ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠂ 1 ᠰᠠᠷ᠎ᠠ ᠶᠢᠨ 23 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠮᠥᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠤᠤᠯ ᠤᠨ ᠳᠡᠳ᠋ ᠡᠷᠭᠢᠯᠡᠭᠴᠢ ᠷᠧᠨ ᠶᠠ ᠫᠢᠩ ᠢ ᠳᠣᠲᠣᠨᠣ ᠪᠠᠷ ᠡᠷᠭᠢᠨ ᠦᠵᠡᠵᠦ ᠲᠣᠬᠤᠨᠢᠭᠤᠯᠤᠨ ᠂ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ ᠃

1 ᠰᠠᠷ᠎ᠠ ᠶᠢᠨ 23 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠮᠥᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠤᠤᠯ ᠤᠨ ᠳᠡᠳ᠋ ᠡᠷᠭᠢᠯᠡᠭᠴᠢ ᠷᠧᠨ ᠶᠠ ᠫᠢᠩ ᠢ ᠳᠣᠲᠣᠨᠣ ᠪᠠᠷ ᠡᠷᠭᠢᠨ ᠦᠵᠡᠵᠦ ᠲᠣᠬᠤᠨᠢᠭᠤᠯᠤᠨ ᠂ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ ᠃
ᠲᠤᠰ ᠬᠤᠷᠢᠶᠠᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
︽ ᠰᠢᠨᠡᠯᠡᠬᠦ ᠣᠶᠢᠷᠠᠲᠤᠯ᠎ᠠ ᠂ ᠥᠨᠥᠳᠥᠷ ᠲᠠᠨ ᠳᠤ ᠰᠢᠨ᠎ᠡ ᠶᠢᠨ ᠮᠡᠨᠳᠦ ᠬᠦᠷᠭᠡᠬᠦ ᠪᠠᠷ ᠢᠷᠡᠯ᠎ᠡ ︾ ᠂ ᠰᠦᠨ ᠱᠤᠤ ᠴᠧᠩ ᠭᠡᠷ ᠲᠤ ᠣᠷᠣᠮᠠᠭᠴᠠ ᠪᠠᠨ ᠷᠧᠨ ᠶᠠ ᠫᠢᠩ ᠳᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠭᠰᠡᠨ ᠪᠥᠭᠡᠳ ᠲᠡᠭᠦᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠪᠠ ᠃ ᠰᠦᠨ ᠱᠤᠤ ᠴᠧᠩ 2024 ᠣᠨ ᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠣᠨ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠶᠢ ᠲᠣᠪᠴᠢ ᠲᠠᠨᠢᠯᠴᠠᠭᠤᠯᠵᠤ ᠂ ᠷᠧᠨ ᠶᠠ ᠫᠢᠩ ᠵᠡᠷᠭᠡ ᠠᠬᠠᠮᠠᠳ ᠨᠥᠬᠦᠳ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ ᠂ ᠲᠡᠳᠡᠨ ᠳᠤ ᠥᠩᠭᠡᠷᠡᠭᠰᠡᠨ ᠲᠠᠢ ᠪᠠᠨ ᠠᠳᠠᠯᠢ ᠪᠠᠷ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠪᠥᠷ ᠮᠣᠩᠭᠤᠯ ᠤᠨ ᠶᠠᠪᠤᠳᠠᠯ ᠢ ᠨᠡᠩ ᠰᠠᠶᠢᠲᠤᠷ ᠬᠢᠬᠦ ᠶᠢ ᠬᠦᠰᠡᠪᠡ ᠃ ᠷᠧᠨ ᠶᠠ ᠫᠢᠩ ᠂ ᠮᠠᠨ ᠤ ᠮᠠᠰᠢ ᠤᠯᠠᠨ ᠠᠬᠠᠮᠠᠳ ᠨᠥᠬᠦᠳ ᠨᠡᠶᠢᠳᠡᠮ ᠳᠡᠭᠡᠨ ᠡᠨᠡ ᠬᠤᠶᠠᠷ ᠵᠢᠯ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠨ᠎ᠠ ᠭᠡᠵᠦ ᠦᠵᠡᠵᠦ ᠪᠠᠶᠢᠨ᠎ᠠ ᠂ ᠢᠯᠠᠩᠭᠤᠶ᠎ᠠ ᠨᠢᠳᠤᠨᠤᠨ ᠵᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠰᠠᠨ ᠨᠢ ᠬᠥᠮᠥᠰ ᠢ ᠤᠷᠮᠠᠰᠢᠭᠤᠯᠵᠤ ᠪᠤᠢ ᠃ ᠪᠢᠳᠡ ᠯᠠᠪᠲᠠᠢ ᠭᠢᠯᠪᠠᠷ ᠪᠤᠰᠤ ᠪᠠᠷ ᠢᠷᠡᠭᠰᠡᠨ ᠰᠠᠶᠢᠨ ᠰᠠᠶᠢᠬᠠᠨ ᠪᠠᠶᠢᠳᠠᠯ ᠢ ᠮᠠᠰᠢ ᠨᠠᠨᠳᠢᠩᠨᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠢ ᠪᠦᠭᠦ ᠬᠦᠴᠦᠨ ᠢᠶᠠᠷ ᠢᠶᠠᠨ ᠳᠡᠮᠵᠢᠵᠦ ᠂ ᠥᠪᠥᠷ ᠮᠣᠩᠭᠤᠯ ᠤᠨ ᠬᠥᠭᠵᠢᠯᠲᠡ ᠳᠤ ᠦᠷᠭᠦᠯᠵᠢᠯᠡᠨ ᠬᠤᠪᠢ ᠨᠡᠮᠡᠷᠢ ᠦᠵᠡᠭᠦᠯᠵᠦ ᠂ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ ᠃