ᠥᠪᠥᠷ ᠮᠣᠩᠭᠤᠯ ᠤᠨ ᠥᠪᠡᠷᠲᠡᠭᠡᠨ ᠵᠠᠰᠠᠬᠤ
ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠥᠰᠦᠭ ﹇2024 ﹈ 245 ᠳ᠋ᠤᠭᠠᠷ ᠲᠣᠭᠠᠲᠤ
ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠵᠡᠷᠭᠡ ᠬᠤᠰᠢᠭᠤ ᠰᠢᠶᠠᠨ ︵ᠲᠣᠭᠤᠷᠢᠭ︶ ᠤ ᠤᠯᠤᠰ ᠤᠨ
ᠨ᠊ᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ ᠶᠢᠨ
ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄
ᠲᠠᠨ ᠤ ᠬᠤᠲᠠ ᠶᠢᠨ ︽ ᠲᠦᠮᠡᠳ ᠵᠡᠭᠦᠨ ᠬᠤᠰᠢᠭᠤ ᠵᠡᠷᠭᠡ ᠶᠢᠰᠦᠨ ᠬᠤᠰᠢᠭᠤ ᠰᠢᠶᠠᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠬᠥᠬᠡᠬᠤᠲᠠ ᠵᠠᠰᠠᠭ ᠲᠠᠷᠬᠠᠭᠠᠭᠰᠠᠨ ﹇ 2024 ﹈ 333 ᠳ᠋ᠤᠭᠠᠷ ᠲᠣᠭᠠᠲᠤ︶ ᠶᠢ ᠬᠦᠯᠢᠶᠡᠨ ᠠᠪᠴᠤ ᠣᠶᠢᠯᠠᠭᠠᠯ᠎ᠠ ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ ᠄
ᠨᠢᠭᠡ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠬᠤᠯᠪᠤᠭᠠᠯᠠᠨ ᠬᠢᠨᠠᠨ ᠪᠠᠶᠢᠴᠠᠭᠠᠵᠤ ᠪᠠᠲᠤᠯᠠᠭᠰᠠᠨ ︽ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035ᠣᠨ︶ ︾᠂ ︽ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 - 2035 ᠣᠨ︶ ︾᠂ ︽ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021- 2035 ᠣᠨ︶ ︾᠂ ︽ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ ︾᠂ ︽ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ ︾᠂ ︽ ᠬᠥᠬᠡᠬᠤᠲᠠ ᠶᠢᠨ ᠲᠣᠭᠲᠠᠬᠤ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ ︾᠂ ︽ ᠬᠥᠬᠡᠬᠤᠲᠠ ᠶᠢᠨ ᠬᠤᠷᠢᠨᠭᠡᠷ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ ︾᠂ ︽ ᠬᠥᠬᠡᠬᠤᠲᠠ ᠶᠢᠨ ᠴᠢᠩ ᠱᠦᠢ ᠾᠧ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ ︾᠂ ︽ ᠬᠥᠬᠡᠬᠤᠲᠠ ᠶᠢᠨ ᠦᠴᠦᠸᠠᠨ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶︾ ︵ᠳᠣᠷᠣᠭᠰᠢ ︽ ᠲᠥᠯᠦᠪᠵᠢᠭᠦᠯᠭᠡ ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ ᠃ ᠲᠠᠨ ᠤ ᠬᠤᠲᠠ ᠶᠢᠨ ᠬᠢᠨ ᠡᠯ᠎ᠡ ᠬᠤᠰᠢᠭᠤ ᠰᠢᠶᠠᠨ ︵ᠲᠣᠭᠤᠷᠢᠭ︶ ᠢ ᠵᠢᠯᠤᠭᠤᠳᠴᠤ ᠪᠠᠶᠢᠭᠠᠳ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠬᠦ ᠲᠠᠯ᠎ᠠ ᠪᠠᠷ ᠲᠤᠭᠤᠰᠢᠯᠠᠭᠤᠯᠵᠤ ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠰᠢᠵᠦ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ ᠂ ᠰᠢᠨ᠎ᠡ ᠬᠤᠲᠠ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠠᠭᠤᠰᠤᠯᠴᠠᠭᠰᠠᠨ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠰᠡᠨ ᠬᠤᠰᠢᠭᠤᠴᠢ ᠲᠣᠭᠤᠷᠢᠭ ᠪᠣᠯᠭᠠᠨ ᠪᠠᠶᠢᠭᠤᠯᠵᠤ ᠂ ᠬᠤᠲᠣᠩ ᠠᠷᠠᠳ ᠤᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠬᠤᠳᠠᠯᠳᠤᠭᠠᠨ ᠤ ᠦᠢᠯᠡᠴᠢᠯᠡᠭᠡ ᠵᠢᠴᠢ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠭ ᠪᠣᠯᠭᠠᠨ ᠪᠠᠶᠢᠭᠤᠯᠵᠤ ᠂ ᠢᠦᠢ ᠴᠢᠤᠸᠠᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠠᠭᠤᠰᠤᠯᠴᠠᠭᠰᠠᠨ ᠵᠢᠴᠢ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠬᠤᠰᠢᠭᠤᠴᠢ ᠲᠣᠭᠤᠷᠢᠭ ᠪᠣᠯᠭᠠᠨ ᠪᠠᠶᠢᠭᠤᠯᠵᠤ ᠂ ᠰᠠᠶᠢᠬᠠᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠮᠥᠩᠭᠦᠨ ᠭᠦᠢᠯᠭᠡᠭᠡ ᠵᠠᠰᠠᠭ ᠵᠠᠬᠢᠷᠭ᠎ᠠ ᠬᠤᠳᠠᠯᠳᠤᠭᠠᠨ ᠤ ᠶᠠᠪᠤᠳᠠᠯ ᠤᠨ ᠲᠣᠭᠤᠷᠢᠭ ᠂ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠤ ᠂ ᠲᠦᠮᠡᠳ ᠵᠡᠭᠦᠨ ᠬᠤᠰᠢᠭᠤ ᠶᠢ ᠬᠥᠬᠡᠬᠤᠲᠠ ᠶᠢᠨ ᠰᠦ ᠰᠠᠭᠠᠯᠢ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠢᠴᠢ ᠲᠡᠷᠢᠭᠦᠨ ᠤ ᠦᠢᠯᠡᠳᠬᠦ ᠦᠢᠯᠡᠰ ᠤᠨ ᠴᠢᠬᠤᠯᠠ ᠰᠠᠭᠤᠷᠢᠨ ᠭᠠᠵᠠᠷ ᠪᠣᠯᠭᠠᠨ ᠪᠠᠶᠢᠭᠤᠯᠵᠤ ᠂ ᠲᠣᠭᠲᠠᠬᠤ ᠰᠢᠶᠠᠨ ᠢ ᠬᠥᠬᠡᠬᠤᠲᠠ ᠶᠢᠨ ᠡᠨᠧᠷᠭᠢ ᠬᠢᠮᠢ ᠶᠢᠨ ᠠᠵᠤ ᠦᠢᠯᠡᠳᠪᠦᠷᠢ ᠵᠢᠴᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠭᠠᠷᠭᠠᠯᠲᠠ ᠶᠢᠨ ᠰᠠᠭᠤᠷᠢᠨ ᠭᠠᠵᠠᠷ ᠪᠣᠯᠭᠠᠨ ᠪᠠᠶᠢᠭᠤᠯᠵᠤ ᠂ ᠬᠤᠷᠢᠨᠭᠡᠷ ᠰᠢᠶᠠᠨ ᠢ ᠬᠥᠬᠡᠬᠤᠲᠠ ᠶᠢᠨ ᠬᠤᠲᠠ ᠶᠢᠨ ᠳᠡᠳ᠋ ᠲᠥᠪ ᠪᠠ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠤ ᠂ ᠴᠢᠩ ᠱᠦᠢ ᠾᠧ ᠰᠢᠶᠠᠨ ᠢ ᠬᠥᠬᠡᠬᠤᠲᠠ ᠶᠢᠨ ᠠᠮᠢ ᠠᠬᠤᠢ ᠶᠢᠨ ᠵᠢᠭᠤᠯᠴᠢᠯᠠᠯ ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠡᠨᠧᠷᠭᠢ ᠵᠢᠴᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠷᠪᠣᠯᠭᠠᠨ ᠪᠠᠶᠢᠭᠤᠯᠵᠤ ᠂ ᠦᠴᠦᠸᠠᠨ ᠰᠢᠶᠠᠨ ᠢ ᠬᠥᠬᠡᠬᠤᠲᠠ ᠶᠢᠨ ᠰᠣᠶᠣᠯ ᠵᠢᠭᠤᠯᠴᠢᠯᠠᠯ ᠂ ᠴᠡᠪᠡᠷ ᠡᠨᠧᠷᠭᠢ ᠵᠢᠴᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠨ᠎ᠠ ᠃
ᠬᠤᠶᠠᠷ ᠂ ᠠᠮᠤᠷ ᠲᠦᠪᠰᠢᠨ ᠢᠶᠠᠷ ᠬᠥᠭᠵᠢᠭᠦᠯᠬᠦ ᠣᠷᠣᠨ ᠵᠠᠢ ᠶᠢᠨ ᠰᠠᠭᠤᠷᠢ ᠶᠢ ᠪᠠᠲᠤ ᠪᠠᠬᠢ ᠴᠣᠭᠴᠠᠯᠠᠨ᠎ᠠ ᠃ 2035 ᠣᠨ ᠪᠣᠯᠬᠤ ᠳᠤ ᠂ ᠰᠢᠨ᠎ᠡ ᠬᠤᠲᠠ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 5.9256 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠂ ᠡᠭᠦᠨ ᠳᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 4.8472 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 412.7094 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.1529 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ ᠃ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 0.4405 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 116.5343 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.0569 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ ᠃ ᠢᠦᠢ ᠴᠢᠤᠸᠠᠨ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 10.4584 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠂ ᠡᠭᠦᠨ ᠳᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 9.0003 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 0.0835 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.4499 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ ᠃ ᠰᠠᠶᠢᠬᠠᠨ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 56.4608 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠂ ᠡᠭᠦᠨ ᠳᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 51.2195 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 34.4406 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.4412 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ ᠃ ᠲᠦᠮᠡᠳ ᠵᠡᠭᠦᠨ ᠬᠤᠰᠢᠭᠤᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 172.9627 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠂ ᠡᠭᠦᠨ ᠳᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 146.0652 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 1031.3292 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.3081 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ ᠃ ᠲᠣᠭᠲᠠᠬᠤ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 111.8605 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠂ ᠡᠭᠦᠨ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 89.2857 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 8.0322 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.2892 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ ᠃ ᠬᠤᠷᠢᠨᠭᠡᠷ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 156.9247 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠂ ᠡᠭᠦᠨ ᠳᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 135.3773 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 196.9298 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.4808 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ ᠃ ᠴᠢᠩ ᠱᠦᠢ ᠾᠧ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 91.8812 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠂ ᠡᠭᠦᠨ ᠳᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 72.9291 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠢ ᠶᠢ 543.2347 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.2857 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ ᠃ ᠦᠴᠦᠸᠠᠨ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 213.8319 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠂ ᠡᠭᠦᠨ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 184.6769 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 757.1624 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.2892 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ ᠃ ᠳᠡᠭᠡᠷᠡᠬᠢ ᠬᠤᠰᠢᠭᠤ ᠰᠢᠶᠠᠨ ︵ᠲᠣᠭᠤᠷᠢᠭ︶ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠥᠬᠡᠬᠤᠲᠠ ᠶᠢᠨ ᠳᠣᠷᠣᠭᠰᠢ ᠪᠠᠭᠤᠯᠭᠠᠭᠰᠠᠨ ᠭᠦᠢᠴᠡᠳᠬᠡᠯ ᠲᠤᠭ᠎ᠠ ᠠᠴᠠ ᠳᠠᠪᠠᠭᠤᠯᠬᠤ ᠦᠭᠡᠢ ᠂ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠶᠢ ᠲᠣᠰ ᠭᠠᠵᠠᠷ ᠣᠷᠣᠨ ᠤ ᠬᠤᠪᠢᠶᠠᠷᠢᠯᠠᠨ ᠲᠣᠭᠲᠠᠭᠠᠭᠰᠠᠨ ᠲᠠᠯᠠᠪᠠᠶ ᠠᠴᠠ ᠳᠣᠣᠷ᠎ᠠ ᠪᠠᠶᠢᠯᠭᠠᠬᠤ ᠦᠭᠡᠢ ᠃
ᠭᠤᠷᠪᠠ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠦᠨ᠎ᠡ ᠃ ᠲᠠᠷᠢᠶᠠᠯᠠᠩ ᠮᠠᠯ ᠠᠵᠤ ᠠᠬᠤᠢ ᠶᠢᠨ ᠣᠷᠣᠨ ᠵᠠᠢ ᠶᠢᠨ ᠪᠦᠲᠦᠴᠡ ᠶᠢᠨ ᠰᠢᠯᠢᠳᠡᠭᠵᠢᠭᠦᠯᠦᠯᠲᠡ ᠶᠢ ᠠᠬᠢᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠠᠮᠤᠷ ᠲᠦᠪᠰᠢᠨ ᠂ ᠪᠣᠬᠢᠷᠲᠤᠯ ᠦᠭᠡᠢ ᠂ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ ᠂ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠴᠢᠩᠳᠠ ᠬᠠᠮᠠᠭᠠᠯᠠᠵᠤ ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠮᠤᠷ ᠲᠦᠪᠰᠢᠨ ᠢᠶᠠᠷ ᠬᠠᠩᠭᠠᠬᠤ ᠶᠢ ᠪᠠᠲᠤᠯᠠᠨ᠎ᠠ ᠃ ᠠᠮᠢ ᠠᠬᠤᠢ ᠶᠢᠨ ᠣᠷᠣᠨ ᠵᠠᠢ ᠶᠢ ᠬᠠᠮᠠᠭᠠᠯᠠᠬᠤ ᠪᠠ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ ᠂ ᠠᠮᠢ ᠠᠬᠤᠢ ᠶᠢ ᠰᠡᠷᠭᠦᠭᠡᠬᠦ ᠠᠵᠢᠯ ᠢ ᠥᠷᠨᠢᠭᠦᠯᠵᠦ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠴᠢᠩᠭᠠᠳᠬᠠᠵᠤ ᠂ ᠪᠠᠯᠭᠠᠰᠤ ᠪᠠ ᠲᠣᠰᠬᠤᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠨᠠᠶᠢᠷᠠᠮᠳᠠᠭᠤ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠴᠢᠩᠭ᠎ᠠ ᠰᠠᠬᠢᠵᠤ ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ ᠂ ᠱᠠᠲᠤ ᠦᠶ᠎ᠡ ᠪᠠ ᠴᠠᠭ ᠤᠨ ᠳᠠᠷᠠᠭᠠᠯᠠᠯ ᠬᠤᠪᠢᠶᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠨ᠎ᠡ ᠃ ᠬᠤᠳᠠ ᠬᠥᠳᠡᠭᠡ ᠶᠢᠨ ᠦᠯᠡᠳᠡᠭᠡᠯ ᠬᠡᠷᠡᠭᠯᠡᠭᠡᠨ ᠤ ᠭᠠᠵᠠᠷ ᠰᠢᠷᠣᠢ ᠶᠢᠨ ᠲᠠᠯᠳᠠ ᠬᠦᠴᠦᠨ ᠢ ᠠᠭᠤᠳᠠᠯᠬᠤ ᠡᠷᠴᠢᠮ ᠢᠶᠠᠨ ᠴᠢᠩᠭᠠᠷᠠᠭᠤᠯᠤᠨ ᠂ ᠬᠥᠷᠥᠰᠥ ᠰᠢᠷᠣᠢ ᠶᠢᠨ ᠬᠠᠮ ᠠᠰᠢᠭᠯᠠᠯᠲᠠ ᠶᠢ ᠬᠥᠲᠥᠯᠥᠨ ᠵᠢᠯᠤᠭᠤᠳᠴᠤ ᠂ ᠬᠥᠷᠥᠰᠥ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ ᠂ ᠬᠤᠳᠠ ᠪᠠᠯᠭᠠᠰᠤᠨ ᠤ ᠠᠭᠤᠯᠤᠭᠳᠠᠬᠤᠨ ᠮᠠᠶ᠋ᠢᠭ ᠤᠨ ᠡᠷᠴᠢᠮᠯᠢᠭ ᠬᠥᠭᠵᠢᠯᠲᠡ ᠶᠢ ᠠᠬᠢᠭᠤᠯᠤᠨ᠎ᠠ ᠃
ᠳᠥᠷᠪᠡ ᠂ ᠬᠤᠲᠠ ᠬᠥᠳᠡᠭᠡ ᠶᠢᠨ ᠣᠷᠣᠨ ᠵᠠᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ ᠃ ᠲᠥᠪ ᠪᠣᠯᠬᠤ ᠬᠤᠲᠠ ᠲᠣᠭᠤᠷᠢᠭ ᠤᠨ ᠣᠷᠣᠨ ᠵᠠᠢ ᠶᠢᠨ ᠪᠦᠲᠦᠴᠡ ᠪᠠ ᠭᠠᠵᠠᠷ ᠰᠢᠷᠣᠢ ᠬᠡᠷᠡᠭᠯᠡᠬᠦ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠂ ᠰᠤᠷᠭᠠᠨ ᠬᠥᠮᠦᠵᠢᠯ ᠂ ᠰᠣᠶᠣᠯ ᠂ ᠪᠡᠶ᠎ᠡ ᠶᠢᠨ ᠲᠠᠮᠢᠷ ᠂ ᠡᠮᠴᠢᠯᠡᠭᠡ ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠰᠢᠷᠣᠢ ᠶᠢ ᠵᠦᠢ ᠵᠣᠬᠢᠰᠲᠠᠢ ᠲᠣᠬᠢᠷᠠᠭᠤᠯᠤᠨ ᠂ ᠨᠡᠶᠢᠭᠡᠮ ᠲᠣᠭᠤᠷᠢᠭ ᠤᠨ ᠬᠢᠨ ᠤ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ ᠃ ᠬᠤᠳᠠ ᠶᠢᠨ ︽ᠲᠦᠷᠪᠡᠨ ᠱᠤᠭᠤᠮ ︾ ᠤᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ ᠂ ᠤᠯᠠᠨ ᠨᠡᠶᠢᠲᠡ ᠶᠢᠨ ᠴᠢᠯᠦᠭᠡᠲᠦ ᠵᠠᠳᠠᠭᠠᠢ ᠣᠷᠣᠨ ᠵᠠᠢ ᠶᠢ ᠰᠢᠰᠲ᠋ᠧᠮ ᠲᠠᠢ ᠪᠠᠷ ᠪᠠᠶᠢᠭᠤᠯᠤᠨ ᠂ ᠬᠤᠳᠠ ᠶᠢᠨ ᠰᠢᠨᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ ᠃ ᠲᠡᠦᠬᠡ ᠰᠣᠶᠣᠯ ᠤᠨ ᠬᠠᠮᠠᠭᠠᠯᠠᠯᠲᠠ ᠶᠢᠨ ᠱᠤᠭᠤᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠵᠢᠴᠢ ᠡᠷᠬᠢᠨ ᠲᠣᠭᠤᠷᠢᠨ ᠤ ᠣᠷᠴᠢᠨ ᠠᠬᠤᠢ ᠶᠢ ᠰᠠᠶᠢᠲᠤᠷ ᠬᠠᠮᠠᠭᠠᠯᠠᠵᠤ ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠨ᠎ᠠ ᠃ ᠬᠤᠳᠠ ᠶᠢᠨ ᠵᠢᠷᠤᠭ ᠲᠥᠯᠥᠪᠯᠡᠭᠡ ᠂ ᠠᠶᠢᠯ ᠲᠣᠰᠬᠤᠨ ᠤ ᠵᠢᠷᠤᠭ ᠲᠥᠯᠥᠪᠯᠡᠭᠡ ᠶᠢᠨ ᠠᠵᠢᠯ ᠢ ᠴᠢᠩᠭᠠᠷᠠᠭᠤᠯᠤᠨ ᠂ ᠬᠤᠳᠠ ᠬᠥᠳᠡᠭᠡ ᠶᠢᠨ ᠣᠷᠣᠨ ᠵᠠᠢ ᠶᠢᠨ ᠬᠡᠯᠪᠡᠷᠢ ᠪᠠᠶᠢᠳᠠᠯ ᠢ ᠰᠢᠯᠢᠳᠡᠭᠵᠢᠭᠦᠯᠵᠦ ᠂ ᠨᠤᠲᠤᠭ ᠪᠦᠰᠡ ᠶᠢᠨ ᠣᠨᠴᠠᠯᠢᠭ ᠢ ᠭᠦᠢᠴᠡᠳ ᠠᠭᠤᠯᠤᠭᠰᠠᠨ ᠬᠤᠳᠠ ᠬᠥᠳᠡᠭᠡ ᠶᠢᠨ ᠳᠦᠷᠰᠦ ᠪᠠᠶᠢᠳᠠᠯ ᠢ ᠢᠯᠡᠷᠡᠭᠦᠯᠦᠨ᠎ᠡ ᠃
ᠲᠠᠪᠤ ᠂ ᠣᠳᠣᠬᠢᠴᠢᠯᠠᠭᠰᠠᠨ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ ᠃ ᠬᠤᠳᠠ ᠬᠥᠳᠡᠭᠡ ᠶᠢᠨ ᠡᠯ᠎ᠡ ᠲᠦᠷᠦᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠣᠷᠣᠨ ᠪᠦᠰᠡ ᠶᠢᠨ ᠴᠢᠬᠤᠯᠠ ᠬᠤᠳᠠ ᠯᠤᠭ᠎ᠠ ᠶᠢᠨ ᠵᠠᠮ ᠬᠠᠷᠢᠯᠴᠠᠭᠠᠨ ᠤ ᠬᠠᠷᠢᠯᠴᠠᠭ᠎ᠠ ᠬᠤᠯᠪᠤᠭ᠎ᠠ ᠶᠢ ᠴᠢᠩᠭᠠᠷᠠᠭᠤᠯᠤᠨ ᠂ ᠡᠯ᠎ᠡ ᠵᠦᠢᠯ ᠤᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢ ᠬᠠᠷᠢᠯᠴᠠᠨ ᠵᠣᠬᠢᠴᠠᠭᠤᠯᠤᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠯᠴᠠᠭ᠎ᠠ ᠶᠢ ᠪᠠᠶᠢᠭᠤᠯᠤᠨ᠎ᠠ ᠃ ᠤᠯᠠᠨ ᠨᠡᠶᠢᠲᠡ ᠶᠢᠨ ᠠᠮᠤᠷ ᠲᠦᠪᠰᠢᠨ ᠪᠠ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ ᠂ ᠬᠤᠳᠠ ᠶᠢᠨ ᠠᠮᠢᠨ ᠰᠤᠳᠠᠰᠤ ᠪᠦᠬᠦᠢ ᠴᠢᠳᠠᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠦᠨ᠎ᠡ ᠃
ᠵᠢᠷᠭᠤᠭ᠎ᠠ ᠂ ᠲᠥᠯᠦᠪᠵᠢᠭᠦᠯᠭᠡ ᠶᠢᠨ ᠲᠥᠪ ᠴᠢᠩᠭ᠎ᠠ ᠴᠢᠨᠠᠷ ᠡᠷᠬᠡ ᠰᠦᠷᠲᠦ ᠴᠢᠨᠠᠷ ᠢ ᠬᠠᠮᠠᠭᠠᠯᠠᠨ᠎ᠠ ᠃ ︽ ᠣᠯᠠᠨ ᠲᠥᠯᠦᠪᠵᠢᠭᠦᠯᠭᠡ ᠶᠢ ᠨᠢᠭᠡ ᠪᠣᠯᠭᠠᠬᠤ ︾ ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠭᠲᠠᠯᠴᠠᠭ᠎ᠠ ᠠᠴᠠ ᠭᠠᠳᠠᠨ᠎ᠠ ᠪᠤᠰᠤᠳ ᠣᠷᠣᠨ ᠵᠠᠢ ᠶᠢᠨ ᠲᠥᠯᠦᠪᠵᠢᠭᠦᠯᠭᠡ ᠶᠢ ᠠᠰᠲᠠᠭᠠᠨ ᠭᠠᠷᠭᠠᠬᠤ ᠦᠭᠡᠢ ᠃ ︽ᠲᠥᠯᠦᠪᠵᠢᠭᠦᠯᠭᠡ ︾ ᠶᠢ ᠴᠢᠩᠭ᠎ᠠ ᠬᠡᠷᠡᠭᠵᠢᠭᠦᠯᠵᠦ ᠂ ᠶᠠᠮᠠᠷᠪᠠ ᠰᠠᠯᠠᠭ᠎ᠠ ᠮᠥᠴᠢᠷ ᠪᠠ ᠬᠤᠪᠢ ᠬᠥᠮᠥᠨ ᠭᠡᠳ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ ᠂ ᠲᠣᠭᠲᠠᠭᠠᠯ ᠠᠴᠠ ᠵᠥᠷᠢᠴᠡᠨ ᠬᠤᠪᠢᠷᠠᠭᠠᠵᠤ ᠪᠣᠯᠬᠤ ᠦᠭᠡᠢ ᠃ ᠨᠢᠭᠡᠨ ᠵᠢᠷᠤᠭ ᠲᠥᠰᠥᠪ ᠢ ᠪᠠᠷᠢᠵᠤ ᠡᠴᠦᠰ ᠲᠤ ᠨᠢ ᠲᠤᠯᠲᠠᠯ᠎ᠠ ᠲᠤᠭᠤᠰᠢᠲᠠᠢ ᠬᠢᠬᠦ ᠶᠢ ᠪᠠᠷᠢᠮᠲᠠᠯᠠᠵᠤ ᠂ ᠲᠥᠯᠦᠪᠵᠢᠭᠦᠯᠭᠡ ᠂ ᠪᠦᠲᠦᠭᠡᠨ ᠪᠠᠶᠢᠭᠤᠯᠤᠯᠲᠠ ᠂ ᠵᠠᠰᠠᠯᠲᠠ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠦᠨ᠎ᠡ ᠃ ︽ ᠭᠤᠷᠪᠠᠨ ᠣᠷᠣᠨ ᠵᠠᠢ ᠭᠤᠷᠪᠠᠨ ᠡᠵᠡᠮᠳᠡᠯ ᠤᠨ ᠱᠤᠭᠤᠮ ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ ᠂ ︽ ᠲᠥᠯᠦᠪᠵᠢᠭᠦᠯᠭᠡ ︾ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠬᠠᠮᠢᠶᠠᠷᠤᠨ᠎ᠠ ᠃ ᠨᠠᠷᠢᠯᠢᠭ ᠲᠥᠯᠦᠪᠵᠢᠭᠦᠯᠭᠡ ᠂ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠂ ᠲᠤᠰᠬᠠᠢ ᠵᠦᠢᠯ ᠤᠨ ᠲᠥᠯᠦᠪᠵᠢᠭᠦᠯᠭᠡ ᠳᠠᠬᠢ ᠵᠢᠯᠣᠭᠤᠳᠤᠯᠭ᠎ᠠ ᠬᠢᠵᠠᠭᠠᠷᠯᠠᠯ ᠢᠶᠠᠨ ᠴᠢᠩᠭᠠᠷᠠᠭᠤᠯᠤᠨ᠎ᠠ ᠃ ᠪᠦᠬᠦ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠥᠳᠡᠯᠦᠩᠭᠦᠢ ᠪᠠᠷ ᠬᠢᠨᠠᠨ ᠰᠢᠨᠵᠢᠬᠦ ᠦᠨᠡᠯᠡᠨ ᠵᠢᠱᠢᠬᠦ ᠤᠷᠢᠳᠴᠢᠯᠠᠨ ᠰᠡᠷᠡᠮᠵᠢᠯᠡᠭᠦᠯᠬᠦ ᠪᠠ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ︽ᠲᠥᠯᠦᠪᠵᠢᠭᠦᠯᠭᠡ ︾ ᠶᠢ ᠳᠠᠷᠤᠮᠠᠯᠯᠠᠨ ᠲᠠᠷᠬᠠᠭᠠᠬᠤ ᠪᠠ ᠢᠯᠡ ᠪᠣᠯᠭᠠᠬᠤ ᠠᠵᠢᠯ ᠢ ᠰᠠᠶᠢᠲᠤᠷ ᠬᠢᠵᠦ ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ ᠃ ︽ᠲᠥᠯᠦᠪᠵᠢᠭᠦᠯᠭᠡ ︾ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠵᠦᠢᠯᠡᠰ ᠢ ᠴᠠᠭ ᠲᠤᠬᠠᠢ ᠳᠤ ᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ ᠃
2024 ᠣᠨ ᠤ12 ᠳ᠋ᠤᠭᠠᠷ ᠰᠠᠷ᠎ᠠ ᠶᠢᠨ19 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶