ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ᠎ᠠ — ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠪᠠᠶᠢᠷᠢᠯᠠᠭᠤᠯᠤᠯᠲᠠ ᠠᠴᠠ ᠡᠷᠡᠯᠬᠡᠭᠯᠡᠨ ᠤᠷᠤᠭᠰᠢᠯᠠᠵᠤ ᠪᠠᠶᠢᠭ᠎ᠠ ᠥᠪᠥᠷ ᠮᠣᠩᠭᠤᠯ ᠢ ᠬᠠᠷᠠᠬᠤᠢ
ᠨᠡᠶᠢᠲᠡᠯᠡᠭᠰᠡᠨ ᠴᠠᠭ᠄
2025/2/11


      ᠥᠪᠥᠷ ᠮᠣᠩᠭᠤᠯ ᠤᠨ 2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠡᠨᠡ ᠵᠢᠯ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠰ ᠳᠡᠪᠰᠢᠭᠦᠯᠬᠦ ᠠᠵᠢᠯᠯᠠᠭ᠎ᠠ ᠪᠠᠷ ᠬᠥᠲᠥᠯᠥᠨ ᠵᠢᠯᠣᠭᠤᠳᠤᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠴᠣᠭᠴᠠᠯᠠᠨ᠎ᠠ︾ ᠵᠡᠷᠭᠡ 11 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠭᠡᠵᠦ ᠳᠤᠷᠠᠳᠴᠠᠢ᠃
      ᠠᠤᠭ᠎ᠠ ᠲᠥᠰᠥᠪ ᠨᠢᠭᠡᠨᠲᠡ ᠵᠢᠷᠤᠭᠯᠠᠭᠳᠠᠵᠤ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠬᠦᠷᠴᠦ ᠢᠷᠡᠯ᠎ᠠ᠃ ᠣᠶᠢᠷ᠎ᠠ ᠶᠢᠨ ᠡᠳᠦᠷ ᠤᠳ ᠲᠤ ᠮᠠᠨ ᠤ ᠣᠷᠣᠨ ᠤ ᠡᠯ᠎ᠡ ᠭᠠᠵᠠᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠯᠠᠨ ᠢᠶᠠᠷ ᠢᠶᠠᠨ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠲᠣᠳᠣᠷᠠᠭᠤᠯᠬᠤ ᠶᠢ ᠪᠠᠷᠢᠮᠲᠠᠯᠠᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠤᠷᠤᠯᠳᠤᠭᠠᠨ ᠤ ᠶᠠᠪᠤᠳᠠᠯ᠂ ᠤᠷᠠᠨ ᠰᠠᠶᠢᠬᠠᠨ ᠤ ᠲᠣᠬᠯᠠᠯᠲᠠ᠂ ᠦᠵᠡᠭᠦᠯᠭᠡ᠂ ᠬᠤᠳᠠᠯᠳᠤᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠦᠴᠦᠷᠬᠡᠭ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠵᠡᠭᠡᠪᠡ᠃
      ᠰᠣᠶᠣᠯ ᠵᠢᠭᠤᠯᠴᠢᠯᠠᠯ ᠤᠨ ᠠᠭᠤᠰᠤᠯᠴᠠᠯ ᠢᠶᠠᠷ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢ ᠠᠯᠳᠠᠷᠰᠢᠭᠤᠯᠤᠨ᠎ᠠ
      ᠴᠡᠴᠡᠷᠯᠢᠭ ᠢᠶᠠᠷ ᠲᠣᠭᠤᠷᠢᠬᠤ᠂ ᠥᠩᠭᠡᠲᠦ ᠳ᠋ᠧᠩ ᠰᠣᠨᠢᠷᠬᠠᠬᠤ ᠁ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠨᠡᠶᠢᠲᠡ 154 ᠵᠦᠢᠯ ᠤᠨ ᠠᠵᠢᠯᠯᠠᠭ᠎ᠠ ᠥᠷᠨᠢᠭᠦᠯᠵᠡᠢ᠃ ᠡᠲᠡᠭᠡᠷ ᠡᠯᠪᠡᠭ ᠪᠠᠶᠠᠯᠢᠭ ᠠᠭᠤᠯᠭ᠎ᠠ ᠪᠦᠬᠦᠢ ᠰᠣᠨᠢᠷᠬᠠᠯᠲᠠᠢ ᠠᠵᠢᠯᠯᠠᠭ᠎ᠠ ᠨᠢ ᠴᠠᠭᠠᠨ ᠰᠠᠷ᠎ᠠ ᠶᠢᠨ ᠬᠤᠭᠤᠴᠠᠭᠠᠨ ᠤ ᠰᠣᠶᠣᠯ ᠤᠨ ᠠᠭᠤᠷ ᠠᠮᠢᠰᠬᠤᠯ ᠢ ᠥᠳᠬᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠤᠨ ᠨᠡᠷ᠎ᠡ ᠠᠯᠳᠠᠷᠰᠢᠯ ᠢ ᠨᠡᠩ ᠶᠡᠭᠡ ᠮᠠᠨᠳᠤᠭᠤᠯᠤᠭᠰᠠᠨ ᠪᠠᠶᠢᠨ᠎ᠠ᠃
      2024 ᠣᠨ ᠳᠤ ᠥᠪᠥᠷ ᠮᠣᠩᠭᠤᠯ ᠤᠨ ᠰᠣᠶᠣᠯ ᠵᠢᠭᠤᠯᠴᠢᠯᠠᠯ ᠣᠯᠠᠨ ᠰᠢᠪᠲᠤᠯᠤᠯᠲᠠ ᠶᠢ ᠪᠡᠶᠡᠯᠡᠭᠦᠯᠵᠦ᠂ ᠷᠠᠰᠢᠶᠠᠨ ᠤ ᠠᠮᠠᠷᠠᠯᠲᠠ ᠶᠢᠨ ᠣᠷᠣᠨ ᠨᠢ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠣᠷᠣᠨ ᠤ ᠢᠷᠠᠭᠤ ᠠᠯᠳᠠᠷ ᠢ ᠬᠦᠷᠲᠡᠵᠦ᠂ ᠪᠦᠭᠦ ᠵᠢᠯ ᠳᠤ ᠤᠯᠤᠰ ᠤᠨ ᠲᠠᠰ ᠤᠨ ᠵᠢᠭᠤᠯᠴᠢᠯᠠᠯ ᠤᠨ 12 ᠲᠦᠷᠦᠯ ᠲᠡᠮᠳᠡᠭᠲᠦ ᠶᠢ ᠭᠡᠷᠡᠴᠢᠯᠡᠭᠦᠯᠵᠦ᠂ ᠬᠥᠯᠥᠨ ᠪᠤᠶᠢᠷ ᠤᠨ ᠲᠠᠯ᠎ᠠ ᠨᠤᠲᠤᠭ · ᠮᠡᠷᠭᠡᠯ ᠭᠤᠣᠯ ᠤᠨ ᠦᠵᠡᠮᠵᠢ ᠶᠢᠨ ᠣᠷᠣᠨ᠂ ᠬᠡᠪᠲᠡᠭᠡ ᠦᠬᠡᠷ ᠤᠨ ᠲᠣᠬᠤᠢ ᠶᠢᠨ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠵᠤ ᠲᠠᠰ ᠳᠡᠪᠰᠢᠪᠡ᠃ ᠪᠠᠰᠠ ᠬᠥᠳᠡᠭᠡ ᠪᠠᠭᠤᠬᠤ ᠪᠡᠭᠡᠵᠢᠩ ᠣᠷᠣᠬᠤ ᠵᠡᠷᠭᠡ ᠤᠯᠠᠨ ᠲᠠᠯᠠᠪᠠᠢ ᠡᠯ᠎ᠡ ᠲᠦᠷᠦᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ︽ᠠᠶᠠᠯᠭᠤᠲᠤ ᠵᠢᠭᠤᠯᠴᠢᠯᠠᠯ ᠤᠨ ᠥᠪᠥᠷ ᠮᠣᠩᠭᠤᠯ︾ ᠠᠵᠢᠯᠯᠠᠭ᠎ᠠ ᠨᠢ ᠪᠦᠭᠦ ᠣᠷᠣᠨ ᠤ ᠨᠢᠭᠡ ᠪᠦᠯᠦᠭ ᠰᠣᠶᠣᠯ ᠵᠢᠭᠤᠯᠴᠢᠯᠠᠯ ᠤᠨ ᠲᠦᠷᠦᠯ ᠲᠡᠮᠳᠡᠭᠲᠦ ᠶᠢ ᠬᠦᠴᠦᠷᠬᠡᠭᠵᠢᠭᠦᠯᠦᠭᠰᠡᠨ ᠪᠠᠶᠢᠨ᠎ᠠ᠃
      ︽2025 ᠣᠨ ᠳᠤ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠰ ᠳᠡᠪᠰᠢᠭᠦᠯᠬᠦ ᠠᠵᠢᠯᠯᠠᠭ᠎ᠠ ᠪᠠᠷ ᠭᠠᠷᠳᠠᠴᠠ ᠪᠤᠯᠭᠠᠵᠤ᠂ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ ᠠᠵᠢᠯ ᠢ ᠬᠦᠴᠦᠯᠡᠨ ᠰᠠᠶᠢᠲᠤᠷ ᠬᠢᠵᠦ᠂ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠠᠵᠢᠯ ᠢ ᠬᠦᠴᠦᠯᠡᠨ ᠰᠠᠶᠢᠲᠤᠷ ᠠᠳᠬᠤᠵᠤ᠂ ᠤᠮᠠᠷᠠᠲᠤ ᠬᠢᠯᠢ ᠶᠢᠨ ᠰᠣᠶᠣᠯ ᠤᠨ ᠦᠷ᠎ᠡ ᠪᠦᠲᠦᠭᠡᠯ ᠤᠨ ᠦᠵᠡᠭᠦᠯᠭᠡ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠨᠡᠷ᠎ᠡ ᠠᠯᠳᠠᠷᠰᠢᠯ ᠪᠠ ᠲᠠᠲᠠᠬᠤ ᠬᠦᠴᠦᠨ ᠢ ᠳᠡᠭᠡᠭᠰᠢᠯᠡᠭᠦᠯᠦᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠶᠠᠷᠢᠨ᠎ᠠ᠃
      ᠮᠥᠰᠥ ᠴᠠᠰᠤᠨ ᠤ ᠡᠬᠢ ᠪᠠᠶᠠᠯᠢᠭ ᠢᠶᠠᠷ ᠠᠵᠤ ᠠᠬᠤᠢ ᠶᠢ ᠬᠥᠭᠵᠢᠭᠡᠨ᠎ᠡ
      ᠮᠥᠰᠥᠨ ᠳᠤ ᠳᠠᠰᠢᠵᠤ ᠴᠠᠰᠤᠨ ᠳᠤ ᠭᠤᠯᠭᠤᠵᠤ᠂ ᠭᠤᠶᠢᠳᠠ ᠰᠠᠶᠢᠬᠠᠨ ᠮᠥᠰᠥ ᠴᠠᠰᠤᠨ ᠤ ᠱᠤᠭᠤᠮᠠᠯ ᠢ ᠰᠣᠨᠢᠷᠬᠠᠵᠤ᠂ ᠠᠳᠠᠯᠢ ᠪᠤᠰᠤ ᠭᠠᠵᠠᠷ ᠣᠷᠣᠨ ᠤ ᠰᠣᠶᠣᠯ ᠢ ᠪᠡᠶᠡᠴᠢᠯᠡᠨ ᠣᠶᠢᠯᠠᠭᠠᠨ᠎ᠠ ᠁ ᠣᠶᠢᠷ᠎ᠠ ᠶᠢᠨ ᠵᠢᠯ ᠳᠤ ᠮᠥᠰᠥ ᠴᠠᠰᠤᠨ ᠤ ᠵᠢᠭᠤᠯᠴᠢᠯᠠᠯ ᠤᠯᠠᠮ ᠠᠴᠠ ᠭᠦᠷ ᠬᠥᠭᠵᠢᠶᠡᠨᠲᠡᠢ ᠪᠣᠯᠵᠤ ᠪᠠᠶᠢᠨ᠎ᠠ᠃
      1 ᠰᠠᠷ᠎ᠠ ᠶᠢᠨ 15 ᠤ ᠡᠳᠦᠷ᠂ ᠮᠠᠨ ᠤ ᠣᠷᠣᠨ ︽︿ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠶᠢ ᠨᠡᠶᠢᠲᠡᠯᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠥᠷᠨᠢᠩᠭᠦᠢ ᠬᠥᠭᠵᠢᠯᠲᠡ ᠶᠢ ᠠᠬᠢᠭᠤᠯᠬᠤ ᠠᠴᠠ ᠮᠥᠰᠥ ᠴᠠᠰᠤᠨ ᠤ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠬᠦᠷᠲᠡᠯᠡᠬᠢ 7 ᠲᠠᠯ᠎ᠠ ᠶᠢᠨ 25 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃
      ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠄ ︽2025 ᠣᠨ ᠳᠤ ᠪᠢᠳᠡ ᠰᠣᠶᠣᠯ ᠪᠠ ᠪᠡᠶ᠎ᠡ ᠶᠢᠨ ᠲᠠᠮᠢᠷ ᠵᠢᠭᠤᠯᠴᠢᠯᠠᠯ ᠠᠷᠠᠯᠵᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠬᠡᠷᠡᠭᠯᠡᠭᠡ ᠶᠢ ᠳᠠᠶᠢᠴᠢᠯᠠᠬᠤ ᠦᠢᠯᠡᠳᠦᠯ ᠢᠶᠠᠷ ᠨᠡᠩ ᠶᠡᠭᠡ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠢ ᠪᠣᠶᠢᠵᠢᠭᠤᠯᠤᠨ᠎ᠠ᠃ ᠤᠷᠤᠯᠳᠤᠭᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠬᠡᠮᠵᠢᠶ᠎ᠡ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠮᠥᠰᠥ ᠴᠠᠰᠤᠨ ᠤ ᠭᠤᠣᠯ ᠰᠡᠳᠦᠪᠲᠦ ᠵᠢᠭᠤᠯᠴᠢᠯᠠᠯ ᠤᠨ ᠰᠡᠭᠦᠳᠡᠷ ᠲᠠᠲᠠᠵᠤ ᠵᠢᠭᠤᠯᠴᠢᠯᠠᠬᠤ ᠭᠠᠵᠠᠷ ᠢ ᠨᠠᠷᠢᠨ ᠲᠥᠯᠥᠪᠯᠡᠵᠦ᠂ ᠤᠷᠠᠨ ᠰᠠᠶᠢᠬᠠᠨ ᠤ ᠲᠣᠬᠯᠠᠯᠲᠠ᠂ ᠦᠵᠡᠰᠭᠦᠯᠡᠩ᠂ ᠵᠤᠭ᠎ᠠ ᠴᠡᠩᠭᠡᠯ ᠵᠡᠷᠭᠡ ᠮᠥᠰᠥ ᠴᠠᠰᠤᠨ ᠤ ᠬᠡᠷᠡᠭᠯᠡᠭᠡᠨ ᠤ ᠰᠢᠨ᠎ᠡ ᠪᠠᠶᠢᠳᠠᠯ ᠢ ᠬᠦᠴᠦᠯᠡᠨ ᠪᠤᠶ ᠪᠤᠯᠭᠠᠵᠤ᠂ ᠪᠡᠶ᠎ᠡ ᠶᠢᠨ ᠲᠠᠮᠢᠷ ᠤᠨ ᠠᠵᠤ ᠠᠬᠤᠢ᠂ ᠮᠥᠰᠥ ᠴᠠᠰᠤᠨ ᠤ ᠠᠵᠤ ᠠᠬᠤᠢ ᠶᠢ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠭᠦᠷ ᠪᠣᠯᠭᠠᠨ᠎ᠠ︾ ᠭᠡᠵᠦ ᠢᠯᠡᠷᠬᠡᠶᠢᠯᠡᠪᠡ᠃
      ᠰᠣᠳᠣᠨ ᠪᠦᠲᠦᠭᠡᠯ ᠢᠶᠠᠷ ᠤᠳᠬ᠎ᠠ ᠤᠷᠠᠯᠢᠭ ᠤᠨ ᠥᠨᠳᠦᠷᠯᠢᠭ ᠭᠠᠵᠠᠷ ᠢ ᠴᠣᠭᠴᠠᠯᠠᠨ᠎ᠠ
      1 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠬᠤᠷᠠᠯ ᠬᠤᠷᠠᠯᠳᠤᠭᠤᠯᠵᠤ᠂ 2025 ᠣᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ︽2025 ᠣᠨ ᠳᠤ ᠪᠢᠳᠡ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠰ ᠳᠡᠪᠰᠢᠭᠦᠯᠬᠦ ᠠᠵᠢᠯᠯᠠᠭ᠎ᠠ ᠪᠠᠷ ᠭᠠᠷᠳᠠᠴᠠ ᠪᠤᠯᠭᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠠᠮᠢᠳᠤᠷᠠᠯ ᠤᠨ ᠠᠭᠤᠷ ᠠᠮᠢᠰᠬᠤᠯ ᠢᠶᠠᠷ ᠪᠢᠯᠬᠠᠮ᠎ᠠ ᠤᠮᠠᠷᠠᠲᠤ ᠬᠢᠯᠢ ᠶᠢᠨ ᠰᠣᠶᠣᠯ ᠤᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠦᠷᠭᠦᠯᠵᠢᠯᠡᠨ ᠠᠯᠳᠠᠷᠰᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠢ ᠰᠢᠶᠣᠣ ᠴᠢᠩ ᠶᠠᠷᠢᠨ᠎ᠠ᠃
      ᠵᠢᠢ ᠰᠢᠶᠣᠣ ᠴᠢᠩ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠵᠤ᠂ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠬᠦ︾ ᠵᠣᠬᠢᠶᠠᠨ ᠪᠦᠲᠦᠭᠡᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ ᠦᠢᠯᠡᠳᠦᠯ ᠲᠠᠢ ᠠᠯᠢ ᠤᠯᠠᠨ ᠢᠨᠵᠧᠨᠧᠷᠢᠩ ᠤᠨ ᠲᠦᠷᠦᠯ ᠵᠦᠢᠯ ᠢ ᠲᠥᠯᠥᠪᠯᠡᠭᠡ ᠲᠠᠢ ᠬᠡᠷᠡᠭᠵᠢᠭᠦᠯᠵᠦ᠂ ᠪᠦᠭᠦ ᠤᠯᠤᠰ ᠲᠤ ᠨᠥᠯᠥᠭᠡᠯᠡᠬᠦ ᠬᠦᠴᠦᠨ ᠲᠠᠢ ᠨᠢᠭᠡ ᠪᠦᠯᠦᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠭᠠᠷᠭᠠᠨ᠎ᠠ︔ ᠤᠮᠠᠷᠠᠲᠤ ᠬᠢᠯᠢ ᠶᠢᠨ ᠰᠣᠶᠣᠯ ᠤᠨ ᠦᠵᠡᠭᠦᠯᠭᠡ ᠶᠢ ᠢᠳᠡᠪᠬᠢᠲᠡᠢ ᠥᠷᠨᠢᠭᠦᠯᠵᠦ᠂ ᠪᠦᠭᠦ ᠤᠯᠤᠰ ᠤᠨ ᠨᠢᠭᠡ ᠪᠦᠯᠦᠭ ᠴᠢᠬᠤᠯᠠ ᠶᠡᠭᠡ ᠤᠳᠬ᠎ᠠ ᠤᠷᠠᠯᠢᠭ ᠤᠨ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠨ᠎ᠡ︔ ︽ᠠᠶᠠᠯᠭᠤᠲᠤ ᠵᠢᠭᠤᠯᠴᠢᠯᠠᠯ ᠤᠨ ᠥᠪᠥᠷ ᠮᠣᠩᠭᠤᠯ︾ ᠵᠡᠷᠭᠡ IP ᠶᠢᠨ ᠲᠣᠭᠤᠷᠢᠨ ᠳᠤ ᠳᠠᠭᠤᠤ ᠵᠣᠬᠢᠶᠠᠨ ᠪᠦᠲᠦᠭᠡᠵᠦ ᠳᠡᠯᠭᠡᠷᠡᠭᠦᠯᠬᠦ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠭᠠᠵᠠᠷ ᠤᠨ ᠵᠢᠷᠤᠭ ᠵᠡᠷᠭᠡ ᠰᠣᠶᠣᠯ ᠵᠢᠭᠤᠯᠴᠢᠯᠠᠯ ᠤᠨ ᠦᠢᠯᠡᠳᠬᠦᠨ ᠢ ᠭᠠᠷᠭᠠᠨ᠎ᠠ︔ ᠡᠯ᠎ᠡ ᠤᠷᠠᠯᠢᠭ ᠤᠨ ᠲᠥᠷᠥᠯ ᠵᠦᠢᠯ ᠤᠨ ᠰᠢᠯᠢᠳᠡᠭ ᠪᠦᠲᠦᠭᠡᠯ ᠢ ᠪᠦᠭᠦ ᠲᠠᠯ᠎ᠠ ᠪᠠᠷ ᠤᠯᠠᠮᠵᠢᠯᠠᠨ ᠳᠡᠯᠭᠡᠷᠡᠭᠦᠯᠬᠦ ᠪᠠ ᠪᠣᠳᠠᠲᠠᠶᠢᠵᠢᠭᠤᠯᠤᠨ ᠢᠯᠡᠷᠡᠭᠦᠯᠬᠦ ᠶᠢ ᠬᠦᠴᠦᠲᠡᠢ ᠠᠭᠢᠭᠤᠯᠤᠨ᠎ᠠ︔ ᠰᠦᠯᠵᠢᠶᠡᠨ ᠤ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠡᠷᠴᠢᠮ ᠢᠶᠠᠨ ᠴᠢᠩᠭᠠᠷᠠᠭᠤᠯᠵᠤ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠤᠮᠠᠷᠠᠲᠤ ᠬᠢᠯᠢ ᠶᠢᠨ ᠰᠣᠶᠣᠯ ᠤᠨ ᠨᠥᠯᠥᠭᠡᠯᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ