ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/1/24


      1 ᠰᠠᠷ᠎ᠠ ᠶᠢᠨ 22 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠦ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠬᠥᠭᠵᠢᠯᠲᠡ ᠶᠢ ᠠᠬᠢᠭᠤᠯᠵᠤ ᠂ ︽ ᠨᠢᠭᠡ ᠵᠤᠷᠪᠤᠰ ᠱᠤᠭᠤᠮ ︾ ᠤᠨ ᠱᠠᠭᠠᠷᠳᠠᠯᠭ᠎ᠠ ᠶᠣᠰᠣᠭᠠᠷ ᠪᠢᠲᠡᠭᠦᠦ ᠬᠡᠯᠬᠢᠶ᠎ᠡ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ ᠂ ᠲᠦᠷᠦ ᠶᠢᠨ ᠪᠣᠳᠣᠯᠭ᠎ᠠ ᠶᠢᠨ ︽ ᠬᠠᠮ ᠠᠷᠭ᠎ᠠ ᠬᠡᠮᠵᠢᠶ᠎ᠡ ︾ ᠶᠢ ᠰᠠᠶᠢᠲᠤᠷ ᠬᠡᠷᠡᠭᠵᠢᠭᠦᠯᠵᠦ ᠂ ᠨᠢᠭᠡᠳᠦᠭᠡᠷ ᠤᠯᠠᠷᠢᠯ ᠳᠤ ᠪᠦᠭᠦ ᠬᠦᠴᠦᠨ ᠢᠶᠠᠷ ᠢᠶᠠᠨ ᠴᠢᠷᠮᠠᠶᠢᠨ ᠲᠡᠮᠡᠴᠡᠵᠦ ᠂ ᠪᠦᠭᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠲᠣᠭᠲᠠᠭᠤᠨ ᠡᠭᠢᠯᠡᠯᠲᠡ ᠂ ᠰᠠᠶᠢᠨ ᠡᠭᠢᠯᠡᠯᠲᠡ ᠲᠠᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ︽ ᠵᠢᠷᠭᠤᠭᠠᠨ ᠠᠵᠢᠯᠯᠠᠭ᠎ᠠ ︾ ᠶᠢᠨ ᠬᠡᠷᠡᠭᠵᠢᠭᠦᠯᠬᠦ ᠲᠥᠰᠥᠯ ᠢ ᠰᠤᠳᠤᠯᠵᠤ ᠂ ᠲᠦᠷᠦᠭᠦᠯᠡᠨ ᠬᠢᠬᠦ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠬᠢᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠂ ᠨᠢᠭᠤᠷᠳᠠᠨ ᠰᠠᠨᠠᠯ ᠬᠤᠷᠢᠶᠠᠵᠤ ᠂ ᠡᠯ᠎ᠡ ᠲᠠᠯ᠎ᠠ ᠶᠢᠨ ᠬᠢᠨ ᠤ ᠰᠠᠶᠢᠨ ᠰᠠᠨᠠᠯ ᠂ ᠰᠠᠶᠢᠨ ᠰᠡᠳᠬᠢᠮᠵᠢ ᠶᠢ ᠴᠤᠭᠯᠠᠭᠤᠯᠵᠤ ᠂ ᠲᠥᠰᠥᠯ ᠢ ᠦᠨᠡᠨ ᠬᠦ ᠪᠣᠳᠠᠲᠠᠢ ᠨᠠᠷᠢᠯᠢᠭ ᠬᠢᠵᠦ ᠂ ᠠᠰᠠᠭᠤᠳᠠᠯ ᠢ ᠦᠨᠡᠨ ᠬᠦ ᠰᠢᠢᠳᠪᠦᠷᠢᠯᠡᠵᠦ ᠳᠡᠶᠢᠯᠭᠦ ᠰᠢᠨ᠎ᠡ ᠰᠡᠳᠬᠢᠮᠵᠢ ᠪᠠ ᠰᠢᠨ᠎ᠡ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ ᠃ ᠵᠣᠷᠢᠭᠲᠠᠢ ᠰᠦᠪᠡᠭᠴᠢᠯᠡᠵᠦ ᠰᠢᠨ᠎ᠡ ᠶᠢ ᠡᠭᠦᠳᠴᠦ ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ ᠂ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠵᠦ ᠂ ᠴᠤᠴᠠᠯᠲᠠ ᠦᠭᠡᠢ ᠤᠷᠤᠭᠰᠢᠯᠠᠵᠤ ᠂ ᠠᠵᠢᠯᠯᠠᠬᠤ ᠶᠢ ᠲᠡᠷᠢᠭᠦᠨ ᠳᠤ ᠲᠠᠯᠪᠢᠵᠤ ᠂ ᠰᠡᠳᠬᠢᠮᠵᠢ ᠪᠠᠨ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠃ ᠳᠡᠳ᠋ ᠲᠡᠷᠢᠭᠦᠯᠡᠭᠴᠢ ᠨᠠᠷ ᠪᠡᠶ᠎ᠡ ᠪᠠᠷ ᠢᠶᠠᠨ ᠣᠷᠣᠯᠴᠠᠵᠤ ᠂ ᠤᠳᠤ ᠠᠴᠠ ᠡᠬᠢᠯᠡᠨ ᠠᠵᠢᠯ ᠢᠶᠠᠨ ᠪᠦᠭᠦ ᠲᠠᠯ᠎ᠠ ᠪᠠᠷ ᠡᠬᠢᠯᠡᠭᠦᠯᠵᠦ ᠂ ᠮᠥᠷᠳᠡᠨ ᠲᠣᠬᠢᠷᠠᠭᠤᠯᠵᠤ ᠂ ᠠᠯᠢ ᠲᠦᠷᠭᠡᠨ ᠢᠶᠠᠷ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠂ ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠪᠤᠢ ᠪᠤᠯᠭᠠᠬᠤ ᠪᠠᠷ ᠴᠢᠷᠮᠠᠶᠢᠬᠤ ᠬᠡᠷᠡᠭᠲᠡᠢ ᠃ ᠡᠯ᠎ᠡ ᠰᠠᠯᠠᠭ᠎ᠠ ᠮᠥᠴᠢᠷ ᠤᠳ ᠴᠥᠮ ᠪᠤᠰᠤᠳ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠠᠵᠢᠯ ᠢᠶᠠᠨ ᠰᠠᠶᠢᠲᠤᠷ ᠬᠢᠵᠦ ᠂ ︽ ᠵᠢᠷᠭᠤᠭᠠᠨ ᠠᠵᠢᠯᠯᠠᠭ᠎ᠠ ︾ ᠶᠢ ᠨᠠᠶᠢᠳᠠᠪᠤᠷᠢᠵᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ ᠃

      ᠬᠤᠷᠠᠯ ᠠᠴᠠ ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠬᠢᠨᠠᠨ ᠵᠥᠪᠯᠡᠵᠦ ᠪᠠᠲᠤᠯᠠᠨ ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠪᠠᠶᠢᠭᠠᠳ ᠡᠯ᠎ᠡ ᠵᠦᠢᠯ ᠤᠨ ᠡᠭᠦᠷᠭᠡ ᠶᠢ ᠰᠠᠶᠢᠲᠤᠷ ᠠᠳᠬᠤᠵᠤ ᠂ ᠢᠯᠠᠩᠭᠤᠶ᠎ᠠ ᠠᠵᠤ ᠠᠬᠤᠢ ᠶᠢᠨ ᠬᠠᠷᠢᠭᠤᠴᠠᠯᠭ᠎ᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠷᠢᠭᠤᠴᠠᠯᠭ᠎ᠠ ᠶᠢ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠲᠠᠢ ᠤᠶᠠᠯᠳᠤᠭᠤᠯᠵᠤ ᠂ ᠡᠨᠡ ᠵᠢᠯ ᠤᠨ ᠡᠯ᠎ᠡ ᠵᠦᠢᠯ ᠤᠨ ᠠᠵᠢᠯ ᠳᠠᠬᠢᠨᠲᠠ ᠰᠢᠨ᠎ᠡ ᠲᠦᠪᠰᠢᠨ ᠳᠤ ᠬᠦᠷᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃

      ᠬᠤᠷᠠᠯ ᠠᠴᠠ ᠪᠠᠰᠠ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠤ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠢ ᠰᠤᠳᠤᠯᠵᠤ ᠂ ᠡᠨᠧᠷᠭᠢ ᠶᠢᠨ ᠬᠦᠷᠢᠶᠡᠨ ᠤ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠠᠷᠭ᠎ᠠ ᠬᠡᠮᠵᠢᠶ᠎ᠡ ᠂ ᠦᠷᠡᠵᠢᠯ ᠢ ᠳᠡᠮᠵᠢᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠨᠦᠭᠦᠳ ᠢ ᠬᠢᠨᠠᠨ ᠵᠥᠪᠯᠡᠵᠦ ᠪᠠᠲᠤᠯᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ