠡᠷᠭᠡ ᠭᠤᠶᠢᠳᠠ ᠰᠠᠶᠢᠬᠠᠨ ᠭᠠᠵᠠᠷ ᠢᠶᠠᠨ ᠰᠠᠶᠢᠲᠤᠷ ᠤᠬᠠᠭᠤᠯᠵᠤ ᠂ ︽ᠣᠷᠳᠣ ᠴᠠᠭᠠᠨ ᠬᠡᠷᠡᠮ ᠤᠨ ᠡᠮᠦᠨ᠎ᠡ ᠤᠮᠠᠷ᠎ᠠ ᠨᠤᠲᠤᠭ ︾᠂ ︽ᠦᠵᠡᠰᠬᠦᠯᠡᠩᠲᠦ ᠰᠠᠶᠢᠬᠠᠨ ᠮᠢᠨᠤ ᠨᠤᠲᠤᠭ ︾ ᠵᠡᠷᠭᠡ ᠰᠠᠶᠢᠬᠠᠨ ᠦᠯᠢᠬᠡᠷ ᠢᠶᠠᠨ ᠰᠠᠶᠢᠲᠤᠷ ᠢᠯᠡᠷᠡᠭᠦᠯᠵᠦ ᠂ ᠨᠡᠷᠡᠲᠦ ᠲᠡᠮᠳᠡᠭ ᠢᠶᠠᠨ ᠬᠦᠴᠦᠷᠬᠡᠭᠵᠢᠭᠦᠯᠦᠨ ᠂ ᠡᠵᠡᠩᠨᠡᠯᠲᠡ ᠶᠢᠨ ᠪᠠᠶᠢᠳᠠᠯ ᠢᠶᠠᠨ ᠨᠠᠷᠢᠯᠢᠭᠵᠢᠭᠤᠯᠵᠤ ᠂ ᠨᠡᠩ ᠤᠯᠠᠨ ᠬᠥᠮᠥᠰ ᠢ ᠥᠪᠥᠷ ᠮᠣᠩᠭᠤᠯ ᠳᠤ ᠲᠠᠲᠠᠨ ᠠᠪᠴᠢᠷᠠᠵᠤ ᠂ ᠥᠪᠥᠷ ᠮᠣᠩᠭᠤᠯ ᠳᠤ ᠮᠠᠨᠢ ᠬᠠᠶᠢᠷᠠᠲᠠᠢ ᠪᠣᠯᠭᠠᠨ ᠂ ᠵᠢᠭᠤᠯᠴᠢᠯᠠᠭᠴᠢᠳ ᠤᠨ ᠲᠤᠭ᠎ᠠ ᠬᠡᠮᠵᠢᠶ᠎ᠡ ᠶᠢ 3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ ᠃ ᠵᠢᠭᠤᠯᠴᠢᠯᠠᠯ ᠤᠨ ᠷᠢᠳᠢ ᠰᠢᠳᠢ ᠨᠢ ᠪᠡᠶᠡᠴᠢᠯᠡᠨ ᠣᠶᠢᠯᠠᠭᠠᠬᠤ ᠲᠥᠷᠥᠭᠳᠡᠯ ᠰᠠᠶᠢᠨ ᠂ ᠪᠠᠶᠠᠷ ᠪᠠᠶᠠᠰᠤᠯ ᠲᠠᠢ ᠵᠤᠭᠠᠯᠠᠨ ᠨᠠᠭᠠᠳᠬᠤ ᠳᠤ ᠪᠣᠢ ᠂ ᠵᠢᠭᠤᠯᠴᠢᠯᠠᠯ ᠤᠨ ︽ᠲᠦᠷᠪᠡᠨ ᠭᠠᠵᠠᠷ ︾ ᠤᠨ IP ᠢ ᠲᠡᠰ ᠳᠡᠪᠰᠢᠭᠦᠯᠦᠨ ᠴᠣᠭᠴᠠᠯᠠᠵᠤ ᠂ ︽ᠲᠦᠷᠪᠡᠨ ᠤᠯᠠᠷᠢᠯ ︾ ᠢᠶᠠᠷ ᠵᠤᠭᠠᠴᠠᠨ ᠲᠣᠭᠤᠷᠢᠬᠤ ᠨᠡᠷ᠎ᠡ ᠶᠢᠨ ᠬᠠᠭᠤᠳᠠᠰᠤ ᠶᠢ ᠠᠯᠳᠠᠷᠰᠢᠭᠤᠯᠵᠤ ᠂ ᠣᠳᠣ ᠦᠶ᠎ᠡ ᠶᠢᠨ ᠲᠠᠯ᠎ᠠ ᠨᠤᠲᠤᠭ ᠢ ᠢᠯᠡᠷᠡᠭᠦᠯᠬᠦ ᠠᠶᠠᠯᠠᠯ ᠂ ᠠᠯᠳᠠᠨ ᠰᠢᠷᠭᠠᠯ ᠡᠯᠡᠰᠦᠨ ᠴᠥᠯ ᠢ ᠲᠤᠭᠤᠯᠬᠤ ᠠᠶᠠᠯᠠᠯ ᠂ ᠮᠥᠰᠥ ᠴᠠᠰᠤᠨ ᠤ ᠶᠢᠷᠲᠢᠨᠴᠦ ᠶᠢᠨ ᠳᠣᠮᠣᠭᠲᠤ ᠠᠶᠠᠯᠠᠯ ᠵᠡᠷᠭᠡ ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠦᠨ ᠨᠠᠷᠢᠯᠢᠭᠵᠢᠭᠤᠯᠵᠤ ᠂ ᠭᠦᠬᠡᠬᠤᠲᠡ ᠶᠢᠨ ᠳᠠᠭᠤᠤ ᠬᠥᠭᠵᠢᠮ ᠤᠨ ᠦᠳᠡᠰᠢᠯᠡᠭᠡ ᠪᠠ ᠣᠨ ᠰᠣᠯᠢᠭᠳᠠᠬᠤ ᠰᠥᠨᠢ ᠶᠢᠨ ᠨᠠᠶᠢᠷ ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠂ ᠬᠥᠯᠥᠨ ᠪᠦᠢᠷ ᠤᠨ ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ ᠂ ᠤᠯᠠᠭᠠᠨᠴᠠᠪ ᠤᠨ ᠦᠳᠡᠰᠢ ᠂ ᠣᠷᠳᠣᠰ ᠤᠨ ︽ᠲᠠᠯ᠎ᠠ ᠨᠤᠲᠤᠭ ᠤᠨ ᠲᠣᠰᠬᠤᠨ ᠤ ᠠᠯᠠᠭᠠᠳᠠᠬᠤ ᠪᠥᠮᠪᠦᠭᠡ ︾ ᠵᠡᠷᠭᠡ ᠨᠡᠷᠡᠲᠦ ᠲᠡᠮᠳᠡᠭ ᠢ ᠡᠷᠬᠢᠯᠡᠨ ᠶᠠᠪᠤᠭᠳᠠᠭᠤᠯᠬᠤ ᠲᠤᠰᠤᠮ ᠴᠤᠤᠷᠢᠶᠠᠲᠤᠭᠤᠯᠤᠨ᠎ᠠ ᠃ ᠣᠨᠴᠠᠭᠠᠶᠢᠯᠠᠨ ︽ᠮᠠᠰᠢᠨ ᠪᠠᠷᠢᠵᠤ ᠬᠥᠳᠡᠭᠡ ᠲᠠᠯ᠎ᠠ ᠪᠠᠷ ᠳᠠᠪᠬᠢᠭᠤᠯᠤᠨ ᠂ ᠥᠪᠥᠷ ᠮᠣᠩᠭᠤᠯ ᠳᠤ ᠵᠢᠭᠤᠯᠴᠢᠯᠠᠨ ᠰᠠᠭᠤᠷᠢᠰᠢᠵᠠᠭᠠᠶ᠎ᠠ ︾ ᠠᠵᠢᠯᠯᠠᠭ᠎ᠠ ᠶᠢ ᠨᠠᠷᠢᠯᠢᠭ ᠤᠬᠠᠭᠠᠯᠠᠨ ᠲᠥᠯᠥᠪᠯᠡᠵᠦ ᠂ ᠲᠣᠮᠳᠠᠲᠣ ᠤᠯᠤᠰ ᠤᠨ ᠬᠠᠮᠤᠭ ᠤᠨ ᠭᠤᠶᠤ ᠬᠢᠯᠢ ᠬᠢᠵᠠᠭᠠᠷ ᠤᠨ ᠵᠠᠮ 331 ᠶᠢ ᠴᠣᠭᠴᠠᠯᠠᠵᠤ ᠂ ᠵᠠᠮ ᠳᠠᠭᠠᠤ ᠰᠠᠴᠤᠭᠳᠠᠭᠰᠠᠨ ︽ᠰᠤᠪᠤᠳ ︾ ᠢ ︽ᠰᠣᠨᠳᠣᠷ ︾ ᠪᠣᠯᠭᠠᠨ ᠬᠡᠯᠬᠢᠵᠦ ᠂ ᠮᠠᠰᠢᠨ ᠪᠠᠷᠢᠵᠤ ᠵᠢᠭᠤᠯᠴᠢᠯᠠᠬᠤ ᠪᠠ ᠵᠢᠭᠤᠯᠴᠢᠯᠠᠨ ᠰᠠᠭᠤᠷᠢᠰᠢᠬᠤ ᠶᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠰᠢᠨ᠎ᠡ ᠬᠢᠯᠠᠰ ᠴᠡᠭ ᠪᠣᠯᠭᠠᠨ᠎ᠠ ᠃ ᠪᠤᠭᠤᠲᠤ ᠶᠢᠨ ᠲᠡᠦᠬᠡ ᠰᠣᠶᠣᠯ ᠤᠨ ᠴᠤᠤᠲᠤ ᠬᠤᠲᠠ ᠂ ᠬᠢᠩᠭᠠᠨ ᠠᠶᠢᠮᠠᠭ ᠤᠨ ᠳᠡᠯᠡᠬᠡᠢ ᠶᠢᠨ ᠲᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠂ ᠪᠠᠳᠠᠢ ᠶᠢᠨ ᠵᠢᠷᠠᠨ ᠤ ᠳᠡᠯᠡᠬᠡᠢ ᠶᠢᠨ ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠂ ᠤᠯᠠᠭᠠᠢ ᠣᠯᠠᠨ ᠲᠣᠬᠤᠢ ᠶᠢ 5A ᠲᠡᠰ ᠤᠨ ᠦᠵᠡᠮᠵᠢ ᠶᠢᠨ ᠣᠷᠣᠨ ᠢᠶᠠᠷ ᠲᠦᠷᠭᠡᠳᠬᠡᠨ ᠡᠭᠦᠳᠦᠨ ᠪᠠᠶᠢᠭᠤᠯᠵᠤ ᠂ ᠯᠣᠣ ᠨᠢᠦ ᠸᠠᠨ ᠬᠠᠲᠤᠨ ᠭᠤᠣᠯ ᠤᠨ ᠶᠡᠭᠡ ᠬᠠᠪᠴᠢᠯ ᠢ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ ᠃ ᠮᠥᠰᠥ ᠴᠠᠰᠤᠨ ᠤ ᠠᠵᠤ ᠠᠬᠤᠢ ᠪᠣᠯ ᠲᠦᠮᠡᠨ ᠳ᠋ᠦᠩᠰᠢᠭᠤᠷ ᠤᠨ ᠳᠡᠰ ᠤᠨ ᠰᠢᠨ᠎ᠡ ᠥᠷᠢᠰᠦᠯᠳᠦᠭᠡᠨ ᠤ ᠴᠠᠷᠠᠭ᠎ᠠ ᠪᠣᠯᠣᠨ᠎ᠠ ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠂ ᠮᠥᠰᠥ ᠴᠠᠰᠤᠨ ᠤ ᠰᠣᠶᠣᠯ ᠂ ᠮᠥᠰᠥ ᠴᠠᠰᠤᠨ ᠤ ᠲᠣᠨᠣᠭᠯᠠᠯ ᠂ ᠮᠥᠰᠥ ᠴᠠᠰᠤᠨ ᠤ ᠵᠢᠭᠤᠯᠴᠢᠯᠠᠯ ᠵᠡᠷᠭᠡ ᠪᠦᠬᠦ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ ᠂ ᠣᠯᠠᠨ ᠲᠦᠮᠡᠨᠴᠢ ᠴᠢᠨᠠᠷᠲᠠᠢ ᠂ ᠲᠣᠭᠯᠠᠯᠲᠠ ᠶᠢᠨ ᠴᠢᠨᠠᠷᠲᠠᠢ ᠂ ᠤᠷᠤᠯᠳᠤᠭᠠᠨ ᠤ ᠴᠢᠨᠠᠷᠲᠠᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠎ᠡ ᠃ ᠳᠠᠩ ᠬᠠᠪᠲᠠᠰᠤᠨ ᠤ ᠴᠠᠨᠠᠯᠠᠯᠲᠠ ᠶᠢᠨ ᠵᠡᠷᠭᠡᠴᠡᠭᠡ ᠶᠡᠭᠡ ᠡᠷᠭᠢᠯᠲᠡ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ ᠪᠠ ᠪᠦᠬᠦ ᠤᠯᠤᠰ ᠤᠨ ᠴᠢᠯᠦᠭᠡᠲᠦ ᠴᠡᠨᠡᠯᠡᠯᠲᠡ ᠂ ᠣᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠮᠥᠰᠥ ᠴᠠᠰᠤᠨ ᠤ ᠤᠷᠤᠯᠳᠤᠭᠠᠨ ᠤ ᠶᠠᠪᠤᠳᠠᠯ ᠢ ᠰᠡᠳᠬᠢᠯ ᠲᠠᠯᠪᠢᠨ ᠡᠷᠬᠢᠯᠡᠵᠦ ᠂ ᠲᠤᠮᠳᠠᠳᠤ ᠤᠯᠤᠰ ᠤᠨ ᠬᠦᠢᠲᠡᠨ ᠤ ᠲᠤᠶᠢᠯ ᠤᠨ ᠮᠠᠷᠠᠰᠤᠨ ᠤᠷᠤᠯᠳᠤᠭᠠᠨ ᠂ ᠪᠦᠭᠦ ᠤᠯᠤᠰ ᠤᠨ ᠪᠦᠢᠺᠦ ᠪᠥᠮᠪᠥᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠂ ᠪᠦᠭᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠴᠤᠭᠯᠠᠭᠠᠨ ᠂ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠡᠳᠦ ᠳᠡᠰ ᠤᠨ ᠬᠤᠯᠪᠣᠭᠠᠲᠤ ᠤᠷᠤᠯᠳᠤᠭᠠᠨ ᠵᠡᠷᠭᠡ ᠣᠨᠴᠠᠯᠢᠭᠲᠤ ᠤᠷᠤᠯᠳᠤᠭᠠᠨ ᠤ ᠶᠠᠪᠤᠳᠠᠯ ᠢ ᠰᠠᠶᠢᠲᠤᠷ ᠡᠷᠬᠢᠯᠡᠵᠦ ᠂ ᠨᠡᠩ ᠣᠯᠠᠨ ᠬᠥᠮᠥᠰ ᠢ ᠤᠷᠤᠯᠳᠤᠭᠠᠨ ᠤ ᠲᠠᠰᠢᠷᠠᠮ ᠢᠶᠠᠷ ᠵᠢᠭᠤᠯᠴᠢᠯᠠᠷ᠎ᠠ ᠢᠷᠡᠭᠦᠯᠦᠨ᠎ᠡ ᠃

      ︵ᠳᠣᠯᠤᠭ᠎ᠠ︶ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠬᠦᠴᠦᠯᠡᠨ ᠠᠳᠬᠤᠵᠤ ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠥᠭᠭᠦᠨ᠎ᠡ ᠃ ᠨᠢᠭᠡ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠨᠢ ᠡᠴᠦᠰ ᠤᠨ ᠡᠴᠦᠰ ᠲᠤ ᠪᠠᠨ ᠠᠵᠤ ᠠᠬᠤᠶᠢᠯᠠᠯ ᠳᠤ ᠲᠦᠰᠢᠭᠯᠡᠳᠡᠭ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠯᠢ ᠨᠢ ᠴᠦ ᠭᠡᠰᠡᠨ ᠦᠭᠡᠢ ᠪᠦᠷ ᠵᠠᠰᠠᠭ ᠤᠨ ᠣᠷᠳᠣᠨ ᠤ ᠦᠢᠯᠡᠴᠢᠯᠡᠬᠦ ᠡᠲᠡᠭᠡᠳ ᠮᠥᠨ ᠂ ᠠᠵᠤ ᠠᠬᠤᠶᠢᠯᠠᠯ ᠳᠤ ᠲᠤᠰᠠᠯᠠᠬᠤ ᠠᠵᠢᠯᠯᠠᠭᠠᠨ ᠪᠣᠯ ᠳᠠᠷᠤᠢ ᠠᠵᠤ ᠠᠬᠤᠶᠢᠯᠠᠯᠲᠠᠳ ᠢ ᠭᠡᠷ ᠤᠨ ᠢᠶᠠᠨ ᠬᠥᠮᠥᠨ ᠠᠳᠠᠯᠢ ᠦᠵᠡᠵᠦ ᠂ ᠠᠵᠤ ᠠᠬᠤᠶᠢᠯᠠᠯ ᠤᠨ ᠠᠵᠢᠯ ᠶᠠᠪᠤᠳᠠᠯ ᠢ ᠭᠡᠷ ᠤᠨ ᠢᠶᠠᠨ ᠠᠵᠢᠯ ᠶᠠᠪᠤᠳᠠᠯ ᠪᠣᠯᠭᠠᠨ ᠂ ᠵᠠᠰᠠᠭ ᠤᠨ ᠣᠷᠳᠣᠨ ᠪᠠ ᠠᠵᠤ ᠠᠬᠤᠶᠢᠯᠠᠯ ᠭᠠᠷ ᠬᠤᠯᠪᠣᠯᠴᠠᠨ ᠬᠠᠮᠲᠤ ᠪᠠᠷ ᠬᠥᠭᠵᠢᠯᠲᠡ ᠶᠢ ᠡᠷᠢᠯᠬᠢᠯᠡᠬᠦ ᠶᠠᠪᠤᠳᠠᠯ ᠪᠣᠯᠣᠨ᠎ᠠ ᠃

      ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠵᠤ ᠂ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠦᠨ᠎ᠡ ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ︾ ᠪᠠᠷ ᠠᠷᠭ᠎ᠠ ᠬᠡᠮᠵᠢᠶ᠎ᠡ ᠲᠣᠭᠲᠠᠭᠠᠨ ᠂ ᠠᠷᠭ᠎ᠠ ᠪᠣᠳᠣᠯᠭ᠎ᠠ ᠠᠪᠴᠤ ᠂ ᠪᠣᠳᠠᠲᠤ ᠠᠮᠵᠢᠯᠲᠠ ᠣᠯᠬᠤ ᠶᠢ ᠴᠢᠩᠭ᠎ᠠ ᠠᠩᠬᠠᠷᠬᠤ ᠬᠡᠷᠡᠭᠲᠡᠢ ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠦᠬᠦ ᠬᠦᠴᠦᠨ ᠢᠶᠠᠷ ᠢᠶᠠᠨ ᠪᠦᠰᠡᠯᠡᠯᠲᠡ ᠰᠢᠪᠲᠤᠯᠵᠤ ᠂ ᠡᠵᠡᠩᠨᠡᠯᠲᠡ ᠶᠢ ᠲᠣᠭᠲᠠᠪᠤᠷᠢᠵᠢᠭᠤᠯᠬᠤ ᠂ ᠪᠦᠲᠦᠴᠡ ᠶᠢ ᠲᠣᠬᠢᠷᠠᠭᠤᠯᠬᠤ ᠂ ᠦᠷ᠎ᠡ ᠠᠰᠢᠭ ᠢᠶᠠᠨ ᠳᠡᠭᠡᠭᠰᠢᠯᠡᠭᠦᠯᠬᠦ ᠲᠠᠯ᠎ᠠ ᠳᠤ ᠬᠦᠴᠦ ᠲᠠᠯᠪᠢᠨ ᠂ ᠡᠵᠡᠩᠨᠡᠯᠲᠡ ᠶᠢᠨ ᠣᠷᠣᠯᠭ᠎ᠠ ᠶᠢ 1200 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ ᠃ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ ︾ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠂ ᠦᠢᠯᠡᠳᠬᠦᠨ ᠤ ᠦᠷᠲᠡᠭ ᠵᠠᠬ᠎ᠠ ᠳᠡᠯᠭᠡᠭᠦᠷ ᠤᠨ ᠦᠷᠲᠡᠭ ᠂ ᠡᠵᠡᠩᠨᠡᠯᠲᠡ ᠶᠢᠨ ᠠᠰᠢᠭ ᠣᠷᠣᠯᠭ᠎ᠠ ᠪᠠᠷ ᠢᠶᠠᠨ ᠠᠵᠢᠯ ᠲᠥᠷᠥᠯ ᠤᠨ ᠲᠡᠷᠢᠭᠦᠨ ᠪᠠᠶᠢᠷᠢ ᠪᠠᠨ ᠪᠠᠲᠤᠯᠠᠨ᠎ᠠ ᠃ ᠴᠠᠬᠢᠯᠭᠠᠨ ᠬᠦᠴᠦᠨ ᠤ ᠪᠦᠯᠦᠭᠯᠡᠯ ︽ᠴᠠᠬᠢᠯᠭᠠᠨ ᠬᠦᠴᠦᠨ ᠤ ᠲᠣᠣᠷ ᠢ ᠬᠦᠴᠦᠷᠬᠡᠭᠵᠢᠭᠦᠯᠬᠦ ︾ ᠠᠵᠢᠯᠯᠠᠭᠠᠨ ᠢ ᠰᠠᠶᠢᠲᠤᠷ ᠬᠡᠷᠡᠭᠵᠢᠭᠦᠯᠵᠦ ᠂ ︽ᠳᠦᠷᠪᠡᠨ ᠬᠥᠨᠳᠡᠯᠡᠨ ᠵᠢᠷᠭᠤᠭᠠᠨ ᠭᠤᠯᠳᠤ ︾ 500 ᠺᠢᠯᠣᠸᠣᠯᠲ ᠤᠨ ᠭᠤᠣᠯ ᠴᠠᠬᠢᠯᠭᠠᠨ ᠬᠦᠴᠦᠨ ᠤ ᠲᠣᠣᠷ ᠤᠨ ᠵᠢᠶᠠᠰᠠ ᠶᠢ ᠪᠦᠬᠦ ᠲᠠᠯ᠎ᠠ ᠪᠠᠷ ᠪᠠᠶᠢᠭᠤᠯᠤᠨ ᠳᠠᠭᠤᠰᠬᠠᠵᠤ ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ ᠂ ᠪᠦᠬᠦ ᠣᠷᠣᠨ ᠤ ᠪᠣᠬᠢᠷᠲᠤᠯ ᠦᠭᠡᠢ ᠬᠥᠭᠵᠢᠯᠲᠡ ᠳᠤ ᠨᠡᠩ ᠢᠯᠡᠭᠦᠦ ᠬᠤᠪᠢ ᠨᠡᠮᠡᠷᠢ ᠦᠵᠡᠭᠦᠯᠦᠨ᠎ᠡ ᠃ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠮᠠᠨ ᠤ ᠣᠷᠣᠨ ᠤ ᠡᠨᠧᠷᠬᠢ ᠶᠢᠨ ᠠᠵᠤ ᠠᠬᠤᠶᠢᠯᠠᠯ ᠤᠨ ᠰᠠᠶᠢᠨ ︽ᠨᠢᠷᠤᠭᠤ ᠲᠤᠯᠭᠠᠭᠤᠷᠢ ︾ ᠪᠣᠯᠵᠤ ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠪᠠᠨ 4500 ᠲᠦᠮᠡᠨ ᠺᠢᠯᠣᠸᠠᠲ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠵᠤ ᠂ ᠡᠳ᠋ ᠬᠥᠷᠥᠩᠭᠡ ᠪᠠ ᠡᠵᠡᠩᠨᠡᠯᠲᠡ ᠶᠢᠨ ᠣᠷᠣᠯᠭ᠎ᠠ ᠶᠢᠨ ︽ᠬᠤᠣᠰ ᠮᠢᠩᠭᠠᠨ ᠳ᠋ᠦᠩᠰᠢᠭᠤᠷ ︾ ᠤᠨ ᠬᠠᠷᠠᠯᠲᠠ ᠲᠡᠶᠢᠰᠢ ᠲᠦᠷᠭᠡᠬᠡᠨ ᠤᠷᠤᠭᠰᠢᠯᠠᠨ᠎ᠠ ᠃ ᠵᠠᠮ ᠬᠠᠷᠢᠯᠴᠠᠭᠠᠨ ᠤ ᠪᠦᠯᠦᠭᠯᠡᠯ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ ᠪᠠᠷᠢᠮᠵᠢᠶᠠᠯᠠᠨ ᠬᠠᠷᠭᠤᠭᠤᠯᠵᠤ ᠂ ᠬᠢᠷᠢ ᠭᠡᠮ ᠵᠡᠷᠭᠡ ᠳᠡᠰ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠣᠷᠣᠨ ᠤ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠴᠢᠷᠮᠠᠶᠢᠨ ᠥᠷᠭᠡᠳᠬᠡᠵᠦ ᠂ ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ ᠳᠤ ᠲᠠᠪᠰᠢᠨ ᠣᠷᠣᠬᠤ ᠪᠠᠷ ᠬᠦᠴᠦᠯᠡᠨ ᠴᠢᠷᠮᠠᠶᠢᠨ᠎ᠠ ᠃ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠂ ᠰᠣᠶᠣᠯ ᠵᠢᠭᠤᠯᠴᠢᠯᠠᠯ ᠤᠨ ᠪᠦᠯᠦᠭᠯᠡᠯ ᠂ ᠣᠯᠠᠨ ᠤᠯᠤᠰ ᠤᠨ ᠠᠷᠠᠯᠵᠢᠶᠠᠨ ᠤ ᠪᠦᠯᠦᠭᠯᠡᠯ ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠺᠤᠮᠫᠠᠨᠢ ᠵᠡᠷᠭᠡ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠴᠥᠮ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠡᠷᠴᠢᠮ ᠢᠶᠠᠨ ᠴᠢᠩᠭᠠᠷᠠᠭᠤᠯᠤᠨ ᠂ ᠲᠡᠷᠢᠭᠦᠨ ᠳᠡᠰ ᠲᠠᠢ ᠪᠠᠷᠢᠮᠵᠢᠶᠠᠯᠠᠨ ᠬᠠᠷᠭᠤᠭᠤᠯᠵᠤ ᠂ ᠲᠡᠷᠢᠭᠦᠨ ᠠᠴᠠ ᠲᠠᠭᠠᠨ ᠰᠤᠷᠤᠯᠴᠠᠵᠦ ᠂ ᠡᠵᠡᠩᠨᠡᠯᠲᠡ ᠶᠢᠨ ᠠᠵᠢᠯ ᠤᠨ ᠠᠮᠵᠢᠯᠲᠠ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠦᠨ ᠂ ᠲᠦᠷᠭᠡᠬᠡᠨ ᠪᠤᠵᠠᠭᠠᠶᠢᠷᠠᠨ ᠬᠦᠴᠦᠷᠬᠡᠭᠵᠢᠭᠦᠯᠬᠦ ᠬᠡᠷᠡᠭᠲᠡᠢ ᠃

      ᠣᠳᠣᠬᠠᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠥᠭᠵᠢᠬᠦ ᠳᠤ ᠲᠤᠩ ᠬᠢᠯᠪᠠᠷ ᠪᠤᠰᠤ ᠪᠠᠶᠢᠵᠤ ᠂ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠨᠢ ᠣᠯᠠᠨ ᠬᠦᠴᠢᠷ ᠲᠦᠪᠡᠭ ᠪᠠ ᠠᠰᠠᠭᠤᠳᠠᠯ ᠲᠤᠯᠭᠠᠷᠠᠵᠤ ᠪᠠᠶᠢᠨ᠎ᠠ ᠂ ᠲᠥᠷᠥᠯ ᠵᠦᠢᠯ ᠢ ᠪᠣᠳᠠᠲᠠᠶᠢᠵᠢᠭᠤᠯᠬᠤ ᠂ ᠲᠦᠷᠦ ᠶᠢᠨ ᠪᠣᠳᠣᠯᠭ᠎ᠠ ᠪᠠᠷ ᠳᠡᠮᠵᠢᠯᠭᠡ ᠦᠵᠡᠭᠦᠯᠬᠦ ᠂ ᠪᠡᠯᠡ ᠲᠣᠬᠢᠷᠠᠭᠤᠯᠤᠨ ᠵᠢᠭᠡᠯᠡᠯᠭᠡ ᠲᠠᠯᠪᠢᠬᠤ ᠵᠡᠷᠭᠡ ᠲᠠᠯ᠎ᠠ ᠪᠠᠷ ᠬᠠᠪᠰᠤᠷᠤᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ ᠂ ᠢᠯᠠᠩᠭᠤᠶ᠎ᠠ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠪᠢᠳᠠᠴᠠ ᠶᠢ ᠤᠷᠢᠳᠴᠢᠯᠠᠨ ᠦᠯᠡᠳᠡᠭᠡᠵᠦ ᠥᠭᠬᠦ ᠲᠤᠬᠠᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠠᠵᠢᠯ ᠶᠠᠪᠤᠳᠠᠯ ᠭᠦᠢᠴᠡᠳᠬᠡᠬᠦ ᠨᠢ ᠤᠳᠠᠭᠠᠨ ᠂ ᠪᠠᠶᠢᠴᠠᠭᠠᠯᠲᠠ ᠣᠯᠠᠨᠲᠠᠢ ᠂ ᠪᠡᠯᠡ ᠲᠣᠬᠢᠷᠠᠭᠤᠯᠬᠤ ᠳᠤ ᠬᠦᠴᠢᠷ ᠪᠠᠶᠢᠬᠤ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠂ ᠣᠨᠴᠠᠭᠠᠶᠢᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ︽ᠰᠡᠳᠬᠢᠯ ᠤᠨ ᠡᠪᠡᠳᠴᠢᠨ ︾ ᠪᠠᠶᠢᠵᠤ ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠵᠦ ᠪᠠᠶᠢᠭ᠎ᠠ ᠮᠡᠲᠦ ᠪᠠᠷ ᠠᠵᠤ ᠠᠬᠤᠶᠢᠯᠠᠯ ᠳᠤ ᠦᠢᠯᠡᠴᠢᠯᠡᠨ ᠂ ᠬᠢᠨᠠᠨ ᠵᠥᠪᠰᠢᠶᠡᠷᠡᠵᠦ ᠠᠵᠢᠯ ᠶᠠᠪᠤᠳᠠᠯ ᠭᠦᠢᠴᠡᠳᠬᠡᠬᠦ ᠶᠢᠨ ᠬᠤᠷᠳᠤ ᠶᠢ ᠳᠠᠬᠢᠨᠲᠠ ᠠᠬᠢᠭᠤᠯᠤᠨ ᠲᠦᠷᠭᠡᠳᠬᠡᠵᠦ ᠂ ᠬᠤᠭᠤᠴᠠᠭ᠎ᠠ ᠬᠢᠵᠠᠭᠠᠷᠯᠠᠨ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ ︔ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠰᠠᠶᠢᠲᠤᠷ ᠠᠳᠬᠤᠵᠤ ᠂ ᠪᠡᠶ᠎ᠡ ᠶᠢᠨ ᠪᠠᠶᠢᠴᠠᠭᠠᠯᠲᠠ ᠮᠠᠶ᠋ᠢᠭ ᠤᠨ ᠬᠢᠨᠠᠯᠲᠠ ᠬᠠᠮᠢᠶᠠᠷᠤᠯᠲᠠ ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠦᠨ ᠂ ᠠᠵᠤ ᠠᠬᠤᠶᠢᠯᠠᠯ ᠳᠤ ᠰᠠᠭᠠᠳ ᠠᠪᠴᠢᠷᠠᠬᠤ ᠮᠥᠷᠲᠡᠭᠡᠨ ᠦᠢᠯᠡᠳᠦᠯ ᠭᠠᠷᠬᠤ ᠦᠭᠡᠢ ᠠᠯᠪᠠ ᠶᠢᠨ ᠲᠡᠳᠦᠢ ᠬᠠᠤᠯᠢ ᠬᠡᠷᠡᠭᠵᠢᠭᠦᠯᠦᠯᠲᠡ ᠶᠢ ᠦᠯᠦ ᠬᠢᠵᠦ ᠂ ᠳᠤᠷ᠎ᠠ ᠪᠠᠷ ᠰᠦᠢᠳᠬᠡᠯ ᠬᠤᠷᠢᠶᠠᠬᠤ ᠂ ᠳᠤᠷ᠎ᠠ ᠪᠠᠷ ᠵᠣᠭᠤᠰ ᠲᠣᠷᠭᠠᠬᠤ ᠂ ᠳᠤᠷ᠎ᠠ ᠪᠠᠷ ᠪᠠᠶᠢᠴᠠᠭᠠᠬᠤ ᠂ ᠳᠤᠷ᠎ᠠ ᠪᠠᠷ ᠪᠢᠲᠡᠭᠦᠮᠵᠢᠯᠡᠬᠦ ᠶᠢ ᠡᠷᠡᠰ ᠴᠡᠭᠴᠡᠯᠡᠨ ᠵᠠᠰᠠᠵᠤ ᠂ ᠠᠰᠢᠭ ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠨᠢᠭᠡ ᠢᠯᠡᠷᠡᠭᠦᠯᠪᠡᠯ ᠨᠢᠭᠡ ᠶᠢ ᠴᠢᠩᠭ᠎ᠠ ᠪᠠᠶᠢᠴᠠᠭᠠᠨ᠎ᠠ ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠢᠭᠡᠯᠡᠯᠭᠡ ᠲᠠᠯᠪᠢᠬᠤ ᠨᠥᠬᠦᠴᠡᠯ ᠪᠠ ᠬᠦᠦ ᠮᠥᠩᠭᠦᠨ ᠤ ᠬᠢᠷᠢ ᠬᠡᠮᠵᠢᠶᠡᠨ ᠤ ᠲᠠᠯ᠎ᠠ ᠳᠤ ︽ᠠᠳᠠᠯᠢ ᠪᠠᠷ ᠦᠵᠡᠨ ᠲᠡᠭᠰᠢ ᠪᠠᠷ ᠬᠠᠨᠳᠤᠵᠤ ︾᠂ ᠡᠬᠡ ᠮᠥᠩᠭᠦ ᠲᠥᠯᠥᠬᠦ ᠦᠭᠡᠢ ᠪᠠᠷ ᠥᠷᠭᠦᠯᠵᠢᠯᠡᠨ ᠵᠢᠭᠡᠯᠡᠯᠭᠡ ᠠᠪᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠳᠠᠩᠰᠠᠨ ᠳᠠᠬᠢ ᠥᠷᠢᠲᠦᠵᠦ ᠪᠠᠶᠢᠭ᠎ᠠ ᠵᠣᠭᠤᠰ ᠢ ᠨᠢ ᠢᠯᠭᠠᠷᠠᠭᠤᠯᠬᠤ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠮᠤᠭ ᠠᠴᠠ ᠬᠠᠯᠠᠮᠵᠢᠯᠠᠨ ᠠᠩᠬᠠᠷᠴᠤ ᠪᠠᠶᠢᠭ᠎ᠠ ᠤᠴᠢᠷ ᠪᠣᠯᠣᠨ᠎ᠠ ᠂ ᠪᠠᠶᠢᠳᠠᠯ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠥᠷᠨᠢᠭᠦᠯᠵᠦ ᠂ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠬᠤ ᠪᠠᠨ ᠦᠨᠡᠨ ᠬᠦ ᠪᠠᠲᠤᠯᠠᠨ ᠂ ᠥᠷᠢᠲᠦᠵᠦ ᠪᠠᠶᠢᠭ᠎ᠠ ᠵᠣᠭᠤᠰ ᠢ ᠨᠢ ᠬᠠᠤᠯᠢ ᠲᠣᠭᠲᠠᠭᠠᠯ ᠶᠣᠰᠣᠭᠠᠷ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ ᠂ ︽ᠲᠥᠯᠥᠬᠦ ᠶᠣᠰᠣᠲᠠᠢ ᠶᠢ ᠨᠢ ᠲᠦᠷᠭᠡᠨ ᠲᠥᠯᠥᠵᠦ ᠂ ᠲᠥᠯᠥᠬᠦ ᠴᠢᠬᠤᠯᠠᠲᠠᠢ ᠶᠢ ᠨᠢ ᠪᠦᠬᠦᠨ ᠢ ᠲᠥᠯᠥᠬᠦ ︾ ᠶᠢ ᠪᠡᠶᠡᠯᠡᠭᠦᠯᠬᠦ ᠬᠡᠷᠡᠭᠲᠡᠢ ᠃ ᠡᠯ᠎ᠡ ᠱᠠᠲᠤᠨ ᠤ ᠵᠠᠰᠠᠭ ᠤᠨ ᠣᠷᠳᠣᠨ ᠣᠨᠴᠠᠭᠠᠶᠢᠯᠠᠨ ᠤᠳᠤᠷᠢᠳᠬᠤ ᠺᠠᠳ᠋ᠷᠴᠤᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠦᠨᠡᠨᠴᠢ ᠰᠢᠯᠤᠭᠤᠨ ᠢᠶᠠᠷ ᠬᠠᠷᠢᠯᠴᠠᠵᠤ ᠂ ᠢᠯᠠᠩᠭᠤᠶ᠎ᠠ ᠠᠵᠤ ᠠᠬᠤᠶᠢᠯᠠᠯ ᠬᠦᠴᠢᠷ ᠪᠡᠷᠬᠡ ᠲᠤᠯᠭᠠᠷᠠᠬᠤ ᠶᠢᠨ ᠦᠶ᠎ᠡ ᠳᠤ ᠂ ᠤᠯᠠᠮ ᠢᠯᠡᠭᠦᠦ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠨ ᠂ ᠴᠢᠩ ᠰᠡᠳᠬᠢᠯ ᠠᠴᠠ ᠪᠠᠨ ᠦᠢᠯᠡᠴᠢᠯᠡᠬᠦ ᠬᠡᠷᠡᠭᠲᠡᠢ ᠃

      ᠮᠠᠨ ᠤ ᠣᠷᠣᠨ ᠲᠥᠪ ᠤᠨ ᠡᠯ᠎ᠡ ᠲᠣᠮᠣ ᠠᠵᠤ ᠠᠬᠤᠶᠢᠯᠠᠯ ᠯᠤᠭ᠎ᠠ ᠪᠠᠲᠤ ᠪᠠᠬᠢ ᠬᠠᠮᠲᠤᠷᠠᠯᠴᠠᠭᠠᠨ ᠤ ᠰᠠᠭᠤᠷᠢ ᠲᠠᠢ ᠶᠤᠮ ᠂ ᠨᠢᠳᠤᠨᠤᠨ ᠲᠥᠪ ᠤᠨ ᠠᠵᠤ ᠠᠬᠤᠶᠢᠯᠠᠯ ᠤᠨ ᠮᠠᠨ ᠤ ᠣᠷᠣᠨ ᠳᠠᠬᠢ ᠪᠡᠯᠡ ᠣᠷᠣᠭᠤᠯᠤᠯᠲᠠ ᠵᠣᠬᠢᠬᠤ ᠬᠡᠮᠵᠢᠶ᠎ᠡ ᠪᠠᠷ ᠳᠣᠷᠣᠭᠰᠢᠯᠠᠭᠰᠠᠨ ᠠᠴᠠ ᠡᠨᠡ ᠵᠢᠯ ᠡᠷᠬᠡᠪᠰᠢ ᠨᠡᠬᠡᠨ ᠭᠦᠢᠴᠡᠵᠦ ᠨᠡᠮᠡᠭᠳᠡᠯ ᠲᠠᠢ ᠪᠣᠯᠭᠠᠨ᠎ᠠ ᠃ ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ ᠂ ᠨᠢᠭᠡ ᠨᠢᠭᠡ ᠠᠵᠤ ᠠᠬᠤᠶᠢᠯᠠᠯ ᠢᠶᠠᠷ ᠵᠣᠯᠭᠠᠭᠤᠯᠤᠨ ᠂ ᠨᠢᠭᠡ ᠨᠢᠭᠡ ᠲᠥᠷᠥᠯ ᠵᠦᠢᠯ ᠢᠶᠠᠷ ᠪᠣᠳᠠᠲᠠᠶᠢᠵᠢᠭᠤᠯᠬᠤ ᠶᠢ ᠠᠳᠬᠤᠨ ᠂ ᠮᠠᠨ ᠤ ᠣᠷᠣᠨ ᠤ ᠡᠬᠢ ᠪᠠᠶᠠᠯᠢᠭ ᠂ ᠠᠵᠤ ᠦᠢᠯᠡᠰ ᠤᠨ ᠳᠠᠪᠠᠭᠤᠯᠢᠭ ᠢᠶᠠᠷ ᠢᠶᠠᠨ ᠲᠥᠪ ᠤᠨ ᠠᠵᠤ ᠠᠬᠤᠶᠢᠯᠠᠯ ᠤᠨ ᠬᠦᠴᠦᠷᠬᠡᠭ ᠪᠣᠳᠠᠲᠤ ᠬᠦᠴᠦᠨ ᠂ ᠲᠡᠷᠢᠭᠦᠨ ᠤ ᠮᠡᠷᠭᠡᠵᠢᠯ ᠯᠦᠭᠡ ︽ᠬᠤᠣᠰ ᠴᠢᠭᠯᠡᠯ ᠤᠨ ᠬᠠᠮᠲᠤᠷᠠᠯᠴᠠᠭ᠎ᠠ ︾ ᠥᠷᠨᠢᠭᠦᠯᠵᠦ ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠬᠡᠷᠡᠭᠲᠡᠢ ᠃

      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠩᠭᠢᠯᠠᠭ᠎ᠠ ᠨᠢ ᠪᠠᠶᠢᠩᠭᠤᠰᠢᠭᠤᠯᠤᠨ ᠵᠠᠰᠠᠵᠤ ᠤᠷᠲᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠳᠤ ᠪᠠᠶᠢᠨ᠎ᠠ ᠂ ᠡᠨᠡ ᠵᠢᠯ ᠳᠠᠬᠢᠨᠲᠠ ︽ᠥᠨᠳᠥᠷ ᠪᠦᠲᠦᠮᠵᠢᠲᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ ︾ 30 ᠵᠦᠢᠯ ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ ︾ 150 ᠵᠦᠢᠯᠡᠰ ᠢ ᠭᠠᠷᠭᠠᠵᠤ ᠂ ︽ᠠᠮᠠᠯᠠᠬᠤ ᠳᠦᠷᠢᠮ + ᠪᠦᠬᠦᠨ ᠢ ᠣᠷᠣᠯᠠᠨ ᠭᠦᠢᠴᠡᠳᠬᠡᠬᠦ ︾ ᠦᠢᠯᠡᠴᠢᠯᠡᠭᠡᠨ ᠤ ᠬᠡᠪ ᠵᠠᠭᠪᠤᠷ ᠢ ᠳᠡᠯᠭᠡᠷᠡᠭᠦᠯᠦᠨ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠦᠷᠢᠶ᠎ᠡ ᠴᠠᠷᠠᠭᠠᠨ ᠳᠠᠬᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠂ ᠬᠢᠵᠠᠭᠠᠷᠯᠠᠯ ᠬᠦᠯᠢᠶᠡᠰᠦᠯᠡᠯ ᠨᠢ ᠳᠡᠩᠳᠡᠭᠦᠦ ᠤᠯᠠᠨ ᠂ ᠠᠵᠢᠯ ᠶᠠᠪᠤᠳᠠᠯ ᠭᠦᠢᠴᠡᠳᠬᠡᠬᠦ ᠳᠤ ᠶᠠᠷᠰᠢᠭ ᠲᠦᠪᠡᠭᠲᠡᠢ ᠂ ᠠᠮᠠᠯᠠᠭᠰᠠᠨ ᠢᠶᠠᠨ ᠭᠦᠢᠴᠡᠳᠬᠡᠬᠦ ᠦᠭᠡᠢ ᠂ ᠰᠢᠨ᠎ᠡ ᠲᠤᠰᠢᠶᠠᠯᠲᠠᠨ ᠨᠢ ᠬᠠᠭᠤᠴᠢᠨ ᠳᠠᠩᠰᠠ ᠶᠢ ᠬᠠᠮᠢᠶᠠᠷᠬᠤ ᠦᠭᠡᠢ ᠵᠡᠷᠭᠡ ᠠᠰᠠᠭᠤᠳᠠᠯ ᠤᠳ ᠢ ᠦᠨᠡᠨ ᠪᠣᠳᠠᠲᠠᠢ ᠰᠢᠢᠳᠪᠦᠷᠢᠯᠡᠵᠦ ᠂ ᠦᠨᠡᠨᠴᠢ ᠢᠲᠡᠭᠡᠮᠵᠢᠲᠡᠢ ᠪᠠᠶᠢᠬᠤ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠭᠤᠣᠯᠯᠠᠬᠤ ᠥᠷᠢᠰᠦᠯᠳᠦᠭᠡᠨ ᠤ ᠬᠦᠴᠦᠨ ᠪᠣᠯᠭᠠᠵᠤ ᠂ ᠺᠠᠳ᠋ᠷ ᠪᠦᠬᠦᠨ ᠢ ᠦᠨᠡᠨᠴᠢ ᠢᠲᠡᠭᠡᠮᠵᠢ ᠶᠢ ᠡᠷᠬᠢᠮᠯᠡᠭᠰᠡᠨ ︽ᠣᠷᠣᠯᠠᠨ ᠥᠭᠦᠯᠡᠭᠴᠢ ︾ ᠪᠣᠯᠭᠠᠨ᠎ᠠ ᠃

      ︵ᠨᠠᠢᠮᠠ︶ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠰᠠᠶᠢᠲᠤᠷ ᠠᠳᠬᠤᠨ ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠨ᠎ᠡ ᠃ ᠭᠠᠳᠠᠭᠰᠢ ᠨᠡᠭᠡᠭᠡᠯᠲᠡ ᠬᠢᠭᠰᠡᠨ ᠴᠤ ᠲᠡᠷᠡ ᠂ ᠳᠣᠲᠣᠭᠠᠳᠤ ᠨᠡᠭᠡᠭᠡᠯᠲᠡ ᠬᠢᠭᠰᠡᠨ ᠴᠤ ᠲᠡᠷᠡ ᠂ ᠴᠥᠮ ᠬᠤᠣᠰ ᠴᠢᠭᠯᠡᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠷᠠᠭᠤᠯᠵᠤ ᠂ ᠮᠠᠨ ᠤ ᠣᠷᠣᠨ ᠤ ᠬᠠᠷᠢᠴᠠᠩᠭᠤᠢ ᠲᠤᠲᠠᠭᠳᠠᠵᠤ ᠪᠠᠶᠢᠭ᠎ᠠ ᠮᠡᠷᠭᠡᠵᠢᠯ ᠂ ᠴᠢᠳᠠᠪᠤᠷᠢᠲᠠᠨ ᠂ ᠪᠡᠯᠡ ᠮᠥᠩᠭᠦ ᠂ ᠠᠵᠤ ᠦᠢᠯᠡᠰ ᠢ ᠣᠷᠣᠭᠤᠯᠵᠤ ᠠᠪᠴᠢᠷᠠᠬᠤ ᠪᠠᠷ ᠪᠠᠷᠠᠬᠤ ᠦᠭᠡᠢ ᠂ ᠮᠠᠨ ᠤ ᠣᠷᠣᠨ ᠤ ᠳᠠᠪᠠᠭᠤᠯᠢᠭ ᠪᠣᠯᠬᠤ ᠪᠣᠬᠢᠷᠳᠤᠯ ᠦᠭᠡᠢ ᠴᠠᠬᠢᠯᠭᠠᠨ ᠂ ᠪᠣᠬᠢᠷᠳᠤᠯ ᠦᠭᠡᠢ ᠪᠣᠳᠣᠬᠤ ᠴᠢᠳᠠᠪᠤᠷᠢ ᠂ ᠪᠣᠬᠢᠷᠲᠤᠯ ᠦᠭᠡᠢ ᠢᠳᠡᠭᠡᠨ ᠵᠢᠴᠢ ᠥᠪᠡᠷᠮᠢᠴᠡ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠢᠶᠠᠨ ᠭᠠᠳᠠᠭᠰᠢ ᠭᠠᠷᠭᠠᠨ᠎ᠠ ᠃

      ᠭᠠᠳᠠᠭᠰᠢ ᠪᠠᠨ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠨ᠎ᠡ ᠃ ᠣᠷᠣᠰ ᠮᠣᠩᠭᠤᠯ ᠳᠤ ᠰᠠᠭᠤᠷᠢᠯᠠᠬᠤ ᠪᠣᠯᠪᠠᠴᠤ ᠣᠷᠣᠰ ᠮᠣᠩᠭᠤᠯ ᠳᠤ ᠯᠡ ᠬᠢᠵᠠᠭᠠᠷᠯᠠᠭᠳᠠᠬᠤ ᠦᠭᠡᠢ ᠪᠠᠶᠢᠵᠤ ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠠ ᠳᠣᠬᠢᠶᠠᠯ ᠢ ᠠᠳᠬᠤᠨ ᠂ ᠨᠡᠩ ᠥᠨᠳᠥᠷ ᠪᠠᠷᠢᠮᠵᠢᠶ᠎ᠠ ᠲᠠᠢ ᠳᠦᠷᠢᠮ ᠤᠨ ᠬᠡᠯᠪᠡᠷᠢ ᠪᠦᠬᠦᠢ ᠨᠡᠭᠡᠭᠡᠯᠲᠡ ᠶᠢ ᠲᠦᠷᠭᠡᠳᠬᠡᠨ ᠠᠬᠢᠭᠤᠯᠵᠤ ᠂ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠨᠡᠩ ᠭᠦᠨᠵᠡᠭᠡᠢ ᠣᠷᠣᠯᠴᠠᠨ ᠂ ᠵᠡᠭᠦᠨ ᠬᠤᠶᠢᠲᠤ ᠠᠽᠢᠶ᠎ᠠ ᠂ ᠲᠥᠪ ᠠᠽᠢᠶ᠎ᠠ ᠂ ᠡᠸᠦ᠋ᠷᠦᠫᠡ ᠲᠢᠪ ᠠᠮᠧᠷᠢᠺᠠ ᠲᠢᠪ ᠂ ᠠᠦ᠋ᠰᠲᠷᠠᠯᠢᠶ᠎ᠠ ᠰᠢᠨ᠎ᠡ ᠽᠢᠯᠠᠨᠳ᠋ ᠪᠠ ᠰᠢᠨ᠎ᠡ ᠪᠠᠷ ᠪᠣᠢ ᠪᠣᠯᠤᠭᠰᠠᠨ ᠠᠵᠤ ᠠᠬᠤᠢ ᠶᠢᠨ ᠴᠣᠭᠴᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠨ᠎ᠡ ᠃ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠢ ᠪᠤᠵᠠᠭᠠᠶᠢᠷᠠᠭᠤᠯᠵᠤ ᠂ ᠭᠠᠷ ᠳᠠᠮᠵᠢᠭᠰᠠᠨ ᠮᠠᠰᠢᠨ ᠲᠡᠷᠭᠡ ᠂ ︽ᠰᠢᠨ᠎ᠡ ᠭᠤᠷᠪᠠᠨ ᠵᠦᠢᠯ ︾᠂ ᠵᠠᠪᠰᠠᠷ ᠤᠨ ᠪᠦᠲᠦᠭᠡᠭᠳᠡᠬᠦᠨ ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠥᠷᠭᠡᠳᠬᠡᠨ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠪᠠ ᠠᠵᠤ ᠦᠢᠯᠡᠰ ᠤᠨ ᠬᠦᠷᠢᠶᠡᠯᠡᠩ ᠢ ᠨᠢᠭᠡ ᠪᠦᠯᠦᠭ ᠪᠣᠶᠢᠵᠢᠭᠤᠯᠵᠤ ᠂ ᠭᠤᠣᠯᠳᠠᠯᠭ᠎ᠠ ᠪᠣᠯᠬᠤ ᠠᠷᠠᠯᠵᠢᠶᠠᠨ ᠤ ᠬᠠᠨᠢᠲᠠᠨ ᠤ ᠭᠠᠳᠠᠭᠠᠳᠤ ᠬᠥᠮᠥᠷᠭᠡ ᠶᠢ ᠨᠢᠭᠡ ᠪᠦᠯᠦᠭ ᠪᠠᠶᠢᠷᠢᠰᠢᠭᠤᠯᠤᠨ ᠂ ᠬᠦᠬᠡᠬᠤᠲᠠ ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠂ ᠡᠭᠡᠯᠵᠢ ᠶᠢᠨ ᠴᠤᠪᠤᠭ᠎ᠠ ᠲᠡᠷᠭᠡᠨ ᠤ ᠪᠠᠷᠠᠭᠠᠨ ᠤ ᠢᠷᠡᠯᠲᠡ ᠶᠢᠨ ᠲᠥᠪᠯᠡᠷᠡᠭᠦᠯᠵᠦ ᠬᠤᠪᠢᠶᠠᠷᠢᠯᠠᠬᠤ ᠴᠢᠳᠠᠪᠤᠷᠢ ᠪᠠ ᠪᠤᠴᠠᠬᠤ ᠳᠤ ᠪᠠᠨ ᠳᠦᠭᠦᠷᠡᠩ ᠠᠴᠢᠶᠠᠯᠠᠬᠤ ᠨᠤᠷᠮ᠎ᠠ ᠶᠢ ᠨᠢ ᠳᠡᠭᠡᠭᠰᠢᠯᠡᠭᠦᠯᠦᠨ ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠢᠷᠡᠵᠦ ᠶᠠᠪᠤᠭᠰᠠᠨ ᠴᠤᠪᠤᠭ᠎ᠠ ᠲᠡᠷᠭᠡᠨ ᠤ ᠲᠤᠭ᠎ᠠ ᠶᠢ 500 ᠠᠴᠠ ᠳᠠᠪᠠᠭᠤᠯᠵᠤ ᠂ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1.3 ᠳ᠋ᠦᠩᠰᠢᠭᠤᠷ ᠲᠣᠨ ᠠᠴᠠ ᠳᠠᠪᠠᠭᠤᠯᠵᠤ ᠂ ᠭᠠᠳᠠᠭᠠᠳᠤ ᠠᠷᠠᠯᠵᠢᠶᠠᠨ ᠤ ᠣᠷᠣᠭᠤᠯᠵᠤ ᠭᠠᠷᠭᠠᠬᠤ ᠶᠡᠷᠦᠩᠬᠡᠢ ᠥᠷᠲᠡᠭ ᠢ 2200 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ ᠃ ᠮᠠᠨ ᠤ ᠣᠷᠣᠨ ᠳᠤ ᠭᠠᠳᠠᠭᠠᠳᠤ ᠨᠡᠭᠡᠭᠡᠯᠲᠡ ᠶᠢᠨ ᠬᠢᠯᠢ ᠶᠢᠨ ᠪᠣᠭᠤᠮᠲᠠ 20 ᠪᠠᠶᠢᠨ᠎ᠠ ᠂ ᠬᠢᠯᠢ ᠶᠢᠨ ᠪᠣᠭᠤᠮᠲᠠ ᠶᠢᠨ ᠴᠢᠳᠠᠮᠵᠢ ᠶᠢ ᠬᠦᠴᠦᠯᠡᠨ ᠳᠡᠭᠡᠭᠰᠢᠯᠡᠭᠦᠯᠵᠦ ᠂ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠰᠠᠶᠢᠲᠤᠷ ᠪᠦᠲᠦᠭᠡᠨ ᠪᠠᠶᠢᠭᠤᠯᠵᠤ ᠂ ᠮᠠᠨᠵᠤᠤᠷ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠨᠡᠮᠡᠨ ᠪᠠᠶᠢᠭᠤᠯᠬᠤ ᠪᠠᠷᠢᠮᠵᠢᠶᠠᠲᠤ ᠵᠠᠶᠢᠲᠠᠢ ᠲᠡᠮᠦᠷ ᠵᠠᠮ ᠤᠨ ᠬᠤᠶᠠᠳᠤᠭᠠᠷ ᠱᠤᠭᠤᠮ ᠂ ᠡᠷᠢᠶᠡᠨ ᠬᠤᠲᠠ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠬᠤᠶᠠᠳᠤᠭᠠᠷ ᠨᠡᠪᠲᠡᠷᠡᠯ ᠵᠠᠮ ᠂ ᠮᠠᠨᠳᠤᠯ ᠬᠢᠯᠢ ᠶᠢᠨ ᠪᠣᠭᠤᠮᠲᠠ ᠶᠢᠨ ᠨᠡᠪᠲᠡᠷᠡᠯ ᠵᠠᠮ ᠢ ᠥᠷᠭᠡᠳᠬᠡᠨ ᠪᠠᠶᠢᠭᠤᠯᠬᠤ ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠶᠡᠭᠡ ᠬᠥᠭᠦᠷᠭᠡ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ ᠂ ᠮᠠᠨᠵᠤᠤᠷ ᠂ ᠡᠷᠢᠶᠡᠨ ᠬᠤᠲᠠ ᠶᠢᠨ ᠣᠶᠤᠨᠲᠤ ᠬᠢᠯᠢ ᠶᠢᠨ ᠪᠣᠭᠤᠮᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ ᠃ ᠬᠢᠯᠢ ᠶᠢᠨ ᠪᠣᠭᠤᠮᠲᠠ ᠪᠠ ᠳᠣᠲᠣᠷ᠎ᠠ ᠭᠠᠵᠠᠷ ᠬᠤᠯᠪᠤᠭᠠᠯᠠᠨ ᠬᠥᠳᠡᠯᠦᠯᠴᠡᠬᠦ ᠂ ᠪᠣᠳᠠᠲᠠᠶᠢᠵᠢᠭᠤᠯᠤᠨ ᠤᠯᠠᠷᠢᠭᠤᠯᠬᠤ ᠪᠠᠨ ᠴᠢᠩᠭᠠᠷᠠᠭᠤᠯᠵᠤ ᠂ ᠭᠠᠳᠠᠭᠠᠳᠤ ᠳᠤ ᠭᠠᠷᠭᠠᠬᠤ ᠲᠠᠸᠠᠷ ᠤᠨ ᠳᠡᠭᠡᠳᠦ ᠬᠡᠯᠬᠢᠶᠡᠨ ᠤ ᠢᠷᠡᠯᠲᠡ ᠪᠠ ᠭᠠᠳᠠᠭᠠᠳᠤ ᠠᠴᠠ ᠣᠷᠣᠭᠤᠯᠬᠤ ᠲᠠᠸᠠᠷ ᠤᠨ ᠳᠣᠣᠷᠠᠳᠤ ᠬᠡᠯᠬᠢᠶᠡᠨ ᠤ ᠬᠠᠨᠳᠤᠰᠢ ᠶᠢ ᠭᠦᠨᠵᠡᠭᠡᠢ ᠰᠤᠳᠤᠯᠤᠨ ᠂ ᠬᠡᠦᠷᠡᠰᠦᠨ ᠨᠡᠭᠦᠷᠡᠰᠦ ᠂ ᠲᠡᠮᠦᠷ ᠤᠨ ᠬᠦᠳᠡᠷ ᠂ ᠠᠮᠤ ᠲᠣᠰᠣ ᠂ ᠺᠠᠯᠢᠲᠤ ᠪᠣᠷᠳᠣᠭᠤᠷ ᠂ ᠮᠣᠳᠣᠨ ᠮᠠᠲ᠋ᠧᠷᠢᠶᠠᠯ ᠂ ᠬᠠᠶᠢᠯᠤᠭᠤᠷ ᠵᠤᠩᠰᠢ ᠂ ᠢᠮᠠᠭᠠᠨ ᠨᠣᠣᠯᠣᠭᠤᠷ ᠵᠡᠷᠭᠡ ᠶᠢ ᠪᠣᠳᠠᠲᠠᠶᠢᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ ᠂ ︽ᠭᠠᠷ ᠳᠠᠮᠵᠢᠪᠠᠴᠤ ᠠᠰᠢᠭ ᠬᠦᠷᠲᠡᠬᠦ ᠦᠭᠡᠢ ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ ᠃ ᠡᠯ᠎ᠡ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠲᠤᠰ ᠪᠡᠶ᠎ᠡ ᠶᠢᠨ ᠢᠶᠠᠨ ᠳᠤᠲᠠᠭᠤᠳᠠᠯ ᠢ ᠣᠨᠣᠪᠴᠢᠲᠠᠢ ᠡᠷᠢᠵᠦ ᠂ ᠬᠠᠨᠳᠤᠯᠭᠠᠲᠤ ᠴᠢᠨᠠᠷᠲᠠᠢ ᠳᠡᠭᠡᠭᠰᠢᠯᠡᠭᠦᠯᠬᠦ ᠲᠥᠰᠥᠯ ᠢ ᠲᠣᠭᠲᠠᠭᠠᠨ ᠂ ᠪᠠᠶᠢᠷᠢ ᠪᠠᠨ ᠳᠡᠭᠡᠭᠰᠢᠯᠡᠭᠦᠯᠦᠨ ᠳᠡᠰ ᠳᠡᠪᠰᠢᠬᠦ ᠪᠠᠨ ᠲᠦᠷᠭᠡᠳᠬᠡᠨ᠎ᠡ ᠃

      ᠳᠣᠲᠣᠭᠠᠳᠤ ᠳᠤ ᠪᠠᠨ ᠣᠷᠣᠨ ᠪᠦᠰᠡ ᠶᠢᠨ ᠬᠤᠭᠤᠷᠤᠨᠳᠤᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠃ ᠪᠡᠭᠡᠵᠢᠩ ᠲᠢᠶᠠᠨᠵᠢᠨ ᠾᠧᠪᠧᠢ ᠂ ᠬᠦᠬᠡᠮᠦᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠣᠯᠣᠩ ᠤᠨ ᠣᠷᠣᠨ ᠪᠠ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠭᠠᠵᠠᠷ ᠣᠷᠣᠨ ᠲᠠᠢ ᠬᠠᠮᠲᠤᠷᠠᠯᠴᠠᠬᠤ ᠪᠠᠨ ᠤᠯᠠᠮ ᠨᠢᠭᠡ ᠠᠯᠬᠤᠮ ᠨᠢᠭᠲᠠᠷᠠᠭᠤᠯᠵᠤ ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠳᠠᠭᠠᠭᠠᠨ ᠵᠠᠯᠭᠠᠭᠤᠯᠵᠤ ᠂ ᠡᠨᠧᠷᠬᠢ ᠂ ᠡᠬᠢ ᠪᠠᠶᠠᠯᠢᠭ ᠂ ᠪᠣᠳᠣᠬᠤ ᠴᠢᠳᠠᠪᠤᠷᠢ ᠵᠡᠷᠭᠡ ᠲᠠᠯ᠎ᠠ ᠪᠠᠷ ᠠᠵᠤ ᠠᠬᠤᠢ ᠶᠢᠨ ᠲᠣᠮᠣ ᠮᠤᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠨ ᠂ ᠣᠨᠴᠠᠭᠠᠶᠢᠯᠠᠨ ᠬᠥᠭᠵᠢᠭᠰᠡᠨ ᠭᠠᠵᠠᠷ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢᠶᠠᠨ ᠤᠯᠠᠷᠢᠭᠤᠯᠬᠤ ᠳᠤ ᠡᠯᠪᠡᠭ ᠳᠡᠯᠪᠡᠭ ᠬᠡᠷᠡᠭᠯᠡᠯᠲᠡ ᠶᠢᠨ ᠠᠬᠤᠢ ᠪᠠᠶᠢᠳᠠᠯ ᠬᠠᠩᠭᠠᠨ᠎ᠠ ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠥᠷᠭᠡᠳᠬᠡᠨ᠎ᠡ ᠂ ︽ᠵᠢᠷᠭᠤᠭ᠎ᠠ ᠶᠢ ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ ︾ ᠪᠠ ︽ᠳᠦᠷᠪᠡᠨ ᠵᠦᠢᠯ ᠤᠨ ᠠᠵᠢᠯᠯᠠᠭᠠᠨ ︾ ᠢ ᠥᠷᠭᠦᠯᠵᠢᠯᠡᠨ ᠥᠷᠨᠢᠭᠦᠯᠵᠦ ᠂ ᠰᠢᠨ᠎ᠡ ᠬᠡᠯᠪᠡᠷᠢ ᠶᠢᠨ ᠡᠨᠧᠷᠬᠢ ᠨᠥᠭᠡᠴᠡᠯᠡᠬᠦ ᠂ ᠪᠣᠬᠢᠷᠲᠤᠯ ᠦᠭᠡᠢ ᠤᠰᠤᠳᠦ᠋ᠷᠦᠭᠴᠢ ᠪᠣᠬᠢᠷᠲᠤᠯ ᠦᠭᠡᠢ ᠰᠢᠪᠲᠦᠷ ᠂ ᠪᠣᠬᠢᠷᠲᠤᠯ ᠦᠭᠡᠢ ᠪᠣᠳᠣᠬᠤ ᠴᠢᠳᠠᠪᠤᠷᠢ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠵᠡᠷᠭᠡ ᠲᠠᠯ᠎ᠠ ᠳᠤ ᠨᠢᠭᠡ ᠪᠦᠯᠦᠭ ᠰᠢᠨ᠎ᠡ ᠦᠷ᠎ᠡ ᠪᠦᠲᠦᠭᠡᠯ ᠭᠠᠷᠭᠠᠨ᠎ᠠ ᠃

      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠳᠤ ᠪᠠᠨ ᠵᠥᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠨ᠎ᠠ ᠃ ᠵᠡᠭᠦᠨ ᠬᠡᠰᠡᠭ ᠤᠨ ᠲᠠᠪᠤᠨ ᠠᠶᠢᠮᠠᠭ ᠬᠤᠲᠠ ︽ᠰᠦᠷ ᠵᠢᠪᠬᠤᠭ᠎ᠠ ᠪᠠᠨ ᠳᠠᠬᠢᠨ ᠪᠠᠳᠠᠷᠠᠭᠤᠯᠬᠤ ︾ ᠠᠤᠭ᠎ᠠ ᠵᠣᠷᠢᠭ ᠢ ᠬᠥᠪᠴᠢᠯᠡᠵᠦ ᠂ ᠰᠢᠨ᠎ᠡ ᠬᠥᠭᠵᠢᠯᠲᠡ ᠶᠢᠨ ᠳᠠᠪᠠᠭᠤᠯᠢᠭ ᠢ ᠬᠤᠯᠪᠤᠭᠠᠯᠠᠨ ᠴᠣᠭᠴᠠᠯᠠᠨ᠎ᠠ ᠃ ᠤᠯᠠᠭᠠᠨᠬᠠᠳᠠ ᠂ ᠲᠦᠩᠯᠢᠶᠣᠣ ᠬᠤᠰᠢᠭᠤᠷᠠᠨ ᠠᠵᠢᠯᠯᠠᠵᠤ ᠪᠠᠶᠢᠭᠠᠳ ᠬᠥᠭᠵᠢᠨ ᠮᠠᠨᠳᠤᠯᠲᠠ ᠳᠤ ᠪᠠᠨ ᠬᠤᠷᠳᠤ ᠨᠡᠮᠡᠵᠦ ᠲᠦᠷᠦᠭᠦᠯᠡᠨ ᠤᠷᠤᠭᠰᠢᠯᠠᠨ᠎ᠠ ᠃ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠭᠤᠣᠯ ᠡᠭᠦᠷᠭᠡ ᠶᠢ ᠡᠭᠦᠷᠭᠡᠯᠡᠵᠦ ᠂ ᠬᠤᠪᠢ ᠨᠡᠮᠡᠷᠢ ᠦᠵᠡᠭᠦᠯᠭᠦ ᠮᠥᠷᠲᠡᠭᠡᠨ ᠣᠯᠠᠨ ᠲᠦᠮᠡᠨ ᠤ ᠴᠢᠨᠠᠷ ᠴᠢᠨᠰᠠᠭ᠎ᠠ ᠲᠠᠢ ᠠᠮᠢᠳᠤᠷᠠᠯ ᠪᠠ ᠨᠡᠶᠢᠭᠡᠮ ᠤᠨ ᠥᠨᠳᠥᠷ ᠬᠢᠷᠢ ᠲᠦᠪᠰᠢᠨ ᠪᠦᠬᠦᠢ ᠵᠠᠰᠠᠯᠲᠠ ᠶᠢᠨ ᠲᠠᠯ᠎ᠠ ᠪᠠᠷ ᠲᠦᠷᠦᠭᠦᠨ ᠳᠤ ᠨᠢ ᠬᠤᠰᠢᠭᠤᠷᠠᠵᠤ ᠦᠯᠢᠭᠡᠷ ᠳᠠᠭᠤᠷᠢᠶᠠᠯ ᠪᠣᠯᠵᠤ ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠬᠤᠲᠠᠵᠢᠭᠤᠯᠬᠤ ᠪᠠᠷ ᠳᠠᠮᠵᠢᠭᠤᠯᠤᠨ ᠪᠦᠬᠦ ᠣᠷᠣᠨ ᠤ ᠬᠥᠭᠵᠢᠯᠲᠡ ᠶᠢ ᠬᠥᠲᠥᠯᠥᠨ ᠳᠠᠶᠢᠴᠢᠯᠠᠬᠤ ᠭᠤᠣᠯ ᠬᠥᠳᠡᠯᠭᠡᠭᠦᠷ ᠢ ᠬᠦᠴᠦᠨ ᠬᠠᠮᠲᠤᠳᠬᠠᠨ ᠴᠣᠭᠴᠠᠯᠠᠨ᠎ᠠ ᠃ ᠪᠠᠷᠠᠭᠤᠨ ᠬᠡᠰᠡᠭ ᠤᠨ ᠭᠤᠷᠪᠠᠨ ᠠᠶᠢᠮᠠᠭ ᠬᠤᠲᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠪᠠᠨ ᠴᠢᠩᠭᠠᠳᠬᠠᠵᠤ ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ ᠪᠠᠨ ᠲᠦᠷᠭᠡᠳᠬᠡᠵᠦ ᠂ ᠵᠠᠯᠭᠠᠨ ᠠᠪᠴᠤ ᠣᠷᠣᠯᠠᠭᠤᠯᠵᠤ ᠪᠣᠯᠬᠤ ᠠᠵᠤ ᠦᠢᠯᠡᠰ ᠢ ᠬᠠᠮᠲᠤ ᠪᠠᠷ ᠪᠣᠶᠢᠵᠢᠭᠤᠯᠤᠨ᠎ᠠ ᠃ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠠᠭᠠᠷ ᠮᠠᠨᠳᠠᠯ ᠤᠨ ᠪᠣᠬᠢᠷᠲᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠪᠠᠨ ᠴᠢᠩᠭᠠᠷᠠᠭᠤᠯᠵᠤ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ ᠂ ᠬᠥᠭᠵᠢᠯᠲᠡ ᠶᠢᠨ ᠪᠦᠬᠦᠯᠢ ᠴᠣᠭᠴᠠ ᠶᠢᠨ ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠎ᠡ ᠃ ᠪᠠᠶᠠᠨᠨᠠᠭᠤᠷ ᠨᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠲᠠᠪᠴᠠᠩ ᠢ ᠰᠠᠶᠢᠲᠤᠷ ᠠᠰᠢᠭᠯᠠᠵᠤ ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠨᠡᠷ᠎ᠡ ᠨᠢᠳᠡᠷ ᠲᠤ ᠪᠠᠨ ᠲᠡᠩᠴᠡᠭᠰᠡᠨ ︽ᠪᠣᠭᠤᠮᠲᠠ ᠶᠢᠨ ᠭᠠᠳᠠᠨᠠᠬᠢ ᠠᠮᠤ ᠶᠢᠨ ᠰᠠᠩ ︾ ᠪᠣᠯᠭᠠᠨ ᠪᠠᠶᠢᠭᠤᠯᠵᠤ ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠥᠨᠳᠦᠷᠯᠢᠭ ᠢ ᠴᠣᠭᠴᠠᠯᠠᠨ᠎ᠠ ᠃

      ︵ᠶᠢᠰᠦ︶ ᠡᠯᠡᠰᠦ ᠶᠢ ᠵᠠᠰᠠᠬᠤ ᠪᠠ ᠤᠰᠤ ᠠᠷᠪᠢᠯᠠᠬᠤ ᠪᠠᠷ ᠬᠥᠲᠥᠯᠥᠮᠵᠢ ᠪᠣᠯᠭᠠᠨ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠣᠯ ᠪᠢᠳᠡᠨ ᠤ ᠪᠠᠲᠤ ᠴᠡᠭᠡᠵᠢᠯᠡᠭᠦᠰᠢᠲᠡᠢ ︽ᠤᠯᠤᠰ ᠤᠨ ᠶᠡᠭᠡ ᠶᠠᠪᠤᠳᠠᠯ ︾ ᠪᠣᠯᠣᠨ᠎ᠠ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ ᠂ ᠪᠦᠬᠦ ᠬᠦᠴᠦᠨ ᠵᠦᠢᠯ ᠪᠦᠬᠦ ᠲᠠᠯ᠎ᠠ ᠶᠢᠨ ᠵᠠᠰᠠᠯᠲᠠ ᠶᠢᠨ ᠪᠠᠶᠢᠷᠢᠰᠢᠯ ᠢ ᠴᠣᠭᠴᠠᠯᠠᠵᠤ ᠂ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ ᠃

      ︽ᠭᠤᠷᠪᠠᠨ ᠤᠮᠠᠷᠠᠲᠤ ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠭᠦᠯᠵᠢᠯᠡᠨ ᠰᠠᠶᠢᠲᠤᠷ ᠬᠢᠨ᠎ᠡ ᠃ ᠬᠠᠲᠤᠨ ᠭᠤᠣᠯ ᠤᠨ ︽ᠶᠡᠭᠡ ᠲᠣᠬᠤᠢ ︾ ᠶᠢᠨ ᠡᠷᠭᠢ ᠳᠠᠭᠠᠤ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠴᠢᠳᠦᠷᠯᠡᠬᠦ ᠤᠢ ᠶᠢᠨ ᠪᠦᠰᠡ ᠶᠢ ᠪᠦᠬᠦ ᠱᠤᠭᠤᠮ ᠢᠶᠠᠷ ᠨᠡᠪᠲᠡᠷᠡᠭᠦᠯᠬᠦ ᠶᠢ ᠠᠬᠢᠭᠤᠯᠤᠨ ᠂ ᠪᠠᠳᠠᠢ ᠶᠢᠨ ᠵᠢᠷᠠᠨ ᠂ ᠲᠡᠭᠷᠢ ᠡᠯᠡᠰᠦ ᠶᠢᠨ ᠵᠠᠬ᠎ᠠ ᠶᠢ ᠴᠢᠳᠦᠷᠯᠡᠬᠦ ᠣᠢ ᠶᠢᠨ ᠪᠦᠰᠡ ᠶᠢᠨ ︽ᠠᠮᠠ ᠰᠡᠭᠡᠷ ᠵᠣᠯᠭᠠᠬᠤ ︾ ᠶᠢ ᠪᠡᠶᠡᠯᠡᠭᠦᠯᠵᠦ ᠂ 2000 ᠭᠠᠷᠤᠢ ᠲᠦᠮᠡᠨ ᠮᠦ ᠡᠯᠡᠰᠦ ᠶᠢ ᠵᠠᠰᠠᠵᠤ ᠂ ᠡᠯᠡᠰᠦᠨ ᠴᠦᠯ ᠢ ᠰᠤᠨᠳᠠᠯᠠᠭᠰᠠᠨ ᠵᠠᠰᠠᠮᠠᠯ ᠵᠠᠮ ᠢ 2500 ᠺᠢᠯᠣᠮᠧᠲᠷ ᠪᠦᠲᠦᠭᠡᠨ ᠪᠠᠶᠢᠭᠤᠯᠤᠨ᠎ᠠ ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ ᠥᠷᠭᠦᠯᠵᠢᠯᠡᠨ ᠠᠬᠢᠭᠤᠯᠵᠤ ᠂ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢ 1500 ᠲᠦᠮᠡᠨ ᠺᠢᠯᠣᠸᠠᠲ ᠰᠢᠨ᠎ᠡ ᠪᠠᠷ ᠪᠠᠶᠢᠭᠤᠯᠤᠨ ᠂ 140 ᠲᠦᠮᠡᠨ ᠮᠦ ᠡᠯᠡᠰᠦ ᠶᠢ ᠵᠠᠰᠠᠵᠤ ᠂ ︽ᠭᠡᠷᠡᠯᠴᠢ ᠴᠡᠨᠡᠭ ᠤᠨ ᠤᠷᠲᠤ ᠴᠠᠭᠠᠨ ᠬᠡᠷᠡᠮ ︾ ᠤᠨ ᠪᠦᠲᠦᠭᠡᠨ ᠪᠠᠶᠢᠭᠤᠯᠤᠯᠲᠠ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠃

      ᠤᠰᠤ ᠠᠷᠪᠢᠯᠠᠬᠤ ᠠᠵᠢᠯᠯᠠᠭᠠᠨ ᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ ᠃ ᠮᠠᠨ ᠤ ᠣᠷᠣᠨ ᠨᠢᠭᠡ ᠲᠠᠯ᠎ᠠ ᠪᠠᠷ ᠤᠰᠤ ᠲᠤᠲᠠᠭᠳᠠᠵᠤ ᠂ ᠨᠦᠬᠦᠬᠡ ᠲᠠᠯ᠎ᠠ ᠪᠠᠷ ᠤᠰᠤ ᠬᠡᠷᠡᠭᠯᠡᠬᠦ ᠠᠷᠭ᠎ᠠ ᠮᠠᠶ᠋ᠢᠭ ᠪᠦᠳᠦᠭᠦᠯᠢᠭ ᠪᠠᠶᠢᠳᠠᠭ ᠠᠴᠠ ᠤᠰᠤ ᠠᠷᠪᠢᠯᠠᠬᠤ ᠶᠢ ᠰᠠᠶᠢᠲᠤᠷ ᠠᠳᠬᠤᠬᠤ ᠠᠵᠢᠯ ᠢ ᠣᠨᠨᠲᠤ ᠠᠯᠭᠤᠷᠯᠠᠵᠤ ᠪᠣᠯᠬᠤ ᠦᠭᠡᠢ ᠃ ᠲᠠᠷᠢᠶᠠᠯᠠᠩ ᠤᠨ ᠬᠦᠷᠢᠶ᠎ᠡ ᠴᠠᠷᠠᠭᠠᠨ ᠳᠠᠬᠢ ᠵᠠᠩᠭᠢᠯᠠᠭ᠎ᠠ ᠪᠣᠯ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢ ᠰᠠᠶᠢᠲᠤᠷ ᠠᠳᠬᠤᠬᠤ ᠶᠠᠪᠤᠳᠠᠯ ᠪᠣᠯᠣᠨ᠎ᠠ ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 200 ᠲᠦᠮᠡᠨ ᠮᠦ ᠰᠢᠨ᠎ᠡ ᠪᠠᠷ ᠨᠡᠮᠡᠭᠳᠡᠭᠦᠯᠵᠦ ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠪᠠᠨ ᠨᠡᠮᠡᠭᠳᠡᠭᠦᠯᠬᠦ ᠶᠢ ᠠᠬᠢᠭᠤᠯᠬᠤ ᠰᠢᠶᠠᠨ ᠢ 20 ᠡᠭᠦᠳᠦᠨ ᠪᠠᠶᠢᠭᠤᠯᠵᠤ ᠂ ᠤᠰᠤ ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠺᠦᠪ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠣᠪᠦ᠋ᠢᠯᠭᠠᠨ᠎ᠠ ᠂ ᠨᠡᠭᠡᠭᠡᠯᠲᠡ ᠶᠢᠨ ᠲᠣᠭᠤᠷᠢᠭ ᠪᠦᠬᠦᠨ ᠳᠤ ᠲᠡᠷᠢᠭᠦᠨ ᠤ ᠤᠰᠤ ᠠᠷᠪᠢᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠂ ᠰᠢᠨ᠎ᠡ ᠪᠠᠷ ᠲᠣᠬᠢᠷᠠᠭᠤᠯᠤᠭᠰᠠᠨ ᠲᠥᠷᠥᠯ ᠵᠦᠢᠯ ᠤᠨ ᠣᠰᠣᠨ ᠤ ᠠᠰᠢᠭᠯᠠᠮᠵᠢ ᠶᠢ ᠤᠯᠤᠰ ᠤᠨ ᠠᠵᠢᠯ ᠲᠥᠷᠥᠯ ᠤᠨ ᠤᠰᠤ ᠬᠡᠷᠡᠭᠯᠡᠬᠦ ᠲᠡᠷᠢᠭᠦᠨ ᠤ ᠬᠡᠮᠵᠢᠭᠳᠡᠯ ᠠᠴᠠ ᠳᠣᠣᠷ᠎ᠠ ᠦᠭᠡᠢ ᠪᠠᠶᠢᠯᠭᠠᠵᠤ ᠂ ᠲᠦᠮᠡᠨ ᠲᠥᠭᠦᠷᠢᠭ ᠤᠨ GDP ᠲᠤ ᠬᠡᠷᠡᠭᠯᠡᠬᠦ ᠣᠰᠣᠨ ᠤ ᠬᠡᠮᠵᠢᠶ᠎ᠡ ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠲᠤ ᠬᠡᠷᠡᠭᠯᠡᠬᠦ ᠤᠰᠤᠨ ᠤ ᠬᠡᠮᠵᠢᠶᠡᠨ ᠤ ᠲᠠᠯ᠎ᠠ ᠪᠠᠷ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠳᠠᠬᠢ ᠬᠢᠵᠠᠭᠠᠷᠯᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ ᠠᠮᠢᠳᠤᠷᠠᠯ ᠳᠤ ᠬᠡᠷᠡᠭᠯᠡᠬᠦ ᠤᠰᠤ ᠶᠢ ᠠᠷᠪᠢᠯᠠᠬᠤ ᠳᠤ ᠨᠠᠷᠢᠨ ᠨᠢᠮᠪᠠᠢ ᠪᠣᠳᠣᠵᠦ ᠲᠥᠯᠥᠪᠯᠡᠨ᠎ᠡ ᠂ ᠬᠤᠲᠠ ᠶᠢᠨ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ ᠂ ᠨᠢᠭᠡ ᠪᠦᠯᠦᠭ ᠤᠰᠤ ᠠᠷᠪᠢᠯᠠᠬᠤ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠵᠦ ᠪᠠᠶᠢᠭᠤᠯᠤᠨ ᠂ ᠤᠰᠤ ᠠᠷᠪᠢᠯᠠᠬᠤ ᠬᠠᠮᠢᠶᠠᠷᠤᠯᠲᠠ ᠶᠢᠨ ᠣᠶᠤᠨᠴᠢ ᠲᠠᠪᠴᠠᠩ ᠢ ᠴᠣᠭᠴᠠᠯᠠᠵᠤ ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠨᠤᠷᠮ᠎ᠠ ᠶᠢ ᠲᠦᠷᠭᠡᠬᠡᠨ ᠳᠣᠷᠣᠭᠰᠢᠯᠠᠭᠤᠯᠵᠤ ᠂ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠬᠡᠮᠵᠢᠶᠡᠯᠡᠨ ᠪᠣᠳᠣᠬᠤ ᠨᠤᠷᠮ᠎ᠠ ᠶᠢ ᠲᠦᠷᠭᠡᠬᠡᠨ ᠳᠡᠭᠡᠭᠰᠢᠯᠡᠭᠦᠯᠦᠨ᠎ᠡ ᠃ ᠪᠠᠶᠢᠩᠭᠤ ᠶᠢᠨ ᠪᠤᠰᠤ ᠤᠰᠤ ᠶᠢ ᠰᠠᠶᠢᠲᠤᠷ ᠠᠰᠢᠭᠯᠠᠬᠤ ᠨᠢ ᠴᠦ ᠤᠰᠤ ᠠᠷᠪᠢᠯᠠᠵᠤ ᠪᠠᠶᠢᠭ᠎ᠠ ᠶᠠᠪᠤᠳᠠᠯ ᠪᠣᠯᠣᠨ᠎ᠠ ᠂ ᠳᠠᠬᠢᠯᠲᠠ ᠤᠰᠤ ᠶᠢ ᠠᠰᠢᠭᠯᠠᠬᠤ ᠠᠵᠢᠯᠯᠠᠭᠠᠨ ᠢ ᠬᠡᠷᠡᠭᠵᠢᠭᠦᠯᠵᠦ ᠂ ᠬᠠᠲᠤᠨ ᠭᠤᠣᠯ ᠤᠨ ᠰᠠᠪᠠ ᠭᠠᠵᠠᠷ ᠤᠨ ᠳᠠᠬᠢᠯᠲᠠ ᠤᠰᠤᠨ ᠤ ᠠᠰᠢᠭᠯᠠᠮᠵᠢ ᠶᠢ 60% ᠠᠴᠠ ᠳᠡᠭᠡᠭᠰᠢ ᠳᠤ ᠬᠦᠷᠦᠭᠦᠯᠵᠦ ᠂ ᠠᠭᠤᠷᠬᠠᠢ ᠶᠢᠨ ᠬᠤᠳᠳᠤᠭ ᠤᠨ ᠰᠢᠪᠬᠠᠷᠤᠤ ᠶᠢᠨ ᠠᠰᠢᠭᠯᠠᠮᠵᠢ ᠶᠢ 70% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ ᠃

      ᠴᠡᠯᠮᠡᠭ ᠲᠡᠭᠷᠢ ᠲᠤᠩᠭᠠᠯᠠᠭ ᠤᠰᠤ ᠴᠡᠪᠡᠷ ᠬᠥᠷᠥᠰᠥᠨ ᠤ ᠬᠠᠮᠠᠭᠠᠯᠠᠯᠲᠠ ᠶᠢᠨ ᠳᠠᠶᠢᠯᠠᠯᠳᠤᠭᠠᠨ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠲᠤᠰᠬᠠᠢ ᠰᠢᠮᠳᠠᠭᠤᠯᠤᠨ ᠪᠠᠶᠢᠴᠠᠭᠠᠯᠲᠠ ᠶᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠥᠷᠭᠦᠯᠵᠢᠯᠡᠨ ᠬᠦᠴᠦᠯᠡᠨ ᠠᠳᠬᠤᠵᠤ ᠂ ᠠᠳᠠᠯᠢ ᠲᠥᠷᠥᠯ ᠤᠨ ᠠᠰᠠᠭᠤᠳᠠᠯ ᠳᠠᠪᠲᠠᠨ ᠢᠯᠡᠷᠡᠬᠦ ᠶᠢ ᠡᠷᠡᠰ ᠬᠤᠷᠢᠭᠯᠠᠨ᠎ᠠ ᠃ ᠬᠦᠬᠡᠬᠤᠲᠠ ᠪᠤᠭᠤᠲᠤ ᠣᠷᠳᠣᠰ ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠶᠠᠨ ᠭᠦᠨᠵᠡᠭᠡᠶᠢᠷᠡᠭᠦᠯᠵᠦ ᠂ ᠬᠦᠨᠳᠦ ᠪᠣᠬᠢᠷᠲᠤᠭᠰᠠᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ ᠂ ᠭᠤᠣᠯᠳᠠᠯᠭ᠎ᠠ ᠪᠣᠯᠬᠤ ᠠᠵᠢᠯ ᠲᠥᠷᠥᠯ ᠤᠨ ᠪᠣᠬᠢᠷᠲᠤᠯ ᠤᠨ ᠭᠦᠨᠵᠡᠭᠡᠢ ᠵᠠᠰᠠᠯᠲᠠ ᠶᠢ ᠠᠬᠢᠭᠤᠯᠤᠨ᠎ᠠ ᠃ ᠭᠤᠣᠯ ᠮᠥᠷᠡᠨ ᠨᠠᠭᠤᠷ ᠪᠦᠷᠢᠳᠦ ᠤᠰᠤᠨ ᠴᠦᠬᠦᠷᠦᠮ ᠤᠨ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ ︾ ᠦᠷ᠎ᠡ ᠪᠦᠲᠦᠭᠡᠯ ᠢ ᠪᠠᠬᠢᠵᠢᠭᠦᠯᠦᠨ ᠂ ︽ᠬᠥᠯᠥᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠨᠠᠭᠤᠷ ︾ ᠵᠢᠴᠢ ᠴᠠᠭᠠᠨᠨᠠᠭᠤᠷ ᠤᠨ ᠬᠠᠮᠠᠭᠠᠯᠠᠯᠲᠠ ᠵᠠᠰᠠᠯᠲᠠ ᠪᠠᠨ ᠴᠢᠩᠭᠠᠳᠬᠠᠵᠤ ᠂ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠤᠨ ᠵᠠᠰᠠᠯᠲᠠ ᠶᠢᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠂ ᠦᠬᠠᠢ ᠨᠠᠭᠤᠷ ᠤᠨ ᠴᠦᠬᠦᠷᠦᠮ ᠤᠨ ᠣᠷᠣᠨ ᠤ ᠨᠥᠯᠥᠮᠡᠯ ᠰᠢᠪᠠᠷ ᠢ ᠠᠷᠢᠯᠭᠠᠨ ᠴᠡᠪᠡᠷᠯᠡᠬᠦ ᠵᠢᠴᠢ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠶᠢ ᠨᠢᠭᠡ ᠴᠣᠭᠴᠠᠵᠢᠭᠤᠯᠤᠨ ᠵᠠᠰᠠᠬᠤ ᠠᠵᠢᠯ ᠢ ᠲᠤᠷᠰᠢᠨ ᠠᠬᠢᠭᠤᠯᠵᠤ ᠂ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠯᠲᠡ ᠶᠢ ᠠᠬᠢᠭᠤᠯᠤᠨ᠎ᠠ ᠃ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠣᠯᠳᠠᠯᠭᠠᠲᠤ ᠨᠢᠭᠡᠴᠢ ᠶᠢᠨ ᠬᠥᠷᠥᠰᠥ ᠰᠢᠷᠣᠢ ᠶᠢᠨ ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ ᠂ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ ᠂ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠬᠤ ᠪᠠᠨ ᠴᠢᠩᠭᠠᠳᠬᠠᠨ᠎ᠠ ᠃

      ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ ᠦᠭᠡᠢ ᠬᠥᠭᠵᠢᠬᠦ ᠶᠢ ᠠᠬᠢᠭᠤᠯᠤᠨ᠎ᠠ ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠠᠬᠢ ᠡᠨᠧᠷᠬᠢ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ ᠬᠡᠷᠡᠭᠯᠡᠬᠦ ᠪᠠᠨ ᠲᠦᠷᠭᠡᠳᠬᠡᠵᠦ ᠂ ᠪᠦᠬᠦ ᠤᠯᠤᠰ ᠤᠨ ᠨᠡᠭᠦᠷᠡᠰᠦᠳᠦ᠋ᠷᠦᠭᠴᠢ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢᠨ ︽ᠬᠤᠶᠠᠷ ᠢ ᠬᠢᠵᠠᠭᠠᠷᠯᠠᠬᠤ ︾ ᠳᠤ ᠵᠣᠬᠢᠴᠠᠭᠰᠠᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠂ 2.0 ᠪᠠᠷᠯᠠᠯ ᠤᠨ ᠳᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠂ ᠣᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠶᠢᠨ ᠬᠤᠷᠠᠮᠠᠯ ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠬᠡᠪᠴᠢᠶᠡᠵᠢᠯ ᠢ ᠥᠷᠭᠡᠳᠬᠡᠨ᠎ᠡ ᠃ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠪᠠᠨ ᠴᠢᠩᠭᠠᠳᠬᠠᠨ᠎ᠠ ᠂ ᠮᠠᠨ ᠤ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠬᠦᠭᠡᠷᠦᠮᠵᠢ ᠤᠳᠠᠯ ᠦᠭᠡᠢ ︽ᠬᠡᠷᠡᠭᠴᠡᠭᠡᠨ ᠠᠴᠠ ᠭᠠᠷᠬᠤ ᠥᠷᠨᠢᠯ ︾ ᠢ ᠤᠭᠲᠤᠬᠤ ᠪᠣᠯᠣᠨ᠎ᠠ ᠂ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠥᠨᠳᠥᠷ ᠪᠦᠲᠦᠮᠵᠢᠲᠡᠢ ᠰᠠᠶᠢᠲᠤᠷ ᠬᠢᠵᠦ ᠂ ᠪᠤᠭᠤᠲᠤ ᠶᠢᠨ ᠰᠠᠯᠬᠢᠨ ᠬᠦᠴᠦᠨ ᠤ ᠴᠠᠬᠢᠯᠭᠠᠨ ᠤ ᠬᠡᠷᠡᠭᠴᠡᠭᠡᠨ ᠠᠴᠠ ᠭᠠᠷᠤᠭᠰᠠᠨ ᠲᠣᠨᠤᠭ ᠲᠥᠬᠦᠭᠡᠷᠦᠮᠵᠢ ᠶᠢ ᠡᠬᠢ ᠪᠠᠶᠠᠯᠢᠭᠵᠢᠭᠤᠯᠤᠨ ᠳᠠᠬᠢᠨᠲᠠ ᠠᠰᠢᠭᠯᠠᠬᠤ ᠵᠢᠱᠢᠶ᠎ᠡ ᠦᠵᠡᠭᠦᠯᠬᠦ ᠲᠣᠭᠤᠷᠢᠭ ᠂ ᠣᠷᠳᠣᠰ ᠤᠨ ᠳᠡᠭᠡᠳᠦ ᠬᠥᠩᠭᠡᠨᠴᠠᠭᠠᠨᠲᠤ ᠨᠤᠨᠳᠠᠭ ᠨᠡᠭᠦᠷᠡᠰᠦᠨ ᠤ ᠦᠨᠡᠰᠦ ᠪᠠ ᠳᠠᠬᠢᠯᠲᠠ ᠬᠥᠩᠭᠡᠨᠴᠠᠭᠠᠨ ᠤ ᠡᠬᠢ ᠪᠠᠶᠠᠯᠢᠭ ᠢ ᠠᠰᠢᠭᠯᠠᠬᠤ ᠰᠠᠭᠤᠷᠢᠨ ᠭᠠᠵᠠᠷ ᠂ ᠰᠢᠯᠢ ᠶᠢᠨ ᠭᠤᠣᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ ᠂ ᠣᠯᠠᠨ ᠬᠦᠷᠢᠶ᠎ᠡ ᠴᠠᠷᠠᠭᠠᠨ ᠳᠤ ︽ᠬᠠᠶᠠᠭᠳᠠᠮᠠᠯ ᠢ ᠬᠤᠪᠣᠷ ᠡᠷᠳᠡᠨᠢ ᠪᠤᠯᠭᠠᠬᠤ ︾ ᠶᠢ ᠪᠡᠶᠡᠯᠡᠭᠦᠯᠦᠨ᠎ᠡ ᠃

      ︵ᠠᠷᠪᠠ︶ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ ᠃ ᠨᠢᠳᠤᠨᠤᠨ ᠮᠠᠨ ᠤ ᠣᠷᠣᠨ ᠤ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠵᠤ ᠂ ᠡᠨᠡ ᠵᠢᠯ ᠬᠡᠳᠦᠢ ᠬᠦᠴᠢᠷ ᠪᠠᠶᠢᠭᠰᠠᠨ ᠴᠦ ᠪᠠᠷᠢᠮᠵᠢᠶᠠᠨ ᠠᠴᠠ ᠥᠯᠥ ᠪᠠᠭᠤᠷᠠᠭᠤᠯᠤᠨ ᠂ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠵᠤ ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠰᠠᠭᠤᠷᠢ ᠱᠤᠭᠤᠮ ᠢ ᠪᠠᠲᠤ ᠰᠠᠬᠢᠵᠤ ᠂ ᠠᠵᠢᠯ ᠣᠯᠭᠤᠯᠲᠠ ᠂ ᠰᠤᠷᠭᠠᠨ ᠬᠥᠮᠦᠵᠢᠯ ᠂ ᠡᠮᠴᠢᠯᠡᠭᠡ ᠵᠡᠷᠭᠡ ᠤᠯᠠᠨ ᠨᠡᠶᠢᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ ᠃

      ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠪᠣᠯᠣᠨ᠎ᠠ ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠨ ᠠᠵᠤ ᠦᠢᠯᠡᠰ ᠪᠠ ᠠᠵᠢᠯ ᠣᠯᠭᠤᠯᠲᠠ ᠶᠢᠨ ᠬᠠᠷᠢᠯᠴᠠᠨ ᠠᠬᠢᠭᠤᠯᠵᠤ ᠬᠠᠮᠲᠤ ᠪᠠᠷ ᠳᠠᠪᠰᠢᠬᠤ ᠶᠢ ᠠᠬᠢᠭᠤᠯᠤᠨ᠎ᠠ ᠃ ᠮᠠᠨ ᠤ ᠣᠷᠣᠨ ᠤ ᠲᠦᠮᠡᠨ ᠳ᠋ᠦᠩᠰᠢᠭᠤᠷ ᠲᠥᠭᠦᠷᠢᠭ ᠰᠢᠬᠠᠮ ᠤᠨ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠳᠤ ᠠᠵᠤ ᠦᠢᠯᠡᠰ ᠤᠨ ᠪᠡᠯᠡ ᠣᠷᠣᠭᠤᠯᠤᠯᠲᠠ ᠪᠠᠷᠤᠭ ᠠᠷᠪᠠᠨ ᠤ ᠳᠣᠯᠣᠭᠠᠨ ᠬᠤᠪᠢ ᠶᠢ ᠡᠵᠡᠯᠡᠭᠰᠡᠨ ᠪᠣᠯᠪᠠᠴᠤ ᠲᠤᠰ ᠭᠠᠵᠠᠷ ᠤᠨ ᠢᠶᠠᠨ ᠠᠵᠢᠯ ᠣᠯᠭᠤᠯᠲᠠ ᠶᠢ ᠳᠠᠶᠢᠴᠢᠯᠠᠭᠰᠠᠨ ᠢᠶᠠᠷ ᠪᠠᠷᠤᠭᠲᠠᠢ ᠪᠠᠶᠢᠵᠤ ᠂ ︽ᠬᠥᠮᠥᠨ ᠪᠠᠶᠢᠭᠠᠳ ᠬᠢᠬᠦ ᠠᠵᠢᠯ ᠦᠭᠡᠢ ︾ ᠮᠥᠷᠲᠡᠭᠡᠨ ︽ᠠᠵᠢᠯ ᠪᠠᠶᠢᠭᠠᠳ ᠬᠢᠬᠦ ᠬᠥᠮᠥᠨ ᠦᠭᠡᠢ ︾ ᠪᠠᠶᠢᠳᠠᠯ ᠣᠷᠣᠰᠢᠵᠤ ᠪᠠᠶᠢᠨ᠎ᠠ ᠃ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠲᠡᠷᠢᠭᠦᠨ ᠴᠢᠬᠤᠯᠠ ᠶᠠᠪᠤᠳᠠᠯ ᠪᠣᠯᠭᠠᠵᠤ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ ᠂ ᠠᠵᠤ ᠦᠢᠯᠡᠰ ᠢ ᠪᠣᠳᠠᠲᠠᠶᠢᠵᠢᠭᠤᠯᠬᠤ ᠶᠢ ᠠᠳᠬᠤᠬᠤ ᠳᠤ ᠪᠠᠨ ᠲᠤᠰ ᠭᠠᠵᠠᠷ ᠤᠨ ᠢᠶᠠᠨ ᠠᠵᠢᠯ ᠣᠯᠭᠤᠯᠲᠠ ᠶᠢ ᠬᠡᠷᠬᠢᠨ ᠨᠡᠩ ᠣᠯᠠᠨ ᠳᠠᠶᠢᠴᠢᠯᠠᠬᠤ ᠶᠢ ᠵᠡᠷᠭᠡ ᠳᠤ ᠨᠢ ᠪᠣᠳᠣᠯᠬᠢᠯᠠᠨ ᠂ ᠠᠵᠤ ᠠᠬᠤᠶᠢᠯᠠᠯ ᠤᠨ ᠭᠠᠵᠠᠷ ᠬᠡᠷᠡᠭᠯᠡᠬᠦ ᠂ ᠡᠨᠧᠷᠭᠢ ᠬᠡᠷᠡᠭᠯᠡᠬᠦ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠰᠤᠳᠤᠯᠬᠤ ᠳᠤ ᠪᠠᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠡᠷᠭᠡ ᠳᠤ ᠨᠢ ᠰᠤᠳᠤᠯᠤᠨ ᠂ ᠤᠷ᠎ᠠ ᠮᠡᠷᠭᠡᠰᠢᠯ ᠤᠨ ᠪᠣᠯᠪᠠᠰᠤᠷᠠᠯ ᠂ ᠠᠵᠢᠯ ᠣᠯᠭᠤᠬᠤ ᠵᠢᠯᠣᠭᠤᠳᠤᠯᠭ᠎ᠠ ᠶᠢ ᠤᠷᠢᠳᠴᠢᠯᠠᠨ ᠰᠠᠶᠢᠲᠤᠷ ᠬᠢᠵᠦ ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠠᠵᠤ ᠠᠬᠤᠶᠢᠯᠠᠯ ᠳᠤ ᠴᠢᠳᠠᠪᠤᠷᠢᠲᠠᠨ ᠬᠠᠩᠭᠠᠬᠤ ᠶᠢ ᠵᠡᠷᠭᠡ ᠳᠤ ᠨᠢ ᠠᠬᠢᠭᠤᠯᠤᠨ ᠂ ᠵᠠᠪᠰᠠᠷ ᠦᠭᠡᠢ ᠵᠣᠯᠭᠠᠭᠤᠯᠬᠤ ᠬᠡᠷᠡᠭᠲᠡᠢ ᠃ ᠡᠯ᠎ᠡ ᠶᠡᠭᠡ ᠳᠡᠭᠡᠳᠦ ᠰᠤᠷᠭᠠᠭᠤᠯᠢ ᠨᠢ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠᠨ ᠨᠠᠷᠢᠯᠢᠭ ᠣᠨᠣᠪᠴᠢᠲᠠᠢ ᠲᠣᠬᠢᠷᠠᠭᠤᠯᠤᠨ ᠰᠢᠯᠢᠳᠡᠭᠵᠢᠭᠦᠯᠵᠦ ᠂ ᠵᠠᠬ᠎ᠠ ᠳᠡᠯᠭᠡᠭᠦᠷ ᠲᠤ ᠶᠠᠮᠠᠷ ᠴᠢᠳᠠᠪᠤᠷᠢᠲᠠᠨ ᠴᠢᠬᠤᠯᠠᠲᠠᠢ ᠪᠣᠯ ᠲᠡᠶᠢᠨ ᠬᠦ ᠴᠢᠳᠠᠪᠤᠷᠢᠲᠠᠨ ᠢ ᠬᠥᠮᠥᠵᠢᠭᠦᠯᠵᠦ ᠬᠠᠩᠭᠠᠨ᠎ᠠ ᠃ ᠣᠨᠴᠠᠭᠠᠢ ᠬᠥᠮᠥᠰ ᠲᠤ ᠠᠵᠢᠯ ᠣᠯᠭᠤᠬᠤ ᠶᠢ ᠣᠨᠴᠠᠭᠠᠶᠢᠯᠠᠨ ᠠᠩᠬᠠᠷᠴᠤ ᠂ ᠭᠤᠣᠯᠳᠠᠯᠭ᠎ᠠ ᠲᠠᠢ ᠪᠠᠲᠤᠯᠠᠵᠤ ᠂ ᠨᠠᠰᠤ ᠠᠬᠢᠭᠰᠠᠨ ᠂ ᠵᠡᠮᠳᠡᠭ ᠵᠡᠷᠡᠮᠳᠡᠭ ᠂ ᠠᠵᠢᠯ ᠠᠯᠳᠠᠭᠠᠳ ᠨᠡᠯᠢᠶᠡᠳ ᠤᠷᠲᠤ ᠬᠤᠭᠤᠴᠠᠭ᠎ᠠ ᠪᠣᠯᠤᠭᠰᠠᠨ ᠵᠡᠷᠭᠡ ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ ᠂ ᠴᠡᠷᠢᠭ ᠤᠨ ᠠᠯᠪᠠ ᠠᠴᠠ ᠬᠠᠯᠠᠭᠳᠠᠭᠰᠠᠳ ᠂ ᠡᠮᠡᠭᠲᠡᠶᠢᠴᠦᠳ ᠵᠡᠷᠭᠡ ᠬᠥᠮᠥᠰ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ ᠂ ︽ᠨᠢᠭᠡ ᠬᠥᠮᠥᠨ ᠨᠢ ᠴᠦ ᠠᠵᠢᠯ ᠣᠯᠣᠭᠰᠠᠨ ᠦᠭᠡᠢ ᠭᠡᠷ ᠪᠦᠯᠢ ︾ ᠶᠢ ᠬᠥᠳᠡᠯᠦᠩᠭᠦᠢ ᠪᠠᠷ ᠠᠷᠢᠯᠭᠠᠬᠤ ᠶᠢ ᠦᠨᠡᠨ ᠬᠦ ᠪᠠᠲᠤᠯᠠᠨ᠎ᠠ ᠃

      ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠪᠣᠯᠣᠨ᠎ᠠ ᠂ ᠰᠠᠶᠢᠨ ᠰᠤᠷᠭᠠᠨ ᠬᠥᠮᠦᠵᠢᠯ ᠪᠠᠶᠢᠬᠤ ᠦᠭᠡᠢ ᠪᠣᠯ ᠴᠢᠳᠠᠪᠤᠷᠢᠲᠠᠳ ᠢ ᠦᠯᠡᠳᠡᠭᠡᠵᠦ ᠴᠢᠳᠠᠬᠤ ᠦᠭᠡᠢ ᠮᠥᠷᠲᠡᠭᠡᠨ ᠬᠥᠮᠥᠨ ᠠᠮᠠ ᠶᠢ ᠴᠦ ᠬᠤᠴᠣᠷᠭᠠᠨ ᠠᠪᠴᠤ ᠴᠢᠳᠠᠬᠤ ᠦᠭᠡᠢ ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠶᠢ ᠭᠤᠣᠯᠳᠠᠯᠭ᠎ᠠ ᠲᠠᠢ ᠠᠳᠬᠤᠨ ᠂ ᠨᠠᠶᠢᠳᠠᠵᠤ ᠰᠠᠭᠠᠲᠠᠭᠤᠯᠬᠤ ᠦᠢᠯᠡᠴᠢᠯᠡᠭᠡ ᠶᠢ ᠴᠦ ᠰᠠᠶᠢᠲᠤᠷ ᠬᠢᠵᠦ ᠂ ᠵᠠᠯᠠᠭᠤᠴᠤᠳ ᠤᠨ ᠰᠠᠨᠠᠭᠠᠰᠢᠷᠠᠨ ᠵᠣᠪᠠᠨᠢᠵᠤ ᠪᠠᠶᠢᠭ᠎ᠠ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ ᠥᠭᠭᠦᠨ᠎ᠡ ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠩᠭᠢᠯᠠᠭ᠎ᠠ ᠨᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠨ ᠂ ᠲᠡᠩᠴᠡᠭᠦᠷᠢ ᠦᠭᠡᠢ ᠠᠰᠠᠭᠤᠳᠠᠯ ᠢ ᠰᠢᠢᠳᠪᠦᠷᠢᠯᠡᠬᠦ ᠳᠤ ᠪᠠᠶᠢᠨ᠎ᠠ ᠂ ᠴᠢᠨᠠᠷᠵᠢᠭᠤᠨ ᠰᠤᠷᠭᠠᠭᠤᠯᠢ ᠨᠢ ᠠᠨᠠᠶᠢᠬᠠᠨ ᠰᠤᠷᠭᠠᠭᠤᠯᠢ ᠪᠠᠨ ᠳᠠᠭᠠᠭᠤᠯᠬᠤ ᠂ ᠬᠤᠲᠠ ᠬᠥᠳᠡᠭᠡ ᠰᠢᠰᠲ᠋ᠧᠮ ᠢᠶᠠᠷ ᠢᠶᠠᠨ ᠲᠤᠰᠠᠯᠠᠬᠤ ᠂ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ ᠵᠡᠷᠭᠡ ᠲᠣᠭᠲᠠᠴᠠ ᠪᠠᠷ ᠳᠠᠮᠵᠢᠭᠤᠯᠤᠨ ᠂ ᠬᠤᠲᠠ ᠬᠥᠳᠡᠭᠡ ᠂ ᠣᠷᠣᠨ ᠪᠦᠰᠡ ᠂ ᠰᠤᠷᠭᠠᠭᠤᠯᠢ ᠶᠢᠨ ᠬᠤᠭᠤᠷᠣᠨᠳᠤ ᠂ ᠪᠦᠯᠬᠦᠮ ᠨᠡᠶᠢᠲᠡ ᠶᠢᠨ ᠰᠤᠷᠭᠠᠨ ᠬᠥᠮᠦᠵᠢᠯ ᠤᠨ ᠬᠤᠭᠤᠷᠤᠨᠳᠤᠬᠢ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ ᠃ ᠢᠯᠠᠩᠭᠤᠶ᠎ᠠ ᠤᠤᠯ ᠨᠢ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠨᠤᠭᠤᠳ ᠢ ᠴᠢᠨᠠᠷᠯᠢᠭ ᠡᠩ ᠤᠨ ᠰᠤᠷᠭᠠᠭᠤᠯᠢ ᠨᠤᠭᠤᠳ ᠯᠤᠭ᠎ᠠ ᠬᠤᠣᠰᠯᠠᠯ ᠪᠣᠯᠭᠠᠵᠤ ᠬᠠᠮᠲᠤ ᠪᠠᠷ ᠪᠦᠲᠦᠭᠡᠨ ᠪᠠᠶᠢᠭᠤᠯᠬᠤ ᠪᠠᠨ ᠭᠦᠨᠵᠡᠭᠡᠶᠢᠷᠡᠭᠦᠯᠵᠦ ᠂ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠠᠶᠢᠴᠢᠯᠠᠨ ᠲᠡᠬᠡᠭᠰᠢᠯᠡᠬᠦᠯᠦᠨ᠎ᠡ ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠨᠢ ᠣᠨᠴᠠᠯᠢᠬᠵᠢᠭᠤᠯᠤᠨ ᠣᠯᠠᠨ ᠶᠠᠩᠵᠤᠴᠢᠯᠠᠨ ᠰᠤᠷᠭᠠᠭᠤᠯᠢ ᠡᠷᠬᠢᠯᠡᠬᠦ ᠶᠢ ᠳᠣᠪᠦ᠋ᠢᠯᠭᠠᠵᠤ ᠂ ᠥᠪᠡᠷᠲᠡᠭᠡᠨ ᠵᠠᠰᠠᠬᠤ ᠣᠷᠣᠨ ᠤ ᠨᠢᠭᠡ ᠪᠦᠯᠦᠭ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠂ ᠰᠢᠶᠠᠨ ᠤ ᠬᠡᠪᠴᠢᠶᠡᠨ ᠤ ᠨᠢᠭᠡ ᠪᠦᠯᠦᠭ ᠴᠢᠨᠠᠷᠯᠢᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠂ ᠨᠢᠭᠡ ᠪᠦᠯᠦᠭ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠲᠦᠷᠦᠯ ᠬᠤᠪᠢᠶᠠᠨ ᠪᠦᠲᠦᠭᠡᠨ ᠪᠠᠶᠢᠭᠤᠯᠵᠤ ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ ᠃ ᠰᠠᠭᠠᠳ ᠦᠭᠡᠢ ᠨᠡᠪᠲᠡᠷᠡᠬᠦ ᠵᠠᠮ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠯᠡᠵᠦ ᠂ ᠨᠡᠩ ᠣᠯᠠᠨ ᠰᠠᠶᠢᠨ ᠪᠠᠭᠰᠢ ᠂ ᠰᠠᠶᠢᠨ ᠵᠠᠬᠢᠷᠤᠯ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠵᠦ ᠂ ᠣᠨᠴᠠᠭᠠᠶᠢᠯᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ ᠪᠠᠶᠢᠭᠠᠳ ᠨᠡᠩ ᠣᠯᠠᠨ ᠪᠡᠭᠡᠵᠢᠩ ᠤᠨ ᠪᠠᠭᠰᠢ ᠨᠠᠷ ᠢ ᠲᠠᠲᠠᠵᠤ ᠥᠪᠥᠷ ᠮᠣᠩᠭᠤᠯ ᠳᠤ ᠢᠷᠡᠵᠦ ᠠᠵᠢᠯᠯᠠᠭᠤᠯᠤᠨ᠎ᠠ ᠃ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠵᠦ ᠂ ᠵᠠᠯᠠᠭᠤᠴᠤᠳ ᠪᠠᠭᠠᠴᠤᠳ ᠤᠨ ᠶᠣᠰᠣ ᠮᠣᠷᠠᠯ ᠣᠶᠤᠨ ᠮᠡᠳᠡᠯᠭᠡ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ ᠃

      ᠣᠯᠠᠨ ᠲᠦᠮᠡᠨ ᠢ ᠭᠡᠷ ᠤᠨ ᠢᠶᠠᠨ ᠣᠶᠢᠷ᠎ᠠ ᠬᠠᠪᠢ ᠳᠤ ᠡᠪᠡᠳᠴᠢᠨ ᠡᠮᠭᠡᠭ ᠢᠶᠠᠨ ᠰᠠᠶᠢᠲᠤᠷ ᠡᠮᠨᠡᠭᠦᠯᠵᠦ ᠳᠡᠶᠢᠯᠬᠦ ᠪᠣᠯᠭᠠᠨ᠎ᠠ ᠃ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠨᠢ ᠥᠷᠭᠡᠵᠢᠭᠦᠯᠦᠨ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠂ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠂ ᠪᠡᠭᠡᠵᠢᠩ ᠤᠨ ᠰᠢᠤᠸᠠᠨ ᠦ᠋ ᠡᠮᠨᠡᠯᠭᠡ ᠶᠢᠨ ᠬᠤᠷᠢᠶ᠎ᠠ ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠳᠠᠬᠢ ᠡᠮᠨᠡᠯᠬᠡ ᠶᠢᠨ ᠬᠤᠷᠢᠶ᠎ᠠ ᠵᠡᠷᠭᠡ ᠤᠯᠤᠰ ᠤᠨ ᠣᠷᠣᠨ ᠪᠦᠰᠡ ᠶᠢᠨ 4 ᠡᠮᠴᠢᠯᠡᠭᠡᠨ ᠤ ᠲᠥᠪ ᠢ ᠰᠠᠶᠢᠲᠤᠷ ᠪᠦᠲᠦᠭᠡᠨ ᠪᠠᠶᠢᠭᠤᠯᠤᠨ ᠰᠠᠶᠢᠲᠤᠷ ᠡᠵᠡᠩᠨᠡᠨ ᠠᠵᠢᠯᠯᠠᠭᠤᠯᠵᠤ ᠂ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠂ ᠨᠢᠭᠡ ᠪᠦᠯᠦᠭ ᠣᠨᠴᠠᠯᠢᠭ ᠲᠠᠢ ᠭᠤᠣᠯᠳᠠᠯᠭ᠎ᠠ ᠪᠣᠯᠬᠤ ᠲᠤᠰᠬᠠᠢ ᠰᠠᠯᠠᠭ᠎ᠠ ᠶᠢ ᠴᠣᠭᠴᠠᠯᠠᠨ᠎ᠠ ᠃ ᠡᠮᠴᠢᠯᠡᠭᠡ ᠂ ᠡᠮᠴᠢᠯᠡᠭᠡᠨ ᠤ ᠳᠠᠭᠠᠳᠬᠠᠯ ᠂ ᠡᠮ ᠡᠮᠨᠡᠯᠭᠡ ᠶᠢᠨ ᠵᠣᠬᠢᠴᠠᠯᠳᠤᠭᠰᠠᠨ ᠬᠥᠭᠵᠢᠯᠲᠡ ᠪᠠ ᠵᠠᠰᠠᠯᠲᠠ ᠶᠢ ᠠᠬᠢᠭᠤᠯᠵᠤ ᠂ ᠦᠨᠳᠦᠰᠦᠨ ᠡᠮᠴᠢᠯᠡᠭᠡᠨ ᠤ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠬᠦ ᠶᠢ ᠯᠠᠪᠳᠠᠭᠤᠨ ᠠᠬᠢᠭᠤᠯᠤᠨ ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠪᠠᠶᠢᠩᠭᠤᠰᠢᠭᠰᠠᠨ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠷᠠᠭᠤᠯᠵᠤ ᠂ ᠠᠷᠠᠳ ᠲᠦᠮᠡᠨ ᠤ ᠡᠮᠨᠡᠭᠦᠯᠵᠦ ᠵᠠᠰᠠᠭᠤᠯᠬᠤ ᠵᠣᠭᠤᠰ ᠢ ᠨᠢ ᠰᠠᠶᠢᠲᠤᠷ ᠬᠠᠮᠠᠭᠠᠯᠠᠨ᠎ᠠ ᠃ ᠬᠢᠲᠠᠳ ᠮᠣᠩᠭᠤᠯ ᠡᠮ ᠡᠮᠨᠡᠯᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ ᠂ ᠠᠷᠠᠳ ᠲᠤ ᠳᠦᠭᠦᠮ ᠦᠵᠡᠭᠦᠯᠬᠦ ᠨᠡᠩ ᠣᠯᠠᠨ ᠬᠢᠲᠠᠳ ᠡᠮᠨᠡᠯᠭᠡ ᠶᠢᠨ ᠣᠷᠳᠣᠨ ᠂ ᠮᠣᠩᠭᠤᠯ ᠡᠮᠨᠡᠯᠭᠡ ᠶᠢᠨ ᠣᠷᠳᠣᠨ ᠢ ᠪᠠᠶᠢᠭᠤᠯᠤᠨ ᠂ ᠣᠯᠠᠨ ᠲᠦᠮᠡᠨ ᠤ ᠡᠮᠨᠡᠭᠦᠯᠵᠦ ᠰᠤᠪᠢᠯᠠᠭᠤᠯᠬᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ ᠃

      ︵ᠠᠷᠪᠠᠨ ᠨᠢᠭᠡ︶ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠡᠷᠡᠰ ᠪᠠᠬᠢᠵᠢᠭᠦᠯᠦᠨ᠎ᠡ ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ ᠂ ᠪᠢᠳᠡ ᠡᠭᠦᠷᠭᠡ ᠬᠠᠷᠢᠭᠤᠴᠠᠯᠭ᠎ᠠ ᠳᠤ ᠪᠠᠨ ᠣᠰᠣᠯᠳᠠᠬᠤ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃

      ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ ᠃ ᠰᠡᠷᠭᠡᠶᠢᠯᠡᠯᠲᠡ ᠶᠢ ᠴᠢᠬᠤᠯᠠᠴᠢᠯᠠᠬᠤ ᠂ ᠰᠠᠭᠤᠷᠢ ᠶᠢ ᠪᠠᠬᠢᠵᠢᠭᠦᠯᠬᠦ ᠂ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠂ ᠴᠢᠳᠠᠪᠤᠷᠢ ᠶᠢ ᠳᠡᠭᠡᠭᠰᠢᠯᠡᠭᠦᠯᠬᠦ ᠳᠦᠷᠪᠡᠨ ᠵᠠᠩᠭᠢᠯᠠᠭ᠎ᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠨ ᠂ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭᠠᠨ ᠢ ᠭᠦᠨᠵᠡᠭᠡᠶᠢᠷᠡᠭᠦᠯᠵᠦ ᠂ ᠠᠶᠤᠯ ᠦᠭᠡᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠢ ᠭᠠᠮᠰᠢᠭ ᠤᠨ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ ᠂ ᠠᠭᠤᠷᠬᠠᠢ ᠂ ᠠᠶᠤᠯᠲᠠᠢ ᠬᠢᠮᠢ ᠶᠢᠨ ᠪᠣᠳᠠᠰ ᠂ ᠬᠤᠲᠠ ᠪᠠᠯᠭᠠᠰᠤᠨ ᠤ ᠰᠢᠲᠠᠮᠠᠬᠠᠢ ᠬᠡᠢ ᠂ ᠴᠠᠬᠢᠯᠭᠠᠨ ᠬᠦᠳᠡᠯᠭᠡᠭᠦᠷᠲᠦ ᠳᠤᠭᠤᠢ ᠲᠡᠷᠭᠡ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ ᠂ ᠬᠦᠨᠳᠦ ᠶᠡᠭᠡ ᠠᠳᠡᠯ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠵᠤ ᠂ ᠠᠮᠤᠷ ᠲᠦᠪᠰᠢᠨ ᠤ ᠬᠦᠨᠳᠦ ᠶᠡᠭᠡ ᠠᠳᠡᠯ ᠡᠭᠦᠰᠬᠦ ᠶᠢ ᠬᠠᠮᠤᠭ ᠤᠨ ᠶᠡᠭᠡ ᠪᠠᠷ ᠴᠢᠷᠮᠠᠶᠢᠵᠤ ᠰᠡᠷᠭᠡᠶᠢᠯᠡᠨ᠎ᠡ ᠃ ᠶᠡᠭᠡ ᠬᠢᠩᠭᠠᠨ ᠳᠠᠪᠠᠭᠠᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ ᠪᠠᠶᠢᠭᠤᠯᠤᠨ᠎ᠠ ᠃ ᠢᠳᠡᠭᠡᠨ ᠪᠠ ᠡᠮ ᠤᠨ ᠵᠦᠢᠯ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠪᠠᠲᠤᠯᠠᠨ᠎ᠠ ᠃

      ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠯᠡ ᠬᠦᠨᠳᠦ ᠨᠦᠰᠡᠷ ᠪᠠᠶᠢᠵᠤ ᠂ ᠡᠨᠡ ᠵᠢᠯ ᠤᠨ ᠬᠠᠷᠠᠯᠲᠠ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠦᠨ ᠂ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠵᠦ ᠣᠭᠲᠤ ᠪᠣᠯᠬᠤ ᠦᠭᠡᠢ ᠃ ᠵᠢᠭᠡᠯᠡᠯᠭᠡ ᠶᠢᠨ ᠲᠡᠮᠳᠡᠭᠲᠦ ᠰᠣᠯᠢᠬᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠂ ︽ᠳᠦᠷᠪᠡᠨ ᠨᠢᠭᠡ ᠪᠦᠯᠦᠭ ︾ ᠠᠷᠭ᠎ᠠ ᠪᠠᠷᠢᠯ ᠢᠶᠠᠨ ᠦᠷᠭᠦᠯᠵᠢᠯᠡᠨ ᠰᠢᠯᠢᠳᠡᠭᠵᠢᠭᠦᠯᠵᠦ ᠦᠨᠳᠦᠰᠦᠨ ᠱᠠᠲᠤᠨ ᠤ ᠥᠷᠢ ᠥᠭᠴᠡᠭᠡ ᠶᠢ ᠠᠷᠢᠯᠭᠠᠬᠤ ᠳᠤ ᠳᠡᠮᠵᠢᠯᠭᠡ ᠦᠵᠡᠭᠦᠯᠵᠦ ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠤᠨ ᠲᠤᠭ᠎ᠠ ᠬᠡᠮᠵᠢᠶ᠎ᠡ ᠶᠢ ᠬᠠᠰᠤᠵᠤ ᠪᠠᠭᠤᠷᠠᠭᠤᠯᠤᠨ ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ ︾ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠪᠠᠲᠤᠯᠠᠨ᠎ᠠ ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠯᠠᠪᠳᠠᠭᠤᠨ ᠰᠢᠢᠳᠪᠦᠷᠢᠯᠡᠵᠦ ᠂ ᠣᠷᠣᠨ ᠨᠤᠲᠤᠭ ᠤᠨ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠡᠬᠡᠲᠡᠢ ᠵᠡᠷᠭᠡ ᠲᠡᠰ ᠠᠴᠠ ᠪᠤᠴᠠᠵᠤ ᠭᠠᠷᠬᠤ ᠶᠢ ᠨᠢ ᠠᠬᠢᠭᠤᠯᠤᠨ ᠂ ︽ᠳᠡᠯᠪᠡᠷᠡᠭᠡᠨ ᠬᠡᠷᠡᠭ ︾ ᠡᠭᠦᠰᠬᠦ ᠠᠴᠠ ᠡᠷᠡᠰ ᠰᠡᠷᠭᠡᠶᠢᠯᠡᠨ᠎ᠡ ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠨ ᠲᠣᠭᠲᠠᠭᠤᠨ ᠪᠣᠯᠭᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ ᠂ ᠴᠠᠭ ᠲᠤ ᠪᠠᠨ ᠪᠠᠲᠤᠯᠠᠨ ᠲᠤᠰᠢᠶᠠᠬᠤ ᠠᠰᠠᠷ ᠂ ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ ᠡᠭᠦᠷᠭᠡ ᠪᠠᠨ ᠰᠠᠶᠢᠲᠤᠷ ᠪᠡᠶᠡᠯᠡᠭᠦᠯᠦᠨ᠎ᠡ ᠃

      ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ ᠃ ᠰᠢᠨ᠎ᠡ ᠴᠠᠭ ᠦᠶ᠎ᠡ ᠶᠢᠨ ︽ᠹᠧᠩ ᠴᠢᠶᠤᠣ ᠶᠢᠨ ᠲᠤᠷᠰᠢᠯᠭ᠎ᠠ ︾ ᠶᠢ ᠪᠠᠷᠢᠮᠲᠠᠯᠠᠬᠤ ᠪᠠ ᠬᠥᠭᠵᠢᠭᠦᠯᠵᠦ ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠵᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ ᠂ ᠲᠠᠪᠤᠨ ᠱᠠᠲᠤ ᠶᠢ ᠨᠡᠪᠲᠡᠷᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠪᠦᠷᠢᠨᠰᠢᠭᠦᠯᠦᠨ ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ ︾ ᠤ ᠬᠠᠯᠠᠮᠰᠢᠯ ᠤᠲᠠᠰᠤ 12345 ᠪᠠᠷ ᠶᠠᠷᠰᠢᠭ ᠲᠦᠪᠡᠭᠲᠡᠢ ᠠᠵᠢᠯ ᠤᠨ ᠲᠣᠳᠣᠷᠬᠠᠢ ᠬᠠᠭᠤᠳᠠᠰᠤ ᠶᠢᠨ ᠰᠢᠮᠳᠠᠭᠤᠯᠤᠨ ᠭᠦᠢᠴᠡᠳᠬᠡᠯᠭᠡᠬᠦ ᠪᠠ ᠪᠤᠴᠠᠵᠤ ᠪᠠᠶᠢᠴᠠᠭᠠᠬᠤ ᠲᠣᠭᠲᠠᠴᠠ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ ᠃ ᠵᠥᠷᠢᠴᠡᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠤᠰᠬᠠᠢ ᠠᠵᠢᠯᠯᠠᠭᠠᠨ ᠢ ᠥᠷᠨᠢᠭᠦᠯᠦᠨ ᠂ ᠣᠯᠠᠨ ᠲᠦᠮᠡᠨ ᠤ ᠭᠤᠮᠣᠳᠠᠯ ᠲᠣᠭᠠᠴᠢᠯᠲᠠ ᠶᠢ ᠴᠠᠭ ᠲᠤᠬᠠᠢ ᠳᠤ ᠨᠢ ᠰᠢᠢᠳᠪᠦᠷᠢᠯᠡᠵᠦ ᠂ ᠡᠯ᠎ᠡ ᠵᠦᠢᠯ ᠤᠨ ᠲᠣᠭᠲᠠᠩᠭᠤᠢ ᠪᠤᠰᠤ ᠬᠦᠴᠦᠨ ᠵᠦᠢᠯ ᠢ ᠡᠬᠢ ᠡᠭᠦᠰᠦᠯ ᠳᠤ ᠨᠢ ᠠᠷᠢᠯᠭᠠᠵᠤ ᠂ ᠬᠤᠪᠢ ᠬᠥᠮᠥᠨ ᠤ ᠬᠡᠲᠦᠷᠡᠮᠡᠬᠡᠢ ᠬᠡᠷᠡᠭ ᠂ ᠪᠦᠯᠦᠭᠴᠢ ᠬᠡᠷᠡᠭ ᠡᠭᠦᠰᠬᠦ ᠠᠴᠠ ᠴᠢᠩᠭ᠎ᠠ ᠰᠡᠷᠭᠡᠶᠢᠯᠡᠨ᠎ᠡ ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠲᠠᠢ ᠠᠬᠢᠭᠤᠯᠵᠤ ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠦᠨᠡᠨ ᠬᠦ ᠬᠠᠮᠠᠭᠠᠯᠠᠨ᠎ᠠ ᠃

      ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯ ᠶᠡᠷᠦ ᠠᠴᠠ ᠪᠠᠨ ᠨᠠᠮ ᠤᠨ ᠲᠥᠪ ᠬᠤᠷᠢᠶᠠᠨ ᠤ ᠬᠠᠯᠠᠮᠵᠢᠯᠠᠨ ᠰᠠᠨᠠᠭᠠᠰᠢᠷᠠᠭᠰᠠᠭᠠᠷ ᠢᠷᠡᠭᠰᠡᠨ ᠭᠠᠵᠠᠷ ᠶᠤᠮ ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠦᠨ ᠬᠢᠯᠢ ᠶᠢᠨ ᠠᠷᠠᠳ ᠢ ᠪᠠᠶᠠᠵᠢᠭᠤᠯᠬᠤ ᠠᠵᠢᠯᠯᠠᠭᠠᠨ ᠢ ᠭᠦᠨᠵᠡᠭᠡᠢ ᠠᠬᠢᠭᠤᠯᠤᠨ ᠂ ᠬᠢᠯᠢ ᠬᠢᠵᠠᠭᠠᠷ ᠤᠨ ᠲᠥᠪ ᠪᠠᠯᠭᠠᠰᠤ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ ᠂ ᠤᠰᠤ ᠴᠠᠬᠢᠯᠭᠠᠨ ᠬᠡᠷᠡᠭᠯᠡᠬᠦ ᠂ ᠴᠡᠪᠡᠷ ᠡᠨᠧᠷᠭᠢ ᠠᠰᠢᠭᠯᠠᠬᠤ ᠂ ᠲᠤᠰᠬᠤᠨ ᠤ ᠳᠦᠷᠢ ᠲᠥᠷᠬᠦ ᠶᠢ ᠰᠠᠶᠢᠵᠢᠷᠠᠭᠤᠯᠬᠤ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ ᠂ ᠬᠢᠯᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ ᠤᠯᠠᠮ ᠨᠢᠭᠡ ᠠᠯᠬᠤᠮ ᠰᠠᠶᠢᠵᠢᠷᠠᠭᠤᠯᠵᠤ ᠂ ᠬᠢᠯᠢ ᠬᠢᠵᠠᠭᠠᠷ ᠤᠨ ᠠᠷᠠᠳ ᠲᠦᠮᠡᠨ ᠢ ᠠᠮᠤᠷ ᠠᠮᠤᠭᠤᠯᠠᠩ ᠠᠵᠤ ᠲᠦᠷᠦᠭᠦᠯᠵᠥ ᠂ ᠬᠢᠯᠢ ᠬᠢᠵᠠᠭᠠᠷ ᠢᠶᠠᠨ ᠰᠡᠳᠬᠢᠯ ᠲᠣᠭᠲᠠᠭᠤᠨ ᠰᠠᠬᠢᠨ ᠬᠠᠮᠠᠭᠠᠯᠠᠭᠤᠯᠤᠨ᠎ᠠ ᠃ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠵᠦ ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠪᠦᠬᠦᠯᠢ ᠴᠣᠭᠴᠠ ᠶᠢᠨ ᠴᠢᠳᠠᠪᠤᠷᠢ ᠪᠠᠨ ᠲᠡᠬᠡᠭᠰᠢᠯᠡᠬᠦᠯᠦᠨ᠎ᠡ ᠃

      ᠲᠥᠯᠥᠭᠡᠯᠡᠭᠴᠢᠳ ᠠ᠋ ︕ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ ᠂ ᠵᠠᠰᠠᠭ ᠤᠨ ᠣᠷᠳᠣᠨ ᠤ ᠠᠵᠢᠯ ᠳᠤ ᠰᠢᠨ᠎ᠡ ᠠᠬᠢᠯᠲᠠ ᠲᠠᠪᠰᠢᠯᠲᠠ ᠲᠠᠢ ᠪᠣᠯᠭᠠᠵᠤ ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠃ ᠲᠡᠷᠢᠭᠦᠨ ᠴᠢᠬᠤᠯᠠ ᠨᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠠᠪᠤᠳᠠᠯ ᠪᠣᠯᠣᠨ᠎ᠠ ᠂ ᠢᠮᠠᠭᠲᠠ ᠨᠠᠮ ᠳᠤ ᠪᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠵᠤ ᠂ ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠦᠨ ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ ᠃ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠨ᠎ᠡ ᠂ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠳᠠᠪᠰᠢᠬᠤ ᠬᠠᠷᠠᠯᠲᠠ ᠪᠠᠨ ᠣᠨᠢᠯᠠᠵᠤ ᠂ ᠡᠷᠴᠢ ᠵᠣᠷᠢᠭ ᠢᠶᠠᠨ ᠬᠥᠪᠴᠢᠯᠡᠨ ᠲᠡᠷᠢᠭᠦᠨ ᠤ ᠬᠢ ᠪᠣᠯᠬᠤ ᠪᠠᠷ ᠡᠷᠡᠯᠬᠡᠭᠯᠡᠨ ᠲᠡᠮᠡᠴᠡᠵᠦ ᠂ ᠮᠠᠨ ᠤ ᠣᠷᠣᠨ ᠤ ᠬᠢᠯᠪᠠᠷ ᠪᠤᠰᠤ ᠪᠠᠷ ᠴᠢᠷᠮᠠᠶᠢᠨ ᠣᠯᠣᠭᠰᠠᠨ ᠰᠠᠶᠢᠨ ᠪᠠᠶᠢᠳᠠᠯ ᠬᠠᠨᠳᠤᠰᠢ ᠪᠠᠨ ᠪᠠᠲᠤᠯᠠᠨ᠎ᠠ ᠃ ᠴᠢᠩ ᠦᠨᠡᠨ ᠰᠡᠳᠬᠢᠯ ᠠᠴᠠ ᠪᠠᠨ ᠬᠦᠴᠢᠷ ᠠᠰᠠᠭᠤᠳᠠᠯ ᠢ ᠰᠢᠢᠳᠪᠦᠷᠢᠯᠡᠨ᠎ᠡ ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠪᠠᠶᠢᠳᠠᠯ ᠢ ᠪᠣᠳᠠᠲᠠᠢ ᠣᠶᠢᠯᠠᠭᠠᠨ ᠂ ᠠᠰᠠᠭᠤᠳᠠᠯ ᠢ ᠲᠣᠳᠣᠷᠬᠠᠢ ᠣᠶᠢᠯᠠᠭᠠᠵᠤ ᠂ ᠪᠣᠳᠠᠲᠠᠢ ᠪᠥᠭᠡᠳ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠤ ᠵᠣᠪᠠᠨᠢᠵᠤ ᠪᠠᠶᠢᠭ᠎ᠠ ᠶᠠᠪᠤᠳᠠᠯ ᠂ ᠠᠵᠤ ᠠᠬᠤᠶᠢᠯᠠᠯ ᠤᠨ ᠬᠦᠰᠡᠵᠦ ᠪᠠᠶᠢᠭ᠎ᠠ ᠶᠠᠪᠤᠳᠠᠯ ᠂ ᠦᠨᠳᠦᠰᠦᠨ ᠱᠠᠲᠤᠨ ᠤ ᠬᠦᠴᠢᠷᠳᠡᠵᠦ ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠨ᠎ᠡ ᠃ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠪᠠᠷᠠᠬᠤ ᠦᠭᠡᠢ ᠪᠠᠰᠠ ᠴᠢᠩᠭ᠎ᠠ ᠠᠳᠬᠤᠨ ᠲᠦᠷᠭᠡᠨ ᠭᠦᠢᠴᠡᠳᠬᠡᠨ᠎ᠡ ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠢ ᠣᠭᠲᠤ ᠬᠢᠬᠦ ᠦᠭᠡᠢ ᠂ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠳᠠᠯ ᠳᠣᠣᠷ᠎ᠠ ᠵᠠᠰᠠᠭ ᠶᠠᠪᠤᠭᠤᠯᠬᠤ ᠴᠤᠪᠤᠷᠠᠯ ᠢᠶᠠᠨ ᠰᠢᠯᠢᠳᠡᠭᠵᠢᠭᠦᠯᠵᠦ ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠥᠷᠯᠥᠭᠡ ᠦᠳᠡᠰᠢ ᠦᠭᠡᠢ ᠴᠢᠷᠮᠠᠶᠢᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠨ᠎ᠡ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ ᠵᠥᠪᠯᠡᠯᠭᠡᠨ ᠵᠡᠷᠭᠡ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠲᠥᠪ ᠤᠨ ᠲᠣᠭᠤᠷᠢᠨ ᠪᠠᠶᠢᠴᠠᠭᠠᠯᠲᠠ ᠂ ᠬᠠᠷᠢᠭᠤᠴᠠᠯᠭ᠎ᠠ ᠶᠢᠨ ᠬᠢᠨᠠᠨ ᠪᠣᠳᠣᠯᠲᠠ ᠵᠢᠴᠢ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠶᠣᠰᠣᠭᠠᠷ ᠨᠢ ᠰᠠᠶᠢᠲᠤᠷ ᠠᠳᠬᠤᠨ᠎ᠠ ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠣᠯ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠶᠢᠨ ᠡᠷᠬᠡᠪᠰᠢ ᠪᠠᠲᠤ ᠰᠠᠬᠢᠬᠤ ᠬᠤᠷᠢᠭ᠎ᠠ ᠱᠤᠭᠤᠮ ᠪᠣᠯᠣᠨ᠎ᠠ ᠂ ᠨᠠᠮ ᠤᠨ ᠡᠯ᠎ᠡ ᠵᠦᠢᠯ ᠤᠨ ᠰᠠᠬᠢᠯᠭ᠎ᠠ ᠪᠠᠲᠤ ᠲᠣᠭᠲᠠᠭᠠᠯ ᠳᠦᠷᠢᠮ ᠢ ᠴᠢᠩᠭ᠎ᠠ ᠰᠠᠬᠢᠨ ᠂ ᠵᠥᠪ ᠣᠨᠣᠪᠴᠢᠲᠠᠢ ᠡᠷᠬᠡ ᠶᠢᠨ ᠦᠵᠡᠯᠲᠡ ᠂ ᠵᠠᠰᠠᠭ ᠤᠨ ᠪᠦᠳᠣᠮᠵᠢ ᠶᠢᠨ ᠦᠵᠡᠯᠲᠡ ᠂ ᠠᠵᠢᠯ ᠦᠢᠯᠡᠰ ᠤᠨ ᠦᠵᠡᠯᠲᠡ ᠪᠠᠨ ᠪᠠᠲᠤ ᠪᠣᠯᠭᠠᠵᠤ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢᠨ ᠳᠠᠭᠠᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠣᠯᠠᠨ ᠲᠦᠮᠡᠨ ᠤ ᠢᠲᠡᠭᠡᠯ ᠢ ᠶᠠᠭᠠᠬᠢᠭᠰᠠᠨ ᠴᠦ ᠬᠥᠰᠡᠷᠳᠡᠭᠦᠯᠬᠦ ᠦᠭᠡᠢ ᠂ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠦ ᠬᠥᠰᠡᠷᠳᠡᠭᠦᠯᠵᠦ ᠪᠤᠯᠬᠤ ᠦᠭᠡᠢ ᠃

      ᠲᠥᠯᠥᠭᠡᠯᠡᠭᠴᠢᠳ ᠠ᠋ ︕ ᠥᠪᠥᠷ ᠮᠣᠩᠭᠤᠯ ᠪᠣᠯ ᠡᠷᠲᠡᠨ ᠠᠴᠠ ᠪᠠᠨ ᠠᠪᠤᠭᠠᠳ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ ᠂ ᠠᠳᠡ ᠠᠮᠢᠳᠤᠷᠠᠵᠤ ᠪᠠᠶᠢᠭ᠎ᠠ ᠬᠥᠮᠥᠰ ᠴᠡᠴᠡᠭᠡᠢ ᠪᠠᠨ ᠬᠠᠶᠢᠷᠠᠯᠠᠬᠤ ᠰᠢᠭ᠋ ᠢᠶᠠᠷ ᠦᠨᠳᠦᠰᠦᠲᠡᠨ ᠤ ᠪᠦᠯᠬᠦᠮᠳᠡᠯ ᠢ ᠬᠠᠶᠢᠷᠠᠯᠠᠵᠤ ᠂ ᠠᠮᠢ ᠨᠠᠰᠤ ᠪᠠᠨ ᠨᠠᠨᠳᠢᠩᠨᠠᠬᠤ ᠰᠢᠭ᠋ ᠢᠶᠠᠷ ᠦᠨᠳᠦᠰᠦᠲᠡᠨ ᠤ ᠪᠦᠯᠬᠦᠮᠳᠡᠯ ᠢ ᠨᠠᠨᠳᠢᠩᠨᠠᠳᠠᠭ ᠶᠤᠮ ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ ᠂ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ︽ᠨᠠᠮ ᠤᠨ ᠠᠴᠢ ᠳᠤ ᠲᠠᠯᠠᠷᠬᠠᠨ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠲᠠᠭᠠᠨ ᠤᠷᠤᠭᠰᠢᠯᠠᠬᠤ ︾ ᠣᠯᠠᠨ ᠲᠦᠮᠡᠨᠴᠢ ᠬᠥᠮᠦᠵᠢᠯ ᠢ ᠪᠠᠶᠢᠩᠭᠤᠰᠢᠭᠤᠯᠤᠨ ᠥᠷᠨᠢᠭᠦᠯᠵᠦ ᠂ ︽ᠵᠢᠷᠭᠤᠭᠠᠨ ᠥᠭᠦᠯᠡᠪᠦᠷᠢ ᠦᠭᠡᠨ ᠤ ᠪᠣᠳᠠᠲᠤ ᠶᠠᠪᠤᠳᠠᠯ ᠪᠠ ᠶᠣᠰᠣ ᠤᠴᠢᠷ ︾ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠬᠡᠷᠡᠭᠲᠡᠢ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠵᠢᠭᠠᠨ ᠵᠢᠯᠣᠭᠤᠳᠤᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠦᠨᠡᠨ ᠪᠣᠳᠠᠲᠠᠢ ᠰᠢᠷᠭᠠᠭᠤ ᠠᠵᠢᠯᠯᠠᠳᠠᠭ ᠯᠠ ᠶᠤᠮ ᠪᠣᠯ ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠪᠦᠯᠬᠦᠮᠳᠡᠨ ᠲᠡᠮᠡᠴᠡᠳᠡᠭ ᠯᠠ ᠶᠤᠮ ᠪᠣᠯ ᠂ ᠯᠠᠪᠲᠠᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠡᠨᠡ ᠬᠦ ᠲᠤᠭ ᠤᠨ ᠥᠩᠭᠡ ᠭᠢᠯᠪᠠᠭ᠎ᠠ ᠶᠢ ᠤᠯᠠᠮ ᠭᠢᠯᠠᠯᠵᠠᠭᠤᠯᠤᠨ ᠰᠠᠴᠤᠷᠠᠭᠤᠯᠤᠨ᠎ᠠ ᠭᠡᠳᠡᠭ ᠲᠤ ᠪᠠᠲᠤ ᠢᠲᠡᠭᠡᠯ ᠪᠠᠶᠢᠨ᠎ᠠ ︕

      ᠲᠥᠯᠥᠭᠡᠯᠡᠭᠴᠢᠳ ᠠ᠋ ︕ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠣᠯ ᠡᠷᠡᠮᠡᠬᠡᠶᠢᠯᠡᠨ ᠲᠡᠮᠡᠦᠯᠵᠦ ᠪᠠᠶᠢᠭᠠᠳ ᠡᠷᠴᠢᠯᠡᠳᠡᠭ ᠶᠤᠮ ᠂ ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ ᠶᠢ ᠪᠣᠯ ᠭᠠᠪᠰᠢᠭᠠᠶᠢᠯᠠᠨ ᠲᠡᠮᠡᠴᠡᠵᠦ ᠪᠠᠶᠢᠭᠠᠳ ᠬᠥᠪᠴᠢᠯᠡᠳᠡᠭ ᠶᠤᠮ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠣᠯ ᠰᠢᠭᠤᠷᠬᠠᠶᠢᠯᠠᠨ ᠠᠵᠢᠯᠯᠠᠵᠤ ᠪᠠᠶᠢᠭᠠᠳ ᠪᠠᠶᠢᠭᠤᠯᠳᠠᠭ ᠶᠤᠮ ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠶᠡᠭᠡ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ ᠂ ᠢᠲᠡᠭᠡᠯ ᠵᠣᠷᠢᠭ ᠢᠶᠠᠨ ᠪᠠᠲᠤᠳᠬᠠᠨ ᠂ ᠦᠨᠡᠨ ᠬᠦ ᠴᠢᠷᠮᠠᠶᠢᠨ ᠪᠣᠳᠠᠲᠠᠢ ᠠᠵᠢᠯᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ ︕


ᠳᠠᠭᠠᠯᠳᠤᠭᠤᠯᠤᠯ

      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ

      ᠵᠢᠷᠭᠤᠭᠠᠨ ᠠᠵᠢᠯᠯᠠᠭᠠᠨ ᠄ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ ᠂ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠂ ᠤᠰᠤ ᠠᠷᠪᠢᠯᠠᠬᠤ ᠠᠵᠢᠯᠯᠠᠭᠠᠨ ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ ᠃

      ᠠᠷᠪᠠᠨ ᠶᠡᠭᠡ ᠠᠵᠤ ᠦᠢᠯᠡᠰ ᠤᠨ ᠪᠦᠯᠦᠭᠵᠢᠯ᠄ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠂ ᠠᠮᠢᠳᠤ ᠪᠣᠳᠠᠰ ᠤᠨ ᠦᠢᠯᠡᠳᠬᠦ ᠦᠢᠯᠡᠰ ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠂ ᠳ᠋ᠢᠭᠢᠲ ᠠᠵᠤ ᠠᠬᠤᠢ ᠂ ᠵᠣᠬᠢᠶᠠᠮᠠᠯ ᠣᠶᠤᠨ ᠂ ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠪᠦᠯᠦᠭᠵᠢᠯ ᠃ ᠰᠦ ᠰᠠᠭᠠᠯᠢ ᠤᠯᠠᠭᠠᠨ ᠢᠳᠡᠭᠡ ᠲᠥᠮᠥᠰᠥ ᠨᠣᠣᠯᠣᠭᠤᠷ ᠵᠡᠷᠭᠡ ᠭᠤᠣᠯᠳᠠᠯᠭ᠎ᠠ ᠪᠤᠯᠬᠤ 7 ᠠᠵᠤ ᠦᠢᠯᠡᠰ ᠤᠨ ᠬᠡᠯᠬᠢᠶ᠎ᠡ ᠄ ᠰᠦ ᠰᠠᠭᠠᠯᠢ ᠶᠢᠨ ᠦᠢᠯᠡᠰ ᠂ ᠦᠬᠡᠷ ᠤᠨ ᠮᠢᠬ᠎ᠠ ᠂ ᠬᠤᠨᠢᠨ ᠤ ᠮᠢᠬ᠎ᠠ ᠂ ᠲᠥᠮᠥᠰᠥ ᠂ ᠢᠮᠠᠭᠠᠨ ᠨᠣᠣᠯᠣᠭᠤᠷ ᠂ ᠡᠷᠳᠡᠨᠢ ᠰᠢᠰᠢ ᠂ ᠡᠪᠡᠰᠦᠨ ᠤ ᠦᠢᠯᠡᠰ ᠤᠨ ᠠᠵᠤ ᠦᠢᠯᠡᠰ ᠤᠨ ᠬᠡᠯᠬᠢᠶ᠎ᠡ ᠃

      ᠵᠢᠭᠤᠯᠴᠢᠯᠠᠯ ᠤᠨ ︽ᠳᠥᠷᠪᠡᠨ ᠭᠠᠵᠠᠷ︾᠄ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶᠢᠬᠠᠨ ᠭᠠᠵᠠᠷ ᠂ ᠠᠮᠠᠷᠠᠯᠲᠠ ᠪᠠᠷ ᠵᠠᠪᠠᠯ ᠵᠢᠭᠤᠯᠴᠢᠯᠠᠬᠤ ᠭᠠᠵᠠᠷ ᠂ ᠡᠷᠡᠭᠦᠯᠵᠢᠯᠡᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠃

      ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠠᠵᠤ ᠦᠢᠯᠡᠰ ᠤᠨ ᠬᠠᠮᠲᠤᠷᠠᠯᠴᠠᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠃ ᠳᠥᠷᠪᠡᠨ ᠵᠦᠢᠯ ᠤᠨ ᠠᠵᠢᠯᠯᠠᠭᠠᠨ ᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠨᠴᠠᠯᠢᠭᠲᠤ ᠠᠵᠤ ᠦᠢᠯᠡᠰ ᠢ ᠳᠡᠭᠡᠭᠰᠢᠯᠡᠭᠦᠯᠬᠦ ᠠᠵᠢᠯᠯᠠᠭᠠᠨ ᠂ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠠᠵᠢᠯᠯᠠᠭᠠᠨ ᠂ ᠬᠡᠷᠡᠭᠯᠡᠭᠡ ᠶᠢᠨ ᠬᠠᠪᠰᠤᠷᠤᠨ ᠲᠡᠳᠬᠦᠵᠦ ᠣᠷᠣᠯᠭ᠎ᠠ ᠨᠡᠮᠡᠭᠳᠡᠭᠦᠯᠬᠦ ᠠᠵᠢᠯᠯᠠᠭᠠᠨ ᠂ ᠬᠥᠳᠡᠯᠮᠦᠷᠢ ᠬᠦᠴᠦᠨ ᠤ ᠬᠠᠮᠵᠢᠯᠴᠠᠭᠠᠨ ᠤ ᠴᠢᠨᠠᠷ ᠢ ᠨᠢ ᠳᠡᠭᠡᠭᠰᠢᠯᠡᠭᠦᠯᠬᠦ ᠠᠵᠢᠯᠯᠠᠭᠠᠨ ᠃

      ᠲᠦᠷᠪᠡᠨ ᠨᠢᠭᠡ ᠪᠦᠯᠦᠭ᠄ ᠥᠪᠡᠷᠲᠡᠭᠡᠨ ᠵᠠᠰᠠᠬᠤ ᠣᠷᠣᠨ ᠠᠴᠠ ᠨᠢᠭᠡ ᠪᠦᠯᠦᠭ ᠲᠠᠮ ᠬᠦᠦ ᠮᠥᠩᠭᠦ ᠥᠭᠬᠦ ᠂ ᠨᠢᠭᠡ ᠪᠦᠯᠦᠭ ᠥᠷᠢ ᠥᠭᠴᠡᠭᠡ ᠶᠢ ᠠᠷᠢᠯᠭᠠᠬᠤ ᠂ ᠨᠢᠭᠡ ᠪᠦᠯᠦᠭ ᠢ ᠨᠢ ᠤᠯᠠᠪᠤᠷ ᠥᠩᠭᠡ ᠶᠢᠨ ᠵᠡᠷᠭᠡ ᠲᠡᠰ ᠠᠴᠠ ᠪᠤᠴᠠᠭᠠᠨ ᠭᠠᠷᠭᠠᠬᠤ ᠂ ᠨᠢᠭᠡ ᠪᠦᠯᠦᠭ ᠬᠦᠴᠢᠷᠳᠡᠯ ᠢ ᠨᠢ ᠲᠠᠶᠢᠯᠬᠤ ᠠᠷᠭ᠎ᠠ ᠬᠡᠮᠵᠢᠶ᠎ᠡ ᠠᠪᠴᠤ ᠂ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ  ᠨᠢ ᠬᠠᠪᠰᠤᠷᠤᠨ᠎ᠠ ᠃

       

      


      

       

      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ