ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠥᠰᠦᠭ ﹇2024﹈ 238 ᠳ᠋ᠤᠭᠠᠷ ᠲᠣᠭᠠᠲᠤ
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ ︵2024 ᠣᠨ ᠤ ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ ︵2024 ᠣᠨ ᠤ ᠬᠡᠪᠯᠡᠯ︶︾ ︵ᠳᠣᠷᠣᠭᠰᠢ ︽ᠭᠠᠷᠴᠠᠭ︾ ᠭᠡᠵᠦ ᠲᠣᠪᠴᠢᠯᠠᠨ᠎ᠠ︶ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ᠂ ᠳᠣᠣᠷᠠᠬᠢ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃
ᠨᠢᠭᠡ᠂ ︽ᠭᠠᠷᠴᠠᠭ︾ ᠢ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ︵ᠰᠠᠴᠤᠷᠠᠭ ᠤᠨ ᠪᠤᠰᠤ ᠲᠥᠷᠥᠯ︶ ᠢ ᠱᠠᠲᠤ ᠬᠤᠪᠢᠶᠠᠨ ᠬᠢᠨᠠᠨ ᠵᠥᠪᠰᠢᠶᠡᠷᠡᠬᠦ ᠡᠷᠬᠡ ᠮᠡᠳᠡᠯ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ﹇2021﹈ 29 ᠳ᠋ᠦ᠋ᠭᠡᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ ︵ᠰᠠᠴᠤᠷᠠᠭ ᠤᠨ ᠪᠤᠰᠤ ᠲᠥᠷᠥᠯ︶﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ﹇2021﹈ 94 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃
ᠬᠤᠶᠠᠷ᠂ ︽ᠭᠠᠷᠴᠠᠭ︾ ᠲᠤ ᠵᠢᠭᠰᠠᠭᠠᠭᠰᠠᠨ ᠦᠭᠡᠢ ᠪᠤᠰᠤᠳ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠡᠯ᠎ᠡ ᠠᠶᠢᠮᠠᠭ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠱᠠᠲᠤ ᠬᠤᠪᠢᠶᠠᠨ ᠬᠢᠨᠠᠨ ᠵᠥᠪᠰᠢᠶᠡᠷᠡᠭᠰᠡᠨ ᠰᠠᠨᠠᠯ ᠳᠤᠷᠠᠳᠴᠤ᠂ 2025 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠠᠶᠢᠭ᠎ᠠ ᠭᠠᠵᠠᠷ ᠤᠨ ᠢᠶᠠᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠂ ᠡᠭᠦᠨ ᠳᠤ᠂ ᠴᠥᠮ᠎ᠡ ᠶᠢᠨ ᠬᠢᠭᠡᠳ ᠰᠠᠴᠤᠷᠠᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠨᠠᠶᠢᠷᠠᠭᠤᠯᠤᠨ ᠵᠣᠬᠢᠶᠠᠬᠤ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠪᠦᠬᠦᠨ ᠢ ᠠᠶᠢᠮᠠᠭ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠬᠢᠨᠠᠨ ᠵᠥᠪᠰᠢᠶᠡᠷᠡᠨ᠎ᠡ᠃
ᠭᠤᠷᠪᠠ᠂ ︽ᠭᠠᠷᠴᠠᠭ︾ ᠢ ᠬᠡᠷᠡᠭᠵᠢᠭᠦᠯᠬᠦ ᠶᠠᠪᠤᠴᠠ ᠳᠤᠮᠳᠠ ᠠᠰᠠᠭᠤᠳᠠᠯ ᠲᠤᠯᠭᠠᠷᠠᠪᠠᠯ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃
2024 ᠣᠨ ᠤ 12 ᠳ᠋ᠤᠭᠠᠷ ᠰᠠᠷ᠎ᠠ ᠶᠢᠨ 17 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ ︵2024 ᠣᠨ ᠤ ᠬᠡᠪᠯᠡᠯ︶
ᠨᠢᠭᠡ᠂ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ
ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠠᠷᠢᠭᠤᠴᠠᠨ ᠬᠢᠨᠠᠨ ᠵᠥᠪᠰᠢᠶᠡᠷᠡᠬᠦ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠴᠠ ᠭᠠᠳᠠᠨ᠎ᠠ᠂ ᠠᠶᠢᠮᠠᠭ ᠬᠤᠲᠠ ᠠᠯᠤᠰᠯᠠᠭᠰᠠᠨ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠳᠣᠣᠷᠠᠬᠢ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠨᠠᠶᠢᠷᠠᠭᠤᠯᠤᠨ ᠵᠣᠬᠢᠶᠠᠭᠰᠠᠨ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠬᠠᠷᠢᠭᠤᠴᠠᠨ ᠬᠢᠨᠠᠨ ᠵᠥᠪᠰᠢᠶᠡᠷᠡᠨ᠎ᠡ᠃
︵ᠨᠢᠭᠡ︶ ᠤᠰᠤᠨ ᠠᠰᠢᠭᠯᠠᠯᠲᠠ
ᠤᠰᠤᠨ ᠴᠥᠭᠦᠷᠥᠮ᠄ ᠰᠢᠨ᠎ᠡ ᠪᠠᠷ ᠪᠠᠶᠢᠭᠤᠯᠬᠤ ᠴᠥᠭᠦᠷᠥᠮ ᠤᠨ ᠪᠠᠭᠲᠠᠭᠠᠮᠵᠢ ᠨᠢ 1000 ᠲᠦᠮᠡᠨ ᠺᠦᠪ ᠮᠧᠲᠷ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ᠃
ᠤᠰᠤ ᠲᠠᠲᠠᠵᠤ ᠤᠰᠤ ᠲᠣᠬᠢᠷᠠᠭᠤᠯᠬᠤ ᠢᠨᠵᠧᠨᠧᠷᠢᠩ᠄ ᠰᠢᠨ᠎ᠡ ᠪᠠᠷ ᠪᠠᠶᠢᠭᠤᠯᠬᠤ ᠲᠥᠷᠥᠯ ᠵᠦᠢᠯ᠃
︵ᠬᠤᠶᠠᠷ︶ ᠡᠨᠧᠷᠬᠢ
ᠨᠡᠭᠦᠷᠡᠰᠦ ᠲᠦᠯᠡᠬᠦ ᠴᠠᠬᠢᠯᠭᠠᠨ ᠥᠷᠲᠡᠭᠡ ︵ᠢᠯᠴᠢ ᠴᠠᠬᠢᠯᠭᠠᠨ ᠪᠠᠭᠲᠠᠨ᠎ᠠ︶᠄ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ︵ᠰᠢᠲᠠᠭᠠᠯᠭ᠎ᠠ ᠶᠢᠨ ᠨᠡᠭᠦᠷᠡᠰᠦᠨ ᠳᠤ ᠬᠠᠶᠠᠭᠳᠠᠮᠠᠯ ᠪᠣᠳᠠᠰ ᠬᠤᠯᠢᠵᠤ ᠰᠢᠲᠠᠭᠠᠬᠤ ᠪᠠᠭᠲᠠᠨ᠎ᠠ︔ ᠳᠡᠪᠢᠰᠬᠡᠷ ᠳᠠᠷᠤᠴᠠ ᠶᠢᠨ ᠮᠠᠰᠢᠨ ᠴᠣᠭᠴᠠᠯᠠᠪᠤᠷᠢ ᠪᠠᠭᠲᠠᠬᠤ ᠦᠭᠡᠢ︶᠃
ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠤᠨ ᠴᠠᠬᠢᠯᠭᠠᠨ ᠥᠷᠲᠡᠭᠡ᠄ ᠰᠢᠨ᠎ᠡ ᠪᠠᠷ ᠨᠡᠮᠡᠭᠳᠡᠭᠦᠯᠬᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 50 ᠲᠦᠮᠡᠨ ᠺᠢᠯᠣᠸᠠᠲ ᠵᠢᠴᠢ ᠲᠡᠭᠦᠨ ᠠᠴᠠ ᠳᠡᠭᠡᠭᠰᠢ ᠲᠥᠷᠥᠯ ᠵᠦᠢᠯ᠃
ᠤᠰᠤᠨ ᠴᠠᠬᠢᠯᠭᠠᠨ ᠥᠷᠲᠡᠭᠡ᠄ ᠰᠢᠨ᠎ᠡ ᠪᠠᠷ ᠪᠠᠶᠢᠭᠤᠯᠬᠤ ᠪᠠᠶᠢᠩᠭᠤ ᠶᠢᠨ ᠤᠰᠤᠨ ᠴᠠᠬᠢᠯᠭᠠᠨ ᠥᠷᠲᠡᠭᠡ ᠶᠢᠨ ᠲᠥᠷᠥᠯ ᠵᠦᠢᠯ᠂ ᠰᠢᠨ᠎ᠡ ᠪᠠᠷ ᠨᠡᠮᠡᠭᠳᠡᠭᠦᠯᠬᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 5 ᠲᠦᠮᠡᠨ ᠺᠢᠯᠣᠸᠠᠲ ᠠᠴᠠ ᠳᠡᠭᠡᠭᠰᠢᠬᠢ ᠪᠠᠶᠢᠩᠭᠤ ᠶᠢᠨ ᠤᠰᠤᠨ ᠴᠠᠬᠢᠯᠭᠠᠨ ᠥᠷᠲᠡᠭᠡ ᠶᠢᠨ ᠲᠥᠷᠥᠯ ᠵᠦᠢᠯ᠂ ᠣᠷᠴᠢᠨ ᠲᠣᠭᠤᠷᠢᠨ ᠤ ᠬᠥᠨᠳᠡᠭᠦᠷ ᠣᠷᠣᠨ ᠳᠤ ᠬᠤᠯᠪᠣᠭᠳᠠᠬᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ᠂ ᠰᠢᠨ᠎ᠡ ᠪᠠᠷ ᠨᠡᠮᠡᠭᠳᠡᠭᠦᠯᠬᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 30 ᠲᠦᠮᠡᠨ ᠺᠢᠯᠣᠸᠠᠲ ᠠᠴᠠ ᠳᠡᠭᠡᠭᠰᠢᠬᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ᠃
︵ᠭᠤᠷᠪᠠ︶ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ
ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ᠄ ᠰᠢᠨ᠎ᠡ ᠪᠠᠷ ᠨᠡᠮᠡᠭᠳᠡᠭᠦᠯᠬᠦ ᠪᠠᠷ ᠪᠠᠶᠢᠭ᠎ᠠ ᠬᠡᠪᠴᠢᠶᠡᠵᠢᠯ ᠨᠢ 90 ᠲᠦᠮᠡᠨ ᠲᠣᠨ / ᠵᠢᠯ ᠵᠢᠴᠢ ᠲᠡᠭᠦᠨ ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠨᠡᠭᠦᠷᠡᠰᠦ ᠮᠠᠯᠲᠠᠬᠤ ᠲᠥᠷᠥᠯ ᠵᠦᠢᠯ᠃
ᠬᠠᠷ᠎ᠠ ᠲᠡᠮᠦᠷᠯᠢᠭ ᠤᠨ ᠬᠦᠳᠡᠷ ᠮᠠᠯᠲᠠᠵᠤ ᠰᠢᠯᠢᠬᠦ ᠦᠢᠯᠡᠰ᠄ ᠰᠢᠨ᠎ᠡ ᠪᠠᠷ ᠨᠡᠮᠡᠭᠳᠡᠭᠦᠯᠬᠦ ᠪᠠᠷ ᠪᠠᠶᠢᠭ᠎ᠠ ᠬᠡᠪᠴᠢᠶᠡᠵᠢᠯ ᠨᠢ 30 ᠲᠦᠮᠡᠨ ᠲᠣᠨ / ᠵᠢᠯ ᠵᠢᠴᠢ ᠲᠡᠭᠦᠨ ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠲᠡᠮᠦᠷ ᠤᠨ ᠬᠦᠳᠡᠷ ᠮᠠᠯᠲᠠᠵᠤ ᠰᠢᠯᠢᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠃
ᠥᠩᠭᠡᠲᠦ ᠲᠡᠮᠦᠷᠯᠢᠭ ᠤᠨ ᠠᠭᠤᠷᠬᠠᠢ ᠮᠠᠯᠲᠠᠵᠤ ᠰᠢᠯᠢᠬᠦ ᠦᠢᠯᠡᠰ᠄ ᠬᠤᠪᠣᠷ ᠰᠢᠷᠣᠢ ᠶᠢᠨ ᠮᠠᠯᠲᠠᠵᠤ ᠰᠣᠩᠭᠤᠬᠤ ᠶᠢ ᠨᠢᠭᠡ ᠴᠣᠭᠴᠠᠵᠢᠭᠤᠯᠤᠭᠰᠠᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠶᠯ︔ ᠵᠡᠰ᠂ ᠲᠤᠭᠤᠯᠭ᠎ᠠ - ᠴᠠᠶᠢᠷ᠂ ᠨᠢᠺᠧᠯ - ᠺᠣᠪᠠᠯᠲ᠂ ᠰᠲ᠋ᠠᠨ᠂ ᠰᠲ᠋ᠢᠪᠢ᠂ ᠮᠥᠩᠭᠦᠨ ᠤᠰᠤᠨ ᠤ ᠬᠦᠳᠡᠷ ᠢ ᠮᠠᠯᠲᠠᠵᠤ ᠰᠢᠯᠢᠬᠦ ᠶᠢ ᠨᠢᠭᠡ ᠴᠣᠭᠴᠠᠵᠢᠭᠤᠯᠤᠭᠰᠠᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ᠃
ᠦᠯᠡᠳᠡᠭᠳᠡᠯ ᠬᠦᠳᠡᠷ ᠤᠨ ᠠᠭᠤᠷᠬᠠᠢ ᠲᠠᠯᠠᠪᠠᠢ᠄ ᠦᠯᠡᠳᠡᠭᠳᠡᠯ ᠬᠦᠳᠡᠷ ᠤᠨ ᠠᠭᠤᠷᠬᠠᠢ ᠲᠠᠯᠠᠪᠠᠢ ᠶᠢ ᠪᠠᠭᠲᠠᠭᠠᠭᠰᠠᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠠᠭᠤᠷᠬᠠᠢ ᠶᠢᠨ ᠮᠠᠯᠲᠠᠵᠤ ᠰᠢᠯᠢᠬᠦ ᠲᠥᠷᠥᠯ ᠵᠦᠢᠯ︔ ᠲᠤᠰᠠᠭᠠᠷ ᠦᠯᠡᠳᠡᠭᠳᠡᠯ ᠬᠦᠳᠡᠷ ᠤᠨ ᠠᠭᠤᠷᠬᠠᠢ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠲᠥᠷᠥᠯ ᠵᠦᠢᠯ᠃
︵ᠳᠥᠷᠪᠡ︶ ᠵᠠᠮ ᠬᠠᠷᠢᠯᠴᠠᠭ᠎ᠠ ᠲᠡᠭᠡᠭᠡᠪᠦᠷᠢ
ᠭᠠᠷᠠᠮ᠄ ᠨᠡᠭᠦᠷᠡᠰᠦ᠂ ᠬᠦᠳᠡᠷ᠂ ᠲᠣᠰᠣ ᠬᠡᠢ ᠶᠢᠨ ᠲᠤᠰᠬᠠᠢ ᠬᠡᠷᠡᠭᠯᠡᠭᠡᠨ ᠤ ᠵᠣᠭᠰᠣᠭᠠᠯ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠠᠶᠤᠯᠲᠠᠢ ᠪᠣᠳᠠᠰ ᠣᠪᠣᠭᠠᠯᠠᠬᠤ ᠲᠠᠯᠠᠪᠤᠷ ᠲᠤ ᠬᠤᠯᠪᠣᠭᠳᠠᠬᠤ ᠴᠢᠩᠭᠡᠯᠢᠭ ᠤᠨ ᠲᠤᠰᠬᠠᠢ ᠬᠡᠷᠡᠭᠯᠡᠭᠡᠨ ᠤ ᠭᠠᠷᠠᠮ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠃
ᠨᠢᠰᠬᠡᠯ ᠤᠨ ᠪᠠᠭᠤᠳᠠᠯ᠄ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠬᠤ᠂ ᠨᠡᠭᠦᠯᠭᠡᠨ ᠪᠠᠶᠢᠭᠤᠯᠬᠤ ᠵᠢᠴᠢ ᠠᠭᠠᠷ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠨᠢ ᠨᠡᠮᠡᠭᠳᠡᠭᠦᠯᠵᠦ ᠥᠷᠭᠡᠳᠬᠡᠨ ᠪᠠᠶᠢᠭᠤᠯᠬᠤ ᠲᠥᠷᠥᠯ ᠵᠦᠢᠯ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠬᠤ᠂ ᠨᠡᠭᠦᠯᠭᠡᠨ ᠪᠠᠶᠢᠭᠤᠯᠬᠤ ᠲᠥᠷᠥᠯ ᠵᠦᠢᠯ᠃
︵ᠲᠠᠪᠤ︶ ᠦᠢᠯᠡᠳᠬᠦ ᠦᠢᠯᠡᠰ
ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠄ ᠴᠢᠯᠠᠭᠤᠨ ᠲᠣᠰᠣ ᠪᠣᠯᠪᠠᠰᠤᠷᠠᠭᠤᠯᠬᠤ ᠪᠥᠬᠦ ᠲᠥᠷᠥᠯ ᠵᠦᠢᠯ ︵2511︶︔ ᠡᠲ᠋ᠧᠨ ᠤ ᠪᠦᠬᠦ ᠲᠦᠷᠦᠯ ᠵᠦᠢᠯ᠂ ᠬᠤᠶᠠᠷ ᠮᠧᠲ᠋ᠢᠯᠲᠦ ᠪᠧᠨ᠋ᠽᠧᠨ ᠤ ᠰᠢᠨ᠎ᠡ ᠪᠠᠷ ᠪᠠᠶᠢᠭᠤᠯᠬᠤ ᠲᠦᠷᠦᠯ ᠵᠦᠢᠯ᠂ ᠬᠤᠶᠠᠷ ᠹᠧᠨᠣᠯᠲᠤ ᠮᠧᠲ᠋ᠠᠨ ᠤ ᠬᠤᠶᠠᠷ ᠢᠽᠣᠼᠢᠶᠠᠨ ᠬᠦᠴᠢᠯ ᠤᠨ ᠡᠰᠲ᠋ᠧᠷ ᠤᠨ ᠰᠢᠨ᠎ᠡ ᠪᠠᠷ ᠪᠠᠶᠢᠭᠤᠯᠬᠤ ᠲᠦᠷᠦᠯ ᠵᠦᠢᠯ᠂ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠬᠠᠶᠠᠭᠳᠠᠮᠠᠯ ᠳᠤᠭᠤᠶᠢᠯᠠᠪᠤᠷᠢ ᠪᠠᠷ ᠳᠠᠬᠢᠯᠲᠠ ᠲᠣᠰᠣ ᠦᠢᠯᠡᠳᠪᠦᠷᠢᠯᠡᠬᠦ ᠲᠦᠷᠦᠯ ᠵᠦᠢᠯ᠃
ᠬᠢᠮᠢ ᠶᠢᠨ ᠠᠵᠤ ᠦᠢᠯᠡᠳᠪᠦᠷᠢ᠄ ᠪᠥᠬᠦ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ︵2522᠂ 2523᠂ ᠨᠡᠭᠦᠷᠡᠰᠦ ᠪᠠᠷ ᠠᠽᠣᠲ ᠪᠣᠷᠳᠣᠭᠤᠷ ᠦᠢᠯᠡᠳᠬᠦ᠂ ᠤᠲᠤᠭᠠᠲᠤ ᠨᠡᠭᠦᠷᠡᠰᠦ ᠶᠢ ᠴᠢᠨᠠᠷ ᠬᠤᠪᠢᠶᠠᠨ ᠠᠰᠢᠭᠯᠠᠬᠤ ᠪᠠᠭᠲᠠᠨ᠎ᠠ︶᠂ ᠪᠥᠬᠦ ᠬᠢᠮᠢ ᠶᠢᠨ ᠲᠠᠷᠢᠶᠠᠨ ᠡᠮ ᠤᠨ ᠲᠦᠭᠦᠬᠡᠢ ᠡᠮ ᠢ ᠦᠢᠯᠡᠳᠬᠦ ᠲᠥᠷᠥᠯ ᠵᠦᠢᠯ ︵2631᠂ ᠭᠤᠣᠯᠳᠠᠭᠤ ᠬᠢᠮᠢ ᠶᠢᠨ ᠲᠠᠷᠢᠶᠠᠨ ᠡᠮ ᠤᠨ ᠲᠦᠭᠦᠬᠡᠢ ᠡᠮ ᠢ ᠨᠡᠶᠢᠯᠡᠭᠦᠯᠬᠦ ᠳᠤ ᠬᠡᠷᠡᠭᠯᠡᠬᠦ ᠵᠠᠪᠰᠠᠷ ᠤᠨ ᠴᠣᠭᠴᠠ ᠶᠢ ᠦᠢᠯᠡᠳᠪᠦᠷᠢᠯᠡᠬᠦ ᠲᠥᠷᠥᠯ ᠵᠦᠢᠯ᠂ ᠬᠢᠮᠢ ᠶᠢᠨ ᠲᠠᠷᠢᠶᠠᠨ ᠡᠮ ᠤᠨ ᠨᠠᠶᠢᠷᠠᠯᠲᠠ ᠶᠢᠨ ᠲᠥᠷᠥᠯ ᠵᠦᠢᠯ ᠪᠠᠭᠲᠠᠬᠤ ᠦᠭᠡᠢ︶᠂ ᠪᠥᠬᠦ ᠾᠷᠣᠮ ᠤᠨ ᠳᠠᠪᠤᠰᠤ᠂ ᠪᠥᠬᠦ ᠼᠢᠶᠠᠨᠲᠤ ᠨᠢᠭᠡᠳᠪᠦᠷᠢ ᠶᠢ ᠦᠢᠯᠡᠳᠪᠦᠷᠢᠯᠡᠬᠦ ᠲᠥᠷᠥᠯ ᠵᠦᠢᠯ᠃
ᠱᠦᠢᠨᠢ ᠶᠢᠨ ᠪᠣᠯᠭᠤᠭᠰᠠᠨ ᠮᠠᠲ᠋ᠧᠷᠢᠶᠠᠯ᠄ ᠪᠦᠬᠦ ᠲᠦᠷᠦᠯ ᠵᠦᠢᠯ ︵ᠱᠦᠢᠨᠢ ᠶᠢᠨ ᠤᠭᠤᠷᠭᠠᠢ ᠶᠢᠨ ᠠᠶᠤᠯᠲᠠᠢ ᠬᠠᠶᠠᠭᠳᠠᠮᠠᠯ ᠪᠣᠳᠠᠰ ᠢ ᠬᠠᠮᠵᠢᠯᠴᠠᠨ ᠰᠢᠢᠳᠪᠦᠷᠢᠯᠡᠬᠦ ᠪᠠᠭᠲᠠᠨ᠎ᠠ︶᠃
ᠰᠢᠯ᠄ ᠰᠢᠯ ᠬᠠᠶᠢᠯᠤᠭᠤᠯᠬᠤ ᠤᠭᠤᠷᠭᠠᠢ ᠶᠢᠨ ᠲᠥᠬᠦᠭᠡᠷᠦᠮᠵᠢ ᠳᠤ ᠬᠤᠯᠪᠣᠭᠳᠠᠬᠤ ᠪᠦᠬᠦ ᠲᠥᠷᠥᠯ ᠵᠦᠢᠯ ︵304᠂ ᠴᠠᠬᠢᠯᠭᠠᠨ ᠢᠶᠠᠷ ᠬᠠᠶᠢᠯᠤᠭᠤᠯᠬᠤ ᠤᠭᠤᠷᠭᠠᠢ ᠠᠴᠠ ᠭᠠᠳᠠᠨ᠎ᠠ︶᠃
ᠪᠣᠯᠣᠳ ᠲᠡᠮᠦᠷ᠄ ᠪᠦᠬᠦᠨ ᠢᠶᠠᠷ ᠢᠶᠠᠨ ᠨᠠᠷᠢᠯᠢᠭ ᠬᠦᠳᠡᠷ ᠢᠶᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠲᠡᠮᠦᠷ ᠬᠠᠶᠢᠯᠤᠭᠤᠯᠬᠤ ᠲᠥᠷᠥᠯ ᠵᠦᠢᠯ ︵ᠰᠢᠲᠠᠭᠠᠨ ᠪᠠᠷᠢᠯᠳᠤᠭᠤᠯᠬᠤ᠂ ᠪᠥᠮᠪᠥᠭᠡᠯᠡᠬᠦ ᠪᠠᠭᠲᠠᠨ᠎ᠠ︶᠂ ᠪᠦᠬᠦᠨ ᠢᠶᠠᠷ ᠢᠶᠠᠨ ᠰᠢᠷᠡᠮᠦ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠪᠣᠯᠣᠳ ᠬᠠᠶᠢᠯᠤᠭᠤᠯᠬᠤ ᠲᠥᠷᠥᠯ ᠵᠦᠢᠯ ︵ᠣᠬᠤᠷ ᠴᠤᠪᠤᠷᠠᠯ ᠢᠶᠠᠷ ᠪᠣᠯᠣᠳ ᠪᠣᠯᠪᠠᠰᠤᠷᠠᠭᠤᠯᠬᠤ ᠠᠴᠠ ᠭᠠᠳᠠᠨ᠎ᠠ︶᠂ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠣᠯᠣᠳ ᠲᠡᠮᠦᠷ ᠤᠨ ᠴᠠᠶᠢᠷ ᠡᠯᠧᠮᠧᠨ᠋ᠲ ᠠᠭᠤᠯᠤᠭᠰᠠᠨ ᠲᠣᠭᠤᠰᠣ ᠰᠢᠪᠠᠷ ᠵᠡᠷᠭᠡ ᠴᠠᠶᠢᠷ ᠡᠯᠧᠮᠧᠨ᠋ᠲ ᠠᠭᠤᠯᠤᠭᠰᠠᠨ ᠬᠤᠶᠠᠳᠠᠭᠢ ᠡᠬᠢ ᠪᠠᠶᠠᠯᠢᠭ ᠢᠶᠠᠷ ︵ᠳᠡᠳ᠋︶ ᠴᠠᠶᠢᠷ ᠤᠨ ᠢᠰᠦᠯ ᠦᠢᠯᠡᠳᠪᠦᠷᠢᠯᠡᠬᠦ ᠲᠥᠷᠥᠯ ᠵᠦᠢᠯ᠃
ᠬᠡᠦᠷᠰᠢᠭᠦᠯᠬᠦ᠄ ᠪᠥᠬᠦ ᠲᠥᠷᠥᠯ ᠵᠦᠢᠯ ︵2521᠂ ᠬᠤᠶᠢᠷᠭᠤ ᠬᠡᠢ ᠪᠠᠷ ᠬᠥᠷᠥᠭᠡᠬᠦ᠂ ᠨᠡᠭᠦᠷᠡᠰᠦᠨ ᠬᠡᠢ ᠶᠢ ᠴᠡᠪᠡᠷᠰᠢᠭᠦᠯᠬᠦ᠂ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠬᠡᠦᠷᠰᠢᠭᠦᠯᠬᠦ ᠵᠤᠤᠬ᠎ᠠ / ᠨᠡᠭᠦᠷᠡᠰᠦᠵᠢᠭᠦᠯᠬᠦ ᠵᠤᠤᠬ᠎ᠠ ᠳᠤ ᠦᠯᠦ ᠬᠤᠯᠪᠣᠭᠳᠠᠬᠤ ᠥᠭᠡᠷᠡᠴᠢᠯᠡᠨ ᠰᠢᠨᠡᠳᠬᠡᠭᠰᠡᠨ ᠲᠥᠷᠥᠯ ᠵᠦᠢᠯ ᠪᠠᠭᠲᠠᠬᠤ ᠦᠭᠡᠢ︶᠃
ᠥᠩᠭᠡᠲᠦ ᠲᠡᠮᠦᠷᠯᠢᠭ ᠪᠣᠯᠪᠠᠰᠤᠷᠠᠭᠤᠯᠬᠤ᠄ ᠪᠦᠬᠦᠨ ᠢᠶᠠᠷ ᠢᠶᠠᠨ ᠨᠠᠷᠢᠯᠢᠭ ᠬᠦᠳᠡᠷ ᠢᠶᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠥᠩᠭᠡᠲᠦ ᠲᠡᠮᠦᠷᠯᠢᠭ ᠪᠣᠯᠪᠠᠰᠤᠷᠠᠭᠤᠯᠬᠤ ᠲᠥᠷᠥᠯ ᠵᠦᠢᠯ᠂ ᠳᠠᠬᠢᠯᠲᠠ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠦᠬᠦ ᠲᠥᠷᠥᠯ ᠵᠦᠢᠯ᠃
ᠴᠢᠳᠬᠤᠬᠤ᠄ ᠴᠢᠳᠬᠤᠬᠤ ᠳᠤ ᠬᠡᠷᠡᠭᠯᠡᠬᠦ ᠰᠢᠷᠡᠮᠦ ᠶᠢᠨ ᠪᠦᠬᠦ ᠲᠥᠷᠥᠯ ᠵᠦᠢᠯ᠂ ᠲᠡᠮᠦᠷ ᠬᠠᠶᠢᠯᠤᠭᠤᠯᠬᠤ ᠪᠣᠰᠤᠭ᠎ᠠ ᠵᠤᠤᠬ᠎ᠠ ᠪᠠᠷ ᠬᠠᠶᠢᠯᠤᠭᠤᠯᠬᠤ ᠲᠥᠬᠦᠭᠡᠷᠦᠮᠵᠢ ᠪᠣᠯᠭᠠᠭᠰᠠᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠴᠢᠳᠬᠤᠯᠲᠠ ᠶᠢᠨ ᠲᠥᠷᠥᠯ ᠵᠦᠢᠯ᠃
ᠨᠡᠭᠦᠷᠡᠰᠦᠲᠥ᠋ᠷᠥᠭᠴᠢᠲᠦ ᠦᠢᠯᠡᠳᠬᠦᠨ᠄ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠴᠢᠯᠠᠭᠤᠨ ᠲᠣᠰᠣᠨ ᠤ ᠬᠡᠦᠷᠡᠰᠦ ᠪᠠᠷ ᠲᠦᠭᠦᠬᠡᠢ ᠮᠠᠲ᠋ᠧᠷᠢᠶᠠᠯ ᠪᠣᠯᠭᠠᠵᠤ ᠨᠡᠭᠦᠷᠡᠰᠦᠲᠥ᠋ᠷᠥᠭᠴᠢᠲᠦ ᠦᠢᠯᠡᠳᠬᠦᠨ ᠦᠢᠯᠡᠳᠪᠦᠷᠢᠯᠡᠬᠦ ᠲᠥᠷᠥᠯ ᠵᠦᠢᠯ ︵3091︶᠃
︵ᠵᠢᠷᠭᠤᠭ᠎ᠠ︶ ᠨᠡᠶᠢᠭᠡᠮ ᠤᠨ ᠠᠵᠢᠯ ᠦᠢᠯᠡᠰ
ᠴᠡᠴᠡᠷᠯᠢᠭ᠄ ᠰᠢᠨ᠎ᠡ ᠪᠠᠷ ᠪᠠᠶᠢᠭᠤᠯᠬᠤ ᠣᠨᠴᠠ ᠲᠣᠮᠣ ᠬᠡᠯᠪᠡᠷᠢ ᠶᠢᠨ ᠭᠤᠣᠯ ᠰᠡᠳᠦᠪᠲᠦ ᠴᠡᠴᠡᠷᠯᠢᠭ︔ ᠰᠢᠨ᠎ᠡ ᠪᠠᠷ ᠪᠠᠶᠢᠭᠤᠯᠬᠤ ᠲᠣᠮᠣ ᠬᠡᠯᠪᠡᠷᠢ ᠶᠢᠨ ᠭᠤᠣᠯ ᠰᠡᠳᠦᠪᠲᠦ ᠴᠡᠴᠡᠷᠯᠢᠭ᠃
ᠬᠢᠮᠡᠯ ᠨᠠᠭᠤᠷ᠂ ᠵᠣᠬᠢᠶᠠᠮᠠᠯ ᠨᠤᠭᠤ ᠭᠠᠵᠠᠷ᠄ ᠲᠤᠰᠠᠭᠠᠷ ᠲᠥᠷᠥᠯ ᠵᠦᠢᠯ ᠲᠣᠭᠲᠠᠭᠠᠵᠤ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠨᠠᠶᠢᠷᠠᠭᠤᠯᠤᠨ ᠵᠣᠬᠢᠶᠠᠬᠤ ᠬᠢᠮᠡᠯ ᠨᠠᠭᠤᠷ ᠪᠤᠶᠤ ᠵᠣᠬᠢᠶᠠᠮᠠᠯ ᠨᠤᠭᠤ ᠭᠠᠵᠠᠷ ᠤᠨ ᠲᠥᠷᠥᠯ ᠵᠦᠶᠯ︔ ᠬᠢᠮᠡᠯ ᠨᠠᠭᠤᠷ᠂ ᠵᠣᠬᠢᠶᠠᠮᠠᠯ ᠨᠤᠭᠤ ᠭᠠᠵᠠᠷ ᠤᠨ ᠡᠵᠡᠯᠡᠬᠦᠨ ᠨᠢ 500 ᠲᠦᠮᠡᠨ ᠺᠦᠪ ᠮᠧᠲᠷ ᠵᠢᠴᠢ ᠲᠡᠭᠦᠨ ᠠᠴᠠ ᠳᠡᠭᠡᠭᠰᠢ᠂ ᠡᠰᠡᠬᠦᠯ᠎ᠡ ᠡᠵᠡᠯᠡᠬᠦᠨ ᠨᠢ 5 ᠲᠦᠮᠡ ᠠᠴᠠ 500 ᠲᠦᠮᠡᠨ ᠺᠦᠪ ᠮᠧᠲᠷ ᠤᠨ ᠬᠤᠭᠤᠷᠣᠨᠳᠤ ᠪᠠᠶᠢᠬᠤ ᠪᠥᠭᠡᠳ ᠣᠷᠴᠢᠨ ᠲᠣᠭᠤᠷᠢᠨ ᠤ ᠬᠥᠨᠳᠡᠭᠦᠷ ᠣᠷᠣᠨ ᠳᠤ ᠬᠤᠯᠪᠣᠭᠳᠠᠵᠤ᠂ ᠡᠰᠡᠬᠦᠯ᠎ᠡ ᠵᠢᠯ ᠤᠨ ᠤᠰᠤ ᠨᠥᠬᠦᠪᠦᠷᠢᠯᠡᠬᠦ ᠬᠡᠮᠵᠢᠶ᠎ᠡ ᠨᠢ ᠤᠰᠤ ᠲᠠᠲᠠᠬᠤ ᠭᠤᠣᠯ ᠤᠨ ᠵᠠᠮ ᠤᠨ ᠤᠰᠤ ᠲᠠᠲᠠᠬᠤ ᠣᠭᠲᠣᠯᠣᠭᠠᠰᠤ ᠶᠢᠨ ᠪᠠᠶᠢᠭᠠᠯᠢᠯᠢᠭ ᠵᠢᠯ ᠤᠨ ᠤᠷᠤᠰᠬᠠᠯ ᠤᠨ ᠬᠡᠮᠵᠢᠶᠡᠨ ᠤ 25% ᠵᠢᠴᠢ ᠲᠡᠭᠦᠨ ᠠᠴᠠ ᠳᠡᠭᠡᠭᠰᠢᠬᠢ ᠬᠠᠮᠢᠶ᠎ᠠ ᠪᠦᠬᠦᠢ ᠲᠥᠷᠥᠯ ᠵᠦᠢᠯ ︵ᠬᠤᠳᠠ ᠶᠢᠨ ᠪᠣᠷᠣᠭᠠᠨ ᠦᠶᠡᠷ ᠤᠨ ᠤᠰᠤ᠂ ᠳᠠᠬᠢᠯᠲᠠ ᠤᠰᠤ᠂ ᠠᠭᠤᠷᠬᠠᠢ ᠶᠢᠨ ᠬᠤᠳᠳᠤᠭ ᠤᠨ ᠤᠰᠤ ᠵᠡᠷᠭᠡ ᠪᠠᠶᠢᠩᠭᠤ ᠶᠢᠨ ᠪᠤᠰᠤ ᠤᠰᠤᠨ ᠰᠤᠷᠪᠤᠯᠵᠢ ᠶᠢ ᠯᠠ ᠠᠰᠢᠭᠯᠠᠬᠤ ᠬᠢᠮᠡᠯ ᠨᠠᠭᠤᠷ ᠪᠤᠶᠤ ᠵᠣᠬᠢᠶᠠᠮᠠᠯ ᠨᠤᠭᠤ ᠭᠠᠵᠠᠷ ᠤᠨ ᠲᠥᠷᠥᠯ ᠵᠦᠢᠯ᠂ ᠵᠢᠴᠢ ᠬᠠᠲᠤᠨ ᠭᠤᠣᠯ ᠤᠨ ᠭᠤᠣᠯ ᠤᠷᠤᠰᠬᠠᠯ ᠵᠢᠴᠢ ᠡᠯ᠎ᠡ ᠱᠠᠲᠤᠨ ᠤ ᠰᠠᠯᠪᠤᠷᠢ ᠤᠷᠤᠰᠬᠠᠯ ᠤᠨ ᠤᠰᠤ ᠶᠢ ᠲᠠᠲᠠᠵᠤ ᠬᠡᠷᠡᠭᠯᠡᠬᠦ ᠦᠭᠡᠢ ᠮᠥᠷᠲᠡᠭᠡᠨ ᠭᠤᠣᠯᠳᠠᠭᠤ ᠪᠣᠬᠢᠷ ᠤᠰᠤ ᠶᠢ ᠭᠦᠨᠵᠡᠭᠡᠢ ᠰᠢᠢᠳᠪᠦᠷᠢᠯᠡᠬᠦ ᠳᠤ ᠬᠡᠷᠡᠭᠯᠡᠬᠦ ᠬᠠᠮᠢᠶ᠎ᠠ ᠪᠦᠬᠦᠢ ᠲᠥᠷᠥᠯ ᠵᠦᠢᠯ ᠪᠠᠭᠲᠠᠬᠤ ᠦᠭᠡᠢ︶᠃
︵ᠳᠣᠯᠤᠭ᠎ᠠ︶ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ
ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ᠄ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠠᠶᠤᠯᠲᠠᠢ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠲᠠᠭᠠᠬᠤ᠂ ᠲᠥᠪᠯᠡᠷᠡᠭᠦᠯᠦᠨ ᠪᠤᠯᠠᠵᠤ ᠰᠢᠢᠳᠪᠦᠷᠢᠯᠡᠬᠦ ᠲᠥᠷᠥᠯ ᠵᠦᠢᠯ ︵ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ ᠲᠥᠷᠥᠯ ᠵᠦᠢᠯ ᠪᠠᠭᠲᠠᠬᠤ ᠦᠭᠡᠢ︶᠂ ᠠᠶᠤᠯᠲᠠᠢ ᠬᠠᠶᠠᠭᠳᠠᠮᠠᠯ ᠪᠣᠳᠠᠰ ᠡᠭᠦᠰᠬᠡᠬᠦ ᠨᠢᠭᠡᠴᠢ ᠶᠢᠨ ᠰᠢᠨ᠎ᠡ ᠪᠠᠷ ᠪᠠᠶᠢᠭᠤᠯᠤᠭᠰᠠᠨ ᠠᠶᠤᠯᠲᠠᠢ ᠬᠠᠶᠠᠭᠳᠠᠮᠠᠯ ᠪᠣᠳᠠᠰ ᠢ ᠲᠤᠰᠠᠭᠠᠷ ᠰᠢᠲᠠᠭᠠᠬᠤ ᠪᠤᠶᠤ ᠪᠤᠯᠠᠵᠤ ᠰᠢᠢᠳᠪᠦᠷᠢᠯᠡᠬᠦ ᠥᠪᠡᠰᠦᠪᠡᠨ ᠬᠡᠷᠡᠭᠯᠡᠬᠦ ᠪᠡᠯᠡᠳᠬᠡᠮᠵᠢ ᠶᠢᠨ ᠲᠥᠷᠥᠯ ᠵᠦᠢᠯ᠃
︵ᠨᠠᠢᠮᠠ︶ ᠰᠤᠳᠤᠯᠤᠯᠲᠠ ᠪᠠ ᠲᠤᠷᠰᠢᠯᠲᠠ ᠶᠢᠨ ᠬᠥᠭᠵᠢᠯᠲᠡ
ᠲᠤᠰᠬᠠᠢ ᠮᠡᠷᠭᠡᠵᠢᠯ ᠤᠨ ᠲᠤᠷᠰᠢᠯᠲᠠ ᠶᠢᠨ ᠲᠠᠰᠤᠭ᠄ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ P3᠂ P4 ᠠᠮᠢᠳᠤ ᠪᠣᠳᠠᠰ ᠤᠨ ᠠᠮᠤᠷ ᠲᠦᠪᠰᠢᠨ ᠤ ᠲᠤᠷᠰᠢᠯᠲᠠ ᠶᠢᠨ ᠲᠠᠰᠤᠭ ᠤᠨ ᠲᠥᠷᠥᠯ ᠵᠦᠢᠯ᠃
ᠬᠤᠶᠠᠷ᠂ ᠴᠥᠮ᠎ᠡ ᠶᠢᠨ ᠬᠢᠭᠡᠳ ᠰᠠᠴᠤᠷᠠᠭ ᠤᠨ ᠪᠦ᠋ᠲᠦᠭᠡᠨ ᠪᠠᠶᠢᠭᠤᠯᠤᠯᠲᠠ ᠶᠢᠨ ᠲᠥᠷᠥᠯ ᠵᠦᠢᠯ
ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠠᠷᠭᠤᠴᠠᠨ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠴᠠ ᠭᠠᠳᠠᠨ᠎ᠠ᠂ ᠠᠶᠢᠮᠠᠭ ᠬᠤᠲᠠ ᠠᠯᠤᠰᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠳᠣᠣᠷᠠᠬᠢ ᠴᠥᠮ᠎ᠡ ᠶᠢᠨ ᠬᠢᠭᠡᠳ ᠰᠠᠴᠤᠷᠠᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠬᠠᠷᠢᠭᠤᠴᠠᠨ ᠬᠢᠨᠠᠨ ᠵᠥᠪᠰᠢᠶᠡᠷᠡᠨ᠎ᠡ᠃
ᠰᠠᠴᠤᠷᠠᠭ ᠢᠳᠡᠪᠬᠢ ᠢᠵᠢᠯ ᠪᠠᠶᠢᠷᠢᠲᠤ ᠡᠯᠧᠮᠧᠨ᠋ᠲ᠄ ᠪᠦᠬᠦ ᠲᠥᠷᠥᠯ ᠵᠦᠢᠯ᠃
ᠰᠠᠴᠤᠷᠠᠭ ᠤᠨ ᠲᠣᠨᠣᠭᠯᠠᠯ᠄ ᠪᠦᠬᠦ ᠲᠥᠷᠥᠯ ᠵᠦᠢᠯ᠃
ᠳᠠᠭᠠᠯᠲᠠ ᠰᠠᠴᠤᠷᠠᠭ ᠢᠳᠡᠪᠬᠢ ᠬᠦᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ᠳᠤ ᠬᠥᠷᠥᠭᠰᠡᠨ 16 ᠲᠥᠷᠥᠯ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠄ ᠬᠤᠪᠣᠷ ᠰᠢᠷᠣᠢ᠂ ᠼᠢᠷᠺᠦᠨ ᠵᠢᠴᠢ ᠼᠢᠷᠺᠦᠨ ᠤ ᠢᠰᠦᠯ᠂ ᠨᠢᠦᠪᠢ / ᠲᠠᠨᠲ᠋ᠠᠯ᠂ ᠰᠲ᠋ᠠᠨ᠂ ᠬᠥᠩᠭᠡᠨ ᠴᠠᠭᠠᠨ᠂ ᠲᠤᠭᠤᠯᠭ᠎ᠠ / ᠴᠠᠶᠢᠷ᠂ ᠵᠡᠰ᠂ ᠲᠡᠮᠦᠷ᠂ ᠸᠠᠨᠠᠳᠢ᠂ ᠮᠣᠯᠢᠪᠳᠧᠨ᠂ ᠨᠢᠺᠧᠯ᠂ ᠭᠧᠷᠮᠠᠨ᠂ ᠲᠢᠲ᠋ᠠᠨ᠂ ᠠᠯᠲᠠᠨ ᠠᠭᠤᠷᠬᠠᠢ ᠨᠡᠭᠡᠭᠡᠨ ᠮᠠᠯᠲᠠᠬᠤ᠂ ᠬᠦᠳᠡᠷ ᠰᠣᠩᠭᠤᠬᠤ᠂ ᠪᠣᠯᠪᠠᠰᠤᠷᠠᠭᠤᠯᠬᠤ ᠲᠥᠷᠥᠯ ᠵᠦᠢᠯ᠂ ᠹᠣᠰᠹᠣᠷ ᠬᠦᠴᠢᠯ ᠤᠨ ᠳᠠᠪᠤᠰᠤ ᠨᠡᠭᠡᠭᠡᠨ ᠮᠠᠯᠲᠠᠬᠤ᠂ ᠬᠦᠳᠡᠷ ᠰᠣᠩᠭᠤᠬᠤ ᠪᠠ ᠰᠢᠭᠤᠳ ᠹᠣᠰᠹᠣᠷ ᠬᠦᠴᠢᠯ ᠤᠨ ᠳᠠᠪᠤᠰᠤ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠡᠳ᠋ᠰᠢᠭᠦᠯᠦᠨ ᠪᠣᠯᠪᠠᠰᠤᠷᠠᠭᠤᠯᠬᠤ ᠠᠵᠢᠯᠯᠠᠭ᠎ᠠ ᠶᠢᠨ ᠲᠥᠷᠥᠯ ᠵᠦᠢᠯ᠂ ᠨᠡᠭᠦᠷᠡᠰᠦ ᠨᠡᠭᠡᠭᠡᠨ ᠮᠠᠯᠲᠠᠬᠤ᠂ ᠬᠦᠳᠡᠷ ᠰᠣᠩᠭᠤᠬᠤ ᠲᠥᠷᠥᠯ ᠵᠦᠢᠯ᠃
ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠄ 220 ᠺᠢᠯᠤᠸᠤᠯᠲ ᠵᠢᠴᠢ ᠲᠡᠭᠦᠨ ᠠᠴᠠ ᠳᠡᠭᠡᠭᠰᠢᠬᠢ ᠪᠥᠬᠦ ᠲᠥᠷᠥᠯ ᠵᠦᠢᠯ᠃
ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠤᠤᠬᠢᠶ᠎ᠠ ᠥᠷᠲᠡᠭᠡ᠂ ᠲᠧᠯᠸᠢᠰ ᠤᠨ ᠰᠤᠪᠤᠷᠭᠠᠲᠤ ᠲᠠᠶᠢᠰᠠ᠂ ᠳᠠᠭᠠᠭᠤᠯᠢ ᠶᠢᠨ ᠭᠠᠵᠠᠷ ᠤᠨ ᠳᠡᠭᠡᠭᠰᠢ ᠵᠠᠯᠭᠠᠨ ᠳᠠᠮᠵᠢᠭᠤᠯᠬᠤ ᠥᠷᠲᠡᠭᠡ᠂ ᠷᠠᠳᠠᠷ᠄ ᠪᠥᠬᠦ ᠲᠥᠷᠥᠯ ᠵᠦᠢᠯ᠃
ᠰᠠᠴᠤᠷᠠᠭ ᠢᠳᠡᠪᠬᠢ ᠪᠣᠬᠢᠷᠲᠤᠯ ᠢ ᠵᠠᠰᠠᠬᠤ ᠲᠥᠷᠥᠯ ᠵᠦᠢᠯ᠄ ᠴᠥᠮ᠎ᠡ ᠶᠢᠨ ᠮᠡᠷᠭᠡᠵᠢᠯ ᠢ ᠠᠰᠢᠭᠯᠠᠭᠰᠠᠨ ᠠᠴᠠ ᠪᠣᠯᠤᠭᠰᠠᠨ ᠰᠠᠴᠤᠷᠠᠭ ᠢᠳᠡᠪᠬᠢ ᠪᠣᠬᠢᠷᠲᠤᠯ ᠢ ᠵᠠᠰᠠᠬᠤ ᠲᠥᠷᠥᠯ ᠵᠦᠢᠯ︔ ᠳᠠᠭᠠᠯᠲᠠ ᠰᠠᠴᠤᠷᠠᠭ ᠢᠳᠡᠪᠬᠢ ᠠᠭᠤᠷᠬᠠᠢ ᠶᠢ ᠨᠡᠭᠡᠭᠡᠨ ᠠᠰᠢᠭᠯᠠᠭᠰᠠᠨ ᠠᠴᠠ ᠪᠣᠯᠤᠭᠰᠠᠨ ᠰᠠᠴᠤᠷᠠᠭ ᠢᠳᠡᠪᠬᠢ ᠪᠣᠬᠢᠷᠲᠤᠯ ᠢ ᠵᠠᠰᠠᠬᠤ ᠲᠥᠷᠥᠯ ᠵᠦᠢᠯ᠃
ᠴᠥᠮ᠎ᠡ ᠶᠢᠨ ᠲᠥᠬᠦᠭᠡᠷᠦᠮᠵᠢ ᠶᠢᠨ ᠳᠣᠲᠣᠷ᠎ᠠ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠᠷ ᠪᠠᠶᠢᠭ᠎ᠠ ᠴᠥᠮ᠎ᠡ ᠳᠤ ᠦᠯᠦ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃
ᠭᠤᠷᠪᠠ᠂ ᠬᠤᠯᠪᠣᠭᠳᠠᠯ ᠪᠦᠬᠦᠢ ᠲᠣᠳᠣᠷᠬᠠᠶᠢᠯᠠᠯᠲᠠ
︵ᠨᠢᠭᠡ︶ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠷᠥᠯ ᠢᠯᠭᠠᠯ ᠤᠨ ᠳᠠᠷᠠᠭᠠᠬᠢ 3 ᠣᠷᠣᠨᠲᠤ ᠪᠤᠶᠤ 4 ᠣᠷᠣᠨᠲᠤ ᠲᠤᠭ᠎ᠠ ᠨᠢ ︽ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠤᠨ ᠠᠩᠭᠢᠯᠠᠯ︾ ︵GB / T4754 - 2017︶ ᠵᠢᠴᠢ 1 ᠳ᠋ᠦ᠋ᠭᠡᠷ ᠲᠣᠭᠠᠲᠤ ᠵᠠᠰᠠᠪᠤᠷᠢ ᠣᠷᠣᠭᠤᠯᠤᠭᠰᠠᠨ ᠬᠠᠭᠤᠳᠠᠰᠤᠨ ᠳᠠᠬᠢ ᠠᠵᠢᠯ ᠲᠥᠷᠥᠯ ᠤᠨ ᠣᠷᠣᠯᠠᠬᠤ ᠨᠣᠮᠧᠷ ᠪᠣᠯᠣᠨ᠎ᠠ᠃
︵ᠬᠤᠶᠠᠷ︶ ︽ᠪᠦᠬᠦ︾ ᠭᠡᠳᠡᠭ ᠨᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠬᠢᠬᠦ ᠰᠢᠨᠵᠢ ᠴᠢᠨᠠᠷ ᠲᠠᠢ ᠪᠦᠲᠦᠭᠡᠨ ᠪᠠᠶᠢᠭᠤᠯᠤᠯᠲᠠ ᠶᠢᠨ ᠡᠯ᠎ᠡ ᠲᠦᠷᠤᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠭᠠᠵᠤ ᠪᠠᠶᠢᠨ᠎ᠠ᠃
︵ᠭᠤᠷᠪᠠ︶ ︽ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠷᠴᠠᠭ︾ ᠲᠤ ᠬᠠᠮᠤᠭ ᠤᠨ ᠰᠢᠨ᠎ᠡ ᠲᠣᠬᠢᠷᠠᠭᠤᠯᠤᠯᠲᠠ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃