ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ ﹇2024﹈ 62 ᠳ᠋ᠤᠭᠠᠷ ᠲᠣᠭᠠᠲᠤ
︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠲᠦᠷᠭᠡᠬᠡᠨ ᠳᠡᠭᠡᠭᠰᠢᠯᠡᠭᠦᠯᠵᠦ᠂ ᠳ᠋ᠢᠭᠢᠲ ᠮᠡᠷᠭᠡᠵᠢᠯ ᠤᠨ ᠰᠢᠨ᠎ᠡ ᠶᠢ ᠡᠭᠦᠳᠦᠭᠰᠡᠨ ᠬᠡᠷᠡᠭᠯᠡᠯᠲᠡ ᠪᠠᠷ ᠳᠠᠮᠵᠢᠨ ᠲᠤᠬᠠᠶᠢᠯᠠᠭᠰᠠᠨ ᠠᠵᠢᠯ ᠤᠨ ᠴᠤᠪᠤᠷᠠᠯ ᠪᠠ ᠠᠵᠢᠯ ᠤᠨ ᠬᠡᠪ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠡᠭᠦᠳᠦᠯᠲᠡ ᠭᠠᠷᠭᠠᠬᠤ ᠶᠢ ᠬᠥᠲᠥᠯᠥᠨ ᠳᠠᠭᠠᠭᠤᠯᠵᠤ᠂ ᠪᠥᠬᠦ ᠣᠷᠣᠨ ᠤ ᠳ᠋ᠢᠬᠢᠲᠴᠢᠯᠡᠭᠰᠡᠨ᠂ ᠣᠶᠤᠨᠴᠢᠯᠠᠭᠰᠠᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠳᠣᠣᠷᠠᠬᠢ ᠮᠡᠲᠦ ᠰᠠᠨᠠᠯ ᠢ ᠳᠤᠷᠠᠳᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ ᠳᠤ ᠬᠦᠴᠦᠨ ᠴᠢᠳᠠᠮᠵᠢ ᠡᠷᠴᠢᠮᠯᠡᠨ᠂ ᠬᠠᠮᠲᠤ ᠪᠠᠷ ᠵᠥᠪᠳᠡᠯᠴᠡᠬᠦ᠂ ᠬᠠᠮᠲᠤ ᠪᠠᠷ ᠪᠠᠶᠢᠭᠤᠯᠬᠤ᠂ ᠬᠠᠮᠲᠤ ᠳᠤ ᠪᠠᠨ ᠭᠦᠷᠲᠡᠬᠦ ᠪᠠ ᠡᠷᠴᠢᠮᠵᠢᠭᠦᠯᠦᠨ ᠪᠦᠲᠦᠭᠡᠨ ᠪᠠᠶᠢᠭᠤᠯᠬᠤ ᠵᠠᠷᠴᠢᠮ ᠶᠣᠰᠣᠭᠠᠷ᠂ 3 ᠵᠢᠯ ᠤᠨ ᠴᠠᠭ ᠬᠤᠭᠤᠴᠠᠭ᠎ᠠ ᠶᠢ ᠠᠰᠢᠭᠯᠠᠨ ᠪᠦᠬᠦ ᠣᠷᠣᠨ ᠤ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠬᠦᠷᠢᠶ᠎ᠡ ᠴᠠᠷᠠᠭᠠᠨ ᠳᠠᠬᠢ ᠲᠣᠮᠣ ᠳ᠋ᠠᠶᠢᠲ᠋ᠠ᠂ ᠪᠣᠳᠠᠰᠯᠢᠭ ᠬᠤᠯᠪᠣᠭᠠᠲᠤ ᠰᠦᠯᠵᠢᠶ᠎ᠡ᠂ ᠵᠣᠬᠢᠶᠠᠮᠠᠯ ᠣᠶᠤᠨ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠠᠪᠴᠠᠩ ᠤᠨ ᠳ᠋ᠠᠶᠢᠲ᠋ᠠ ᠶᠢ ᠬᠤᠷᠠᠮᠳᠤᠭᠤᠯᠬᠤ ᠪᠠ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢᠶᠠᠷ ᠳᠠᠮᠵᠢᠭᠤᠯᠤᠨ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢᠨ ᠡᠬᠢ ᠪᠠᠶᠠᠯᠢᠭ ᠢ ᠬᠤᠷᠠᠮᠳᠤᠭᠤᠯᠵᠤ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠢ ᠪᠦᠳᠦᠮᠵᠢᠳᠡᠢ ᠡᠮᠬᠢᠯᠡᠨ ᠨᠡᠶᠢᠯᠡᠭᠦᠯᠵᠦ᠂ ᠭᠠᠯ ᠲᠦᠢᠮᠡᠷ ᠤᠨ ᠲᠦᠭᠰᠢᠭᠦᠷᠢ ᠶᠢ ᠦᠨᠡᠯᠡᠨ ᠵᠢᠱᠢᠬᠦ ᠣᠶᠤᠨᠲᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠤᠨ᠂ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠲᠤᠰᠬᠠᠢ ᠰᠡᠳᠦᠪᠲᠦ ᠳ᠋ᠠᠶᠢᠲ᠋ᠠ ᠬᠥᠮᠥᠷᠭᠡ ᠶᠢ ᠴᠣᠭᠴᠠᠯᠠᠨ ᠪᠠᠶᠢᠭᠤᠯᠵᠤ᠂ ᠳ᠋ᠠᠶᠢᠲ᠋ᠠ ᠪᠠᠷ ᠵᠠᠰᠠᠬᠤ᠂ ᠬᠤᠯᠪᠣᠯᠳᠤᠭᠤᠯᠤᠨ ᠠᠭᠤᠰᠤᠯᠴᠠᠭᠤᠯᠬᠤ ᠪᠠ ᠭᠤᠣᠯᠯᠠᠬᠤ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠨᠠᠷᠢᠯᠢᠭᠵᠢᠭᠤᠯᠬᠤ ᠪᠠᠨ ᠠᠬᠢᠭᠤᠯᠵᠤ᠂ ᠭᠠᠯ ᠲᠦᠢᠮᠡᠷ ᠰᠡᠷᠭᠡᠶᠢᠯᠡᠬᠦ᠂ ᠭᠠᠯ ᠲᠦᠢᠮᠡᠷ ᠤᠨᠲᠠᠷᠠᠭᠠᠬᠤ ᠪᠦᠷᠢᠨ ᠵᠠᠩᠭᠢ ᠶᠢᠨ ᠳ᠋ᠠᠶᠢᠲ᠋ᠠ ᠶᠢ ᠴᠠᠭ ᠲᠤᠬᠠᠢ ᠳᠤ ᠨᠢ ᠬᠤᠷᠠᠮᠳᠤᠭᠤᠯᠬᠤ ᠪᠠ ᠨᠢᠭᠡᠳᠦᠯᠲᠡᠢ ᠠᠰᠢᠭᠯᠠᠬᠤ ᠶᠢ ᠪᠡᠶᠡᠯᠡᠭᠦᠯᠦᠨ᠂ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠵᠠᠰᠠᠯᠲᠠ ᠶᠢᠨ ᠬᠡᠪ ᠵᠠᠭᠪᠤᠷ ᠤᠨ ᠲᠠᠯ᠎ᠠ ᠪᠠᠷ ︽ᠬᠡᠷᠡᠭ ᠤᠴᠢᠷ ᠡᠭᠦᠰᠬᠦ ᠠᠴᠠ ᠡᠮᠦᠨ᠎ᠡ ᠰᠡᠷᠭᠡᠶᠢᠯᠡᠬᠦ︾ ᠲᠡᠶᠢᠰᠢ ᠬᠡᠯᠪᠡᠷᠢ ᠪᠠᠨ ᠬᠤᠪᠢᠷᠠᠭᠠᠬᠤ ᠶᠢ ᠠᠬᠢᠭᠤᠯᠤᠨ᠎ᠠ᠃
ᠬᠤᠶᠠᠷ᠂ ᠭᠤᠣᠯᠳᠠᠯᠭ᠎ᠠ ᠲᠠᠢ ᠡᠭᠦᠷᠭᠡ
︵ᠨᠢᠭᠡ︶ ᠬᠤᠳᠠ ᠶᠢᠨ ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠣᠶᠤᠨᠴᠢ ᠲᠠᠪᠴᠠᠩ ᠢ ᠪᠦᠲᠦᠭᠡᠨ ᠪᠠᠶᠢᠭᠤᠯᠤᠨ᠎ᠠ
1. ᠭᠠᠯ ᠲᠦᠢᠮᠡᠷ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠭᠠᠯ ᠲᠦᠢᠮᠡᠷ᠂ ᠨᠢᠭᠡᠴᠢ᠂ ᠪᠠᠷᠢᠯᠭ᠎ᠠ᠂ ᠭᠠᠵᠠᠷ ᠵᠦᠢ ᠶᠢᠨ ᠮᠡᠳᠡᠭᠡ ᠵᠠᠩᠭᠢ᠂ ᠬᠢᠨᠠᠯᠲᠠ ᠲᠠᠯᠪᠢᠵᠤ ᠪᠠᠶᠢᠴᠠᠭᠠᠬᠤ᠂ ᠨᠢᠭᠡᠴᠢ ᠠᠴᠠ ᠲᠣᠭᠤᠷᠢᠨ ᠪᠠᠶᠢᠴᠠᠭᠠᠬᠤ᠂ ᠬᠡᠮ ᠰᠣᠭᠤᠭ ᠵᠢᠴᠢ ᠴᠡᠭᠴᠡᠯᠡᠨ ᠰᠠᠶᠢᠵᠢᠷᠠᠭᠤᠯᠬᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠶᠢ ᠪᠠᠭᠲᠠᠭᠠᠭᠰᠠᠨ ᠳᠣᠲᠣᠷ ᠭᠠᠳᠠᠷ ᠲᠠᠯ᠎ᠠ ᠶᠢᠨ ᠤᠯᠠᠨ ᠡᠬᠢᠲᠦ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠬᠤᠷᠠᠮᠳᠤᠭᠤᠯᠤᠨ᠂ ᠮᠠᠰᠢᠨ ᠢᠶᠠᠷ ᠰᠣᠷᠣᠯᠴᠠᠭᠤᠯᠬᠤ ᠵᠢᠴᠢ ᠵᠣᠬᠢᠶᠠᠮᠠᠯ ᠤᠶᠤᠨ ᠤ ᠮᠡᠷᠭᠡᠵᠢᠯ ᠢ ᠠᠰᠢᠭᠯᠠᠵᠤ ᠪᠠᠶᠢᠭᠠᠳ ᠨᠢᠭᠡᠴᠢ ᠶᠢᠨ ᠪᠠᠷᠢᠯᠭ᠎ᠠ ᠶᠢᠨ ᠭᠠᠯ ᠲᠦᠢᠮᠡᠷ ᠤᠨ ᠲᠦᠭᠰᠢᠭᠦᠷᠢ ᠶᠢ ᠦᠨᠡᠯᠡᠨ ᠵᠢᠱᠢᠬᠦ ᠵᠠᠭᠪᠤᠷ ᠵᠢᠴᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠭᠠᠯ ᠲᠦᠢᠮᠡᠷ ᠤᠨ ᠲᠦᠭᠰᠢᠭᠦᠷᠢ ᠶᠢ ᠦᠨᠡᠯᠡᠨ ᠵᠢᠱᠢᠬᠦ ᠵᠠᠭᠪᠤᠷ ᠲᠤ ᠰᠤᠷᠭᠠᠭᠤᠯᠢᠯᠠᠯ ᠬᠢᠵᠦ᠂ ᠲᠦᠭᠰᠢᠭᠦᠷᠢ ᠶᠢ ᠬᠥᠳᠡᠯᠦᠩᠭᠦᠢ ᠦᠨᠡᠯᠡᠨ ᠵᠢᠱᠢᠬᠦ᠂ ᠤᠨᠤᠪᠴᠢᠳᠠᠢ ᠰᠡᠷᠡᠮᠵᠢᠯᠡᠬᠦᠯᠬᠦ ᠠᠵᠢᠯ ᠢ ᠥᠷᠨᠢᠭᠦᠯᠦᠨ᠂ ︽ᠬᠤᠶᠠᠷ ᠢ ᠲᠠᠰᠢᠷᠠᠮ ᠢᠶᠠᠷ ᠰᠤᠭᠤᠴᠢᠵᠤ ᠨᠢᠭᠡ ᠶᠢ ᠢᠯᠡ ᠪᠣᠯᠭᠠᠬᠤ︾ ᠰᠢᠰᠲ᠋ᠧᠮ ᠲᠠᠢ ᠵᠣᠯᠭᠠᠭᠤᠯᠵᠤ᠂ ᠨᠡᠶᠢᠭᠡᠮ ᠤᠨ ᠨᠢᠭᠡᠴᠢ ᠶᠢ ᠰᠤᠭᠤᠴᠢᠨ ᠪᠠᠶᠢᠴᠠᠭᠠᠬᠤ ᠬᠠᠷᠢᠴᠠᠯ ᠪᠠ ᠪᠠᠶᠢᠴᠠᠭᠠᠬᠤ ᠤᠳᠠᠭ᠎ᠠ ᠳᠠᠷᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠭᠠᠯ ᠲᠦᠢᠮᠡᠷ ᠤᠨ ᠲᠦᠭᠰᠢᠭᠦᠷᠢ ᠶᠡᠬᠡᠲᠡᠢ ᠲᠠᠯᠠᠪᠤᠷ ᠭᠠᠵᠠᠷ ᠲᠤ ᠠᠩᠬᠠᠷᠤᠯ ᠲᠥᠪᠯᠡᠷᠡᠭᠦᠯᠵᠦ᠂ ᠮᠡᠳᠡᠭᠡ ᠵᠠᠩᠭᠢ ᠨᠡᠶᠢᠲᠡᠯᠡᠬᠦ ᠪᠠᠷᠢᠮᠵᠢᠶᠠᠵᠢᠭᠤᠯᠤᠭᠰᠠᠨ ᠵᠠᠯᠭᠠᠭᠠᠰᠤ ᠬᠠᠩᠭᠠᠨ᠂ ᠠᠵᠢᠯ ᠲᠥᠷᠥᠯ ᠤᠨ ᠰᠠᠯᠠᠭ᠎ᠠ ᠮᠥᠴᠢᠷ ᠵᠢᠴᠢ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠬᠠᠨᠳᠤᠯᠭᠠᠲᠤ ᠴᠢᠨᠠᠷᠲᠠᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ 2026 ᠣᠨ ᠤ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠭᠠᠯ ᠲᠦᠢᠮᠡᠷ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠤᠣᠯᠳᠠᠯᠭ᠎ᠠ ᠪᠣᠯᠬᠤ ᠬᠤᠲᠠ ︵ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ︶ ᠨᠤᠭᠤᠳ ᠲᠤ ᠭᠠᠯ ᠲᠦᠢᠮᠡᠷ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠤᠨ ᠬᠠᠮᠢᠶ᠎ᠠ ᠪᠦᠬᠦᠢ ᠳ᠋ᠠᠶᠢᠲ᠋ᠠ ᠶᠢ ᠵᠠᠯᠭᠠᠨ ᠣᠷᠣᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠬᠦ ᠠᠵᠢᠯ ᠢ ᠥᠷᠨᠢᠭᠦᠯᠦᠨ᠎ᠡ︔ 2027 ᠣᠨ ᠤ ᠰᠡᠭᠦᠯᠴᠢ ᠠᠴᠠ ᠡᠮᠦᠨ᠎ᠡ ᠪᠤᠰᠤᠳ ᠠᠶᠢᠮᠠᠭ ᠬᠤᠲᠠ ᠨᠤᠭᠤᠳ ᠲᠤ ᠵᠠᠯᠭᠠᠵᠤ ᠣᠷᠣᠭᠤᠯᠬᠤ ᠠᠵᠢᠯ ᠢᠶᠠᠨ ᠪᠡᠶᠡᠯᠡᠭᠦᠯᠦᠨ᠎ᠡ᠃
2. ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠦ᠂ ᠡᠳᠦᠷ ᠲᠤᠲᠤᠮ ᠤᠨ ᠪᠣᠯᠪᠠᠰᠤᠷᠠᠯ ᠰᠣᠷᠢᠯᠲᠠ᠂ ᠭᠠᠯ ᠲᠦᠢᠮᠡᠷ ᠤᠨ ᠬᠡᠷᠡᠭ ᠤᠨ ᠵᠢᠱᠢᠶ᠎ᠡ ᠶᠢ ᠬᠠᠨᠳᠤᠯᠭ᠎ᠠ ᠲᠠᠢ ᠪᠠᠷ ᠳᠠᠮᠵᠢᠭᠤᠯᠤᠨ ᠬᠦᠷᠭᠡᠬᠦ ᠵᠡᠷᠭᠡ ᠦᠢᠯᠡᠳᠦᠯ ᠴᠢᠳᠠᠮᠵᠢ ᠶᠢ ᠨᠢ ᠳᠡᠮᠵᠢᠵᠦ᠂ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠬᠠᠮᠢᠶᠠᠷᠤᠯᠲᠠ ᠶᠢᠨ ᠠᠵᠢᠯᠲᠠᠨ ᠳᠤ ᠦᠨᠡᠨ ᠨᠡᠷ᠎ᠡ ᠶᠢᠨ ᠳᠦᠷᠢᠮ ᠢᠶᠠᠷ ᠬᠠᠮᠢᠶᠠᠷᠤᠯᠲᠠ ᠬᠢᠬᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠭᠤᠯᠭ᠎ᠠ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠬᠤ ᠪᠠ ᠨᠠᠷᠢᠯᠢᠭᠵᠢᠭᠤᠯᠬᠤ ᠬᠢᠷᠢ ᠲᠦᠪᠰᠢᠨ ᠢ ᠨᠢ ᠳᠡᠭᠡᠭᠰᠢᠯᠡᠭᠦᠯᠬᠦ ᠶᠢᠨ ᠬᠠᠮᠲᠤ᠂ ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠢ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠰᠢᠰᠲ᠋ᠧᠮ ᠯᠦᠭᠡ ᠵᠣᠯᠭᠠᠭᠤᠯᠬᠤ ᠶᠢ ᠪᠡᠶᠡᠯᠡᠭᠦᠯᠵᠦ᠂ ᠬᠥᠮᠥᠨ ᠪᠠ ᠮᠡᠷᠭᠡᠵᠢᠯ ᠢᠶᠠᠷ ᠰᠡᠷᠭᠡᠶᠢᠯᠡᠬᠦ ᠶᠢᠨ ᠣᠷᠭᠠᠨᠢᠭ ᠨᠢᠭᠡᠳᠦᠯ ᠢ ᠪᠦᠷᠢᠯᠳᠦᠭᠦᠯᠦᠨ᠂ ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ 2026 ᠣᠨ ᠤ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠬᠢᠨ ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ᠂ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠪᠣᠯᠬᠤ ᠨᠢᠭᠡᠴᠢ ᠳᠤ ᠳᠡᠯᠭᠡᠷᠡᠭᠦᠯᠦᠨ ᠬᠡᠷᠡᠭᠯᠡᠵᠦ᠂ 2027 ᠣᠨ ᠤ ᠰᠡᠭᠦᠯᠴᠢ ᠠᠴᠠ ᠡᠮᠦᠨ᠎ᠡ ᠪᠥᠬᠦ ᠣᠷᠣᠨ ᠤ 10 ᠲᠦᠮᠡ ᠭᠠᠷᠤᠢ ᠨᠡᠶᠢᠭᠡᠮ ᠤᠨ ᠨᠢᠭᠡᠴᠢ ᠶᠢ ᠰᠢᠰᠲ᠋ᠧᠮ ᠳᠤ ᠵᠠᠯᠭᠠᠨ ᠣᠷᠣᠭᠤᠯᠬᠤ ᠪᠠᠷ ᠬᠦᠴᠦᠯᠡᠨ ᠴᠢᠷᠮᠠᠶᠢᠨ᠎ᠠ᠃
3. ᠬᠤᠲᠠ ᠬᠥᠳᠡᠭᠡ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢ ᠵᠠᠯᠭᠠᠨ ᠣᠷᠣᠭᠤᠯᠬᠤ ᠲᠠᠪᠴᠠᠩ ᠢ ᠪᠦᠲᠦᠭᠡᠨ ᠪᠠᠶᠢᠭᠤᠯᠤᠨ᠎ᠠ᠃ 2026 ᠣᠨ ᠤ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢ ᠵᠠᠯᠭᠠᠨ ᠣᠷᠣᠭᠤᠯᠬᠤ ᠪᠠᠷᠢᠮᠵᠢᠶ᠎ᠠ ᠪᠠᠨ ᠵᠢᠷᠤᠮᠵᠢᠭᠤᠯᠵᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢ ᠠᠭᠤᠰᠤᠯᠴᠠᠭᠤᠯᠤᠨ ᠬᠠᠮᠲᠤ ᠳᠤ ᠪᠠᠨ ᠭᠥᠷᠳᠡᠬᠦ᠂ ᠬᠤᠣᠰ ᠴᠢᠭᠯᠡᠯ ᠢᠶᠠᠷ ᠬᠦᠴᠦᠨ ᠴᠢᠳᠠᠮᠵᠢ ᠡᠷᠴᠢᠮᠯᠡᠬᠦ ᠶᠢ ᠠᠬᠢᠭᠤᠯᠤᠨ ᠪᠡᠶᠡᠯᠡᠭᠦᠯᠵᠦ᠂ ᠬᠤᠲᠠ ᠶᠢᠨ ᠭᠠᠯ ᠲᠦᠢᠮᠡᠷ ᠢ ᠰᠡᠷᠭᠡᠶᠢᠯᠡᠨ ᠡᠵᠡᠮᠳᠡᠬᠦ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠥᠨᠳᠥᠷ ᠳᠠᠪᠬᠤᠷᠭᠠᠲᠤ ᠣᠯᠠᠨ ᠨᠡᠶᠢᠲᠡ ᠶᠢᠨ ᠪᠠᠷᠢᠯᠭ᠎ᠠ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠵᠢᠴᠢ ᠡᠮᠴᠢᠯᠡᠭᠡ᠂ ᠨᠠᠰᠤᠵᠢᠯ ᠤᠨ ᠠᠰᠠᠷᠠᠮᠵᠢ᠂ ᠰᠤᠷᠭᠠᠭᠤᠯᠢ ᠵᠡᠷᠭᠡ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠤᠨ ᠪᠠᠷᠢᠯᠭ᠎ᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠡᠯᠡᠳᠬᠡᠮᠵᠢ ᠶᠢᠨ ᠮᠡᠳᠡᠭᠡ ᠵᠠᠩᠭᠢ ᠶᠢ ᠤᠷᠢᠳ ᠢᠶᠠᠷ ᠵᠠᠯᠭᠠᠨ ᠣᠷᠣᠭᠤᠯᠵᠤ᠂ ᠡᠵᠡᠮᠳᠡᠯ ᠤᠨ ᠲᠠᠰᠤᠭ ᠤᠨ ᠵᠢᠵᠢᠭᠦᠷᠯᠡᠬᠦ ᠲᠣᠭᠲᠠᠭᠠᠯ ᠢ ᠢᠵᠢ ᠪᠦᠷᠢᠳᠦᠭᠦᠯᠵᠦ ᠰᠢᠯᠢᠳᠡᠭᠵᠢᠭᠦᠯᠦᠨ ᠲᠣᠭᠲᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠡᠶᠢᠭᠡᠮ ᠤᠨ ᠨᠢᠭᠡᠴᠢ ᠶᠢᠨ ᠪᠠᠷᠢᠯᠭ᠎ᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠡᠯᠡᠳᠬᠡᠮᠵᠢ ᠶᠢᠨ ᠪᠣᠳᠠᠰᠯᠢᠭ ᠬᠤᠯᠪᠣᠭᠠᠲᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ︔ ᠬᠤᠲᠠ ᠪᠠᠯᠭᠠᠰᠤᠨ ᠤ ᠭᠤᠣᠨᠢ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠢᠨᠲ᠋ᠧᠷ ᠰᠦᠯᠵᠢᠶᠡᠨ ᠳᠤ ᠬᠤᠯᠪᠣᠭᠰᠠᠨ ᠬᠡᠯᠪᠡᠷᠢ ᠪᠦᠬᠦᠢ ᠣᠲᠤᠭ᠎ᠠ ᠮᠡᠳᠡᠷᠡᠵᠦ ᠭᠠᠯ ᠲᠦᠢᠮᠡᠷ ᠤᠨ ᠲᠦᠭᠰᠢᠭᠦᠷᠢ ᠮᠡᠳᠡᠭᠡᠯᠡᠬᠦ ᠲᠤᠰᠠᠭᠠᠷ ᠮᠠᠰᠢᠨ ᠤᠭᠰᠠᠷᠠᠨ ᠥᠭᠴᠦ᠂ ᠬᠤᠲᠠ ᠪᠠᠯᠭᠠᠰᠤ ᠵᠢᠴᠢ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠣᠷᠣᠨ ᠰᠠᠭᠤᠴᠠ ᠳᠤ ᠣᠲᠤᠭ᠎ᠠ ᠮᠡᠳᠡᠷᠡᠬᠦ ᠲᠤᠰᠠᠭᠠᠷ ᠮᠠᠶ᠋ᠢᠭ ᠤᠨ ᠣᠶᠤᠨᠴᠢ ᠬᠠᠶᠢᠭᠤᠷ ᠪᠤᠶᠤ ᠠᠯᠤᠰ ᠠᠴᠠ ᠬᠢᠨᠠᠨ ᠡᠵᠡᠮᠳᠡᠵᠦ ᠪᠣᠯᠬᠤ ᠰᠡᠭᠦᠳᠡᠷᠯᠡᠬᠦ ᠮᠠᠰᠢᠨ ᠤᠭᠰᠠᠷᠠᠵᠤ ᠥᠭᠬᠦ ᠶᠢ ᠠᠬᠢᠭᠤᠯᠤᠨ᠎ᠠ᠃ 2026 ᠣᠨ ᠤ ᠰᠡᠭᠦᠯᠴᠢ ᠠᠴᠠ ᠡᠮᠦᠨ᠎ᠡ᠂ ᠭᠤᠣᠯᠳᠠᠯᠭ᠎ᠠ ᠪᠣᠯᠬᠤ ᠬᠤᠲᠠ ︵ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ︶ ᠨᠤᠭᠤᠳ ᠲᠤ ᠬᠤᠲᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢ ᠵᠠᠯᠭᠠᠨ ᠣᠷᠣᠭᠤᠯᠬᠤ ᠠᠵᠢᠯ ᠢᠶᠠᠨ ᠪᠡᠶᠡᠯᠡᠭᠦᠯᠦᠨ᠎ᠡ︔ 2027 ᠣᠨ ᠤ ᠰᠡᠭᠦᠯᠴᠢ ᠠᠴᠠ ᠡᠮᠦᠨ᠎ᠡ ᠪᠤᠰᠤᠳ ᠠᠶᠢᠮᠠᠭ ᠬᠤᠲᠠ ᠨᠤᠭᠤᠳ ᠲᠤ ᠵᠠᠯᠭᠠᠵᠤ ᠣᠷᠣᠭᠤᠯᠬᠤ ᠠᠵᠢᠯ ᠢᠶᠠᠨ ᠪᠡᠶᠡᠯᠡᠭᠦᠯᠦᠨ᠎ᠡ᠃
︵ᠬᠤᠶᠠᠷ︶ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠣᠶᠤᠨᠴᠢ ᠵᠢᠯᠣᠭᠤᠳᠤᠨ ᠲᠣᠬᠢᠷᠠᠭᠤᠯᠬᠤ ᠲᠠᠪᠴᠠᠩ ᠢ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠨ᠎ᠡ
1. ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠳ᠋ᠢᠬᠢᠲ ᠢᠬᠢᠷ᠎ᠡ ᠲᠦᠰᠦᠬᠡᠳᠦᠯᠭᠡ᠂ ᠰᠢᠯᠵᠢᠭᠡ ᠢᠨᠲ᠋ᠧᠷ ᠰᠦᠯᠵᠢᠶ᠎ᠡ ᠵᠡᠷᠭᠡ ᠮᠡᠷᠭᠡᠵᠢᠯ ᠢ ᠭᠦᠢᠴᠡᠳ ᠬᠡᠷᠡᠭᠯᠡᠨ᠂ ᠣᠲᠣ ᠶᠢᠨ ᠪᠠᠶᠢᠭ᠎ᠠ ᠲᠠᠪᠴᠠᠩ ᠢᠶᠠᠨ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠪᠥᠬᠦ ᠣᠷᠣᠨ ᠤ ᠣᠳᠣᠬᠢᠴᠢᠯᠠᠭᠰᠠᠨ 119 ᠵᠢᠯᠤᠭᠤᠳᠬᠤ ᠲᠥᠪ ᠢ ᠴᠣᠭᠴᠠᠯᠠᠨ ᠪᠠᠶᠢᠭᠤᠯᠵᠤ᠂ ᠴᠠᠭᠳᠠᠭᠠᠨ ᠤ ᠪᠠᠶᠢᠳᠠᠯ ᠢ ᠲᠤᠬᠠᠢ ᠶᠢᠨ ᠴᠠᠭ ᠲᠤ ᠨᠢ ᠰᠦᠯᠵᠢᠶᠡᠵᠢᠭᠦᠯᠦᠨ ᠬᠤᠷᠠᠮᠳᠤᠭᠤᠯᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠠᠯ᠎ᠠ ᠳᠤ ᠨᠢᠭᠡ ᠪᠠᠷ ᠨᠢᠭᠡᠳᠬᠡᠭᠰᠡᠨ ᠵᠢᠷᠤᠭ ᠲᠠᠢ ᠪᠠᠶᠢᠯᠭᠠᠬᠤ ᠵᠡᠷᠭᠡ ᠦᠢᠯᠡᠳᠦᠯ ᠴᠢᠳᠠᠮᠵᠢ ᠶᠢ ᠪᠡᠶᠡᠯᠡᠭᠦᠯᠦᠨ᠎ᠡ᠃ ᠣᠲᠣ ᠶᠢᠨ ᠪᠠᠶᠢᠭ᠎ᠠ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢ ᠪᠣᠶᠢᠳᠠ ᠪᠥᠭᠯᠡᠭᠦᠦ ᠭᠠᠵᠠᠷ ᠣᠷᠣᠨ ᠳᠤ ᠬᠦᠷᠲᠡᠯ᠎ᠡ ᠤᠷᠲᠤᠳᠬᠠᠨ᠎ᠠ᠃ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠪᠠᠶᠢᠷᠢ ᠲᠣᠭᠲᠠᠭᠠᠯᠲᠠ᠂ PDT ᠶᠠᠷᠢᠯᠴᠠᠭᠤᠷ᠂ ᠵᠢᠯᠣᠭᠤᠴᠢ ᠦᠭᠡᠢ ᠨᠢᠰᠬᠡᠯ ᠵᠢᠴᠢ ᠭᠠᠭᠴᠠ ᠴᠡᠷᠢᠭ ᠤᠨ ᠸᠢᠳᠢᠤ᠋ ᠵᠡᠷᠭᠡ ᠣᠳᠣ ᠶᠢᠨ ᠪᠠᠶᠢᠭ᠎ᠠ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠪᠦᠷᠢᠨ ᠵᠠᠩᠭᠢ ᠶᠢᠨ ᠳ᠋ᠠᠶᠢᠲ᠋ᠠ ᠶᠢ ᠲᠤᠬᠠᠢ ᠶᠢᠨ ᠴᠠᠭ ᠲᠤ ᠨᠢ ᠬᠤᠷᠠᠮᠳᠤᠭᠤᠯᠤᠨ᠂ ᠨᠢᠭᠡᠳᠦᠯᠲᠡᠢ ᠠᠰᠢᠭᠯᠠᠬᠤ ᠶᠢ ᠪᠡᠶᠡᠯᠡᠭᠦᠯᠦᠨ᠎ᠡ︔ ᠰᠡᠷᠡᠮᠵᠢ ᠶᠢᠨ ᠳᠣᠬᠢᠶ᠎ᠠ ᠶᠢ ᠭᠥᠯᠢᠶᠡᠨ ᠠᠪᠴᠤ ᠰᠢᠢᠳᠪᠦᠷᠢᠯᠡᠬᠦ ᠴᠤᠪᠤᠷᠠᠯ ᠢ ᠵᠢᠷᠤᠮᠵᠢᠭᠤᠯᠤᠨ ᠲᠤᠯᠭᠠᠭᠤᠷᠢᠯᠠᠬᠤ ᠪᠠᠭᠠᠵᠢ ᠶᠢ ᠰᠤᠳᠤᠯᠤᠨ ᠨᠡᠭᠡᠭᠡᠵᠦ᠂ ᠣᠶᠤᠨᠴᠢᠯᠠᠭᠰᠠᠨ᠂ ᠪᠣᠰᠤᠭ᠎ᠠ ᠴᠣᠭᠴᠠᠵᠢᠭᠰᠠᠨ ᠲᠣᠬᠢᠷᠠᠭᠤᠯᠤᠯᠲᠠ ᠬᠢᠵᠦ ᠭᠦᠢᠴᠡᠳᠬᠡᠨ ᠳᠠᠭᠠᠬᠤ ᠬᠢᠭᠡᠳ ᠵᠢᠯᠤᠭᠤᠳᠴᠤ ᠦᠢᠯᠡᠴᠢᠯᠡᠬᠦ ᠲᠣᠭᠲᠠᠯᠴᠠᠭ᠎ᠠ ᠶᠢ ᠪᠠᠶᠢᠭᠤᠯᠤᠨ᠎ᠠ᠃ 2026 ᠣᠨ ᠤ ᠰᠡᠭᠦᠯᠴᠢ ᠠᠴᠠ ᠡᠮᠦᠨ᠎ᠡ ᠥᠭᠡᠷᠡᠴᠢᠯᠡᠨ ᠰᠢᠨᠡᠳᠬᠡᠵᠦ ᠳᠠᠭᠤᠰᠬᠠᠨ᠎ᠠ᠃
2. ᠳᠣᠬᠢᠭᠤᠷ ᠲᠤᠯᠤᠭ᠎ᠠ ᠳᠠᠭᠠᠭᠤᠯᠢ ᠣᠳᠣᠨ ᠤ ᠵᠠᠮᠴᠢᠯᠠᠭᠤᠷ᠂ ᠠᠯᠤᠰ ᠠᠴᠠ ᠸᠢᠳᠢᠤ᠋ ᠪᠠᠷ ᠬᠢᠨᠠᠨ ᠡᠵᠡᠮᠳᠡᠬᠦ᠂ ᠣᠶᠤᠨᠴᠢ ᠪᠠᠷ ᠬᠢᠨᠠᠨ ᠰᠢᠨᠵᠢᠵᠦ ᠲᠦᠭᠰᠢᠭᠦᠷᠢ ᠮᠡᠳᠡᠭᠡᠯᠡᠬᠦ ᠵᠡᠷᠭᠡ ᠮᠡᠷᠭᠡᠵᠢᠯ ᠲᠠᠢ ᠤᠶᠠᠯᠳᠤᠭᠤᠯᠤᠨ᠂ ᠣᠶᠤᠨᠴᠢ ᠵᠢᠯᠣᠭᠤᠳᠤᠨ ᠲᠣᠬᠢᠷᠠᠭᠤᠯᠬᠤ ᠲᠠᠪᠴᠠᠩ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠬᠤᠲᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠲᠠᠪᠴᠠᠩ ᠤᠨ ᠡᠷᠲᠡᠨ ᠤ ᠬᠤᠭᠤᠴᠠᠭᠠᠨ ᠤ ᠭᠠᠯ ᠲᠦᠢᠮᠡᠷ ᠢ ᠰᠡᠷᠡᠮᠵᠢᠯᠡᠭᠦᠯᠬᠦ ᠵᠢᠴᠢ ᠰᠢᠰᠲ᠋ᠧᠮ ᠤᠨ ᠪᠠᠶᠢᠷᠢ ᠲᠣᠭᠲᠠᠭᠠᠬᠤ ᠦᠢᠯᠡᠳᠦᠯ ᠴᠢᠳᠠᠮᠵᠢ ᠶᠢ ᠭᠦᠢᠴᠡᠳ ᠪᠠᠳᠠᠷᠠᠭᠤᠯᠵᠤ᠂ ᠣᠶᠤᠨᠴᠢ ᠪᠠᠷ ᠰᠡᠷᠡᠮᠵᠢᠯᠡᠭᠦᠯᠦᠨ ᠲᠦᠭᠰᠢᠭᠦᠷᠢ ᠮᠡᠳᠡᠭᠦᠯᠬᠦ ᠪᠠ ᠠᠦ᠋ᠲ᠋ᠣ᠋ ᠪᠠᠷ ᠭᠠᠮᠰᠢᠭᠳᠠᠭᠰᠠᠨ ᠭᠠᠵᠠᠷ ᠲᠤ ᠵᠠᠮᠴᠢᠯᠠᠬᠤ ᠵᠢᠴᠢ ᠡᠷᠬᠢᠨ ᠲᠣᠭᠤᠷᠢᠨ ᠤ ᠬᠥᠷᠰᠢ ᠵᠡᠷᠭᠡᠯᠡᠳᠡᠭᠡ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠢ ᠠᠦ᠋ᠲ᠋ᠣ᠋ ᠰᠢᠯᠵᠢᠭᠦᠯᠦᠨ ᠲᠣᠮᠢᠯᠠᠵᠤ ᠭᠠᠮᠰᠢᠭᠳᠠᠭᠰᠠᠨ ᠲᠤᠬᠠᠢ ᠶᠢᠨ ᠲᠠᠯᠠᠪᠤᠷ ᠲᠤ ᠲᠡᠷᠡ ᠳᠠᠷᠤᠢ ᠳᠤ ᠨᠢ ᠬᠦᠷᠴᠦ ᠰᠢᠢᠳᠪᠦᠷᠢᠯᠡᠭᠦᠯᠬᠦ ᠶᠢ ᠪᠡᠶᠡᠯᠡᠭᠦᠯᠦᠨ᠎ᠡ᠃ ᠭᠠᠮᠰᠢᠭ ᠤᠨ ᠪᠠᠶᠢᠳᠠᠯ ᠤᠨ ᠶᠡᠭᠡ ᠪᠠᠭ᠎ᠠ᠂ ᠠᠳᠡᠯ ᠤᠨ ᠲᠥᠷᠥᠯ ᠢᠯᠭᠠᠯ ᠲᠠᠢ ᠤᠶᠠᠯᠳᠤᠭᠤᠯᠤᠨ ᠵᠣᠬᠢᠬᠤ ᠬᠦᠷᠢᠶ᠎ᠡ ᠬᠡᠪᠴᠢᠶᠡᠨ ᠳᠠᠬᠢ ᠠᠪᠤᠷᠠᠨ ᠲᠤᠰᠠᠯᠠᠬᠤ ᠬᠦᠴᠦᠨ ᠢ ᠠᠦ᠋ᠲ᠋ᠣ᠋ ᠰᠢᠯᠵᠢᠭᠦᠯᠦᠨ ᠲᠣᠮᠢᠯᠠᠵᠤ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠪᠡᠯᠡᠳᠬᠡᠯ ᠲᠥᠰᠥᠯ ᠢ ᠰᠢᠯᠢᠳᠡᠭᠵᠢᠭᠦᠯᠦᠨ᠂ ᠬᠠᠷᠢᠶ᠎ᠠ ᠭᠠᠵᠠᠷ ᠤᠨ ᠭᠠᠮᠰᠢᠭ ᠤᠨ ᠪᠠᠶᠢᠳᠠᠯ ᠢ ᠰᠢᠢᠳᠪᠦᠷᠢᠯᠡᠬᠦ ᠪᠠ ᠠᠵᠢᠯ ᠢ ᠵᠢᠯᠤᠭᠤᠳᠬᠤ ᠲᠠᠯ᠎ᠠ ᠪᠠᠷ ᠣᠨᠣᠪᠴᠢᠲᠠᠶ ᠬᠠᠮᠢᠶᠠᠷᠤᠨ ᠡᠵᠡᠮᠳᠡᠬᠦ ᠪᠠᠨ ᠳᠣᠪᠤᠶᠢᠯᠭᠠᠨ᠎ᠠ᠃ 2026 ᠣᠨ ᠤ ᠰᠡᠭᠦᠯᠴᠢ ᠠᠴᠠ ᠡᠮᠦᠨ᠎ᠡ ᠵᠠᠯᠭᠠᠵᠤ ᠤᠷᠤᠭᠤᠯᠬᠤ ᠠᠵᠢᠯ ᠢᠶᠠᠨ ᠪᠡᠶᠡᠯᠡᠭᠦᠯᠦᠨ᠎ᠡ᠃
︵ᠭᠤᠷᠪᠠ︶ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢ ᠪᠦᠲᠦᠭᠡᠨ ᠪᠠᠶᠢᠭᠤᠯᠤᠨ᠎ᠠ
1. ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢ ᠵᠠᠷᠴᠢᠮ ᠳᠡᠭᠡᠷ᠎ᠡ ᠪᠠᠨ ᠨᠢᠭᠡᠳᠦᠯᠲᠡᠢ ᠪᠦᠲᠦᠭᠡᠨ ᠪᠠᠶᠢᠭᠤᠯᠬᠤ᠂ ᠳᠡᠰ ᠬᠤᠪᠢᠶᠠᠨ ᠬᠡᠷᠡᠭᠯᠡᠬᠦ ᠶᠣᠰᠣᠭᠠᠷ ᠴᠣᠭᠴᠠᠯᠠᠨ ᠲᠥᠯᠥᠪᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠬᠠᠩᠭᠠᠯᠲᠠᠲᠠᠢ ᠪᠠᠶᠢᠳᠠᠯ ᠳᠣᠣᠷ᠎ᠠ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠡᠭᠡᠷ᠎ᠡ ᠲᠥᠪᠯᠡᠷᠡᠭᠦᠯᠦᠨ ᠪᠠᠶᠢᠷᠢᠯᠠᠭᠤᠯᠬᠤ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ᠃
2. ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠨᠢ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠳᠣᠲᠣᠭᠠᠳᠤ ᠶᠢᠨ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ᠂ ᠳᠡᠭᠡᠭᠰᠢ ᠪᠠᠨ ᠤᠯᠤᠰ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠯᠤᠭ᠎ᠠ ᠬᠤᠯᠪᠤᠭᠠᠯᠠᠨ᠂ ᠬᠥᠨᠳᠡᠯᠡᠨ ᠢᠶᠠᠷ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠲᠣᠮᠣ ᠳ᠋ᠠᠶᠢᠲ᠋ᠠ ᠶᠢᠨ ᠲᠠᠪᠴᠠᠩ ᠯᠤᠭ᠎ᠠ ᠵᠣᠯᠭᠠᠭᠤᠯᠵᠤ᠂ ᠬᠠᠮᠢᠶ᠎ᠠ ᠪᠦᠬᠦᠢ ᠳ᠋ᠠᠶᠢᠲ᠋ᠠ ᠶᠢ ᠬᠤᠷᠠᠮᠳᠤᠭᠤᠯᠤᠨ ᠵᠠᠰᠠᠬᠤ ᠠᠵᠢᠯ ᠢ ᠥᠷᠨᠢᠭᠦᠯᠦᠨ᠂ ᠡᠭᠦᠷᠭᠡ ᠶᠢᠨ ᠲᠣᠬᠢᠷᠠᠭᠤᠯᠤᠯᠲᠠ᠂ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠶᠠᠰᠤ ᠴᠢᠨᠠᠷ ᠤᠨ ᠬᠠᠮᠢᠶᠠᠷᠤᠯᠲᠠ᠂ ᠳ᠋ᠠᠶᠢᠲ᠋ᠠ ᠶᠢ ᠬᠠᠮᠲᠤ ᠳᠤ ᠪᠠᠨ ᠭᠥᠷᠳᠡᠬᠦ ᠪᠠ ᠠᠵᠢᠯᠯᠠᠭᠤᠯᠤᠨ ᠬᠠᠮᠠᠭᠠᠯᠠᠵᠤ ᠬᠢᠨᠠᠨ ᠡᠵᠡᠮᠳᠡᠬᠦ ᠵᠡᠷᠭᠡ ᠰᠠᠭᠤᠷᠢᠯᠠᠬᠤ ᠦᠢᠯᠡᠳᠦᠯ ᠴᠢᠳᠠᠮᠵᠢ ᠶᠢ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠪᠴᠠᠩ ᠨᠢ ᠬᠤᠷᠸ᠎ᠠ ᠪᠠᠶᠢᠳᠠᠯ ᠢ ᠰᠤᠳᠤᠯᠤᠨ ᠮᠠᠭᠠᠳᠯᠠᠵᠤ ᠵᠠᠳᠠᠯᠤᠨ ᠰᠢᠨᠵᠢᠬᠦ ᠪᠠᠷ ᠭᠤᠣᠯᠳᠠᠭᠤᠯᠤᠨ᠂ ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠲᠤᠬᠠᠶᠢᠯᠠᠭᠰᠠᠨ ᠠᠵᠢᠯ ᠳᠤ ᠲᠤᠯᠭᠠᠭᠤᠷᠢᠯᠠᠵᠤ᠂ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠪᠠᠨ ᠵᠣᠬᠢᠴᠠᠭᠤᠯᠤᠨ ᠵᠢᠷᠤᠮᠵᠢᠭᠤᠯᠬᠤ ᠶᠢᠨ ᠬᠠᠮᠲᠤ᠂ ᠠᠶᠢᠮᠠᠭ ᠬᠤᠲᠠ ᠳᠤ ᠳ᠋ᠠᠶᠢᠲ᠋ᠠ ᠶᠢᠨ ᠦᠢᠯᠡᠴᠢᠯᠡᠭᠡ ᠬᠠᠩᠭᠠᠨ᠎ᠠ᠃ ᠠᠶᠢᠮᠠᠭ ᠬᠤᠳᠠ ᠤᠨ ᠬᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠪᠣᠳᠠᠲᠠᠢ ᠠᠵᠢᠯ ᠳᠠᠬᠢ ᠬᠡᠷᠡᠭᠯᠡᠯᠲᠡ ᠪᠠᠷ ᠭᠤᠣᠯᠳᠠᠭᠤᠯᠵᠤ᠂ ᠦᠨᠳᠦᠰᠦᠨ ᠱᠠᠲᠤᠨ ᠤ ᠭᠠᠯ ᠲᠦᠢᠮᠡᠷ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠬᠤ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠵᠢᠴᠢ ᠲᠤᠨᠤᠭ ᠲᠥᠬᠦᠭᠡᠷᠦᠮᠵᠢ ᠶᠢ ᠬᠠᠮᠢᠶᠠᠷᠬᠤ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠳᠤ ᠲᠤᠯᠭᠠᠭᠤᠷᠢᠯᠠᠯ ᠬᠠᠩᠭᠠᠨ᠎ᠠ᠃
3. ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠰᠤᠳᠤᠯᠤᠨ ᠮᠠᠭᠠᠳᠯᠠᠬᠤ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠶᠡᠷᠦᠩᠬᠡᠶᠢᠯᠡᠨ ᠪᠠᠶᠢᠴᠠᠭᠠᠨ ᠯᠠᠪᠯᠠᠬᠤ᠂ ᠴᠠᠭ ᠬᠤᠭᠤᠴᠠᠭ᠎ᠠ ᠪᠠ ᠣᠷᠣᠨ ᠵᠠᠢ ᠶᠢᠨ ᠦᠵᠡᠭᠳᠡᠮᠡᠯ ᠵᠠᠳᠠᠯᠤᠯᠲᠠ ᠬᠢᠬᠦ᠂ ᠶᠡᠷᠦᠩᠬᠡᠶᠢᠯᠡᠭᠰᠡᠨ ᠦᠵᠡᠭᠳᠡᠮᠡᠯ ᠵᠠᠳᠠᠯᠤᠯᠲᠠ ︵ᠲᠣᠮᠣ ᠳᠡᠯᠭᠡᠴᠡ︶ ᠬᠢᠬᠦ ᠵᠡᠷᠭᠡ ᠳ᠋ᠠᠶᠢᠲ᠋ᠠ ᠶᠢᠨ ᠬᠡᠷᠡᠭᠯᠡᠯᠲᠡ ᠶᠢᠨ ᠪᠠᠭᠠᠵᠢ ᠶᠢ ᠰᠤᠳᠤᠯᠤᠨ ᠨᠡᠭᠡᠭᠡᠬᠦ ᠶᠢᠨ ᠬᠠᠮᠲᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢᠨ ᠬᠡᠪ ᠤᠨ ᠪᠤᠰᠤ ᠬᠡᠯᠪᠡᠯᠵᠡᠯ ᠢ ᠬᠢᠨᠠᠨ ᠰᠢᠨᠵᠢᠵᠦ ᠰᠡᠷᠡᠮᠵᠢᠯᠡᠭᠦᠯᠬᠦ᠂ ᠮᠡᠳᠡᠭᠦᠯᠦᠯᠲᠡ ᠶᠢᠨ ᠬᠦᠰᠦᠨᠦᠭᠲᠦ ᠳᠤ ᠬᠥᠳᠡᠯᠦᠩᠭᠦᠢ ᠵᠠᠳᠠᠯᠤᠯᠲᠠ ᠬᠢᠬᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠠᠶᠢᠳᠠᠯ ᠬᠠᠨᠳᠤᠰᠢ ᠶᠢ ᠰᠤᠳᠤᠯᠤᠨ ᠮᠠᠭᠠᠳᠯᠠᠵᠤ ᠮᠡᠳᠡᠭᠦᠯᠬᠦ ᠵᠡᠷᠭᠡ ᠰᠢᠷᠢᠰ ᠰᠤᠳᠤᠯᠤᠨ ᠮᠠᠭᠠᠳᠯᠠᠵᠤ ᠵᠠᠳᠠᠯᠤᠯᠲᠠ ᠬᠢᠬᠦ ᠪᠠᠭᠠᠵᠢ ᠶᠢ ᠰᠤᠳᠤᠯᠤᠨ ᠨᠡᠭᠡᠭᠡᠵᠦ᠂ ᠡᠳᠦᠷ ᠲᠤᠳᠤᠮ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠰᠤᠳᠤᠯᠤᠨ ᠮᠠᠭᠠᠳᠯᠠᠬᠤ ᠠᠵᠢᠯ ᠳᠤ ᠬᠠᠪᠰᠤᠷᠤᠮᠵᠢ ᠪᠣᠯᠭᠠᠨ᠎ᠠ᠃ ᠣᠷᠣᠨ ᠪᠦᠰᠡ ᠶᠢᠨ ᠠᠮᠤᠷ ᠲᠦᠪᠰᠢᠨ ᠢ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠰᠤᠳᠤᠯᠤᠨ ᠪᠠᠶᠢᠭᠤᠯᠵᠤ᠂ ᠡᠯ᠎ᠡ ᠠᠶᠢᠮᠠᠭ ᠬᠤᠲᠠ ᠶᠢᠨ ᠣᠳᠣᠬᠠᠨ ᠤ ᠣᠷᠣᠨ ᠪᠦᠰᠡ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠴᠢᠨᠠᠷ ᠤᠨ ᠪᠠᠶᠢᠳᠠᠯ ᠤᠨ ᠬᠢᠷᠢ ᠲᠦᠪᠰᠢᠨ ᠢ ᠪᠤᠰᠤᠳᠴᠢ ᠪᠠᠷ ᠲᠤᠰᠬᠠᠨ᠎ᠠ᠃
2026 ᠣᠨ ᠤ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃
︵ᠳᠥᠷᠪᠡ︶ ᠰᠢᠯᠵᠢᠭᠡ ᠦᠵᠦᠭᠦᠷ ᠤᠨ ᠭᠠᠷ ᠤᠲᠠᠰᠤᠨ ᠤ APP ᠶᠢ ᠰᠤᠳᠤᠯᠤᠨ ᠨᠡᠭᠡᠭᠡᠨ᠎ᠡ
︽ᠮᠥᠩᠬᠡ ᠰᠤᠪᠠᠭ︾ APP ᠳᠤ ᠲᠦᠰᠢᠭᠯᠡᠨ᠂ ᠨᠡᠶᠢᠭᠡᠮ ᠨᠡᠶᠢᠲᠡ᠂ ᠠᠵᠤ ᠠᠬᠤᠶᠢᠯᠠᠯ ᠪᠠ ᠬᠢᠨᠠᠯᠲᠠ ᠬᠠᠮᠢᠶᠠᠷᠤᠯᠲᠠ ᠶᠢᠨ ᠨᠢᠭᠡᠴᠢ ᠳᠤ ᠬᠠᠨᠳᠤᠭᠤᠯᠤᠭᠰᠠᠨ ︽ᠲᠠᠯ᠎ᠠ ᠨᠤᠲᠤᠭ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠦᠢᠯᠡᠳᠦᠯ ᠴᠢᠳᠠᠮᠵᠢ ᠶᠢᠨ ᠬᠡᠰᠡᠭ ᠢ ᠰᠤᠳᠤᠯᠤᠨ ᠨᠡᠭᠡᠭᠡᠵᠦ᠂ ᠲᠣᠮᠣ ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠶᠢᠨ ᠡᠬᠢ ᠪᠠᠶᠠᠯᠢᠭ ᠯᠤᠭ᠎ᠠ ᠵᠣᠯᠭᠠᠭᠤᠯᠤᠨ᠂ ᠬᠡᠮ ᠰᠣᠭᠤᠭ ᠢ ︽ᠭᠠᠷ ᠤᠨ ᠠᠶ᠎ᠠ ᠪᠠᠷ ᠰᠡᠭᠦᠳᠡᠷᠯᠡᠬᠦ︾᠂ ᠲᠠᠪᠴᠠᠩ ᠢᠶᠠᠷ ᠳᠠᠮᠵᠢᠭᠤᠯᠤᠨ ᠣᠷᠣᠭᠤᠯᠬᠤ᠂ ᠲᠦᠭᠰᠢᠭᠦᠷᠢ ᠶᠢᠨ ᠬᠡᠮ ᠰᠣᠭᠤᠭ ᠢ ᠰᠢᠯᠵᠢᠭᠦᠯᠦᠨ ᠲᠤᠰᠢᠶᠠᠬᠤ᠂ ᠨᠢᠭᠡ ᠦᠷᠲᠡᠬᠡᠴᠢᠯᠡᠭᠰᠡᠨ ᠮᠠᠶ᠋ᠢᠭ ᠢᠶᠠᠷ ᠳ᠋ᠠᠶᠢᠲ᠋ᠠ ᠳᠤ ᠵᠠᠳᠠᠯᠤᠯᠲᠠ ᠬᠢᠬᠦ ᠵᠡᠷᠭᠡ ᠦᠢᠯᠡᠳᠦᠯ ᠴᠢᠳᠠᠮᠵᠢ ᠶᠢ ᠪᠡᠶᠡᠯᠡᠭᠦᠯᠦᠨ᠎ᠡ᠃ ᠭᠠᠷ ᠤᠲᠠᠰᠤᠨ ᠤ APP ᠤᠨ ᠤᠬᠠᠭᠤᠯᠭ᠎ᠠ ᠪᠣᠯᠪᠠᠰᠤᠷᠠᠯ ᠤᠨ ᠬᠡᠰᠡᠭ ᠢᠶᠠᠷ ᠳᠠᠮᠵᠢᠭᠤᠯᠤᠨ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠶᠢ ᠳᠠᠮᠵᠢᠭᠤᠯᠤᠨ ᠬᠦᠷᠭᠡᠨ᠎ᠡ᠃ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠬᠠᠪᠰᠤᠷᠤᠯᠭ᠎ᠠ ᠲᠡᠳᠬᠦᠯᠭᠡ ᠭᠤᠶᠤᠴᠢᠯᠠᠬᠤ ᠪᠠ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠵᠥᠪᠰᠢᠶᠡᠷᠡᠯ ᠭᠤᠶᠤᠴᠢᠯᠠᠬᠤ ᠵᠡᠷᠭᠡ ᠵᠦᠢᠯᠡᠰ ᠢ ᠰᠦᠯᠵᠢᠶ᠎ᠡ ᠪᠠᠷ ᠪᠡᠶᠡᠯᠡᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠶᠢ ᠬᠠᠩᠭᠠᠵᠤ ᠪᠠᠶᠢᠭᠠᠳ ᠣᠯᠠᠨ ᠲᠦᠮᠡᠨ ᠤ ᠰᠤᠷᠤᠯᠴᠠᠨ ᠬᠡᠷᠡᠭᠯᠡᠬᠦ ᠳᠤ ᠲᠥᠬᠦᠮ ᠦᠵᠡᠭᠦᠯᠦᠨ᠎ᠡ᠃ ᠰᠢᠯᠵᠢᠭᠡ ᠦᠵᠦᠭᠦᠷ ᠤᠨ ᠣᠨᠴᠠᠯᠢᠭ ᠰᠢᠨᠵᠢ ᠶᠢᠨ ᠲᠣᠭᠤᠷᠢᠨ ᠳᠤ ᠬᠠᠨᠳᠤᠯᠭᠠᠲᠤ ᠴᠢᠨᠠᠷᠲᠠᠢ ᠪᠠᠶᠢᠷᠢᠰᠢᠭᠤᠯᠤᠯᠲᠠ ᠶᠢᠨ ᠵᠢᠷᠤᠭ ᠲᠥᠯᠥᠪᠯᠡᠭᠡ ᠭᠠᠷᠭᠠᠵᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠬᠥᠮᠥᠰ ᠲᠤ ᠪᠥᠬᠦ ᠭᠠᠵᠠᠷ ᠣᠷᠣᠨ᠂ ᠣᠯᠠᠨ ᠴᠠᠭ ᠬᠤᠭᠤᠴᠠᠭ᠎ᠠ ᠪᠠ ᠣᠷᠣᠨ ᠵᠠᠢ ᠶᠢᠨ ᠮᠡᠳᠡᠭᠡ ᠵᠠᠩᠭᠢᠴᠢᠯᠠᠭᠰᠠᠨ ᠲᠤᠯᠭᠠᠭᠤᠷᠢᠯᠠᠯ ᠬᠠᠩᠭᠠᠵᠤ᠂ ᠬᠡᠵᠢᠶ᠎ᠡ ᠬᠠᠮᠢᠭ᠎ᠠ ᠴᠤ ᠭᠡᠰᠡᠨ ᠳ᠋ᠠᠶᠢᠲ᠋ᠠ ᠢ ᠰᠤᠷᠪᠤᠯᠵᠢᠯᠠᠨ ᠦᠵᠡᠵᠦ ᠲᠡᠶᠢᠯᠬᠦ ᠶᠢ ᠪᠡᠶᠡᠯᠡᠭᠦᠯᠦᠨ᠎ᠡ᠃ 2025 ᠣᠨ ᠤ ᠰᠡᠭᠦᠯᠴᠢ ᠠᠴᠠ ᠡᠮᠦᠨ᠎ᠡ ︽ᠲᠠᠯ᠎ᠠ ᠨᠤᠲᠤᠭ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠦᠢᠯᠡᠳᠦᠯ ᠴᠢᠳᠠᠮᠵᠢ ᠶᠢᠨ ᠬᠡᠰᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠪᠥᠬᠦ ᠣᠷᠣᠨ ᠳᠤ ᠳᠡᠯᠭᠡᠷᠡᠭᠦᠯᠦᠨ ᠬᠡᠷᠡᠭᠯᠡᠨ᠎ᠡ᠃
ᠭᠤᠷᠪᠠ᠂ ᠠᠵᠢᠯ ᠤᠨ ᠱᠠᠭᠠᠷᠳᠠᠯᠭ᠎ᠠ
ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠳ᠋ᠢᠭᠢᠲ᠋ᠠᠯ ᠵᠠᠰᠠᠭ ᠤᠨ ᠣᠷᠳᠣᠨ᠂ ᠣᠶᠤᠨᠲᠤ ᠬᠤᠲᠠ ᠶᠢᠨ ᠪᠦᠬᠦᠯᠢ ᠴᠣᠭᠴᠠᠲᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠵᠤ᠂ ᠨᠡᠶᠢᠭᠡᠮ ᠤᠨ ᠬᠥᠷᠥᠩᠭᠡ ᠶᠢᠨ ᠬᠢᠨ ᠤ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠭᠠᠵᠠᠷ ᠣᠷᠣᠨ ᠨᠤᠭᠤᠳ ︽ᠲᠤᠷᠰᠢᠯᠲᠠ ᠶᠢᠨ ᠴᠡᠭ ᠢᠶᠠᠷ ᠳᠡᠯᠭᠡᠷᠡᠭᠦᠯᠦᠨ ᠬᠡᠷᠡᠭᠵᠢᠭᠦᠯᠬᠦ᠂ ᠯᠠᠪᠳᠠᠭᠤᠨ ᠪᠠᠲᠤᠲᠠᠢ ᠠᠬᠢᠭᠤᠯᠬᠤ︾ ᠵᠠᠷᠴᠢᠮ ᠶᠣᠰᠣᠭᠠᠷ᠂ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠣᠯᠬᠤ ᠡᠭᠦᠷᠭᠡ ᠶᠢ ᠦᠨᠳᠦᠰᠦᠯᠡᠨ᠂ ᠲᠤᠰ ᠭᠠᠵᠠᠷ ᠣᠷᠣᠨ ᠤ ᠪᠠᠨ ᠠᠵᠤ ᠠᠬᠤᠢ ᠶᠢᠨ ᠬᠥᠭᠵᠢᠯᠲᠡ ᠪᠠᠷ ᠨᠡᠯᠢᠶᠡᠳ ᠰᠠᠶᠢᠨ᠂ ᠲᠤᠷᠰᠢᠯᠲᠠ ᠶᠢᠨ ᠴᠡᠭ ᠪᠣᠯᠭᠠᠬᠤ ᠨᠥᠬᠦᠴᠡᠯ ᠢ ᠪᠦᠷᠢᠳᠦᠭᠦᠯᠦᠭᠰᠡᠨ ᠭᠠᠵᠠᠷ ᠣᠷᠣᠨ ᠢ ᠰᠣᠩᠭᠤᠵᠤ ᠪᠠᠶᠢᠭᠠᠳ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠲᠤᠷᠰᠢᠯᠲᠠ ᠶᠢᠨ ᠴᠡᠭ ᠤᠨ ᠳᠡᠯᠭᠡᠷᠡᠭᠦᠯᠬᠦ ᠠᠵᠢᠯ ᠢ ᠥᠷᠨᠢᠭᠦᠯᠵᠦ᠂ ᠲᠤᠰ ᠭᠠᠵᠠᠷ ᠣᠷᠣᠨ ᠤ ᠪᠠᠨ ᠨᠤᠲᠤᠭ ᠪᠦᠰᠡ ᠶᠢᠨ ᠣᠨᠴᠠᠯᠢᠭ ᠲᠤ ᠨᠡᠶᠢᠴᠡᠭᠰᠡᠨ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢᠨ ᠬᠡᠪ ᠵᠠᠭᠪᠤᠷ ᠢ ᠪᠠᠶᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢ ᠴᠠᠭ ᠲᠤᠬᠠᠢ ᠳᠤ ᠨᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃
2024 ᠣᠨ ᠤ 12 ᠳ᠋ᠤᠭᠠᠷ ᠰᠠᠷ᠎ᠠ ᠶᠢᠨ 31 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ