ᠬᠤᠷᠢᠨᠭᠡᠷ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2025/2/12

ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠷᠠᠳ ᠤᠨ ᠵᠠᠰᠠᠭ ᠤᠨ ᠣᠷᠳᠣᠨ


ᠥᠪᠥᠷ ᠵᠠᠰᠠᠭ ᠦᠰᠦᠭ ﹇2025﹈ 5 ᠳ᠋ᠤᠭᠠᠷ ᠲᠣᠭᠠᠲᠤ


ᠬᠤᠷᠢᠨᠭᠡᠷ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ

ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ


ᠭᠦᠬᠡᠬᠤᠲᠡ ᠶᠢᠨ ᠠᠷᠠᠳ ᠤᠨ ᠵᠠᠰᠠᠭ ᠤᠨ ᠣᠷᠳᠣᠨ ᠳᠤ ᠄

      ᠲᠠᠨ ᠤ ᠬᠤᠲᠠ ᠶᠢᠨ ︽︿ᠬᠤᠷᠢᠨᠭᠡᠷ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ﹀᠎ ᠤᠨ ᠬᠠᠷᠢᠭᠤ ᠴᠣᠬᠤᠯᠲᠠ ᠠᠪᠬᠤ ᠲᠤᠬᠠᠢ ᠡᠰᠢᠯᠡᠯᠲᠡ︾ ︵ᠭᠦᠬᠡᠬᠤᠲᠡ ᠵᠠᠰᠠᠭ ᠲᠠᠷᠬᠠᠭᠠᠭᠰᠠᠨ ﹇2024﹈ 342 ᠳ᠋ᠤᠭᠠᠷ ᠲᠣᠭᠠᠲᠤ︶᠎ ᠶᠢ ᠭᠥᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄

      ᠨᠢᠭᠡ᠂ ᠬᠤᠷᠢᠨᠭᠡᠷ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠪᠣᠯ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ  ᠲᠣᠮᠳᠠᠲᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠦᠷᠦ ᠲᠠᠷᠬᠠᠭᠠᠭᠰᠠᠨ ﹇2023﹈ 16 ᠳ᠋ᠤᠭᠠᠷ ᠲᠣᠭᠠᠲᠤ︶᠎ ᠳᠤ ᠲᠣᠳᠣᠷᠬᠠᠢ ᠲᠣᠭᠲᠠᠭᠠᠭᠰᠠᠨ ᠭᠤᠣᠯᠳᠠᠯᠭ᠎ᠠ ᠪᠣᠯᠬᠤ ᠡᠭᠦᠷᠭᠡ ᠪᠣᠯᠣᠨ᠎ᠠ᠂ ᠲᠡᠷᠡ ᠨᠢ ᠮᠥᠩᠭᠦᠨ ᠭᠦᠢᠯᠭᠡᠭᠡᠨ ᠤ ᠦᠢᠯᠡᠰ ᠢ ᠳᠠᠶᠢᠴᠢᠯᠠᠵᠦ ᠪᠠᠶᠢᠭᠠᠳ ᠳ᠋ᠢᠭᠢᠲᠴᠢᠯᠡᠭᠰᠡᠨ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠠᠨ ᠤ ᠬᠤᠳᠠ ᠶᠢᠨ ᠳᠤᠷᠠᠳᠤᠭᠰᠠᠨ ︽ᠬᠤᠷᠢᠨᠭᠡᠷ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾᠎ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃

      ᠬᠤᠶᠠᠷ᠂ ᠬᠤᠷᠢᠨᠭᠡᠷ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠳᠤ ᠪᠠᠨ ᠬᠥᠬᠡᠬᠤᠲᠠ ᠶᠢᠨ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠲᠥᠪ ᠢ ᠪᠦᠲᠦᠭᠡᠨ ᠪᠠᠶᠢᠭᠤᠯᠬᠤ ᠯᠤᠭ᠎ᠠ ᠭᠦᠢᠴᠡᠳ ᠵᠣᠯᠭᠠᠭᠤᠯᠵᠤ ᠤᠶᠠᠯᠳᠤᠭᠤᠯᠤᠨ᠂ ᠨᠡᠷᠡᠳᠬᠦᠨ ᠪᠠ ᠠᠵᠤ ᠦᠢᠯᠡᠰ ᠤᠨ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠪᠠᠨ ᠴᠢᠩᠭᠠᠳᠬᠠᠵᠤ᠂ ᠳ᠋ᠠᠶᠢᠲ᠋ᠠ ᠶᠢᠨ ᠴᠢᠬᠤᠯᠠ ᠬᠦᠴᠦᠨ ᠵᠦᠢᠯ ᠤᠨ ᠮᠥᠩᠭᠦᠨ ᠭᠦᠢᠯᠬᠡᠬᠡᠵᠢᠯᠲᠡ ᠪᠠ ᠳ᠋ᠠᠶᠢᠲ᠋ᠠ ᠶᠢᠨ ᠦᠷᠳᠡᠭ ᠨᠡᠮᠡᠭᠳᠡᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠲᠥᠪ᠂ ᠮᠥᠩᠭᠦᠨ ᠭᠦᠢᠯᠭᠡᠭᠡᠨ ᠤ ᠦᠢᠯᠡᠰ ᠤᠨ ᠡᠯᠧᠺᠲᠷᠣᠨ ᠮᠡᠳᠡᠭᠡ ᠵᠠᠩᠭᠢ ᠶᠢᠨ ᠲᠥᠬᠦᠭᠡᠷᠦᠮᠵᠢ ᠦᠢᠯᠡᠳᠬᠦ᠂ ᠮᠥᠩᠭᠦᠨ ᠭᠦᠢᠯᠭᠡᠭᠡᠨ ᠤ ᠳ᠋ᠠᠶᠢᠲ᠋ᠠ ᠶᠢ ᠵᠠᠳᠠᠯᠵᠤ ᠪᠣᠯᠪᠠᠰᠤᠷᠠᠭᠤᠯᠤᠨ ᠭᠦᠢᠯᠭᠡᠭᠡᠬᠦ᠂ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠮᠤᠷ ᠲᠦᠪᠰᠢᠨ ᠵᠡᠷᠭᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠂ ᠪᠦᠬᠦ ᠤᠯᠤᠰ ᠤᠨ ᠴᠢᠬᠤᠯᠠ ᠪᠣᠯᠬᠤ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠲᠥᠪ ᠤᠨ ᠪᠥᠭᠡᠮᠨᠡᠷᠡᠯ ᠤᠨ ᠲᠣᠭᠤᠷᠢᠭ᠂ ᠳ᠋ᠢᠭᠢᠲ ᠮᠥᠩᠭᠦᠨ ᠭᠦᠢᠯᠭᠡᠭᠡᠨ ᠤ ᠨᠡᠷᠡᠳᠬᠦᠨ ᠤ ᠠᠷᠠᠯᠵᠢᠶᠠᠨ ᠤ ᠭᠠᠵᠠᠷ ᠪᠠ ᠮᠥᠩᠭᠦᠨ ᠭᠦᠢᠯᠭᠡᠭᠡᠨ ᠤ ᠳ᠋ᠢᠭᠢᠲ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠪᠠᠶᠢᠭᠤᠯᠬᠤ ᠬᠡᠷᠡᠭᠲᠡᠢ᠃

      ᠭᠤᠷᠪᠠ᠂ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ  ᠪᠠᠶᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠣᠲᠣ ᠶᠢᠨ ᠪᠠᠶᠢᠭ᠎ᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡᠨ ᠢ ᠲᠦᠭᠦᠷᠵᠢᠬᠦᠯᠬᠦ ᠵᠢᠴᠢ ᠭᠠᠵᠠᠷ ᠰᠢᠷᠣᠢ᠂ ᠴᠢᠳᠠᠪᠤᠷᠢᠲᠠᠨ᠂ ᠡᠨᠧᠷᠭᠢ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠮᠥᠷᠳᠡᠬᠦ ᠪᠠ ᠦᠢᠯᠡᠴᠢᠯᠡᠵᠦ ᠵᠢᠯᠤᠭᠤᠳᠬᠤ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠬᠢᠨ ᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠠᠳᠠᠯᠢ ᠲᠡᠭᠰᠢ ᠪᠠᠷ ᠬᠦᠷᠲᠡᠬᠦ ᠶᠢ ᠠᠬᠢᠭᠤᠯᠤᠨ᠂ ᠤᠯᠤᠰ ᠤᠨ ᠬᠠᠮᠢᠶ᠎ᠠ ᠪᠦᠬᠦᠢ ᠶᠠᠮᠤᠨ ᠵᠥᠪᠯᠡᠯ ᠤᠨ ᠳᠡᠮᠵᠢᠯᠭᠡ ᠶᠢ ᠴᠢᠷᠮᠠᠶᠢᠨ ᠣᠯᠬᠤ ᠳᠤ ᠎ ᠨᠢ ᠢᠳᠡᠪᠬᠢᠲᠡᠢ ᠬᠠᠪᠰᠤᠷᠤᠯᠭ᠎ᠠ ᠦᠵᠡᠬᠦᠯᠬᠦ ᠬᠡᠷᠡᠭᠲᠡᠢ᠃ ᠴᠢᠬᠤᠯᠠ ᠪᠠᠶᠢᠳᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠮᠡᠳᠡᠭᠦᠯᠦᠭᠡᠷᠡᠢ᠃

2025  ᠣᠨ ᠤ 1 ᠳ᠋ᠦ᠋ᠭᠡᠷ ᠰᠠᠷ᠎ᠠ ᠶᠢᠨ 3᠎ ᠤ ᠡᠳᠦᠷ

      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

       

      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ