ᠰᠦᠨ ᠱᠣᠣ ᠴᠧᠩ ᠪᠦᠯᠭᠦᠮ ᠳᠠᠭᠠᠭᠤᠯᠤᠨ ᠪᠷᠠᠽᠢᠯ ᠪᠣᠯᠣᠨ ᠦᠷᠦ᠋ᠭᠤᠸᠠᠶ ᠳᠤ ᠠᠶᠢᠯᠴᠢᠯᠠᠪᠠ
ᠨᠡᠶᠢᠲᠡᠯᠡᠭᠰᠡᠨ ᠴᠠᠭ᠄
2025/2/10

 

      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠳᠤᠮᠳᠠᠳᠤ ᠪᠷᠠᠽᠢᠯ᠂ ᠳᠤᠮᠳᠠᠳᠤ ᠦᠷᠦ᠋ᠭᠤᠸᠠᠶ ᠶᠢᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠬᠤᠶᠠᠷ ᠤᠯᠤᠰ ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ ᠤ ᠰᠣᠯᠢᠯᠴᠠᠭ᠎ᠠ ᠶᠢ ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠨᠡᠭᠡᠭᠡᠯᠲᠡ ᠬᠢᠵᠦ ᠬᠥᠭᠵᠢᠬᠦ ᠶᠢ ᠨᠠᠩ ᠰᠠᠶᠢᠲᠤᠷ ᠪᠡᠶᠡᠯᠡᠭᠦᠯᠬᠦ ᠶᠢᠨ ᠲᠣᠭᠤᠷᠢᠨ ᠳᠤ᠂ 2 ᠰᠠᠷ᠎ᠠ ᠶᠢᠨ 1᠎ ᠤ ᠡᠳᠦᠷ ᠠᠴᠠ 9᠎ ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠦᠯᠭᠦᠮ ᠳᠠᠭᠠᠭᠤᠯᠤᠨ ᠪᠷᠠᠽᠢᠯ᠂ ᠦᠷᠦ᠋ᠭᠤᠸᠠᠶ ᠳᠤ ᠠᠶᠢᠯᠴᠢᠯᠠᠪᠠ᠃


1.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠠᠩᠲ᠋ᠤᠰ ᠭᠠᠷᠠᠮ ᠳᠤ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ ᠃


2.jpg


     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ︵ ᠥᠪᠥᠷ ᠮᠣᠩᠭᠤᠯ ︶ — ᠪᠷᠠᠽᠢᠯ ᠤᠨ ᠰᠢᠷ᠎ᠠ ᠪᠤᠷᠴᠠᠭ ᠤᠨ ᠦᠷᠭᠦᠯᠵᠢᠯᠡᠬᠦ  ᠪᠠᠶᠢᠯᠳᠤᠬᠤ ᠪᠣᠳᠣᠯᠭ᠎ᠠ ᠶᠢᠨ ᠭᠡᠷ᠎ᠡ ᠲᠣᠭᠲᠠᠬᠤ ᠶᠣᠰᠣᠯᠠᠯ ᠵᠢᠴᠢ ᠪᠦᠭᠦ ᠪᠥᠮᠪᠥᠷᠴᠡᠭ ᠤᠨ ᠰᠦ ᠶᠢᠨ ᠦᠢᠯᠡᠰ ᠤᠨ ᠦᠷᠭᠦᠯᠵᠢᠯᠡᠬᠦ ᠬᠠᠩᠭᠠᠯᠭ᠎ᠠ ᠶᠢᠨ ᠬᠡᠯᠬᠢᠶ᠎ᠡ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠲᠣᠬᠢᠷᠠᠯᠴᠠᠨ ᠨᠡᠶᠢᠲᠡᠯᠡᠬᠦ ᠶᠣᠰᠣᠯᠠᠯ ᠳᠤ ᠣᠷᠣᠯᠴᠠᠪᠠ᠃


3.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠠᠩᠸᠤᠩ ᠫᠠᠦ᠋ᠯᠦ᠋ ᠳᠤ ︽ 2026 ᠳᠡᠯᠡᠬᠡᠢ ᠶᠢᠨ ᠬᠤᠨᠳᠠᠭᠠᠲᠤ ᠬᠥᠯ ᠪᠥᠮᠪᠦᠭᠡ ᠶᠢᠨ ᠤᠷᠤᠯᠳᠤᠭᠠᠨ ᠤ ᠲᠤᠭᠴᠢ ᠡᠯᠰᠡᠬᠦ ᠵᠢᠴᠢ ᠥᠪᠥᠷ ᠮᠣᠩᠭᠤᠯ ᠰᠠᠩᠸᠤᠩ ᠫᠠᠦ᠋ᠯᠦ᠋ ᠶᠢᠨ ᠣᠷᠣᠨ ᠪᠦᠰᠡ ᠶᠢᠨ ᠡᠭᠢᠯᠡᠯᠲᠡ ᠶᠢᠨ ᠶᠣᠰᠣᠯᠠᠯ ︾᠎ ᠳᠤ ᠣᠷᠣᠯᠴᠠᠪᠠ ᠃


4.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠠᠩᠸᠤᠩ ᠫᠠᠦ᠋ᠯᠦ᠋ ᠵᠧᠦ ᠶᠢᠨ ᠣᠷᠣᠯᠠᠭᠴᠢ ᠳᠠᠷᠤᠭ᠎ᠠ ᠯᠠᠮᠦ᠋ᠰ ᠲᠠᠢ ᠠᠭᠤᠯᠵᠠᠪᠠ᠃


5.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ︵ ᠥᠪᠥᠷ ᠮᠣᠩᠭᠤᠯ ︶ — ᠪᠷᠠᠽᠢᠯ ᠤᠨ ᠪᠡᠯᠡ ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠪᠡ᠃

      ᠪᠷᠠᠽᠢᠯ ᠳᠤ ᠠᠶᠢᠯᠴᠢᠯᠠᠬᠤ ᠬᠤᠭᠤᠴᠠᠭᠠᠨ ᠳᠠᠭᠠᠨ ᠰᠦᠨ ᠱᠤᠤ ᠴᠧᠩ ᠡᠩ ᠲᠡᠷᠢᠭᠦᠨ ᠳᠤ ᠰᠠᠩᠲ᠋ᠤᠰ ᠭᠠᠷᠠᠮ ᠳᠤ ᠬᠦᠷᠴᠦ᠂ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠳᠤᠮᠳᠠᠳᠤ ᠤᠯᠤᠰ ︵ ᠥᠪᠥᠷ ᠮᠣᠩᠭᠤᠯ ︶ — ᠪᠷᠠᠽᠢᠯ ᠤᠨ ᠰᠢᠷ᠎ᠠ ᠪᠤᠷᠴᠠᠭ ᠤᠨ ᠦᠷᠭᠦᠯᠵᠢᠯᠡᠬᠦ  ᠪᠠᠶᠢᠯᠳᠤᠬᠤ ᠪᠣᠳᠣᠯᠭ᠎ᠠ ᠶᠢᠨ ᠭᠡᠷ᠎ᠡ ᠲᠣᠭᠲᠠᠬᠤ ᠶᠣᠰᠣᠯᠠᠯ ᠵᠢᠴᠢ ᠪᠦᠭᠦ ᠪᠥᠮᠪᠥᠷᠴᠡᠭ ᠤᠨ ᠰᠦ ᠶᠢᠨ ᠦᠢᠯᠡᠰ ᠤᠨ ᠦᠷᠭᠦᠯᠵᠢᠯᠡᠬᠦ ᠬᠠᠩᠭᠠᠯᠭ᠎ᠠ ᠶᠢᠨ ᠬᠡᠯᠬᠢᠶ᠎ᠡ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠲᠣᠬᠢᠷᠠᠯᠴᠠᠨ ᠨᠡᠶᠢᠲᠡᠯᠡᠬᠦ ᠶᠣᠰᠣᠯᠠᠯ ᠳᠤ ᠣᠷᠣᠯᠴᠠᠪᠠ᠃ ᠲᠤᠬᠠᠢ ᠶᠢᠨ ᠭᠠᠵᠠᠷ ᠤᠨ ᠴᠠᠭ ᠢᠶᠠᠷ 2 ᠰᠠᠷ᠎ᠠ ᠶᠢᠨ 3᠎ ᠤ ᠦᠳᠡ ᠶᠢᠨ ᠬᠤᠶᠢᠨ᠎ᠠ᠂ ᠰᠦᠨ ᠱᠤᠤ ᠴᠧᠩ ᠰᠠᠩᠸᠤᠩ ᠫᠠᠦ᠋ᠯᠦ᠋ ᠳᠤ ︽ 2026 ᠳᠡᠯᠡᠬᠡᠢ ᠶᠢᠨ ᠬᠤᠨᠳᠠᠭᠠᠲᠤ ᠬᠥᠯ ᠪᠥᠮᠪᠦᠭᠡ ᠶᠢᠨ ᠤᠷᠤᠯᠳᠤᠭᠠᠨ ᠤ ᠲᠤᠭᠴᠢ ᠡᠯᠰᠡᠬᠦ ᠵᠢᠴᠢ ᠥᠪᠥᠷ ᠮᠣᠩᠭᠤᠯ ᠰᠠᠩᠸᠤᠩ ᠫᠠᠦ᠋ᠯᠦ᠋ ᠶᠢᠨ ᠣᠷᠣᠨ ᠪᠦᠰᠡ ᠶᠢᠨ ᠡᠭᠢᠯᠡᠯᠲᠡ ᠶᠢᠨ ᠶᠣᠰᠣᠯᠠᠯ ︾᠎ ᠳᠤ ᠣᠷᠣᠯᠴᠠᠵᠤ᠂ ᠰᠠᠩᠸᠤᠩ ᠫᠠᠦ᠋ᠯᠦ᠋ ᠵᠧᠦ ᠶᠢᠨ ᠣᠷᠣᠯᠠᠭᠴᠢ ᠳᠠᠷᠤᠭ᠎ᠠ ᠯᠠᠮᠦ᠋ᠰ ᠵᠡᠷᠭᠡ ᠲᠤᠰᠢᠶᠠᠯᠲᠠᠨ ᠲᠠᠢ ᠠᠭᠤᠯᠵᠠᠪᠠ᠃ ᠳᠠᠷᠠᠭ᠎ᠠ ᠨᠢ ᠶᠠᠪᠤᠭᠳᠠᠭᠰᠠᠨ ᠳᠤᠮᠳᠠᠳᠤ ᠤᠯᠤᠰ ︵ ᠥᠪᠥᠷ ᠮᠣᠩᠭᠤᠯ ︶ — ᠪᠷᠠᠽᠢᠯ ᠤᠨ ᠪᠡᠯᠡ ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭᠠᠨ ᠤ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠰᠦᠨ ᠱᠤᠤ ᠴᠧᠩ ᠪᠠᠶᠠᠷ ᠤᠨ ᠦᠭᠡ ᠬᠡᠯᠡᠪᠡ᠃ ᠲᠡᠷᠡ ᠪᠠᠶᠠᠷ ᠤᠨ ᠦᠭᠡ ᠳᠡᠭᠡᠨ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠪᠷᠠᠽᠢᠯ ᠤᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠳᠤᠨᠤᠨ ᠤ 11 ᠰᠠᠷ᠎ᠠ ᠳᠤ ᠪᠷᠠᠽᠢᠯ ᠳᠤ ᠠᠶᠢᠯᠴᠢᠯᠠᠬᠤ ᠬᠤᠭᠤᠴᠠᠭᠠᠨ ᠳᠤ ᠳᠤᠮᠳᠠᠳᠤ ᠪᠷᠠᠽᠢᠯ ︽ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠲᠤᠬᠠᠢ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠢᠯᠡᠷᠬᠡᠶᠢᠯᠡᠯᠲᠡ ︾ ᠵᠢᠴᠢ ᠠᠯᠢ ᠤᠯᠠᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠬᠤᠶᠠᠷ ᠤᠯᠤᠰ ᠤᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ ᠣᠷᠣᠪᠠ᠃ ᠥᠪᠥᠷ ᠮᠣᠩᠭᠤᠯ ᠪᠣᠯ ᠳᠤᠮᠳᠠᠳᠤ ᠤᠯᠤᠰ ᠤᠨ ᠨᠢᠭᠡᠨ ᠥᠪᠡᠷᠲᠡᠭᠡᠨ ᠵᠠᠰᠠᠬᠤ ᠣᠷᠣᠨ ᠮᠥᠨ᠃ ᠪᠷᠠᠽᠢᠯ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠠᠵᠤ ᠠᠬᠤᠢ ᠶᠢᠨ ᠬᠠᠷᠢᠯᠴᠠᠨ ᠨᠥᠬᠦᠪᠦᠷᠢᠯᠡᠬᠦ ᠴᠢᠨᠠᠷ ᠢᠶᠠᠷ ᠴᠢᠩᠭ᠎ᠠ᠂ ᠮᠠᠯ ᠠᠵᠤ ᠠᠬᠤᠢ ᠲᠠᠷᠢᠶᠠᠯᠠᠩ᠂ ᠰᠢᠨ᠎ᠡ ᠡᠨᠧᠷᠭᠢ᠂ ᠰᠣᠶᠣᠯ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠳᠤᠷᠠᠲᠠᠶ᠎ᠠ ᠬᠤᠶᠠᠷ ᠲᠠᠯ᠎ᠠ ᠪᠠᠷ ᠢᠶᠠᠨ ᠭᠠᠷ ᠬᠤᠯᠪᠣᠨ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠰᠢᠨ᠎ᠡ ᠰᠢᠪᠲᠤᠯᠤᠯᠲᠠ ᠲᠠᠢ ᠪᠤᠯᠬᠤ ᠶᠢ ᠬᠠᠮᠲᠤ ᠪᠠᠷ ᠠᠬᠢᠭᠤᠯᠤᠨ᠎ᠠ᠃ ᠡᠭᠦᠨ ᠤ ᠵᠡᠷᠭᠡ ᠪᠠᠷ ᠪᠷᠠᠽᠢᠯ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠨᠥᠭᠦᠷᠰᠡᠭ ᠬᠤᠳᠠ ᠶᠢᠨ ᠬᠠᠷᠢᠯᠴᠠᠭ᠎ᠠ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠲᠤᠷᠠᠯᠴᠠᠨ ᠬᠥᠭᠵᠢᠬᠦ ᠰᠢᠨ᠎ᠡ ᠵᠠᠮ ᠢ ᠬᠠᠮᠲᠤ ᠪᠠᠷ ᠰᠦᠪᠡᠭᠴᠢᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ ᠲᠣᠰ ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠢ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠪᠷᠠᠽᠢᠯ ᠤᠨ ᠭᠠᠳᠠᠭᠠᠳᠤ ᠭᠠᠷᠭᠠᠯᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠬᠠᠮᠲᠤᠷᠠᠨ ᠡᠷᠭᠢᠯᠡᠵᠦ᠂ ᠳᠤᠮᠳᠠᠳᠤ ᠪᠷᠠᠽᠢᠯ ᠬᠤᠶᠠᠷ ᠲᠠᠯ᠎ᠠ ᠶᠢᠨ ᠨᠡᠶᠢᠲᠡ 200 ᠭᠠᠷᠤᠢ ᠠᠵᠤ ᠠᠬᠤᠶᠢᠯᠠᠯ ᠣᠷᠣᠯᠴᠠᠵᠤ᠂ ᠬᠠᠮᠲᠤᠷᠠᠯᠴᠠᠭᠠᠨ ᠤ ᠲᠥᠷᠥᠯ ᠵᠦᠢᠯ᠂ ᠵᠥᠪᠯᠡᠯᠴᠡᠭᠡᠷ 17 ᠲᠣᠭᠲᠠᠵᠤ᠂ ᠲᠠᠷᠢᠮᠠᠯ ᠤᠨ ᠦᠢᠯᠡᠰ᠂ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠢᠳᠡᠭᠡᠨ ᠵᠢᠴᠢ ᠰᠦ ᠶᠢᠨ ᠦᠢᠯᠡᠰ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 100 ᠳ᠋ᠦᠩᠰᠢᠭᠤᠷ  ᠰᠢᠬᠠᠮ ᠲᠥᠭᠦᠷᠢᠭ ᠲᠤ ᠬᠦᠷᠴᠡᠢ᠃


6.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠷᠢᠯᠭ᠎ᠠ ᠪᠠᠷ ᠠᠶᠢᠰᠲ ᠬᠤᠱᠣᠣ ᠳᠤ ᠦᠷᠦ᠋ᠭᠤᠸᠠᠢ ᠶᠢᠨ ᠬᠤᠶᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠪᠠ ᠃


7.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠶᠢᠰᠲ ᠬᠤᠱᠣᠣ ᠳᠤ ᠢᠯᠢ ᠪᠦᠯᠦᠭᠯᠡᠯ ᠪᠣᠯᠣᠨ ᠺᠧᠨᠠ ᠰᠦ ᠶᠢᠨ ᠦᠢᠯᠡᠰ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠪᠣᠯᠣᠨ ᠡᠩᠧᠯᠢᠨᠸᠢᠰᠲ ᠺᠤᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠬᠤ ᠶᠢ ᠭᠡᠷᠡᠴᠢᠯᠡᠪᠡ᠃


8.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠷᠦ᠋ᠭᠤᠸᠠᠶ ᠶᠢᠨ ᠭᠠᠳᠠᠭᠠᠳᠤ ᠶᠠᠪᠤᠳᠠᠯ ᠤᠨ ᠶᠠᠮᠤᠨ ᠳᠤ ᠬᠦᠷᠴᠦ ᠨᠢᠺᠦ᠋ᠯᠠᠰ · ᠠᠷᠸᠢᠲ᠋ᠧᠨᠢ ᠳᠡᠳ᠋ ᠰᠠᠶᠢᠳ ︵ ᠣᠷᠣᠯᠠᠭᠴᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ︶᠎ ᠲᠠᠢ ᠬᠡᠯᠡᠯᠴᠡᠭᠡ ᠬᠢᠪᠡ ᠃

      ᠦᠷᠦ᠋ᠭᠤᠸᠠᠢ ᠳᠤ ᠠᠶᠢᠯᠴᠢᠯᠠᠬᠤ ᠬᠤᠭᠤᠴᠠᠭᠠᠨ ᠳᠠᠭᠠᠨ ᠰᠦᠨ ᠱᠤᠤ ᠴᠧᠩ ᠤᠷᠢᠯᠭ᠎ᠠ ᠪᠠᠷ ᠠᠶᠢᠰᠲ ᠬᠤᠱᠣᠣ ᠳᠤ ᠦᠷᠦ᠋ᠭᠤᠸᠠᠢ ᠶᠢᠨ ᠬᠤᠶᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠵᠤ᠂ ᠲᠤᠬᠠᠢ ᠶᠢᠨ ᠭᠠᠵᠠᠷ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠮᠡᠷᠭᠡᠵᠢᠯ ᠤᠨ ᠬᠡᠷᠡᠭᠯᠡᠯᠲᠡ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠵᠤ᠂ ᠢᠯᠢ ᠪᠦᠯᠦᠭᠯᠡᠯ ᠪᠣᠯᠣᠨ ᠺᠧᠨᠠ ᠰᠦ ᠶᠢᠨ ᠦᠢᠯᠡᠰ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠪᠣᠯᠣᠨ ᠡᠩᠧᠯᠢᠨᠸᠢᠰᠲ ᠺᠤᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠬᠤ ᠶᠢ ᠭᠡᠷᠡᠴᠢᠯᠡᠪᠡ᠃ ᠮᠤᠨᠲᠸᠧᠢᠳᠢᠶᠠ ᠳᠤ ᠰᠦᠨ ᠱᠤᠤ ᠴᠧᠩ ᠦᠷᠦ᠋ᠭᠤᠸᠠᠶ ᠶᠢᠨ ᠭᠠᠳᠠᠭᠠᠳᠤ ᠶᠠᠪᠤᠳᠠᠯ ᠤᠨ ᠶᠠᠮᠤᠨ ᠳᠤ ᠬᠦᠷᠴᠦ ᠨᠢᠺᠦ᠋ᠯᠠᠰ · ᠠᠷᠸᠢᠲ᠋ᠧᠨᠢ ᠳᠡᠳ᠋ ᠰᠠᠶᠢᠳ ︵ ᠣᠷᠣᠯᠠᠭᠴᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ︶᠎ ᠲᠠᠢ ᠬᠡᠯᠡᠯᠴᠡᠭᠡ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠰᠠᠨ ᠬᠤᠰᠧ ᠮᠤᠵᠢ ᠶᠢᠨ ᠨᠥᠭᠦᠷᠰᠡᠭ ᠬᠤᠲᠠ ᠶᠢᠨ ᠬᠡᠯᠡᠯᠴᠡᠭᠡᠷ ᠰᠣᠯᠢᠯᠴᠠᠬᠤ ᠶᠣᠰᠣᠯᠠᠯ ᠳᠤ ᠣᠷᠣᠯᠴᠠᠪᠠ᠃


9.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠷᠠᠽᠢᠯ ᠤᠨ ᠲᠠᠷᠢᠶᠠᠯᠠᠩ ᠪᠣᠯᠣᠨ ᠮᠠᠯ ᠠᠵᠤ ᠠᠬᠤᠢ ᠶᠢᠨ ᠶᠠᠮᠤᠨ ᠤ ᠳᠡᠳ᠋ ᠰᠠᠶᠢᠳ ᠺᠧᠯᠠᠶᠢᠪᠦ᠋ᠸᠧ · ᠰᠦᠯᠸᠶᠢᠰ ᠲᠠᠢ ᠠᠭᠤᠯᠵᠠᠪᠠ᠃


10.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠷᠦ᠋ᠭᠤᠸᠠᠢ ᠶᠢᠨ ᠮᠠᠯ ᠠᠵᠤ ᠠᠬᠤᠢ ᠲᠠᠷᠢᠶᠠᠯᠠᠩ ᠵᠢᠭᠠᠰᠤᠨ ᠤ ᠠᠵᠤ ᠠᠬᠤᠢ ᠶᠢᠨ ᠶᠠᠮᠤᠨ ᠤ ᠰᠠᠶᠢᠳ ᠹᠧᠷᠨᠠᠨᠳᠤ᠋ · ᠮᠠᠲ᠋ᠦ᠋ᠸ᠋ᠰ ᠲᠠᠢ ᠠᠭᠤᠯᠵᠠᠪᠠ ᠃

      ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠯ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ ᠬᠠᠷᠠᠯᠲᠠ ᠪᠣᠯᠣᠨ᠎ᠠ᠃ ᠪᠷᠠᠽᠢᠯ ᠪᠣᠯᠣᠨ ᠦᠷᠦ᠋ᠭᠤᠸᠠᠢ ᠳᠤ ᠪᠠᠶᠢᠬᠤ ᠬᠤᠭᠤᠴᠠᠭᠠᠨ ᠳᠠᠭᠠᠨ ᠰᠦᠨ ᠱᠤᠤ ᠴᠧᠩ ᠪᠷᠠᠽᠢᠯ ᠤᠨ ᠲᠠᠷᠢᠶᠠᠯᠠᠩ ᠪᠣᠯᠣᠨ ᠮᠠᠯ ᠠᠵᠤ ᠠᠬᠤᠢ ᠶᠢᠨ ᠶᠠᠮᠤᠨ ᠤ ᠳᠡᠳ᠋ ᠰᠠᠶᠢᠳ ᠺᠧᠯᠠᠶᠢᠪᠦ᠋ᠸᠧ · ᠰᠦᠯᠸᠶᠢᠰ᠂ ᠦᠷᠦ᠋ᠭᠤᠸᠠᠢ ᠶᠢᠨ ᠮᠠᠯ ᠠᠵᠤ ᠠᠬᠤᠢ ᠲᠠᠷᠢᠶᠠᠯᠠᠩ ᠵᠢᠭᠠᠰᠤᠨ ᠤ ᠠᠵᠤ ᠠᠬᠤᠢ ᠶᠢᠨ ᠶᠠᠮᠤᠨ ᠤ ᠰᠠᠶᠢᠳ ᠹᠧᠷᠨᠠᠨᠳᠤ᠋· ᠮᠠᠲ᠋ᠦ᠋ᠸ᠋ᠰ ᠲᠠᠢ ᠲᠤᠰ ᠲᠤᠰ ᠠᠭᠤᠯᠵᠠᠪᠠ᠃ ᠲᠡᠷᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠮᠠᠯ ᠠᠵᠤ ᠠᠬᠤᠢ ᠲᠠᠷᠢᠶᠠᠯᠠᠩ ᠤᠨ ᠲᠣᠮᠣ ᠣᠷᠣᠨ᠂ ᠪᠷᠠᠽᠢᠯ᠂ ᠦᠷᠦ᠋ᠭᠤᠸᠠᠢ ᠪᠣᠯ ᠳᠡᠯᠡᠬᠡᠢ ᠶᠢᠨ ᠮᠠᠯ ᠠᠵᠤ ᠠᠬᠤᠢ ᠲᠠᠷᠢᠶᠠᠯᠠᠩ ᠤᠨ ᠲᠣᠮᠣ ᠤᠯᠤᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠴᠢᠬᠤᠯᠠ ᠤᠯᠤᠰ ᠪᠠᠶᠢᠵᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠣᠯ ᠪᠢᠳᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠥᠪᠥᠷ ᠮᠣᠩᠭᠤᠯ ᠬᠤᠶᠠᠷ ᠤᠯᠤᠰ ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ ᠲᠠᠢ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠯᠠᠩᠭᠤᠶ᠎ᠠ ᠦᠷ᠎ᠡ ᠶᠢᠨ ᠦᠢᠯᠡᠰ ᠭᠡᠬᠦ ᠡᠨᠡ ᠬᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠠᠴᠠ ᠲᠠᠪᠴᠠᠩ ᠪᠠᠶᠢᠭᠤᠯᠬᠤ ᠪᠠᠷ ᠳᠠᠮᠵᠢᠨ ᠨᠠᠩ ᠣᠯᠠᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠮᠤ ᠪᠤᠳᠠᠭ᠎ᠠ᠂ ᠪᠤᠭ ᠮᠠᠯ᠂ ᠦᠬᠡᠷ᠂ ᠡᠪᠡᠰᠦ ᠵᠡᠷᠭᠡ ᠶᠢᠨ ᠦᠷ᠎ᠡ ᠡᠳ᠋ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠭᠠᠷ ᠬᠤᠯᠪᠣᠨ ᠠᠬᠢᠭᠤᠯᠵᠤ᠂ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃


11.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ᠤᠨ ᠪᠷᠠᠽᠢᠯ ᠳᠤ ᠰᠠᠭᠤᠭ᠎ᠠ ᠡᠯᠴᠢᠨ ᠰᠠᠶᠢᠳ ᠵᠦ ᠴᠢᠩ ᠴᠢᠶᠣᠤ ᠲᠠᠢ ᠠᠭᠤᠯᠵᠠᠪᠠ ᠃


12.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠷᠦ᠋ᠭᠤᠸᠠᠢ ᠳᠤ ᠰᠠᠭᠤᠭ᠎ᠠ ᠡᠯᠴᠢᠨ ᠰᠠᠶᠢᠳ ᠬᠤᠸᠠᠩ ᠶᠠ ᠵᠦᠩ ᠲᠠᠢ ᠠᠭᠤᠯᠵᠠᠪᠠ᠃

      ᠠᠶᠢᠯᠴᠢᠯᠠᠯᠲᠠ ᠶᠢᠨ ᠬᠤᠭᠤᠴᠠᠭᠠᠨ ᠳᠤ ᠰᠦᠨ ᠱᠤᠤ ᠴᠧᠩ ᠪᠠᠰᠠ ᠳᠤᠮᠳᠠᠳᠤ ᠤᠯᠤᠰ ᠤᠨ ᠪᠷᠠᠽᠢᠯ ᠳᠤ ᠰᠠᠭᠤᠭ᠎ᠠ ᠡᠯᠴᠢᠨ ᠰᠠᠶᠢᠳ ᠵᠦ ᠴᠢᠩ ᠴᠢᠶᠣᠤ᠂ ᠦᠷᠦ᠋ᠭᠤᠸᠠᠢ ᠳᠤ ᠰᠠᠭᠤᠭ᠎ᠠ ᠡᠯᠴᠢᠨ ᠰᠠᠶᠢᠳ ᠬᠤᠸᠠᠩ ᠶᠠ ᠵᠦᠩ᠂ ᠪᠷᠠᠽᠢᠯ ᠤᠨ ᠰᠠᠩᠸᠤᠩ ᠫᠠᠦ᠋ᠯᠥ᠋ ᠳᠤ ᠰᠠᠭᠤᠭ᠎ᠠ ᠶᠡᠷᠦᠩᠬᠡᠢ ᠺᠤᠨᠰᠦ᠋ᠯ ᠢᠦᠢ ᠫᠧᠩ ᠲᠠᠢ ᠠᠭᠤᠯᠵᠠᠵᠤ᠂ ᠡᠯ᠎ᠡ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠤᠯᠤᠰ ᠤᠨ ᠬᠤᠯᠪᠣᠭᠳᠠᠯ ᠪᠦᠬᠦᠢ ᠲᠠᠯ᠎ᠠ ᠪᠣᠯᠣᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠬᠦᠴᠦᠨ ᠨᠡᠮᠡᠷᠢᠯᠡᠬᠦ ᠶᠢ ᠴᠢᠩ ᠰᠡᠳᠬᠢᠯ ᠠᠴᠠ ᠪᠠᠨ ᠬᠦᠰᠡᠪᠡ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ