ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ ︵2025.2.2 ︱ 2025.2.8︶
ᠨᠡᠶᠢᠲᠡᠯᠡᠭᠰᠡᠨ ᠴᠠᠭ᠄
2025/2/12

 

      ︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ᠃

ᠤᠳᠤᠷᠢᠳᠤᠯᠭ᠎ᠠ ᠶᠢᠨ ᠠᠵᠢᠯᠯᠠᠭ᠎ᠠ

      ᠸᠠᠩ ᠯᠢ ᠰᠢᠶᠠ

      ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠥᠷᠨᠢᠭᠦᠯᠦᠭᠰᠡᠨ ᠪᠠᠶᠢᠳᠠᠯ ᠢ ᠎ ᠨᠢ ᠪᠠᠶᠢᠴᠠᠭᠠᠨ ᠰᠤᠳᠤᠯᠪᠠ

      2 ᠳ᠋ᠤᠭᠠᠷ ᠰᠠᠷ᠎ᠠ ᠶᠢᠨ 5᠎ ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠳᠠᠭᠤᠰᠴᠤ ᠠᠵᠢᠯ ᠳᠤ ᠪᠠᠨ ᠭᠠᠷᠤᠭᠰᠠᠨ ᠠᠩᠬᠠᠨ ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠂ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠥᠷᠨᠢᠭᠦᠯᠦᠭᠰᠡᠨ ᠪᠠᠶᠢᠳᠠᠯ ᠤᠨ ᠲᠠᠯ᠎ᠠ ᠪᠠᠷ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠤᠭᠰᠠᠨ ᠪᠦᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃ ᠶᠣᠣ ᠶᠦᠩ ᠪᠥᠸᠧ ᠲᠤᠰ ᠠᠵᠢᠯᠯᠠᠭ᠎ᠠ ᠳᠤ ᠣᠷᠣᠯᠴᠠᠪᠠ᠃

      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ

      2 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠪᠠ ᠃ ᠶᠣᠣ ᠶᠦᠩ ᠪᠥᠸᠧ ᠲᠤᠰ ᠠᠵᠢᠯᠯᠠᠭ᠎ᠠ ᠳᠤ ᠣᠷᠣᠯᠴᠠᠪᠠ᠃

      ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ

      2 ᠳ᠋ᠤᠭᠠᠷ ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ ᠃

      ᠬᠤᠸᠠᠩ ᡁᠢ ᠴᠢᠶᠠᠩ

      ᠪᠦᠬᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠤᠬᠠᠭᠠᠯᠠᠨ ᠲᠦᠯᠦᠪᠯᠡᠬᠦ ᠠᠵᠢᠯᠯᠠᠭᠠᠨ ᠢ ᠠᠬᠢᠭᠤᠯᠬᠤ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ

      2 ᠳ᠋ᠤᠭᠠᠷ ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠤᠬᠠᠭᠠᠯᠠᠨ ᠲᠦᠯᠦᠪᠯᠡᠬᠦ ᠠᠵᠢᠯᠯᠠᠭᠠᠨ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠪᠠ ᠪᠥᠬᠦ ᠣᠷᠣᠨ ᠤ ᠬᠤᠶᠠᠷ ᠬᠤᠷᠠᠯ ᠤᠨ ᠭᠤᠣᠯᠳᠠᠯᠭ᠎ᠠ ᠪᠣᠯᠬᠤ ᠡᠭᠦᠷᠭᠡ ᠶᠢ ᠳᠠᠬᠢᠨᠲᠠ ᠲᠣᠬᠢᠷᠠᠭᠤᠯᠵᠤ ᠳᠠᠬᠢᠨᠲᠠ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠰ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃

      ᠪᠦᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠠᠵᠢᠯ ᠤᠨ ᠬᠤᠷᠠᠯᠳᠤᠭᠠᠨ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ

      2 ᠳ᠋ᠤᠭᠠᠷ ᠰᠠᠷ᠎ᠠ ᠶᠢᠨ 7᠎ ᠤ ᠡᠳᠦᠷ᠂ ᠪᠥᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠠᠵᠢᠯ ᠤᠨ ᠬᠤᠷᠠᠯᠳᠤᠭᠠᠨ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ᠂ ᠮᠥᠩᠭᠦᠨ ᠭᠦᠢᠯᠭᠡᠭᠡᠨ ᠤ ᠠᠵᠢᠯ ᠤᠨ ᠬᠤᠷᠢᠶᠠᠨ ᠤ ᠱᠦᠵᠢ ᠬᠤᠸᠠᠩ ᡁᠢ ᠴᠢᠶᠠᠩ ᠲᠤᠰ ᠬᠤᠷᠠᠯᠳᠤᠭᠠᠨ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ