ᠲᠥᠪ ᠤᠨ ᠤᠳᠤᠷᠢᠳᠬᠤ ᠨᠥᠬᠦᠳ ᠠᠬᠠᠮᠠᠳ ᠨᠥᠬᠦᠳ ᠢ ᠡᠷᠭᠢᠨ ᠦᠵᠡᠪᠡ
ᠨᠡᠶᠢᠲᠡᠯᠡᠭᠰᠡᠨ ᠴᠠᠭ᠄
2025/1/27

    ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 26 ᠤ ᠴᠠᠭᠢᠯᠭᠠᠨ ᠮᠡᠳᠡᠭᠡ  ᠴᠠᠭᠠᠨ ᠰᠠᠷ᠎ᠠ ᠠᠴᠠ ᠡᠮᠦᠨᠡᠬᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠥᠰ ᠲᠤᠰ ᠲᠤᠰ ᠬᠤ᠋ ᠶᠢᠨ ᠲᠤᠤ᠂ ᠵᠦ ᠷᠦᠩ ᠵᠢᠢ᠂ ᠯᠢ ᠷᠦᠢ ᠬᠤᠸᠠᠨ᠂ ᠸᠧᠨ ᠵᠢᠶᠠ ᠪᠦᠦ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠢ ᠵᠧᠩ ᠱᠧᠩ᠂ ᠯᠢ ᠵᠠᠨ ᠱᠣ᠋᠂ ᠸᠠᠩ ᠶᠠᠩ᠂ ᠰᠦᠩ ᠫᠢᠩ᠂ ᠯᠢ ᠯᠠᠨ ᠴᠢᠩ᠂ ᠽᠧᠩ ᠴᠢᠩ ᠬᠤᠩ᠂ ᠦ᠋ ᠭᠤᠸᠠᠨ ᠵᠧᠩ᠂ ᠯᠢ ᠴᠠᠩ ᠴᠦᠨ᠂ ᠯᠥᠸᠧ ᠭᠠᠨ᠂ ᠾᠧ ᠭᠦᠸᠧ ᠴᠢᠶᠠᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ ᠪᠣᠯᠣᠨ ᠲᠢᠶᠠᠨ ᠵᠢᠢ ᠶᠦᠨ᠂ ᡂᠢ ᠬᠤᠤ ᠲᠢᠶᠠᠨ᠂ ᠸᠠᠩ ᠯᠧ ᠴᠢᠤᠸᠠᠨ᠂ ᠸᠠᠩ ᠵᠣᠤ ᠭᠦᠸᠧ᠂ ᠬᠤᠶ ᠯᠢᠶᠠᠩ ᠢᠦᠢ᠂ ᠯᠢᠦ ᠴᠢ᠂ ᠦ᠋ ᠢ᠂ ᠼᠤᠤ ᠭᠠᠩ ᠴᠤᠸᠠᠨ᠂ ᠽᠧᠩ ᠫᠧᠢ ᠶᠠᠨ᠂ ᠸᠠᠩ ᠭᠠᠩ᠂ ᠯᠢᠦ ᠶᠠᠨ ᠳ᠋ᠦᠩ᠂ ᠯᠢ ᠶᠤᠸᠠᠨ ᠴᠤᠤ᠂ ᠮᠠ ᠺᠠᠢ᠂ ᠰᠢᠦᠢ ᠴᠢ ᠯᠢᠶᠠᠩ᠂ ᠰᠦᠨ ᠴᠦᠨ ᠯᠠᠨ᠂ ᠯᠢ ᠵᠢᠶᠠᠨ ᠭᠦᠸᠧ᠂ ᠹᠠᠨ ᠴᠠᠩ ᠯᠦᠩ᠂ ᠮᠧᠩ ᠵᠢᠶᠠᠨ ᠵᠦ᠂ ᠭᠦᠸᠧ ᠶᠢᠨ ᠯᠦᠩ᠂ ᠸᠠᠩ ᠴᠧᠨ᠂ ᠯᠢᠦ ᠾᠧ᠂ ᠶᠠᠩ ᠵᠢᠶᠧ ᡂᠢ᠂ ᠶᠠᠩ ᠰᠢᠶᠣᠣ ᠳ᠋ᠦ᠋᠂ ᠴᠧᠨ ᠴᠢᠤᠸᠠᠨ ᠭᠦᠸᠧ᠂ ᠭᠦᠸᠧ ᠱᠧᠩ ᠺᠦᠨ᠂ ᠸᠠᠩ ᠬᠠᠨ ᠪᠢᠨ᠂ ᠾᠧ ᠶᠦᠩ᠂ ᠳ᠋ᠦ᠋ ᠴᠢᠩ ᠯᠢᠨ᠂ ᠵᠣᠤ ᠬᠤᠩ ᠵᠦ᠂ ᠶᠢᠣ ᠴᠢᠤᠸᠠᠨ᠂ ᠸᠠᠩ ᠪᠢᠩ ᠴᠢᠶᠠᠨ᠂ ᠽᠧᠦ ᠵᠢᠶᠠ ᠬᠤᠸᠠ᠂ ᠫᠧᠩ ᠫᠧᠢ ᠶᠦᠨ᠂ ᠯᠢ ᠲᠢᠶᠧ ᠶᠢᠩ᠂ ᠰᠢᠦᠢ ᠵᠢᠶᠠ ᠯᠦ᠂ ᠵᠢᠶᠠᠩ ᠵᠧᠩ ᠬᠤᠸᠠ᠂ ᠭᠦ᠋ ᠰᠢᠤ ᠯᠢᠶᠠᠨ᠂ ᠿᠧᠳᠢ᠂ ᠱᠧᠩ ᠬᠤᠸᠠ ᠷᠧᠨ᠂ ᠯᠦ ᠶᠦᠩ ᠰᠢᠶᠠᠩ᠂ ᠬᠤᠸᠠ ᠵᠢᠶᠠᠨ ᠮᠢᠨ᠂ ᠴᠧᠨ ᡁᠢ ᠯᠢ᠂ ᠰᠧᠮᠠᠶᠢᠯ · ᠲᠢᠶᠧᠯᠢᠸᠠᠷᠳᠢ᠂ ᠵᠢᠶᠠᠩ ᠱᠣ᠋ ᠱᠧᠩ᠂ ᠸᠠᠩ ᠱᠧᠩ ᠵᠢᠶᠦ᠋ᠨ᠂ ᠴᠧᠨ ᠴᠠᠩ ᡁᠢ᠂ ᠶᠠᠨ ᠵᠢᠶᠦ᠋ᠨ ᠴᠢ᠂ ᠵᠠᠩ ᠫᠢᠩ᠂ ᠵᠠᠮᠪᠠᠯᠫᠣᠩᠰᠤᠭ᠂ ᠵᠠᠩ ᠪᠦᠦ ᠸᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠵᠢᠢ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠧ ᠰᠢᠶᠠᠩ᠂ ᠴᠧᠨ ᠵᠦ᠂ ᠪᠠᠳᠮᠠᠫᠷᠠᠩᠯᠠᠢ᠂ ᠲᠠᠩ ᠵᠢᠶᠠ ᠰᠢᠤᠸᠠᠨ᠂ ᠳ᠋ᠠᠢ ᠪᠢᠩ ᠭᠦᠸᠧ᠂ ᠴᠠᠩ ᠸᠠᠨ ᠴᠢᠤᠸᠠᠨ᠂ ᠵᠣᠣ ᠺᠧ ᡁᠢ᠂ ᠬᠠᠨ ᠵᠦ ᠪᠢᠨ᠂ ᠵᠢᠶᠠ ᠴᠦᠨ ᠸᠠᠩ᠂ ᠰᠦᠩ ᠵᠢᠶᠠᠨ᠂ ᠬᠤ᠋ ᠴᠢ ᠯᠢ᠂ ᠸᠠᠩ ᠵᠥᠩ ᠢᠦᠢ᠂ ᠯᠢ ᠭᠦᠶ ᠰᠢᠶᠠᠨ᠂ ᠬᠤᠤ ᠵᠢᠶᠠᠨ ᠰᠢᠤ᠂ ᠰᠢᠦᠢ ᠺᠤᠸᠠᠩ ᠳ᠋ᠢ᠂ ᠵᠠᠩ ᠬᠤᠸᠠᠢ ᠰᠢ᠂ ᠯᠢ ᠮᠧᠩ᠂ ᠯᠢᠶᠣᠤ ᠬᠤᠶ᠂ ᠪᠠᠢ ᠯᠢ ᠴᠧᠨ᠂ ᠴᠧᠨ ᠺᠦᠢ ᠶᠤᠸᠠᠨ᠂ ᠠᠪᠤᠯᠠᠶᠢᠲ · ᠠᠪᠤᠳᠦ᠋ᠷᠧᠰᠢᠲ᠋ᠢ᠂ ᠯᠢ ᠵᠣᠣ ᠵᠦᠸᠧ᠂ ᠬᠤᠸᠠᠩ ᠮᠧᠩ ᠹᠦ᠋᠂ ᠵᠠᠩ ᠮᠧᠶ ᠶᠢᠩ᠂ ᠵᠠᠩ ᠷᠦᠩ ᠮᠢᠩ᠂ ᠴᠢᠶᠠᠨ ᠶᠦᠨ ᠯᠦ᠂ ᠰᠦᠨ ᠵᠢᠶᠠ ᠵᠧᠩ᠂ ᠯᠢ ᠶᠢᠨ ᠬᠤᠸᠠ᠂ ᠵᠧᠩ ᠸᠠᠨ ᠲᠦᠩ᠂ ᠳ᠋ᠧᠩ ᠫᠦ᠋ ᠹᠠᠩ᠂ ᠯᠢ ᠦ᠋ ᠸᠧᠢ᠂ ᠴᠧᠨ ᠽᠥᠩ ᠰᠢᠩ᠂ ᠸᠠᠩ ᡁᠢ ᠵᠧᠨ᠂ ᠬᠠᠨ ᠴᠢ ᠳ᠋ᠧ᠂ ᠯᠢᠨ ᠸᠧᠨ ᠢ᠂ ᠯᠥᠸᠧ ᠹᠦ᠋ ᠾᠧ᠂ ᠯᠢ ᠬᠠᠢ ᠹᠧᠩ᠂ ᠴᠧᠨ ᠶᠤᠸᠠᠨ᠂ ᠵᠧᠦ ᠰᠢᠶᠣᠣ ᠴᠤᠸᠠᠨ᠂ ᠸᠠᠩ ᠵᠢᠶᠠ ᠷᠦᠢ᠂ ᠴᠢ ᠰᠢᠦᠢ ᠴᠦᠨ᠂ ᠮᠠ ᠫᠧᠢ ᠬᠤᠸᠠ᠂ ᠯᠢᠦ ᠰᠢᠶᠣᠣ ᠹᠧᠩ᠂ ᠸᠠᠩ ᠴᠢᠨ ᠮᠢᠨ᠂ ᠵᠠᠩ ᠴᠢᠩ ᠯᠢ᠂ ᠯᠢᠦ ᠴᠢ ᠪᠦᠦ᠂ ᠳ᠋ᠦᠩ ᠵᠢᠶᠠᠨ ᠬᠤᠸᠠ᠂ ᠸᠠᠨ ᠭᠠᠩ᠂ ᠯᠦ ᠵᠠᠨ ᠭᠦᠩ᠂ ᠸᠠᠩ ᠵᠧᠩ ᠸᠧᠢ᠂ ᠮᠠ ᠪᠢᠶᠣᠣ᠂ ᠴᠧᠨ ᠰᠢᠶᠣᠣ ᠭᠤᠸᠠᠩ᠂ ᠶᠠᠩ ᠴᠤᠸᠠᠨ ᠲᠠᠩ᠂ ᠯᠢ ᠪᠢᠨ᠂ ᠸᠠᠩ ᠶᠦᠩ ᠴᠢᠩ᠂ ᠭᠦ᠋ ᠱᠧᠩ ᠽᠦ᠂ ᠯᠢᠦ ᠰᠢᠨ ᠴᠧᠩ ᠵᠡᠷᠭᠡ ᠠᠬᠠᠮᠠᠳ ᠨᠥᠬᠦᠳ ᠢ ᠡᠷᠭᠢᠨ ᠦᠵᠡᠭᠰᠡᠨ ᠪᠤᠶᠤ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠲᠤ ᠨᠠᠶᠢᠳᠠᠵᠤ ᠡᠷᠭᠢᠨ ᠦᠵᠡᠵᠦ᠂ ᠲᠡᠳᠡᠨ ᠳᠤ ᠪᠠᠶᠠᠷ ᠤᠨ ᠡᠳᠦᠷ ᠤᠨ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠲᠡᠳᠡᠨ ᠤ ᠴᠠᠭᠠᠨ ᠰᠠᠷ᠎ᠠ ᠳᠠᠭᠠᠨ ᠪᠠᠶᠠᠷ ᠭᠦᠷ ᠲᠠᠢ᠂ ᠤᠷᠳᠤ ᠨᠠᠰᠤᠯᠠᠵᠤ ᠤᠳᠠᠭᠠᠨ ᠵᠢᠷᠭᠠᠬᠤ ᠶᠢ ᠴᠢᠩ ᠰᠡᠳᠬᠢᠯ ᠠᠴᠠ ᠪᠠᠨ ᠵᠥᠩᠨᠡᠪᠡ᠃

    ᠠᠬᠠᠮᠠᠳ ᠨᠥᠬᠦᠳ ᠡᠭᠦᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠨᠠᠮ ᠤᠨ ᠲᠥᠪ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠪᠤᠯᠬᠤ ᠶᠢ ᠴᠢᠩ ᠰᠡᠳᠬᠢᠯ ᠠᠴᠠ ᠪᠠᠨ ᠬᠦᠷᠢᠶᠡᠯᠡᠵᠦ ᠪᠠᠶᠢᠬᠤ ᠪᠠᠨ ᠢᠯᠡᠳᠬᠡᠪᠡ᠃ ᠤᠯᠠᠨ ᠢᠶᠠᠷ ᠢᠶᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠵᠠᠢ ᠭᠡᠵᠦ ᠰᠠᠨᠠᠯ ᠨᠢᠭᠡᠲᠡᠢ ᠦᠵᠡᠵᠡᠭᠡᠪᠡ᠃ ᠠᠬᠠᠮᠠᠳ ᠨᠥᠬᠦᠳ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠲᠡᠭᠡᠯ ᠲᠡᠭᠦᠯᠳᠡᠷ  ᠬᠦᠴᠢᠷ ᠢ ᠰᠥᠷᠦᠨ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠶᠢ ᠬᠦᠰᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ