ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ  ᠰᠦᠨ ᠱᠤᠤ ᠴᠧᠩ ᠶᠠᠷᠢᠶ᠎ᠠ ᠲᠠᠯᠪᠢᠵᠤ  ᠸᠠᠩ ᠯᠢ ᠰᠢᠶᠠ ᠬᠤᠷᠠᠯ ᠢ ᠡᠷᠭᠢᠯᠡᠵᠦ  ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2025/1/26

    1 ᠰᠠᠷ᠎ᠠ ᠶᠢᠨ 25᠎ ᠤ ᠡᠳᠦᠷ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠵᠤ᠂ ᠪᠦᠭᠦ ᠬᠦᠴᠦᠨ ᠢᠶᠠᠷ ᠢᠶᠠᠨ ᠬᠥᠭᠵᠢᠯᠲᠡ ᠶᠢ ᠡᠷᠢᠯᠬᠢᠯᠡᠨ ᠬᠥᠭᠵᠢᠯᠲᠡ ᠶᠢ ᠠᠳᠬᠤᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠢᠯ ᠤᠨ ᠡᠬᠢᠨ ᠠᠴᠠ ᠵᠢᠯ ᠤᠨ ᠰᠡᠭᠦᠯᠴᠢ ᠪᠤᠯᠲᠠᠯ᠎ᠠ ᠠᠵᠢᠯᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠡᠯ᠎ᠡ ᠵᠦᠢᠯ ᠤᠨ ᠠᠵᠢᠯ ᠦᠢᠯᠡᠰ ᠤᠨ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃


 

    1 ᠰᠠᠷ᠎ᠠ ᠶᠢᠨ 25᠎ ᠤ ᠡᠳᠦᠷ᠂ 1 ᠰᠠᠷ᠎ᠠ ᠶᠢᠨ 25᠎ ᠤ ᠡᠳᠦᠷ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃

    ᠰᠦᠨ ᠱᠤᠤ ᠴᠧᠩ᠂ 2024 ᠣᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠᠶᠠᠷᠯᠠᠭᠤᠰᠢᠲᠠᠢ ᠠᠮᠵᠢᠯᠲᠠ ᠣᠯᠪᠠ᠃ ᠨᠢᠭᠡᠳᠦᠭᠡᠷ ᠤᠯᠠᠷᠢᠯ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠪᠦᠭᠦ ᠤᠯᠤᠰ ᠲᠤ ᠲᠦᠷᠦᠭᠦᠯᠡᠨ ᠳ᠋ᠦᠩᠰᠢᠭᠤᠷ ᠺᠢᠯᠣᠸᠠᠲ ᠢ ᠳᠠᠪᠠᠵᠤ᠂ ᠬᠤᠶᠠᠳᠤᠭᠠᠷ ᠤᠯᠠᠷᠢᠯ ᠳᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠲᠡᠷᠢᠭᠦᠨ ᠳᠤ ᠣᠷᠣᠵᠤ᠂ ᠭᠤᠷᠪᠠᠳᠤᠭᠠᠷ ᠤᠯᠠᠷᠢᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠠᠵᠢᠯ ᠤᠯᠠᠨ ᠲᠠᠯ᠎ᠠ ᠪᠠᠷ ᠦᠷ᠎ᠡ ᠪᠦᠲᠦᠮᠵᠢ ᠣᠯᠣᠭᠰᠠᠨ ᠠᠴᠠ ᠪᠦᠭᠦ ᠵᠢᠯ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠦᠷᠳᠡᠭ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ ᠠᠮᠤ ᠪᠤᠳᠠᠭᠠᠨ ᠤ ᠤᠨᠠᠯᠲᠠ 820 ᠳ᠋ᠦᠩᠰᠢᠭᠤᠷ ᠵᠢᠩ ᠢ ᠳᠠᠪᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠭᠦ ᠤᠯᠤᠰ ᠤᠨ ᠡᠮᠦᠨ᠎ᠡ 20 ᠨᠡᠷᠡᠰ ᠲᠤ ᠣᠷᠣᠵᠤ᠂ ᠰᠠᠷ᠎ᠠ ᠪᠦᠷᠢ ᠰᠢᠨ᠎ᠡ ᠠᠬᠢᠴᠠ ᠲᠠᠢ ᠪᠣᠯᠵᠤ᠂ ᠤᠯᠠᠷᠢᠯ ᠪᠦᠷᠢ ᠰᠢᠨ᠎ᠡ ᠦᠷ᠎ᠡ ᠪᠦᠲᠦᠮᠵᠢ ᠣᠯᠪᠠ᠃ ᠭᠡᠪᠡᠴᠦ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠪᠠᠰᠠ ᠪᠠᠲᠤ ᠪᠠᠬᠢ ᠪᠢᠰᠢ᠂ ᠡᠯ᠎ᠡ ᠵᠦᠢᠯ ᠤᠨ ᠡᠭᠦᠷᠭᠡ ᠮᠥᠨ ᠬᠦ ᠮᠠᠰᠢ ᠨᠦᠰᠡᠷ ᠬᠦᠨᠳᠦ ᠪᠠᠶᠢᠭᠰᠠᠭᠠᠷ ᠭᠡᠳᠡᠭ ᠢ ᠰᠡᠷᠭᠡᠭ ᠢᠶᠠᠷ ᠲᠠᠨᠢᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠤᠳᠠᠭᠠᠰᠢᠷᠠᠵᠤ ᠪᠤᠯᠬᠤ ᠦᠭᠡᠢ︾ ᠲᠤᠯᠭᠠᠮ ᠪᠤᠳᠤᠯ ᠪᠣᠯᠣᠨ ︽ᠰᠠᠭᠤᠵᠤ ᠲᠣᠭᠲᠠᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠵᠢᠯᠯᠠᠬᠤ ᠡᠷᠴᠢ ᠵᠣᠷᠢᠭ ᠢᠶᠠᠨ ᠬᠥᠪᠴᠢᠯᠡᠨ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠯ᠎ᠡ ᠵᠦᠢᠯ ᠤᠨ ᠠᠵᠢᠯ ᠢᠶᠠᠨ ᠨᠡᠩ ᠰᠠᠶᠢᠲᠤᠷ ᠬᠢᠬᠦ ᠬᠡᠷᠡᠭᠲᠡᠢ᠃ ᠴᠠᠭᠠᠨ ᠰᠠᠷ᠎ᠠ ᠠᠴᠠ ᠡᠮᠦᠨ᠎ᠡ ᠡᠬᠢᠯᠡᠭᠦᠯᠵᠦ ᠳᠡᠶᠢᠯᠭᠦ ᠶᠢ ᠨᠢ ᠡᠬᠢᠯᠡᠭᠦᠯᠵᠦ᠂ ᠪᠠᠶᠢᠷᠢᠯᠠᠭᠤᠯᠵᠤ ᠪᠤᠯᠬᠤ ᠶᠢ ᠪᠠᠶᠢᠷᠢᠯᠠᠭᠤᠯᠬᠤ ᠬᠡᠷᠡᠭᠲᠡᠢ᠃ ᠪᠠᠶᠠᠷ ᠤᠨ ᠬᠤᠭᠤᠴᠠᠭᠠᠨ ᠳᠤ ︽ᠣᠷᠣ ᠣᠷᠣᠨ ᠳᠠᠭᠠᠨ ᠣᠷᠣᠵᠤ — ᠪᠡᠯᠡᠳᠬᠡᠯ ᠬᠢᠭᠰᠡᠨ︾ ᠪᠠᠶᠢᠳᠠᠯ ᠢᠶᠠᠨ ᠪᠠᠲᠤᠯᠠᠵᠤ᠂ ᠠᠵᠢᠯᠯᠠᠬᠤ ᠡᠳᠦᠷ ᠳᠣᠭᠢᠶᠠᠨ ᠤ ᠫᠤᠤ ᠳᠤᠤᠭᠠᠷᠤᠮᠠᠭᠴᠠ ᠳᠠᠷᠤᠢ ᠡᠬᠢᠯᠡᠨ ᠭᠦᠶᠦᠵᠦ᠂ ᠳᠠᠭᠠᠭᠤᠯᠤᠨ ᠭᠦᠶᠦᠵᠦ᠂ ᠰᠢᠪᠲᠤᠯᠤᠯᠲᠠ ᠬᠢᠵᠦ᠂ ᠮᠢᠨᠦ᠋ᠲ ᠰᠸᠺᠦ᠋ᠨ᠋ᠳ᠋ ᠢ ᠠᠯᠳᠠᠯ ᠦᠭᠡᠢ ᠲᠡᠮᠡᠴᠡᠬᠦ ᠬᠡᠷᠡᠭᠲᠡᠢ ᠭᠡᠵᠡᠢ᠃

    ᠰᠦᠨ ᠱᠤᠤ ᠴᠧᠩ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ︽ᠰᠠᠶᠢᠨ ᠡᠭᠢᠯᠡᠯᠲᠡ︾᠎ ᠶᠢ ᠪᠡᠶᠡᠯᠡᠭᠦᠯᠬᠦ ᠳᠤ ᠡᠷᠬᠡᠪᠰᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠪᠦᠭᠦ ᠵᠢᠯ ᠤᠨ ᠪᠡᠯᠡ ᠣᠷᠣᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠰᠠᠭᠤᠷᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ︽ᠪᠦᠲᠦᠭᠡᠨ ᠪᠠᠶᠢᠭᠤᠯᠤᠯᠲᠠ︾᠎ ᠶᠢ ᠲᠦᠷᠭᠡᠳᠬᠡᠨ᠂ ᠬᠢᠨᠠᠨ ᠵᠥᠪᠰᠢᠶᠡᠷᠡᠬᠦ ᠭᠤᠭᠴᠤᠭ᠎ᠠ ᠪᠠ ᠶᠠᠪᠤᠴᠠ ᠶᠢ ᠤᠯᠠᠮ ᠴᠣᠮᠬᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠤᠷᠢᠳᠴᠢᠯᠠᠨ ᠰᠠᠶᠢᠲᠤᠷ ᠬᠢᠵᠦ᠂ ᠴᠠᠭ ᠢ ᠠᠮᠵᠢᠨ ᠠᠬᠢᠴᠠ ᠶᠢ ᠲᠦᠷᠭᠡᠳᠬᠡᠵᠦ᠂ ᠴᠠᠭᠠᠰᠤᠨ ᠳᠡᠭᠡᠷᠡᠬᠢ ᠵᠢᠷᠤᠭ ᠲᠥᠰᠥᠪ ᠢ ᠡᠷᠲᠡᠬᠡᠨ ᠪᠣᠳᠠᠲᠠᠢ ᠦᠵᠡᠮᠵᠢ ᠪᠤᠯᠭᠠᠬᠤ ᠬᠡᠷᠡᠭᠲᠡᠢ᠃ ᠪᠦᠭᠦ ᠬᠦᠴᠦᠨ ᠢᠶᠠᠷ ᠢᠶᠠᠨ ︽ᠣᠷᠣᠭᠤᠯᠤᠨ ᠠᠪᠴᠢᠷᠠᠵᠤ︾᠂ ᠶᠡᠭᠡ ᠶᠢ ᠣᠷᠣᠭᠤᠯᠤᠨ ᠬᠦᠴᠦᠷᠬᠡᠭ ᠢ ᠳᠠᠳᠠᠨ ᠠᠪᠴᠢᠷᠠᠵᠤ᠂ ᠰᠢᠯᠢᠳᠡᠭ ᠢ ᠲᠥᠪᠯᠡᠷᠡᠭᠦᠯᠦᠨ ᠰᠢᠨ᠎ᠡ ᠶᠢ ᠴᠤᠭᠯᠠᠷᠠᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠵᠦ᠂ ᠴᠣᠩᠬᠤᠪᠴᠢ ᠨᠢᠭᠡᠴᠢ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠭᠦ ᠵᠢᠯ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠤᠯᠠᠨ ᠲᠠᠯ᠎ᠠ ᠠᠴᠠ ︽ᠪᠡᠯᠡ ᠣᠷᠣᠭᠤᠯᠵᠤ︾᠂ ᠡᠳ᠋ ᠤᠨ ᠵᠠᠰᠠᠭ ᠤᠨ ᠪᠡᠯᠡ ᠮᠥᠩᠭᠦ ᠶᠢᠨ ︽ᠬᠥᠰᠢᠭᠦᠷᠭᠡ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠤᠯᠠᠨ ᠨᠡᠶᠢᠭᠡᠮ ᠤᠨ ᠪᠡᠯᠡ ᠮᠥᠩᠭᠦ ᠶᠢ ᠳᠠᠶᠢᠴᠢᠯᠠᠨ ᠣᠷᠣᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ ᠶᠢ ᠬᠦᠴᠦᠯᠡᠨ ᠥᠷᠭᠡᠳᠬᠡᠬᠦ ᠬᠡᠷᠡᠭᠲᠡᠢ ᠭᠡᠪᠡ᠃

    ᠰᠦᠨ ᠱᠤᠤ ᠴᠧᠩ᠂ ᠴᠠᠭᠠᠨ ᠰᠠᠷ᠎ᠠ ᠶᠢᠨ ᠡᠮᠦᠨ᠎ᠡ ᠬᠤᠶᠢᠨ᠎ᠠ ᠪᠣᠯ ᠬᠡᠷᠡᠭᠯᠡᠭᠡ ᠬᠥᠭᠵᠢᠶᠡᠨᠲᠡᠢ ᠴᠠᠭ ᠪᠣᠯᠣᠨ᠎ᠠ᠂ ᠪᠠᠶᠠᠷ ᠤᠨ ᠬᠤᠭᠤᠴᠠᠭ᠎ᠠ ᠪᠣᠯᠣᠨ ᠨᠢᠭᠡᠳᠦᠭᠡᠷ ᠤᠯᠠᠷᠢᠯ ᠤᠨ ᠬᠡᠷᠡᠭᠯᠡᠭᠡ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠪᠦᠭᠦ ᠵᠢᠯ ᠤᠨ ᠬᠡᠷᠡᠭᠯᠡᠭᠡ ᠶᠢᠨ ᠰᠢᠨ᠎ᠡ ᠨᠡᠮᠡᠭᠳᠡᠯ ᠢ ᠳᠠᠶᠢᠴᠢᠯᠠᠬᠤ ᠬᠡᠷᠡᠭᠲᠡᠢ᠃ ᠲᠠᠸᠠᠷ ᠤᠨ ᠲᠣᠬᠢᠷᠠᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠮᠥᠰᠥ ᠴᠠᠰᠤᠨ ᠤ ᠠᠵᠤ ᠠᠬᠤᠢ᠂ ᠲᠣᠬᠯᠠᠯᠲᠠ ᠶᠢᠨ ᠠᠵᠤ ᠠᠬᠤᠢ᠂ ᠤᠷᠤᠯᠳᠤᠭᠠᠨ ᠤ ᠠᠵᠤ ᠠᠬᠤᠢ ᠵᠡᠷᠭᠡ ᠬᠡᠷᠡᠭᠯᠡᠭᠡ ᠶᠢᠨ ᠬᠠᠯᠠᠮᠰᠢᠯ ᠢ ᠢᠳᠡᠪᠬᠢᠲᠡᠢ ᠪᠤᠶ ᠪᠤᠯᠭᠠᠵᠤ᠂ ᠵᠦᠢ ᠵᠣᠬᠢᠰᠲᠠᠢ ᠪᠣᠷᠤᠯᠠᠭᠤᠯᠭ᠎ᠠ ᠶᠢᠨ ᠠᠷᠭ᠎ᠠ ᠵᠠᠮ ᠢᠶᠠᠷ ᠬᠤᠳᠠᠯᠳᠤᠭ᠎ᠠ ᠪᠣᠷᠤᠯᠠᠭᠤᠯᠭ᠎ᠠ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠨᠡᠮᠡᠭᠦᠷᠢ ᠮᠥᠩᠭᠦ ᠨᠥᠬᠦᠪᠦᠷᠢ ᠮᠥᠩᠭᠦ᠂ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠪᠣᠯᠣᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠨᠥᠬᠦᠪᠦᠷᠢ ᠵᠡᠷᠭᠡ ᠶᠢ ᠳᠠᠷᠤᠶᠢᠬᠠᠨ ᠪᠠᠭᠤᠯᠭᠠᠵᠤ᠂ ᠠᠷᠭ᠎ᠠ ᠪᠤᠳᠣᠵᠤ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠯᠥᠰᠦᠨ ᠲᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠬᠤ ᠬᠡᠷᠡᠭᠲᠡᠢ ᠭᠡᠪᠡ᠃

    ᠰᠦᠨ ᠱᠤᠤ ᠴᠧᠩ᠂ ᠵᠢᠱᠢᠯᠲᠡ ᠰᠠᠶᠢᠨ ᠪᠣᠯ ᠰᠠᠶ᠋ᠢ ᠢᠲᠡᠭᠡᠯ ᠲᠡᠭᠦᠯᠳᠡᠷ ᠪᠣᠯᠣᠨ᠎ᠠ᠂ ᠲᠦᠷᠦ ᠶᠢᠨ ᠪᠣᠳᠣᠯᠭ᠎ᠠ ᠶᠢ ᠤᠬᠠᠭᠤᠯᠬᠤ ᠪᠠᠷ ᠳᠠᠮᠵᠢᠨ ᠵᠢᠱᠢᠯᠲᠡ ᠶᠢ ᠬᠥᠲᠥᠯᠥᠨ ᠵᠢᠯᠤᠭᠤᠳᠴᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠢ ᠱᠠᠯᠠᠪᠳᠠᠭᠤᠯᠤᠨ ᠱᠠᠭᠠᠷᠳᠠᠵᠤ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠭᠤᠯᠵᠤ᠂ ᠲᠥᠪ ᠤᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠴᠠᠭ ᠲᠤᠬᠠᠢ ᠳᠤᠨᠢ ᠰᠤᠷᠤᠯᠴᠠᠵᠤ᠂ ᠬᠥᠭᠵᠢᠯᠲᠡ ᠶᠢᠨ ᠠᠵᠠ ᠲᠣᠭᠢᠶᠠᠯ ᠢ ᠨᠠᠩ ᠰᠠᠶᠢᠲᠤᠷ ᠡᠵᠡᠮᠳᠡᠵᠦ᠂ ᠠᠵᠢᠯ ᠤᠨ ᠰᠢᠪᠲᠤᠯᠤᠯᠲᠠ ᠶᠢᠨ ᠴᠡᠭ ᠢ ᠡᠷᠢᠯᠬᠢᠯᠡᠬᠦ ᠬᠡᠷᠡᠭᠲᠡᠢ᠃ ᠤᠯᠠᠨ ᠲᠦᠮᠡᠨ ᠪᠠ ᠠᠵᠤ ᠠᠬᠤᠶᠢᠯᠠᠯ ᠳᠤ ᠲᠦᠷᠦ ᠶᠢᠨ ᠪᠣᠳᠣᠯᠭ᠎ᠠ ᠶᠢ ᠲᠣᠳᠣᠷᠬᠠᠢ ᠶᠠᠷᠢᠵᠤ᠂ ᠠᠷᠠᠳ ᠢ ᠦᠢᠮᠡᠭᠦᠯᠬᠦ ᠦᠭᠡᠢ᠂ ᠠᠵᠤ ᠠᠬᠤᠶᠢᠯᠠᠯ ᠢ ᠦᠢᠮᠡᠭᠦᠯᠬᠦ ᠦᠭᠡᠢ ᠤᠷᠢᠲᠠᠯ ᠳᠣᠣᠷ᠎ᠠ᠂ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠪᠠᠶᠢᠳᠠᠯ ᠤᠨ ᠲᠤᠬᠠᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠪᠠ ᠠᠵᠤ ᠠᠬᠤᠶᠢᠯᠠᠯ ᠤᠨ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠰᠢᠰᠲ᠋ᠧᠮ ᠤᠨ ᠬᠢᠨ ᠴᠥᠮ ᠬᠥᠳᠡᠯᠦᠯᠴᠡᠵᠦ᠂ ︽ᠵᠢᠷᠭᠤᠭᠠᠨ ᠠᠵᠢᠯᠯᠠᠭ᠎ᠠ︾᠎ ᠶᠢ ᠠᠯᠬᠤᠮ ᠨᠢᠭᠡᠲᠡᠢ ᠥᠷᠨᠢᠭᠦᠯᠵᠦ᠂ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠲᠦᠷᠦᠭᠦᠯᠡᠨ ᠬᠢᠵᠦ᠂ ᠠᠵᠢᠯ ᠢᠶᠠᠨ ᠤᠷᠤᠭᠰᠢ ᠠᠬᠢᠭᠤᠯᠵᠤ ᠪᠠᠶᠢᠬᠤ ᠶᠢ ᠨᠡᠶᠢᠭᠡᠮ ᠳᠠᠶᠠᠭᠠᠷ ᠲᠤ ᠦᠵᠡᠭᠦᠯᠭᠦ ᠬᠡᠷᠡᠭᠲᠡᠢ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠲᠦᠷᠭᠡᠨ ᠲᠥᠯᠥᠵᠦ᠂ ᠠᠵᠤ ᠠᠬᠤᠶᠢᠯᠠᠯ ᠤᠨ ᠰᠡᠳᠬᠢᠯ ᠢ ᠠᠮᠤᠷᠵᠢᠭᠤᠯᠬᠤ ᠬᠡᠷᠡᠭᠲᠡᠢ ᠭᠡᠵᠡᠢ᠃

    ᠬᠤᠷᠠᠯ ᠠᠴᠠ 2024 ᠣᠨ ᠤ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠵᠠᠷᠯᠠᠵᠤ᠂ 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠡᠭᠦᠷᠭᠡ ᠶᠢ ᠲᠣᠬᠢᠷᠠᠭᠤᠯᠪᠠ᠃ ᠭᠦᠭᠡᠬᠤᠲᠠ᠂ ᠪᠤᠭᠤᠲᠤ ᠬᠤᠲᠠ᠂ ᠣᠷᠳᠣᠰ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠤᠣᠯ ᠬᠠᠷᠢᠭᠤᠴᠠᠯᠭᠠᠲᠠᠨ ᠨᠥᠬᠦᠳ ᠦᠭᠡ ᠬᠡᠯᠡᠪᠡ᠃

    ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠭᠦᠭᠡᠬᠤᠲᠠ ᠳᠤ ᠰᠠᠭᠤᠭ᠎ᠠ ᠬᠡᠰᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ᠂ ᠡᠷᠢᠶᠡᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ