|
ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ — ᠥᠪᠡᠷᠲᠡᠭᠡᠨ ᠵᠠᠰᠠᠬᠤ ᠣᠷᠣᠨ ᠤ ᠬᠤᠶᠠᠷ | ᠬᠤᠷᠠᠯ ᠤᠨ ᠪᠠᠶᠢᠷᠢᠯᠠᠭᠤᠯᠤᠯᠲᠠ ᠠᠴᠠ ᠡᠷᠡᠯᠬᠡᠭᠯᠡᠨ ᠤᠷᠤᠭᠰᠢᠯᠠᠵᠤ ᠪᠠᠶᠢᠭ᠎ᠠ ᠥᠪᠥᠷ ᠮᠣᠩᠭᠤᠯ ᠢ ᠬᠠᠷᠠᠬᠤᠢ |
|
|
ᠨᠡᠶᠢᠲᠡᠯᠡᠭᠰᠡᠨ ᠴᠠᠭ᠄
2025/2/11
|
|
ᠮᠠᠯ ᠠᠵᠤ ᠠᠬᠤᠢ ᠲᠠᠷᠢᠶᠠᠯᠠᠩ ᠪᠣᠯ ᠤᠯᠤᠰ ᠢ ᠲᠣᠭᠲᠠᠨᠢᠭᠤᠯᠬᠤ ᠦᠨᠳᠦᠰᠦ᠂ ᠤᠯᠤᠰ ᠢ ᠬᠦᠴᠦᠷᠬᠡᠭᠵᠢᠭᠦᠯᠬᠦ ᠰᠠᠭᠤᠷᠢ ᠮᠥᠨ᠃ ᠥᠪᠥᠷ ᠮᠣᠩᠭᠤᠯ ᠤᠨ 2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠡᠨᠡ ᠵᠢᠯ ︽ᠮᠠᠯ ᠠᠵᠤ ᠠᠬᠤᠢ ᠲᠠᠷᠢᠶᠠᠯᠠᠩ ᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠬᠤ︾ ᠵᠡᠷᠭᠡ 11 ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠭᠡᠵᠦ ᠳᠤᠷᠠᠳᠤᠭᠰᠠᠨ ᠪᠥᠭᠡᠳ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠳᠤ ᠠᠯᠢ ᠣᠯᠠᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ᠂ ᠰᠢᠨ᠎ᠡ ᠬᠠᠷᠠᠯᠲᠠ ᠳᠤᠷᠠᠳᠴᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠠᠬᠢᠭᠤᠯᠬᠤ ᠳᠤ ᠴᠢᠭᠯᠡᠯ ᠢ ᠵᠢᠭᠠᠨ᠂ ᠰᠡᠳᠬᠢᠮᠵᠢ ᠶᠢ ᠲᠣᠳᠣᠷᠬᠠᠶᠢᠯᠠᠵᠤ᠂ ᠡᠷᠴᠢ ᠵᠣᠷᠢᠭ ᠢ ᠬᠥᠪᠴᠢᠯᠡᠭᠰᠡᠨ ᠪᠠᠶᠢᠨ᠎ᠠ᠃ ᠪᠣᠳᠠᠲᠠᠢ ᠠᠵᠢᠯᠯᠠᠬᠤ ᠪᠠᠷ ᠰᠢᠨ᠎ᠡ ᠡᠭᠦᠷᠭᠡᠯᠡᠯ ᠢ ᠲᠣᠳᠣᠷᠠᠭᠤᠯᠵᠤ᠂ ᠪᠣᠳᠠᠲᠠᠢ ᠠᠮᠵᠢᠯᠲᠠ ᠪᠠᠷ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃ ᠣᠶᠢᠷ᠎ᠠ ᠳᠤ ᠮᠠᠨ ᠤ ᠣᠷᠣᠨ ᠤ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠱᠠᠭᠠᠷᠳᠠᠯᠭ᠎ᠠ ᠰᠢᠨ᠎ᠡ ᠬᠠᠷᠠᠯᠲᠠ ᠲᠠᠢ ᠬᠠᠷᠭᠤᠭᠤᠯᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠠᠵᠢᠯ ᠲᠠᠢ ᠤᠶᠠᠯᠳᠤᠭᠤᠯᠪᠠ᠃ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ ᠰᠤᠷᠪᠤᠯᠵᠢᠯᠠᠬᠴᠢ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠮᠦ ᠱᠢ ᠪᠦᠯᠦᠭᠯᠡᠯ ᠤᠨ ᠣᠳᠣᠬᠢᠴᠢᠯᠠᠭᠰᠠᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠭᠦ ᠰᠠᠭᠤᠷᠢᠨ ᠳᠤ ᠬᠦᠷᠬᠦᠯᠡᠷ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠥᠬᠦᠭᠡᠷᠦᠮᠵᠢ᠂ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠭᠠᠵᠠᠷ ᠪᠣᠯᠭᠠᠨ ᠳᠤ ᠬᠠᠷᠠᠭᠳᠠᠨ᠎ᠠ᠃ ︽ᠲᠡᠵᠢᠭᠡᠬᠦ᠂ ᠴᠢᠭᠢᠭ ᠳᠤᠯᠠᠭᠠᠨ ᠢ ᠬᠡᠮᠵᠢᠬᠦ᠂ ᠠᠷᠢᠭᠤᠳᠬᠠᠬᠤ᠂ ᠴᠡᠪᠡᠷᠯᠡᠬᠦ᠂ ᠰᠠᠯᠬᠢ ᠨᠡᠪᠲᠡᠷᠡᠭᠦᠯᠬᠦ ᠵᠢᠴᠢ ᠢᠯᠭᠠᠳᠠᠰᠤᠨ ᠤ ᠪᠣᠬᠢᠷᠳᠤᠯ ᠢ ᠳᠠᠭᠢᠨ ᠠᠰᠢᠭᠯᠠᠬᠤ ᠳᠤ ᠴᠥᠮ ᠬᠥᠮᠥᠨ ᠤ ᠬᠦᠴᠦ ᠬᠡᠷᠡᠭᠰᠡᠬᠦ ᠦᠭᠡᠢ᠂ 3000 ᠦᠬᠡᠷ ᠲᠡᠵᠢᠭᠡᠬᠦ ᠳᠤ ᠭᠤᠷᠪᠠ ᠳᠥᠷᠪᠡᠬᠡᠨ ᠬᠥᠮᠥᠨ ᠪᠠᠶᠢᠪᠠᠯ ᠪᠣᠯᠴᠢᠬᠠᠨ᠎ᠠ︾ ᠭᠡᠵᠦ ᠲᠡᠵᠢᠭᠡᠨ ᠦᠷᠡᠵᠢᠭᠦᠯᠬᠦ ᠰᠠᠭᠤᠷᠢᠨ ᠤ ᠠᠵᠢᠯᠴᠢᠨ ᠲᠠᠨᠢᠯᠴᠠᠭᠤᠯᠵᠤ ᠭᠠᠷᠤᠯ᠎ᠠ᠃ ᠮᠠᠯ ᠠᠵᠤ ᠠᠬᠤᠢ ᠲᠠᠷᠢᠶᠠᠯᠠᠩ ᠤᠨ ᠲᠣᠮᠣ ᠣᠷᠣᠨ ᠪᠣᠯᠤᠭᠰᠠᠨ ᠤ ᠬᠤᠪᠢ ᠳᠤ ᠥᠪᠥᠷ ᠮᠣᠩᠭᠤᠯ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠤᠶ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠶᠦᠩ ᠰᠢᠶᠠᠩ᠄ ︽︿ᠲᠠᠪᠤ ᠶᠢ ᠨᠢᠭᠡᠳᠦᠯᠲᠡᠢ ᠲᠥᠯᠥᠪᠵᠢᠭᠦᠯᠬᠦ﹀ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ︿ᠳᠤᠮᠳᠠᠳᠤ ᠤᠯᠤᠰ ᠤᠨ ᠪᠤᠳᠠᠭᠠᠨ ᠠᠶᠠᠭ᠎ᠠ﹀ ᠳᠤ ᠨᠠᠩ ᠣᠯᠠᠨ ᠨᠠᠩ ᠴᠢᠨᠠᠷ ᠰᠠᠶᠢᠲᠠᠢ ︿ᠥᠪᠥᠷ ᠮᠣᠩᠭᠤᠯ ᠤᠨ ᠠᠮᠤ ᠪᠤᠳᠠᠭ᠎ᠠ﹀ ᠶᠢ ᠰᠠᠪᠠᠯᠠᠨ᠎ᠠ︾ ᠭᠡᠯᠡ᠃ 2024 ᠣᠨ ᠳᠤ ᠥᠪᠥᠷ ᠮᠣᠩᠭᠤᠯ ᠤᠨ ᠦᠬᠡᠷ ᠬᠤᠨᠢᠨ ᠮᠢᠬ᠎ᠠ᠂ ᠦᠨᠢᠶᠡᠨ ᠰᠦ ᠶᠢᠨ ᠭᠠᠷᠤᠯᠲᠠ ᠪᠦᠭᠦ ᠤᠯᠤᠰ ᠲᠤ ᠨᠢᠭᠡᠳᠦᠭᠡᠷ ᠲᠤ ᠵᠢᠭᠰᠠᠵᠤ᠂ ᠰᠦ ᠮᠢᠬ᠎ᠠ ᠲᠥᠮᠥᠰᠥ ᠨᠣᠣᠯᠣᠭᠤᠷ ᠵᠡᠷᠭᠡ 7 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ 7000 ᠳ᠋ᠦᠩᠰᠢᠭᠤᠷ ᠲᠥᠭᠦᠷᠢᠭ ᠢ ᠳᠠᠪᠠᠵᠠᠢ᠃ ᠵᠣᠣ ᠶᠦᠩ ᠰᠢᠶᠠᠩ᠂ ᠨᠢᠭᠡ ᠳᠤ ᠪᠦᠲᠦᠮᠵᠢᠲᠡᠶ ᠵᠠᠬ᠎ᠠ ᠳᠡᠯᠭᠡᠭᠦᠷ ᠪᠠ ᠵᠠᠰᠠᠭ ᠤᠨ ᠣᠷᠳᠣᠨ ᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠲᠥᠷᠥᠯ ᠵᠦᠢᠯ ᠤᠨ ᠬᠠᠮᠢᠶᠠᠷᠤᠯᠲᠠ ᠪᠠ ᠨᠥᠬᠦᠪᠦᠷᠢ ᠣᠯᠭᠤᠬᠤ ᠲᠣᠭᠲᠠᠴᠠ ᠶᠢ ᠵᠢᠷᠤᠮᠵᠢᠭᠤᠯᠤᠨ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠪᠡᠯᠡ ᠮᠥᠩᠭᠦ ᠶᠢᠨ ᠬᠤᠪᠢᠶᠠᠷᠢᠯᠠᠯᠲᠠ ᠲᠠᠢ ᠬᠤᠯᠪᠣᠭᠳᠠᠭᠤᠯᠵᠤ᠂ ᠪᠡᠯᠡ ᠮᠥᠩᠭᠦ ᠰᠢᠯᠵᠢᠭᠦᠯᠦᠨ ᠥᠭᠬᠦ ᠠᠬᠢᠴᠠ ᠶᠢ ᠲᠥᠷᠥᠯ ᠵᠦᠢᠯ ᠤᠨ ᠬᠤᠪᠢᠶᠠᠷᠢᠯᠠᠯᠲᠠ ᠲᠠᠢ ᠬᠤᠯᠪᠣᠭᠳᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠶᠠᠷ ᠲᠤ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠭᠤᠣᠯ ᠬᠡᠷᠡᠭᠯᠡᠭᠡ ᠶᠢᠨ ᠭᠠᠵᠠᠷ ᠣᠷᠣᠨ ᠳᠤ ᠠᠵᠢᠯᠯᠠᠭᠠᠨ ᠤ ᠶᠡᠷᠦᠩᠬᠡᠶᠢᠯᠡᠭᠰᠡᠨ ᠤᠷᠢᠳᠠᠴᠢ ᠬᠥᠮᠥᠷᠭᠡ᠂ ᠡᠵᠡᠩᠨᠡᠨ ᠪᠣᠷᠣᠯᠠᠭᠤᠯᠬᠤ ᠲᠥᠪ ᠪᠠ ᠡᠵᠡᠩᠨᠡᠨ ᠪᠣᠷᠣᠯᠠᠭᠤᠯᠬᠤ ᠳᠡᠯᠭᠡᠭᠦᠷ ᠪᠠᠶᠢᠷᠢᠯᠠᠭᠤᠯᠬᠤ ᠶᠢ ᠳᠡᠮᠵᠢᠨ᠎ᠠ᠃ ᠭᠤᠷᠪᠠ ᠳᠤ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠬᠤ ᠪᠠ ᠬᠠᠭᠤᠴᠢᠨ ᠬᠥᠳᠡᠯᠭᠡᠬᠦ ᠬᠦᠴᠦᠨ ᠢ ᠰᠢᠨᠡᠳᠬᠡᠬᠦ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠤᠷᠢᠳᠠᠪᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ ᠶᠢ ᠪᠠᠷᠢᠮᠲᠠᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠦᠨᠡᠨ ᠬᠦ ᠰᠠᠶᠢᠲᠤᠷ ᠠᠳᠬᠤᠵᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠪᠦᠭᠦ ᠲᠠᠯ᠎ᠠ ᠪᠠᠷ ᠰᠠᠶᠢᠲᠤᠷ ᠰᠢᠢᠳᠪᠦᠷᠢᠯᠡᠵᠦ᠂ ᠡᠪᠡᠰᠦ ᠪᠣᠷᠳᠤᠭ᠎ᠠ ᠮᠢᠬ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠪᠦᠲᠦᠭᠡᠨ ᠪᠠᠶᠢᠭᠤᠯᠤᠨ᠎ᠠ᠃ ᠳᠥᠷᠪᠡ ᠳᠤ ᠨᠡᠮᠡᠭᠳᠡᠯ ᠢ ᠰᠢᠯᠢᠳᠡᠭᠵᠢᠭᠦᠯᠬᠦ ᠪᠠ ᠬᠠᠳᠠᠭᠠᠯᠠᠯᠲᠠ ᠶᠢ ᠴᠢᠯᠦᠭᠡᠲᠡᠢ ᠪᠤᠯᠭᠠᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠰᠢᠷᠣᠢ ᠶᠢᠨ ᠬᠤᠶᠠᠳᠠᠭᠢ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠤᠷᠰᠢᠯᠲᠠ ᠶᠢᠨ ᠴᠡᠭ ᠪᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠯᠠ ᠲᠠᠯᠪᠢᠵᠤ ᠪᠠᠶᠢᠭ᠎ᠠ ᠲᠠᠷᠢᠶᠠᠴᠢᠳ ᠤᠨ ᠭᠡᠷ ᠪᠠᠶᠢᠰᠢᠩ ᠢ ᠠᠮᠢᠳᠤᠯᠢᠭ ᠢᠶᠠᠷ ᠠᠰᠢᠭᠯᠠᠬᠤ ᠪᠠ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠨ᠎ᠠ᠃ ᠲᠠᠪᠤ ᠳᠤ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ 800 ᠲᠦᠮᠡᠨ ᠮᠦ ᠠᠴᠠ ᠳᠡᠭᠡᠭᠰᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠠᠵᠢᠯᠯᠠᠭ᠎ᠠ᠂ ᠵᠠᠭᠤᠨ ᠲᠦᠮᠡᠨ ᠮᠢᠬᠠᠨ ᠤ ᠦᠬᠡᠷ ᠪᠣᠷᠳᠣᠬᠤ ᠠᠵᠢᠯᠯᠠᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠮᠢᠬ᠎ᠠ ᠰᠦ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠠ ︽ᠭᠡᠷ ᠤᠨ ᠡᠭᠦᠳᠡᠨ ᠠᠴᠠ ᠪᠠᠨ ᠥᠪᠥᠷ ᠮᠣᠩᠭᠤᠯ ᠤᠨ ᠴᠢᠨᠠᠷ ᠰᠠᠶᠢᠲᠠᠢ ᠦᠬᠡᠷ ᠬᠤᠨᠢᠨ ᠮᠢᠬ᠎ᠠ᠂ ᠲᠤᠲᠤᠷᠭ᠎ᠠ ᠥᠨᠳᠡᠭᠡ ᠰᠦ ᠬᠤᠳᠠᠯᠳᠤᠨ ᠠᠪᠴᠤ ᠳᠡᠶᠢᠯᠭᠦ ᠪᠣᠯᠵᠠᠢ︾ ᠭᠡᠵᠦ ︽ᠥᠪᠥᠷ ᠮᠣᠩᠭᠤᠯ︾ ᠨᠡᠷᠡᠮᠵᠢᠲᠤ ᠪᠡᠭᠡᠵᠢᠩ ᠤᠨ ᠳᠡᠯᠭᠡᠨ ᠪᠣᠷᠣᠯᠠᠭᠤᠯᠬᠤ ᠲᠥᠪ ᠲᠤ ᠲᠣᠭᠤᠷᠢᠵᠤ ᠪᠠᠶᠢᠭ᠎ᠠ ᠪᠡᠭᠡᠵᠢᠩ ᠬᠤᠳᠠ ᠶᠢᠨ ᠠᠷᠠᠳ ᠵᠠᠩ ᠫᠧᠩ ᠯᠧ ᠪᠠᠶᠠᠷᠲᠠᠶᠢᠬᠠᠨ ᠬᠡᠯᠡᠨ᠎ᠡ᠃ ᠣᠶᠢᠷ᠎ᠠ ᠳᠤ ︽ᠥᠪᠥᠷ ᠮᠣᠩᠭᠤᠯ ᠨᠡᠷᠡᠮᠵᠢᠲᠤ︾ ᠪᠡᠭᠡᠵᠢᠩ ᠤᠨ ᠳᠡᠯᠭᠡᠨ ᠪᠣᠷᠣᠯᠠᠭᠤᠯᠬᠤ ᠲᠥᠪ ᠲᠤᠷᠰᠢᠨ ᠡᠵᠡᠩᠨᠡᠬᠦ ᠱᠠᠲᠤᠨ ᠳᠤ ᠣᠷᠣᠵᠤ᠂ 120 ᠭᠠᠷᠤᠢ ︽ᠥᠪᠥᠷ ᠮᠣᠩᠭᠤᠯ ᠨᠡᠷᠡᠮᠵᠢᠲᠤ︾ ᠦᠨᠡᠮᠯᠡᠯ ᠣᠯᠣᠭᠰᠠᠨ ᠠᠵᠤ ᠠᠬᠤᠶᠢᠯᠠᠯ 1000 ᠭᠠᠷᠤᠢ ᠵᠦᠢᠯ ᠤᠨ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠦ᠂ ᠨᠡᠶᠢᠰᠯᠡᠯ ᠤᠨ ᠬᠡᠷᠡᠭᠯᠡᠭᠴᠢᠳ ᠲᠤ ᠲᠠᠯ᠎ᠠ ᠨᠤᠲᠤᠭ ᠠᠴᠠ ᠢᠷᠡᠭᠰᠡᠨ ︽ᠢᠳᠡᠭᠡᠨ ᠤ ᠳᠡᠭᠡᠵᠢ︾ ᠶᠢᠨ ᠦᠪᠡᠳᠡᠭᠰᠢ ᠨᠠᠶᠢᠷ ᠢ ᠦᠵᠡᠭᠦᠯᠪᠡ᠃ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠵᠦ᠂ ᠲᠦᠷᠦᠯ ᠲᠡᠮᠳᠡᠭ ᠢᠶᠠᠷ ᠲᠠᠷᠢᠶᠠᠴᠢᠳ ᠢ ᠪᠠᠶᠠᠵᠢᠭᠤᠯᠤᠨ᠎ᠠ᠃ 2025 ᠣᠨ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠨᠡᠷᠡᠮᠵᠢᠲᠤ︾ ᠳᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ︽ᠥᠪᠥᠷ ᠮᠣᠩᠭᠤᠯ ᠨᠡᠷᠡᠮᠵᠢᠲᠤ︾ ᠲᠥᠷᠥᠯ ᠲᠡᠮᠳᠡᠭ ᠤᠨ ᠳᠠᠮᠵᠢᠭᠤᠯᠭ᠎ᠠ ᠶᠢ ᠴᠢᠩᠭᠠᠳᠬᠠᠬᠤ᠂ ︽ᠥᠪᠥᠷ ᠮᠣᠩᠭᠤᠯ ᠨᠡᠷᠡᠮᠵᠢᠲᠤ︾ ᠠᠵᠢᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠠᠬᠢᠭᠤᠯᠬᠤ ᠵᠡᠷᠭᠡ ᠣᠯᠠᠨ ᠲᠠᠯ᠎ᠠ ᠠᠴᠠ ᠭᠠᠷᠳᠠᠵᠤ᠂ ᠲᠠᠯ᠎ᠠ ᠨᠤᠲᠤᠭ ᠠᠴᠠ ᠢᠷᠡᠭᠰᠡᠨ ᠠᠮᠲᠠᠲᠤ ᠦᠨᠦᠷ ᠠᠮᠲᠠ ᠶᠢ ᠪᠦᠭᠦ ᠤᠯᠤᠰ ᠲᠤ ᠬᠦᠷᠭᠡᠬᠦ ᠪᠣᠯᠣᠨ᠎ᠠ᠃ ᠡᠭᠦᠨ ᠤ ᠬᠠᠮᠲᠤ ︽ᠥᠪᠥᠷ ᠮᠣᠩᠭᠤᠯ ᠨᠡᠷᠡᠮᠵᠢᠲᠤ︾ ᠶᠢ ᠤᠬᠠᠭᠤᠯᠤᠨ ᠲᠠᠨᠢᠯᠴᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠪᠦᠷᠢᠨ ᠵᠠᠭᠤᠴᠢᠯᠠᠭᠤᠷ᠂ ᠣᠯᠠᠨ ᠲᠠᠯᠠᠲᠤ᠂ ᠥᠷᠭᠡᠨ ᠬᠡᠪᠴᠢᠶᠡᠨ ᠤ ᠤᠬᠠᠭᠤᠯᠭ᠎ᠠ ᠶᠢᠨ ᠵᠢᠭᠰᠠᠭᠠᠯ ᠢ ᠪᠤᠶ ᠪᠣᠯᠭᠠᠨ᠎ᠠ᠃ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠳᠤ ᠲᠤᠰᠬᠠᠢ ᠲᠣᠭᠤᠷᠢᠭ ᠲᠣᠬᠢᠷᠠᠭᠤᠯᠬᠤ᠂ ᠲᠤᠰᠬᠠᠢ ᠣᠷᠳᠣᠨ ᠨᠡᠭᠡᠭᠡᠬᠦ᠂ ᠲᠤᠰᠬᠠᠢ ᠲᠠᠯᠠᠪᠠᠶ ᠡᠷᠭᠢᠯᠡᠭᠦ ᠵᠢᠴᠢ ᠦᠵᠡᠰᠭᠦᠯᠡᠩ᠂ ᠳᠡᠯᠭᠡᠨ ᠪᠣᠷᠤᠯᠠᠭᠤᠯᠭ᠎ᠠ ᠳᠤ ᠣᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ᠥᠪᠥᠷ ᠮᠣᠩᠭᠤᠯ ᠨᠡᠷᠡᠮᠵᠢᠲᠤ︾ ᠠᠵᠤ ᠠᠬᠤᠶᠢᠯᠠᠯ ᠪᠠ ᠭᠡᠷᠡᠴᠢᠯᠡᠯ ᠤᠨ ᠦᠢᠯᠡᠳᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠶᠡᠭᠡ ᠪᠤᠯᠤᠩ ᠤᠨ ᠣᠷᠣᠨ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠭᠠᠵᠠᠷ ᠲᠤ ᠪᠣᠷᠣᠯᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠢ ᠬᠦᠴᠦᠷᠬᠡᠭᠵᠢᠭᠦᠯᠬᠦ ᠳᠤ ᠲᠦᠷᠦᠯ ᠲᠡᠮᠳᠡᠭ ᠢ ᠡᠷᠬᠡᠪᠰᠢ ᠬᠦᠴᠦᠷᠬᠡᠭᠵᠢᠭᠦᠯᠬᠦ ᠬᠡᠷᠡᠭᠲᠡᠢ᠃ ᠣᠷᠳᠣᠰ ᠬᠤᠲᠠ ᠲᠦᠷᠦᠯ ᠲᠡᠮᠳᠡᠭ ᠤᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠪᠣᠷᠤᠯᠠᠭᠤᠯᠭ᠎ᠠ ᠶᠢᠨ ᠦᠢᠯᠡᠴᠢᠯᠡᠭᠡ ᠶᠢ ᠶᠡᠭᠡ ᠪᠠᠷ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠪᠡ᠃ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠢᠦᠢ ᠹᠧᠢ᠂ 2025 ᠣᠨ ᠳᠤ ᠣᠷᠳᠣᠰ ᠬᠤᠲᠠ ᠲᠥᠷᠥᠯ ᠲᠡᠮᠳᠡᠭ ᠤᠨ ᠪᠦᠲᠦᠭᠡᠨ ᠪᠠᠶᠢᠭᠤᠯᠤᠯᠲᠠ᠂ ᠦᠢᠯᠡᠳᠬᠦᠨ ᠤ ᠪᠣᠷᠤᠯᠠᠭᠤᠯᠭ᠎ᠠ᠂ ᠦᠢᠯᠡᠳᠪᠦᠷᠢᠯᠡᠯ ᠪᠣᠷᠤᠯᠠᠭᠤᠯᠭ᠎ᠠ ᠶᠢ ᠨᠠᠷᠢᠯᠢᠭ ᠣᠨᠣᠪᠴᠢᠲᠠᠶ ᠵᠣᠯᠭᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠎ᠡ᠃ ︽ᠳᠤᠯᠠᠭᠠᠨ ᠬᠤᠲᠠ ᠶᠢᠨ ᠲᠡᠩᠰᠤᠭ ᠠᠮᠲᠠ︾ ᠬᠤᠲᠠ ᠶᠢᠨ ᠲᠠᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢ ᠪᠧᠢ᠂ ᠡᠷᠳᠡᠨᠢ᠂ ᠵᠢᠩ ᠳ᠋ᠦᠩ᠂ ᠱᠦᠨ ᠹᠧᠩ ᠵᠡᠷᠭᠡ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠷ ᠳᠠᠮᠵᠢᠨ ᠰᠦᠯᠵᠢᠶᠡᠨ ᠳᠡᠭᠡᠷᠡᠬᠢ ︽ᠵᠢᠩ ᠳ᠋ᠦᠩ ᠲᠠᠷᠢᠶᠠᠯᠠᠩ ᠤᠨ ᠣᠨᠴᠠ ᠭᠠᠷᠤᠯᠲᠠ ᠶᠢᠨ ᠳᠡᠯᠭᠡᠭᠦᠷ︾ ᠪᠠ ᠪᠣᠳᠠᠲᠤ ᠴᠣᠭᠴᠠ ᠶᠢᠨ ︽ᠳᠡᠯᠭᠡᠭᠦᠷ ᠳᠤᠮᠳᠠᠬᠢ ᠳᠡᠯᠭᠡᠭᠦᠷ︾ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ︽ᠳᠤᠯᠠᠭᠠᠨ ᠬᠤᠲᠠ ᠶᠢᠨ ᠲᠡᠩᠰᠤᠭ ᠠᠮᠲᠠ︾ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠳᠣᠰ ᠤᠨ ᠥᠨᠳᠦᠷᠯᠢᠭ ᠤᠨ ᠮᠠᠯ ᠠᠵᠤ ᠠᠬᠤᠢ ᠲᠠᠷᠢᠶᠠᠯᠠᠩ ᠤᠨ ᠪᠦᠲᠦᠭᠡᠭᠳᠡᠬᠦᠨ ᠢ ᠪᠦᠭᠦ ᠤᠯᠤᠰ ᠪᠠ ᠳᠡᠯᠡᠬᠡᠢ ᠳᠤ ᠪᠣᠷᠣᠯᠠᠭᠤᠯᠬᠤ ᠶᠢ ᠳᠠᠶᠢᠴᠢᠯᠠᠨ᠎ᠠ ᠭᠡᠪᠡ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|