ᠣᠷᠳᠣᠰ ᠬᠤᠲᠠ ᠶᠢᠨ ᠬᠢᠨ ︽1 + 4 + N︾ ᠳᠤᠯᠠᠭᠠᠴᠠ ᠲᠠᠢ ᠬᠤᠲᠠ ᠶᠢᠨ ᠣᠶᠤᠨᠴᠢ ᠵᠠᠰᠠᠯᠲᠠ ᠶᠢᠨ ᠰᠢᠰᠲ᠋ᠧᠮ ᠢ ᠠᠰᠢᠭᠯᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ︽ᠨᠢᠭᠡ ᠯᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2025/1/8

      ᠬᠤᠲᠠ ᠶᠢᠨ ᠮᠡᠳᠡᠭᠡ ᠵᠠᠩᠭᠢ ᠶᠢᠨ ᠵᠠᠭᠪᠤᠷ ︵CIM︶ ᠤᠨ ︽1︾ ᠰᠠᠭᠤᠷᠢ ᠲᠠᠪᠴᠠᠩ ᠳᠤ ᠲᠦᠰᠢᠭᠯᠡᠨ᠂ ᠣᠶᠣᠨᠲᠤ ᠢᠨᠵᠧᠨᠧᠷᠢᠩ᠂ ᠤᠶᠤᠨᠲᠤ ᠣᠷᠣᠨ ᠰᠠᠭᠤᠴᠠ᠂ ᠬᠤᠲᠠ ᠶᠢᠨ ᠤᠶᠤᠨᠲᠤ ᠪᠥᠲᠥᠭᠡᠨ ᠪᠠᠶᠢᠭᠤᠯᠤᠯᠲᠠ᠂ ᠬᠤᠲᠠ ᠶᠢᠨ ᠤᠶᠤᠨᠲᠤ ᠬᠠᠮᠢᠶᠠᠷᠤᠯᠲᠠ ᠶᠢᠨ ︽4︾ ᠶᠡᠭᠡ ᠬᠤᠷᠠᠮᠠᠯ ᠬᠡᠷᠡᠭᠯᠡᠯᠲᠡ ᠶᠢ ᠪᠣᠶ ᠪᠣᠯᠭᠠᠵᠤ᠂ ᠬᠤᠲᠠ ᠶᠢᠨ ᠲᠤᠰ ᠪᠡᠶ᠎ᠡ ᠳᠠᠬᠢ ᠪᠠᠶᠢᠴᠠᠭᠠᠯᠲᠠ᠂ ᠬᠤᠲᠠ ᠪᠠᠯᠭᠠᠰᠤ ᠶᠢᠨ ᠰᠢᠲᠠᠮᠠᠬᠠᠶ ᠬᠡᠶ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ︽N︾ ᠬᠡᠷᠡᠭᠯᠡᠯᠲᠡ ᠶᠢᠨ ᠲᠠᠯᠠᠪᠤᠷ ᠪᠠᠶᠢᠳᠠᠯ ᠳᠤ ᠢᠵᠢ ᠪᠦᠷᠢᠳᠦᠭᠦᠯᠦᠨ ᠳᠣᠬᠢᠷᠠᠭᠤᠯᠵᠤ᠂ ︽ᠨᠢᠭᠡ ᠯᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠪᠡᠶᠡᠯᠡᠭᠦᠯᠦᠨ᠎ᠡ᠃ ᠨᠢᠭᠡ ᠳᠤ᠂ ︽ᠤᠶᠤᠨᠲᠤ ᠢᠨᠵᠧᠨᠧᠷᠢᠩ︾ ᠢᠶᠠᠷ ᠪᠠᠷᠢᠯᠭ᠎ᠠ ᠶᠢᠨ ᠦᠢᠯᠡᠰ ᠤᠨ ᠣᠶᠤᠨᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠣᠳᠣᠬᠠᠨ ᠳᠤ ᠲᠣᠰ ᠰᠢᠰᠲ᠋ᠧᠮ ᠢ ᠨᠢᠭᠡᠨᠲᠡ 259 ᠪᠠᠷᠢᠯᠭ᠎ᠠ ᠶᠢᠨ ᠭᠠᠵᠠᠷ ᠲᠤ ᠵᠠᠯᠭᠠᠨ ᠤᠭᠰᠠᠷᠠᠵᠤ᠂ ᠬᠤᠷᠠᠮᠠᠯ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ᠂ ᠣᠷᠴᠢᠨ ᠲᠣᠭᠤᠷᠢᠨ ᠤ ᠬᠢᠨᠠᠨ ᠬᠡᠮᠵᠢᠯᠲᠡ᠂ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ ᠶᠢ ᠨᠢᠭᠡ ᠴᠣᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠬᠡᠰᠡᠭ ᠢᠶᠠᠷ ᠪᠦᠷᠢᠯᠳᠦᠪᠡ᠃ ᠬᠤᠶᠠᠷ ᠲᠤ᠂ ︽ᠤᠶᠤᠨᠲᠤ ᠣᠷᠣᠨ ᠰᠠᠭᠤᠴᠠ︾ ᠪᠠᠷ ᠬᠡᠷ ᠪᠠᠶᠢᠰᠢᠩ ᠠᠷᠠᠯᠵᠢᠶᠠᠯᠠᠬᠤ ᠶᠢᠨ ᠪᠥᠬᠦ ᠶᠠᠪᠤᠴᠠ ᠳᠠᠬᠢ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠣᠳᠣᠬᠠᠨ ᠳᠤ ᠨᠡᠶᠢᠲᠡ ᠪᠥᠬᠦ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ 132 ᠲᠥᠷᠥᠯ ᠵᠦᠢᠯ ᠢ ᠬᠢᠨᠠᠨ ᠬᠠᠮᠢᠶᠠᠷᠪᠠ᠃ ᠭᠤᠷᠪᠠ ᠳᠤ᠂ ︽ᠬᠤᠲᠠ ᠶᠢᠨ ᠤᠶᠤᠨᠲᠤ ᠪᠥᠲᠥᠭᠡᠨ ᠪᠠᠶᠢᠭᠤᠯᠤᠯᠲᠠ︾ ᠪᠠᠷ ᠬᠤᠲᠠ ᠶᠢᠨ ᠲᠥᠯᠥᠪᠵᠢᠭᠦᠯᠭᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠰᠠᠯᠠᠭᠤᠯᠵᠤ᠂ ᠣᠳᠣᠬᠠᠨ ᠳᠤ ᠪᠥᠬᠦ ᠬᠤᠲᠠ ᠶᠢᠨ ᠲᠤᠰ ᠪᠡᠶ᠎ᠡ ᠳᠠᠬᠢ ᠪᠠᠶᠢᠴᠠᠭᠠᠯᠲᠠ ᠶᠢᠨ ᠰᠢᠰᠲ᠋ᠧᠮ ᠳᠤ 9 ᠶᠡᠭᠡ ᠴᠢᠭᠯᠡᠯ᠂ 132 ᠨᠠᠷᠢᠨ ᠵᠦᠢᠯᠡᠰ ᠤᠨ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ ᠶᠢ ᠪᠠᠶᠢᠭᠤᠯᠵᠤ᠂ ᠳ᠋ᠠᠶᠢᠲ᠋ᠠ ᠴᠤᠭᠯᠠᠭᠤᠯᠬᠤ ᠳᠤ ᠨᠢᠭᠡ ᠳᠠᠷᠤᠪᠴᠢ ᠪᠠᠷ ᠶᠠᠪᠤᠭᠤᠯᠬᠤ᠂ ᠠᠦ᠋ᠲ᠋ᠣ᠋ ᠬᠢᠨᠠᠨ ᠰᠢᠯᠭᠠᠬᠤ᠂ ᠣᠶᠤᠨᠴᠢ ᠪᠠᠷ ᠵᠠᠳᠠᠯᠬᠤ᠂ ᠮᠡᠳᠡᠭᠦᠯᠦᠯᠲᠡ ᠭᠠᠷᠭᠠᠬᠤ ᠵᠡᠷᠭᠡ ᠴᠢᠳᠠᠮᠵᠢ ᠶᠢ ᠪᠡᠶᠡᠯᠡᠭᠦᠯᠪᠡ᠃ ᠲᠦᠷᠪᠡ ᠳᠤ᠂ ︽ᠬᠤᠳᠠ ᠶᠢᠨ ᠤᠶᠤᠨᠲᠤ ᠬᠠᠮᠢᠶᠠᠷᠤᠯᠲᠠ︾ ᠪᠠᠷ ᠬᠤᠳᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠬᠢᠨ ᠬᠠᠮᠠᠭᠠᠯᠠᠭᠤᠯᠪᠠ᠃ ᠣᠳᠣᠬᠠᠨ ᠳᠤ᠂ ᠢᠯᠴᠢ ᠬᠠᠩᠭᠠᠬᠤ ᠤᠶᠤᠨᠲᠤ ᠲᠠᠪᠴᠠᠩ ᠨᠢᠭᠡᠨᠲᠡ 449 ᠢᠯᠴᠢ ᠰᠣᠯᠢᠯᠴᠠᠬᠤ ᠥᠷᠲᠡᠭᠡ ᠶᠢ ᠬᠢᠨᠠᠨ ᠬᠡᠮᠵᠢᠵᠦ᠂ 1 ᠲᠦᠮᠡ ᠭᠠᠷᠤᠶ ᠡᠷᠦᠬᠡ ᠶᠢᠨ ᠳᠤᠯᠠᠭᠠᠴᠠ ᠶᠢ ᠬᠢᠨᠠᠨ ᠬᠡᠮᠵᠢᠵᠦ᠂ ᠭᠡᠷ ᠤᠨ ᠳᠤᠯᠠᠭᠠᠨ ᠢ ᠬᠥᠳᠡᠯᠦᠩᠭᠦᠢ ᠪᠠᠷ ᠬᠡᠮᠵᠢᠬᠦ 1347 ᠳ᠋ᠠᠶᠢᠲ᠋ᠠ ᠳᠤ ᠵᠠᠯᠭᠠᠨ ᠤᠭᠰᠠᠷᠠᠵᠤ᠂ 1.34 ᠲᠦᠮᠡᠨ ᠰᠠᠭᠤᠷᠢ ᠠᠰᠠᠷ ᠢ ᠲᠠᠩᠰᠠ ᠡᠪᠬᠡᠮᠡᠯ ᠳᠤ ᠣᠷᠤᠭᠤᠯᠪᠠ︔ ᠵᠠᠮ ᠤᠨ ᠳᠠᠯᠳᠠ ᠬᠡᠮ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠬᠡᠷᠡᠭᠯᠡᠵᠦ᠂ ᠴᠦᠮᠦᠷᠡᠬᠦ ᠳᠠᠯᠳᠠ ᠬᠡᠮ ᠣᠷᠤᠰᠢᠵᠤ ᠪᠠᠶᠢᠭ᠎ᠠ 273 ᠭᠡᠰᠡᠭ᠂ ᠴᠥᠮᠥᠷᠡᠬᠦ ᠬᠦᠨᠳᠦ ᠶᠡᠭᠡ ᠳᠠᠯᠳᠠ ᠭᠡᠮ ᠣᠷᠣᠰᠢᠵᠤ ᠪᠠᠶᠢᠭ᠎ᠠ 45 ᠬᠡᠰᠡᠭ ᠢ ᠪᠦᠲᠦᠮᠵᠢᠲᠡᠶ ᠠᠷᠢᠯᠭᠠᠪᠠ᠃ ︵ᠣᠷᠳᠣᠰ ᠬᠤᠲᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ