ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ  ᠯᠢ ᠴᠢᠶᠠᠩ  ᠵᠤᠤ ᠯᠧ ᠵᠢᠢ  ᠸᠠᠩ ᠬᠤ᠋ ᠨᠢᠩ  ᠼᠠᠢ ᠴᠢ  ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ ᠯᠢ ᠰᠢ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/1/7


      ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 6 ᠤ ᠴᠠᠭᠢᠯᠭᠠᠨ ᠮᠡᠳᠡᠭᠡ   ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠰᠢᠨ᠎ᠡ ᠴᠠᠭ ᠦᠶ᠎ᠡ ᠠᠴᠠ ᠨᠠᠭᠠᠰᠢ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠡᠷᠴᠢᠮ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠵᠤ ᠂ ᠦᠷ᠎ᠡ ᠪᠦᠲᠦᠮᠵᠢ ᠨᠢ ᠤᠯᠠᠨ ᠤ ᠠᠩᠬᠠᠷᠤᠯ ᠢ ᠲᠠᠲᠠᠭᠰᠠᠨ ᠪᠠᠶᠢᠨ᠎ᠠ ᠃ ᠢᠯᠵᠢᠷᠡᠯ ᠢ ᠡᠰᠡᠷᠭᠦᠴᠡᠬᠦ ᠠᠵᠢᠯ ᠡᠭᠦᠷᠢᠳᠡ ᠵᠣᠭᠰᠣᠰᠢ ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢ ᠢᠮᠠᠭᠲᠠ ᠪᠠᠲᠤᠯᠠᠵᠤ ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠠ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ ᠂ ᠨᠢᠭᠡ ᠠᠯᠬᠤᠮ ᠴᠤ ᠵᠣᠭᠰᠣᠯ ᠦᠭᠡᠢ ᠂ ᠬᠠᠭᠠᠰ ᠠᠯᠬᠤᠮ ᠴᠤ ᠤᠬᠤᠷᠢᠬᠤ ᠦᠭᠡᠢ ᠪᠠᠶᠢᠵᠤ ᠂ ᠢᠯᠵᠢᠷᠡᠬᠦ ᠠᠴᠠ ᠵᠢᠷᠦᠬᠡᠰᠢᠶᠡᠬᠦ ᠂ ᠢᠯᠵᠢᠷᠡᠵᠦ ᠪᠤᠯᠬᠤ ᠦᠭᠡᠢ ᠂ ᠢᠯᠵᠢᠷᠡᠬᠦ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠡᠨᠡ ᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃


1.jpg

      1 ᠰᠠᠷ᠎ᠠ ᠶᠢᠨ 6 ᠤ ᠡᠳᠦᠷ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠯᠢ ᠰᠢᠤᠸᠠᠢ ᠷᠧᠨ  ᠰᠡᠭᠦᠳᠡᠷᠯᠡᠪᠡ



      ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠪᠠ ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢ ᠰᠢ ᠬᠤᠷᠠᠯ ᠢ ᠡᠷᠭᠢᠯᠡᠪᠡ ᠃

      ᠰᠢ ᠶᠢᠨ ᠫᠢᠩ ᠂ 2024 ᠣᠨ ᠳᠤ ᠂ ᠨᠠᠮ ᠤᠨ ᠲᠥᠪ ᠬᠤᠷᠢᠶ᠎ᠠ ᠠᠴᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ ᠲᠤᠭᠤᠰᠢᠯᠠᠭᠤᠯᠵᠤ ᠂ ᠰᠢᠨ᠎ᠡ ᠠᠬᠢᠴᠠ ᠪᠠ ᠦᠷ᠎ᠡ ᠪᠦᠲᠦᠮᠵᠢ ᠣᠯᠪᠠ ᠃ ᠪᠦᠭᠦ ᠨᠠᠮ ᠢᠶᠠᠷ ᠢᠶᠠᠨ ᠥᠪᠡᠷ ᠪᠡᠶ᠎ᠡ ᠶᠢᠨ ᠬᠤᠪᠢᠰᠬᠠᠯ ᠬᠢᠬᠦ ᠡᠨᠡ ᠬᠦ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠲᠠᠨᠢᠯᠲᠠ ᠨᠢ ᠨᠡᠩ ᠰᠡᠷᠭᠡᠭ ᠪᠣᠯᠵᠤ ᠂ ᠦᠢᠯᠡ ᠠᠵᠢᠯᠯᠠᠭ᠎ᠠ ᠨᠢ ᠨᠡᠩ ᠡᠷᠡᠰ ᠪᠠᠲᠤ ᠪᠤᠯᠪᠠ ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠪᠦᠭᠦ ᠨᠠᠮ ᠤᠨ ᠨᠥᠬᠦᠳ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠯᠡᠳᠲᠡ ᠴᠢᠩᠭᠠᠷᠠᠪᠠ ︔ ᠢᠯᠵᠢᠷᠡᠯ ᠢ ᠡᠰᠡᠷᠭᠦᠴᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠪᠠ ︔ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ ᠂ ᠤᠯᠠᠨ ᠲᠦᠮᠡᠨ ᠤ ᠲᠤᠰᠬᠠᠯ ᠴᠢᠩᠭ᠎ᠠ ᠠᠯᠢ ᠤᠯᠠᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ ︔ ᠳᠦᠷᠢᠮ ᠢᠶᠠᠷ ᠨᠠᠮ ᠢ ᠵᠠᠰᠠᠬᠤ ᠂ ᠲᠣᠭᠲᠠᠭᠠᠯ ᠢᠶᠠᠷ ᠨᠠᠮ ᠢ ᠵᠠᠰᠠᠬᠤ ᠶᠢ ᠭᠦᠨᠵᠡᠭᠡᠶᠢᠷᠡᠭᠦᠯᠵᠦ ᠂ ᠨᠠᠮ ᠠᠴᠠ ᠢᠯᠵᠢᠷᠡᠯ ᠢ ᠡᠰᠡᠷᠭᠦᠴᠡᠬᠦ ᠲᠡᠮᠡᠴᠡᠯ ᠢ ᠤᠳᠤᠷᠢᠳᠬᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠭᠡᠵᠦ ᠵᠢᠭᠠᠵᠤ ᠭᠠᠷᠭᠠᠪᠠ ᠃

      ᠰᠢ ᠶᠢᠨ ᠫᠢᠩ ᠂ ᠢᠯᠵᠢᠷᠡᠯ ᠪᠣᠯ ᠮᠠᠨ ᠤ ᠨᠠᠮ ᠳᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠰᠦᠷᠳᠡᠭᠦᠯᠦᠯ ᠮᠥᠨ ᠂ ᠢᠯᠵᠢᠷᠡᠯ ᠢ ᠡᠰᠡᠷᠭᠦᠴᠡᠬᠦ ᠪᠣᠯ ᠬᠠᠮᠤᠭ ᠤᠨ ᠲᠤᠶᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠪᠣᠯᠣᠨ᠎ᠠ ᠃ ᠰᠢᠨ᠎ᠡ ᠴᠠᠭ ᠦᠶ᠎ᠡ ᠳᠤ ᠣᠷᠣᠵᠤ ᠂ ᠨᠠᠮ ᠤᠨ ᠳᠣᠲᠣᠭᠠᠳᠤ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠣᠪᠣᠶᠢᠮ᠎ᠠ ᠠᠰᠠᠭᠤᠳᠠᠯ ᠤᠨ ᠡᠮᠦᠨ᠎ᠡ ᠂ ᠪᠢᠳᠡ ᠢᠯᠵᠢᠷᠡᠭᠰᠠᠳ ᠪᠠᠶᠢᠪᠠᠯ ᠯᠠᠪᠲᠠᠢ ᠡᠰᠡᠷᠭᠦᠴᠡᠬᠦ ᠂ ᠱᠠᠮᠰᠢᠭᠰᠠᠳ ᠪᠠᠶᠢᠪᠠᠯ ᠯᠠᠪᠲᠠᠢ ᠠᠷᠢᠯᠭᠠᠬᠤ ᠶᠢ ᠪᠠᠷᠢᠮᠲᠠᠯᠠᠵᠤ ᠂ ᠺᠠᠳ᠋ᠷ ᠤᠨ ᠡᠩᠨᠡᠭᠡ ᠶᠢ ᠲᠠᠰᠤᠷᠠᠯᠳᠠ ᠦᠭᠡᠢ ᠴᠡᠪᠡᠷᠰᠢᠭᠦᠯᠵᠦ ᠂ ᠨᠠᠮ ᠤᠨ ᠳᠦᠷᠢ ᠲᠥᠷᠬᠦ ᠶᠢ ᠬᠠᠮᠠᠭᠠᠯᠠᠨ ᠂ ᠬᠤᠪᠢᠰᠬᠠᠯᠲᠤ ᠲᠦᠷᠦ ᠭᠦᠷᠦᠨ ᠢ ᠪᠠᠬᠢᠵᠢᠭᠦᠯᠵᠦ ᠂ ᠨᠠᠮ ᠤᠨ ᠴᠢᠨᠠᠷ ᠬᠤᠪᠢᠷᠠᠬᠤ ᠦᠭᠡᠢ ᠂ ᠥᠩᠭᠡ ᠬᠤᠪᠢᠷᠠᠬᠤ ᠦᠭᠡᠢ ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠵᠤ ᠂ ᠨᠠᠮ ᠠᠴᠠ ᠪᠦᠭᠦ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠬᠠᠮᠲᠤ ᠪᠠᠷ ᠲᠡᠮᠡᠴᠡᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠪᠠ ᠭᠡᠵᠦ ᠴᠢᠬᠤᠯᠠᠴᠢᠯᠠᠪᠠ ᠃

      ᠰᠢ ᠶᠢᠨ ᠫᠢᠩ ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ ᠃ ᠢᠯᠵᠢᠷᠡᠯ ᠤᠨ ᠦᠯᠡᠳᠡᠭᠳᠡᠯ ᠬᠡᠮᠵᠢᠶ᠎ᠡ ᠶᠢ ᠬᠠᠷᠠᠬᠠᠨ ᠠᠷᠢᠯᠭᠠᠭᠠᠳᠤᠢ ᠪᠠᠶᠢᠵᠤ ᠂ ᠨᠡᠮᠡᠭᠳᠡᠯ ᠤᠨ ᠬᠡᠮᠵᠢᠶ᠎ᠡ ᠪᠠᠰᠠ ᠦᠷᠭᠦᠯᠵᠢᠯᠡᠨ ᠡᠭᠦᠰᠴᠦ ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ ᠃ ᠢᠯᠵᠢᠷᠡᠯ ᠢ ᠡᠰᠡᠷᠭᠦᠴᠡᠬᠦ ᠲᠡᠮᠡᠴᠡᠯ ᠢ ᠲᠠᠨᠢᠬᠤ ᠳᠤ ᠵᠠᠪᠠᠯ ᠲᠡᠦᠬᠡᠨ ᠬᠠᠷᠠᠴᠠ ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠲᠠᠢ ᠪᠠᠶᠢᠵᠤ ᠂ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ ᠪᠣᠳᠣᠯᠬᠢᠯᠠᠬᠤ ᠬᠡᠷᠡᠭᠲᠡᠢ ᠃ ᠢᠯᠵᠢᠷᠡᠯ ᠢ ᠡᠰᠡᠷᠭᠦᠴᠡᠬᠦ ᠲᠡᠮᠡᠴᠡᠯ ᠨᠢ ᠡᠷᠬᠡᠪᠰᠢ ᠡᠷᠡᠰ ᠭᠤᠶᠢᠪᠢᠰᠢ ᠦᠭᠡᠢ ᠪᠠᠶᠢᠵᠤ ᠂ ᠶᠠᠮᠠᠷᠪᠠ ᠡᠷᠡᠭᠡᠯᠵᠡᠬᠦ ᠭᠤᠶᠢᠪᠢᠯᠵᠠᠬᠤ ᠂ ᠰᠤᠯᠠᠷᠠᠬᠤ ᠢᠯᠳᠠᠷ ᠬᠠᠶᠠᠬᠤ ᠪᠤᠶᠤ ᠳᠤᠲᠠᠭᠤ ᠲᠣᠷᠭᠤᠨ ᠵᠣᠬᠰᠣᠬᠤ ᠨᠢ ᠴᠥᠮ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ ᠃ ᠡᠯ᠎ᠡ ᠵᠦᠢᠯ ᠤᠨ ᠪᠤᠷᠤᠭᠤ ᠲᠠᠨᠢᠯᠲᠠ ᠶᠢ ᠡᠷᠡᠰ ᠲᠣᠳᠣᠷᠬᠠᠶᠢᠯᠠᠵᠤ ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠨ ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠡᠷᠡᠰ ᠵᠣᠷᠢᠭ ᠪᠠ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠰᠢ ᠶᠢᠨ ᠫᠢᠩ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠡᠷᠬᠡᠪᠰᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ ᠂ ᠨᠡᠩ ᠶᠡᠭᠡ ᠦᠷ᠎ᠡ ᠪᠦᠲᠦᠮᠵᠢ ᠣᠯᠬᠤ ᠪᠠᠷ ᠴᠢᠷᠮᠠᠶᠢᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠪᠠᠲᠤᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠰᠢ ᠶᠢᠨ ᠫᠢᠩ ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ ᠂ ᠣᠨᠣᠪᠴᠢᠲᠠᠢ ᠪᠤᠯᠭᠠᠬᠤ ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ ᠃ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠡᠷᠬᠡᠪᠰᠢ ᠬᠡᠯᠡᠭᠰᠡᠨ ᠳᠡᠭᠡᠨ ᠭᠦᠷᠲᠡᠯ᠎ᠡ ᠬᠢᠬᠦ ᠬᠡᠷᠡᠭᠲᠡᠢ ᠃ ᠦᠵᠡᠯ ᠰᠠᠨᠠᠭᠠᠨ ᠤ ᠲᠠᠯ᠎ᠠ ᠪᠠᠷ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ ᠂ ᠨᠠᠮ ᠤᠨ ᠲᠥᠪ ᠬᠤᠷᠢᠶ᠎ᠠ ᠶᠢᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠬᠠᠷᠠᠯᠲᠠ ᠪᠠᠶᠢᠷᠢ ᠲᠣᠭᠲᠠᠭᠠᠯᠲᠠ ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ ᠂ ᠦᠵᠡᠯ ᠰᠠᠨᠠᠭ᠎ᠠ ᠨᠢᠭᠡᠳᠦᠯᠲᠡᠢ ᠂ ᠴᠢᠭᠯᠡᠯ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠤᠯᠤᠰ ᠲᠦᠷᠦ ᠶᠢᠨ ᠲᠠᠯ᠎ᠠ ᠪᠠᠷ ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ ᠂ ︽ᠲᠤᠯᠤᠭᠠᠨ ᠪᠠᠶᠢᠬᠤ ︾ ᠶᠢ ᠤᠬᠳᠤ ᠵᠥᠪᠰᠢᠶᠡᠷᠡᠬᠦ ᠦᠭᠡᠢ ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠢ ᠪᠠᠶᠢᠬᠤ ᠂ ᠵᠠᠷᠯᠢᠭ ᠴᠠᠭᠠᠵᠠ ᠶᠢ ᠲᠠᠭᠠᠬᠤ ᠶᠢ ᠪᠠᠲᠤᠯᠠᠬᠤ ᠬᠡᠷᠡᠭᠲᠡᠢ ᠃ ᠦᠢᠯᠡ ᠠᠵᠢᠯᠯᠠᠭ᠎ᠠ ᠶᠢᠨ ᠲᠠᠯ᠎ᠠ ᠪᠠᠷ ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠯᠤᠰ ᠲᠦᠷᠦ ᠶᠢᠨ ᠬᠢᠨᠠᠯᠲᠠ ᠲᠠᠯᠪᠢᠬᠤ ᠭᠤᠣᠯᠳᠠᠯᠭ᠎ᠠ ᠪᠤᠯᠭᠠᠵᠤ ᠂ ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠰᠢ ᠶᠢᠨ ᠫᠢᠩ ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡ ᠵᠦᠢᠯ ᠤᠨ ᠪᠠᠶᠢᠩᠭᠤ ᠶᠢᠨ ᠴᠢᠨᠠᠷᠲᠠᠢ ᠠᠵᠢᠯ ᠪᠣᠯᠣᠨ᠎ᠠ ᠂ ᠨᠠᠮ ᠤᠨ ᠭᠡᠰᠢᠭᠦᠨ ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠪᠤᠰᠤᠳ ᠢᠶᠠᠷ ᠱᠠᠭᠠᠷᠳᠠᠭᠤᠯᠬᠤ ᠶᠢ ᠪᠡᠶ᠎ᠡ ᠪᠠᠨ ᠪᠠᠷᠢᠬᠤ ᠪᠤᠯᠭᠠᠵᠤ ᠂ ᠳᠣᠲᠣᠷ᠎ᠠ ᠪᠠᠨ ᠰᠠᠭᠤᠭᠳᠠᠭᠤᠯᠵᠤ ᠡᠳᠦᠷ ᠳᠤᠲᠤᠮ ᠤᠨ ᠠᠮᠢᠳᠤᠷᠠᠯ ᠳᠠᠭᠠᠨ ᠬᠡᠷᠡᠭᠯᠡᠵᠦ ᠳᠠᠳᠤᠭᠰᠠᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠡᠷᠡᠭᠲᠡᠢ ᠃ ᠪᠠᠶᠢᠩᠭᠤᠵᠢᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠵᠤ ᠂ ᠰᠠᠬᠢᠯᠭ᠎ᠠ ᠪᠠᠲᠤ ᠶᠢᠨ ᠬᠥᠮᠦᠵᠢᠯ ᠢ ᠺᠠᠳ᠋ᠷ ᠤᠨ ᠦᠰᠦᠨ ᠪᠣᠶᠢᠵᠢᠬᠤ ᠪᠦᠭᠦ ᠦᠶᠡᠯᠡᠯ ᠳᠤ ᠲᠤᠭᠤᠰᠢᠯᠠᠭᠤᠯᠵᠤ ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠦᠭᠦ ᠶᠠᠪᠤᠴᠠ ᠳᠤ ᠠᠭᠤᠰᠬᠠᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ ᠂ ︽ᠲᠦᠷᠪᠡᠨ ᠵᠦᠢᠯ ᠤᠨ ᠭᠡᠯᠪᠡᠷᠢ ᠪᠠᠶᠢᠳᠠᠯ ︾ ᠢ ᠵᠥᠪ ᠣᠨᠣᠪᠴᠢᠲᠠᠢ ᠬᠡᠷᠡᠭᠯᠡᠨ ᠂ ᠦᠨᠡᠨ ᠠᠴᠠ ᠵᠥᠪ ᠢ ᠡᠷᠢᠵᠦ ᠂ ᠬᠢᠯᠢᠰᠳᠡᠭᠦᠯᠬᠦ ᠦᠭᠡᠢ ᠪᠠᠰᠠ ᠳᠤᠷ᠎ᠠ ᠪᠠᠷ ᠨᠢ ᠲᠠᠯᠪᠢᠬᠤ ᠦᠭᠡᠢ ᠂ ᠡᠷᠲᠡ ᠠᠴᠠ ᠠᠳᠬᠤᠵᠤ ᠂ ᠪᠠᠭ᠎ᠠ ᠳᠡᠭᠡᠷ᠎ᠡ ᠨᠢ ᠰᠡᠷᠭᠡᠶᠢᠯᠡᠵᠦ ᠂ ᠴᠢᠩᠭ᠎ᠠ ᠬᠠᠮᠢᠶᠠᠷᠤᠨ ᠬᠢᠨᠠᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ ᠂ ᠺᠠᠳ᠋ᠷᠴᠤᠳ ᠢ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠂ ᠠᠵᠢᠯ ᠬᠢᠵᠦ ᠦᠢᠯᠡᠰ ᠪᠣᠰᠬᠠᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠰᠢ ᠶᠢᠨ ᠫᠢᠩ ᠂ ᠰᠤᠷᠲᠠᠯ ᠢᠯᠵᠢᠷᠡᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ ᠃ ᠤᠬᠲᠤ ᠠᠭᠤᠴᠢᠯᠠᠬᠤ ᠦᠭᠡᠢ ᠪᠠᠶᠢᠬᠤ ᠶᠢ ᠢᠮᠠᠭᠲᠠ ᠪᠠᠷᠢᠮᠲᠠᠯᠠᠵᠤ ᠂ ᠲᠥᠪ ᠤᠨ ᠨᠠᠢᠮᠠᠨ ᠲᠣᠭᠲᠠᠭᠠᠯ ᠢ ᠲᠡᠮᠦᠷ ᠶᠣᠰᠣ ᠂ ᠬᠠᠲᠠᠭᠤ ᠪᠠᠷᠢᠮᠵᠢᠶ᠎ᠠ ᠪᠤᠯᠭᠠᠵᠤ ᠂ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ ᠂ ᠳᠠᠯᠳᠠᠭᠤᠷ ᠣᠨᠳᠣᠣᠰᠢᠭᠰᠠᠨ ︽ᠲᠦᠷᠪᠡᠨ ᠰᠤᠷᠲᠠᠯ ︾ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠨᠠᠮ ᠤᠨ ᠭᠡᠰᠢᠭᠦᠨ ᠂ ᠺᠠᠳ᠋ᠷᠴᠤᠳ ᠤᠨ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠷᠡᠰ ᠡᠰᠡᠷᠭᠦᠴᠡᠬᠦ ᠶᠢ ᠱᠠᠯᠠᠪᠳᠠᠭᠤᠯᠵᠤ ᠂ ᠡᠷᠬᠡ ᠶᠢᠨ ᠲᠤᠬᠠᠢ ᠵᠥᠪ ᠦᠵᠡᠯᠲᠡ ᠂ ᠠᠯᠪᠠᠨ ᠠᠮᠵᠢᠯᠲᠠ ᠶᠢᠨ ᠲᠤᠬᠠᠢ ᠵᠥᠪ ᠦᠵᠡᠯᠲᠡ ᠂ ᠠᠵᠢᠯ ᠦᠢᠯᠡᠰ ᠤᠨ ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠬᠤ ᠬᠡᠷᠡᠭᠲᠡᠢ ᠃ ᠢᠯᠵᠢᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ ᠂ ᠭᠤᠣᠯᠳᠠᠯᠭ᠎ᠠ ᠲᠠᠢ ᠠᠰᠠᠭᠤᠳᠠᠯ ᠂ ᠭᠤᠣᠯᠳᠠᠯᠭ᠎ᠠ ᠲᠠᠢ ᠬᠦᠷᠢᠶ᠎ᠡ ᠂ ᠭᠤᠣᠯᠳᠠᠯᠭ᠎ᠠ ᠲᠠᠢ ᠡᠲᠡᠭᠡᠳ ᠢ ᠭᠤᠣᠯᠳᠠᠯᠭ᠎ᠠ ᠲᠠᠢ ᠠᠳᠬᠤᠵᠤ ᠂ ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠬᠠᠮᠲᠤ ᠳᠤᠨᠢ ᠪᠠᠶᠢᠴᠠᠭᠠᠬᠤ ᠠᠵᠢᠯ ᠢ ᠬᠦᠴᠦᠯᠡᠨ ᠭᠦᠨᠵᠡᠭᠡᠶᠢᠷᠡᠭᠦᠯᠵᠦ ᠂ ᠰᠢᠰᠲ᠋ᠧᠮ ᠤᠨ ᠴᠢᠨᠠᠷᠲᠠᠢ ᠢᠯᠵᠢᠷᠡᠯ ᠤᠨ ᠠᠶᠤᠯ ᠲᠦᠭᠰᠢᠭᠦᠷᠢ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠢ ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠵᠠᠰᠠᠯᠲᠠ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ ᠲᠠᠯᠪᠢᠬᠤ ᠲᠣᠭᠲᠠᠴᠠ ᠶᠢ ᠠᠬᠢᠭᠤᠯᠤᠨ ᠲᠡᠭᠦᠯᠳᠡᠷᠵᠢᠭᠦᠯᠵᠦ ᠂ ᠰᠢᠨ᠎ᠡ ᠮᠠᠶ᠋ᠢᠭ ᠤᠨ ᠢᠯᠵᠢᠷᠡᠯ ᠪᠠ ᠲᠠᠯᠳᠠ ᠢᠯᠵᠢᠷᠡᠯ ᠢ ᠰᠡᠷᠭᠡᠶᠢᠯᠡᠨ ᠵᠠᠰᠠᠬᠤ ᠪᠦᠲᠦᠮᠵᠢᠲᠡᠢ ᠠᠷᠭ᠎ᠠ ᠶᠢ ᠪᠠᠶᠠᠯᠢᠭᠵᠢᠭᠤᠯᠬᠤ ᠬᠡᠷᠡᠭᠲᠡᠢ ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ ᠂ ︽ᠬᠠᠮᠲᠤ ᠪᠠᠷ ᠪᠠᠶᠢᠴᠠᠭᠠᠬᠤ ︾ ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ ᠂ ︽ᠬᠠᠮᠲᠤ ᠪᠠᠷ ᠵᠠᠰᠠᠬᠤ ︾ ᠪᠠᠷ ᠰᠤᠷᠲᠠᠯ ᠢᠯᠵᠢᠷᠡᠯ ᠤᠨ ᠨᠡᠶᠢᠲᠡᠴᠢ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠰᠢ ᠶᠢᠨ ᠫᠢᠩ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ ᠃ ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠠᠳᠬᠤᠵᠤ ᠂ ᠰᠠᠨᠠᠭᠠᠴᠢᠯᠠᠭ᠎ᠠ ᠠᠴᠠ ᠪᠠᠨ ᠬᠠᠮᠢᠶᠠᠷᠴᠤ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠤᠰᠬᠠᠢ ᠬᠠᠷᠢᠭᠤᠴᠠᠯᠭ᠎ᠠ ᠶᠢᠨ ᠬᠢᠨᠠᠯᠲᠠ ᠶᠢ ᠰᠠᠶᠢᠲᠤᠷ ᠭᠦᠢᠴᠡᠳᠬᠡᠵᠦ ᠂ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠂ ᠭᠤᠣᠯ ᠠᠵᠢᠯ ᠢᠶᠠᠨ ᠰᠠᠶᠢᠲᠤᠷ ᠬᠢᠵᠦ ᠂ ᠡᠯ᠎ᠡ ᠬᠠᠷᠢᠭᠤᠴᠠᠯᠭ᠎ᠠ ᠶᠢᠨ ᠭᠤᠣᠯ ᠴᠣᠭᠴᠠ ᠴᠥᠮ ᠬᠠᠷᠢᠭᠤᠴᠠᠯᠭ᠎ᠠ ᠪᠠᠨ ᠮᠡᠳᠡᠵᠦ ᠂ ᠬᠠᠷᠢᠭᠤᠴᠠᠯᠭ᠎ᠠ ᠪᠠᠨ ᠡᠭᠦᠷᠭᠡᠯᠡᠵᠦ ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠯᠭᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠵᠦ ᠂ ᠲᠤᠰᠢᠶᠠᠯ ᠳᠠᠭᠠᠨ ᠤᠰᠤᠯᠳᠤᠵᠤ ᠬᠠᠷᠢᠭᠤᠴᠠᠯᠭ᠎ᠠ ᠪᠠᠨ ᠠᠯᠳᠠᠭᠰᠠᠳ ᠠᠴᠠ ᠣᠨᠣᠴᠠᠲᠠᠢ ᠰᠢᠨᠵᠢᠯᠡᠬᠦ ᠤᠬᠠᠭᠠᠨᠴᠢ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

      ᠰᠢ ᠶᠢᠨ ᠫᠢᠩ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠦᠷᠭᠦᠯᠵᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠬᠤᠲᠠ ᠰᠢᠶᠠᠨ ᠤ ᠨᠠᠮ ᠤᠨ ᠬᠤᠷᠢᠶ᠎ᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠴᠢᠬᠤᠯᠠ ᠡᠭᠦᠷᠭᠡ ᠪᠣᠯᠭᠠᠨ ᠪᠠᠶᠢᠩᠭᠤᠵᠢᠭᠤᠯᠤᠨ ᠠᠳᠬᠤᠵᠤ ᠂ ᠠᠷᠠᠳ ᠤᠯᠠᠨ ᠳᠤ ᠪᠠᠶᠠᠷᠲᠤ ᠲᠥᠷᠥᠭᠳᠡᠯ ᠥᠭᠬᠦ ᠬᠡᠷᠡᠭᠲᠡᠢ ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠶᠢ ᠦᠨᠳᠦᠰᠦᠨ ᠱᠠᠲᠤᠨ ᠤ ᠴᠠᠭᠳᠠᠨ ᠪᠠᠶᠢᠴᠠᠭᠠᠬᠤ ᠲᠠᠢ ᠤᠶᠠᠯᠳᠤᠭᠤᠯᠵᠤ ᠂ ᠡᠯ᠎ᠡ ᠲᠠᠯ᠎ᠠ ᠶᠢᠨ ᠬᠢᠨᠠᠯᠲᠠ ᠲᠠᠢ ᠨᠢᠭᠡᠳᠦᠯᠲᠡᠢ ᠲᠥᠯᠥᠪᠯᠡᠬᠦ ᠬᠡᠷᠡᠭᠲᠡᠢ ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠶᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠤᠯᠭᠠᠵᠤ ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷᠴᠤᠳ ᠲᠤ ᠨᠠᠶᠢᠳᠠᠪᠤᠷᠢᠵᠢᠭᠤᠯᠤᠯᠲᠠ ᠶᠢ ᠠᠳᠬᠤᠬᠤ ᠨᠡᠩ ᠤᠯᠠᠨ ᠤᠶᠤᠨ ᠴᠢᠳᠠᠯ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠰᠢ ᠶᠢᠨ ᠫᠢᠩ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠬᠤ ᠴᠢᠬᠤᠯᠠ ᠬᠦᠴᠦᠨ ᠮᠥᠨ ᠂ ᠨᠠᠮ ᠪᠣᠯᠣᠨ ᠠᠷᠠᠳ ᠲᠦᠮᠡᠨ ᠡᠨᠡ ᠬᠦ ᠡᠩᠨᠡᠭᠡ ᠳᠤ ᠢᠲᠡᠭᠡᠯ ᠭᠦᠢᠴᠡᠳ ᠂ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠡᠷᠬᠡ ᠣᠯᠭᠤᠬᠤ ᠪᠠ ᠡᠷᠬᠡ ᠡᠵᠡᠮᠳᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠡᠷᠬᠡ ᠶᠢ ᠳᠦᠷᠢᠮ ᠤᠨ ᠰᠢᠩᠭᠡᠯᠢᠭ ᠲᠤ ᠬᠤᠷᠢᠬᠤ ᠬᠡᠷᠡᠭᠲᠡᠢ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠦᠮᠵᠢᠯᠲᠡ ᠬᠠᠤᠯᠢᠵᠢᠯᠲᠠ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠢᠶᠠᠷ ᠴᠡᠭᠴᠡᠯᠡᠬᠦ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠶᠢ ᠪᠠᠷᠢᠮᠲᠠᠯᠠᠵᠤ ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠭᠠᠳᠬᠠᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠂ ᠵᠣᠷᠢᠭᠲᠠᠢ ᠴᠢᠳᠠᠮᠠᠭᠠᠢ ᠲᠡᠮᠡᠴᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠯᠢ ᠰᠢ ᠬᠤᠷᠠᠯ ᠡᠷᠭᠢᠯᠡᠭᠦ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠂ ᠥᠩᠭᠡᠷᠡᠭᠰᠡᠨ ᠨᠢᠭᠡ ᠵᠢᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ ᠂ ᠠᠯᠤᠰ ᠭᠡᠳᠤ ᠶᠢᠨ ᠲᠡᠦᠬᠡ ᠶᠢᠨ ᠬᠠᠷᠠᠴᠠ ᠪᠠᠷ ᠢᠯᠵᠢᠷᠡᠯ ᠢ ᠡᠰᠡᠷᠭᠦᠴᠡᠬᠦ ᠲᠡᠮᠡᠴᠡᠯ ᠤᠨ ᠦᠨᠳᠦᠰᠦᠨ ᠵᠢᠮ᠎ᠡ ᠶᠣᠰᠣ ᠶᠢ ᠭᠦᠨᠵᠡᠭᠡᠢ ᠡᠵᠡᠮᠳᠡᠵᠦ ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠥᠭᠴᠡᠢ ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ ᠂ ᠦᠵᠡᠯ ᠰᠠᠨᠠᠭ᠎ᠠ ᠭᠦᠨ ᠭᠦᠨᠵᠡᠭᠡᠢ ᠂ ᠠᠰᠠᠭᠤᠳᠠᠯ ᠳᠤ ᠰᠢᠭᠤᠳ ᠬᠠᠨᠳᠤᠵᠤ ᠂ ᠬᠥᠮᠥᠰ ᠢ ᠰᠡᠩᠬᠡᠷᠡᠭᠦᠯᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠲᠦᠷᠪᠡᠨ ᠤᠬᠠᠮᠰᠠᠷ ︾ ᠢᠶᠠᠨ ᠴᠢᠩᠭᠠᠳᠬᠠᠵᠤ ᠂ ︽ᠲᠦᠷᠪᠡᠨ ᠢᠲᠡᠭᠡᠯ ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠢᠲᠡᠭᠡᠯ ᠵᠣᠷᠢᠭ ᠢᠶᠠᠨ ᠪᠠᠲᠤᠳᠬᠠᠵᠤ ᠂ ᠵᠣᠷᠢᠭᠲᠠᠢ ᠪᠠᠷ ᠲᠡᠮᠡᠴᠡᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠢᠯᠵᠢᠷᠠᠬᠤ ᠠᠴᠠ ᠵᠢᠷᠦᠬᠡᠰᠢᠶᠡᠬᠦ ᠂ ᠢᠯᠵᠢᠷᠡᠵᠦ ᠪᠤᠯᠬᠤ ᠦᠭᠡᠢ ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠂ ᠲᠦᠷᠦ ᠶᠢᠨ ᠶᠠᠪᠤᠳᠠᠯ ᠤᠨ ᠭᠡᠰᠢᠭᠦᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ ᠃

      ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ ᠃ ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ ᠂ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ ᠃

      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ 1 ᠰᠠᠷ᠎ᠠ ᠶᠢᠨ 6 ᠤ ᠡᠳᠦᠷ ᠪᠡᠭᠡᠵᠢᠩ ᠳᠤ ᠡᠬᠢᠯᠡᠪᠡ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ ᠃ 6 ᠤ ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ