2 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ 1 ᠰᠠᠷ᠎ᠠ ᠶᠢᠨ 20 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠠᠵᠢᠯ ᠢ ᠰᠤᠳᠤᠯᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠶᠠᠮᠠᠷᠪᠠ ᠦᠶ᠎ᠡ᠂ ᠶᠠᠮᠠᠷᠪᠠ ᠤᠴᠢᠷ ᠶᠠᠪᠤᠳᠠᠯ ᠳᠡᠭᠡᠷ᠎ᠡ ᠴᠥᠮ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠶᠡᠷᠦᠩᠬᠡᠶᠢᠯᠡᠨ ᠵᠢᠯᠣᠭᠤᠳᠤᠭᠤᠯᠵᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠶᠢᠨ ᠲᠣᠭᠤᠷᠢᠨ ᠳᠤ ᠪᠣᠳᠠᠲᠠᠢ ᠶᠢ ᠡᠷᠬᠢᠮᠯᠡᠭᠰᠡᠨ ᠪᠦᠳᠦᠮᠵᠢᠳᠠᠢ ᠠᠵᠢᠯ ᠤᠨ ᠲᠣᠭᠲᠠᠴᠠ ᠶᠢ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠤ ᠠᠪᠴᠢᠷᠠᠬᠤ᠂ ᠡᠬᠢ ᠪᠠᠶᠠᠯᠢᠭ ᠢ ᠲᠣᠬᠢᠷᠠᠭᠤᠯᠬᠤ ᠵᠡᠷᠭᠡ ᠲᠠᠯ᠎ᠠ ᠪᠠᠷ ᠪᠦᠭᠦ ᠣᠷᠣᠨ ᠤ ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ 88 ᠵᠦᠢᠯ ᠤᠨ ᠣᠨ ᠤ ᠥᠭᠡᠷᠡᠴᠢᠯᠡᠯᠲᠡ ᠶᠢᠨ ᠡᠭᠦᠷᠭᠡ ᠶᠢ ᠨᠢᠭᠡᠳ ᠨᠢᠭᠡ ᠪᠠᠷ ᠰᠠᠶᠢᠲᠤᠷ ᠠᠳᠬᠤᠵᠤ᠂ ᠲᠥᠰᠥᠯ ᠪᠢᠴᠢᠭ ᠮᠠᠲ᠋ᠧᠷᠢᠶᠠᠯ ᠢ ᠪᠣᠯᠪᠠᠰᠤᠷᠠᠩᠭᠤᠢ ᠪᠤᠯᠬᠤ ᠪᠦᠷᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ᠤᠯᠤᠰ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠣᠳᠠᠲᠠᠢ ᠰᠢᠢᠳᠪᠦᠷᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ ᠠᠴᠠ 2024 ᠣᠨ ᠤ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠣᠳᠠᠲᠠᠢ ᠶᠠᠪᠤᠳᠠᠯ ᠠᠴᠠ ᠡᠬᠢᠯᠡᠨ ᠴᠢᠩᠳᠠᠯᠠᠵᠤ᠂ ᠬᠠᠮᠢᠭ᠎ᠠ ᠪᠠᠶᠢᠴᠠᠭᠠᠨ ᠰᠤᠳᠤᠯᠤᠯᠲᠠ ᠬᠢᠭᠰᠡᠨ ᠴᠦ ᠪᠠᠷᠢᠮᠵᠢᠶ᠎ᠠ ᠠᠴᠠ ᠬᠡᠲᠦᠷᠡᠲᠡᠯ᠎ᠡ ᠵᠣᠴᠢᠯᠠᠭᠤᠯᠬᠤ ᠵᠡᠷᠭᠡ ᠦᠵᠡᠭᠳᠡᠯ ᠭᠠᠷᠴᠤ ᠪᠤᠯᠬᠤ ᠦᠭᠡᠢ᠂ ᠵᠠᠰᠠᠭ ᠤᠨ ᠣᠷᠳᠣᠨ ᠤ ᠠᠯᠪᠠᠨ ᠠᠵᠢᠯ ᠤᠨ ᠰᠢᠰᠲ᠋ᠧᠮ ᠤᠨ ᠬᠢᠨ ᠬᠤᠷᠠᠯ ᠤᠨ ᠪᠢᠴᠢᠭ ᠮᠠᠲ᠋ᠧᠷᠢᠶᠠᠯ ᠳᠤ ︽ᠬᠠᠰᠤᠬᠤ︾ ᠪᠠ ︽ᠪᠣᠳᠠᠲᠠᠢ︾ ᠪᠤᠯᠭᠠᠬᠤ ᠲᠠᠯ᠎ᠠ ᠪᠠᠷ ᠬᠦᠴᠦ ᠣᠷᠣᠭᠤᠯᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠶᠠᠭᠠᠬᠢᠭᠰᠠᠨ ᠴᠸ ᠨᠡᠮᠡᠭᠳᠡᠭᠦᠯᠵᠦ ᠪᠤᠯᠬᠤ ᠦᠭᠡᠢ ᠭᠡᠵᠦ ᠴᠢᠬᠤᠯᠠᠴᠢᠯᠠᠪᠠ᠃
ᠬᠤᠷᠠᠯ ᠠᠴᠠ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠰᠤᠳᠤᠯᠵᠤ᠂ ᠲᠥᠪ ᠤᠨ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠲᠠᠷᠢᠶᠠᠯᠠᠩ ᠤᠨ ᠤᠰᠤ ᠠᠷᠪᠢᠯᠠᠬᠤ᠂ ᠨᠤᠲᠤᠭ ᠪᠡᠯᠴᠢᠭᠡᠷ ᠢ ᠬᠠᠮᠠᠭᠠᠯᠠᠬᠤ᠂ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠡᠷᠭᠡ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠦᠢᠯᠡᠰ ᠢ ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠳᠣᠬᠢᠴᠢᠯᠠᠭᠰᠠᠨ ᠰᠢᠨ᠎ᠡ ᠲᠠᠷᠢᠶᠠᠯᠠᠬᠤ ᠣᠷᠣᠨ ᠰᠢᠨ᠎ᠡ ᠮᠠᠯᠵᠢᠬᠤ ᠣᠷᠣᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠰᠤᠳᠤᠯᠵᠤ᠂ 2024 ᠣᠨ ᠤ ᠦᠷ᠎ᠡ ᠪᠦᠲᠦᠮᠵᠢ ᠪᠣᠯᠣᠨ ᠬᠦᠷᠦᠯᠴᠡᠬᠦ ᠦᠭᠡᠢ ᠲᠠᠯ᠎ᠠ ᠶᠢ ᠳ᠋ᠦᠩᠨᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠬᠢᠨ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠡᠷᠬᠡ ᠳᠤ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠴᠡᠭᠴᠡᠯᠡᠨ ᠨᠡᠶᠢᠳᠬᠡᠬᠦ ᠵᠡᠷᠭᠡ ᠠᠵᠢᠯ ᠢ ᠰᠤᠳᠤᠯᠪᠠ᠃