︽ᠪᠠᠲᠤ ᠪᠠᠬᠢ ᠪᠣᠯᠣᠳ ᠬᠡᠷᠡᠮ︾ ᠢ ᠴᠣᠭᠴᠠᠯᠠᠵᠤ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠰᠠᠬᠢᠨ ᠬᠠᠮᠠᠭᠠᠯᠠᠨ᠎ᠠ – ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠪᠠᠶᠢᠷᠢᠯᠠᠭᠤᠯᠤᠯᠲᠠ ᠠᠴᠠ ᠡᠷᠡᠯᠬᠡᠭᠯᠡᠨ ᠲᠡᠮᠡᠴᠡᠵᠦ ᠪᠠᠶᠢᠭ᠎ᠠ ᠥᠪᠥᠷ ᠮᠣᠩᠭᠤᠯ ᠢ ᠬᠠᠷᠠᠬᠤᠢ
ᠨᠡᠶᠢᠲᠡᠯᠡᠭᠰᠡᠨ ᠴᠠᠭ᠄
2025/2/12


      ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠤᠯᠤᠰ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠳᠠᠬᠢ ᠪᠠᠶᠢᠷᠢ ᠰᠠᠭᠤᠷᠢ ᠴᠢᠬᠤᠯᠠ ᠪᠠᠶᠢᠵᠤ᠂ ᠬᠠᠷᠢᠭᠤᠴᠠᠯᠭ᠎ᠠ ᠬᠦᠨᠳᠦ ᠶᠤᠮ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠃

      ᠠᠮᠤᠷ ᠲᠦᠪᠰᠢᠨ ᠪᠣᠯ ᠬᠥᠭᠵᠢᠯᠲᠡ ᠶᠢᠨ ᠰᠠᠭᠤᠷᠢ᠂ ᠲᠣᠭᠲᠠᠭᠤᠨ ᠪᠠᠶᠢᠬᠤ ᠪᠣᠯ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠥᠪᠥᠷ ᠮᠣᠩᠭᠤᠯ ᠤᠨ 2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠡᠨᠡ ᠵᠢᠯ ︽ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ︾ ᠵᠡᠷᠭᠡ 11 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠴᠠᠢ᠃

      ᠴᠢᠭᠯᠡᠯ ᠨᠢᠭᠡᠨᠲᠡ ᠲᠣᠳᠣᠷᠬᠠᠢ ᠪᠣᠯᠵᠤ᠂ ᠮᠡᠷᠡᠶᠢᠨ ᠲᠡᠮᠡᠴᠡᠬᠦ ᠰᠠᠶᠢᠬᠠᠨ ᠳᠤᠭᠢᠶᠠᠯ ᠬᠦᠷᠴᠦ ᠢᠷᠡᠯ᠎ᠠ᠃ ᠣᠶᠢᠷ᠎ᠠ ᠶᠢᠨ ᠡᠳᠦᠷ ᠤᠳ ᠲᠤ᠂ ᠪᠦᠭᠦ ᠣᠷᠣᠨ ᠤ ᠡᠯ᠎ᠡ ᠭᠠᠵᠠᠷ ᠣᠷᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠨ ᠢᠶᠠᠷ ᠢᠶᠠᠨ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠪᠠᠲᠤ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠳᠬᠤᠵᠤ᠂ ᠠᠵᠢᠯᠯᠠᠭ᠎ᠠ ᠳᠡᠭᠡᠷ᠎ᠡ ᠪᠠᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠪᠣᠳᠠᠲᠠᠢ ᠠᠵᠢᠯᠯᠠᠬᠤ ᠪᠠᠷ ᠡᠭᠦᠷᠭᠡᠯᠡᠯ ᠢᠶᠠᠨ ᠢᠯᠡᠷᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠣᠯᠭᠠᠨ ᠴᠣᠭᠴᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

      ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠤᠮᠠᠷᠠᠲᠤ ᠬᠢᠯᠢ ᠶᠢᠨ ︽ᠪᠠᠲᠤ ᠪᠠᠬᠢ ᠪᠣᠯᠣᠳ ᠬᠡᠷᠡᠮ︾ ᠢ ᠴᠣᠭᠴᠠᠯᠠᠨ ᠪᠠᠬᠢᠵᠢᠭᠦᠯᠦᠨ᠎ᠡ

      2 ᠰᠠᠷ᠎ᠠ ᠶᠢᠨ 10 ᠤ ᠡᠳᠦᠷ᠂ ᠡᠬᠡ ᠳᠡᠯᠡᠬᠡᠢ ᠶᠢ ᠨᠡᠷᠡᠨ ᠭᠡᠶᠢᠭᠦᠯᠬᠦ ᠳᠤ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ ᠶᠢᠨ ᠬᠢᠩᠭᠠᠨ ᠳᠠᠬᠢ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠷᠠᠰᠢᠶᠠᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠵᠢᠯᠣᠭᠤᠴᠢ ᠦᠭᠡᠢ ᠨᠢᠰᠬᠡᠯ ᠤᠨ ᠴᠠᠭᠳᠠᠭᠠᠨ ᠤ ᠠᠶᠠᠯᠠᠯ ᠤᠨ ᠠᠩᠭᠢ ᠬᠢᠯᠢ ᠶᠢᠨ ᠠᠭᠠᠷ ᠤᠨ ᠴᠠᠭᠳᠠᠨ ᠪᠠᠶᠢᠴᠠᠭᠠᠯᠲᠠ ᠶᠢᠨ ᠠᠵᠢᠯ ᠢᠶᠠᠨ ᠡᠬᠢᠯᠡᠭᠦᠯᠪᠡ᠃

      ︽1380 – 1382 ᠬᠦᠷᠬᠦ ᠬᠢᠯᠢ ᠶᠢᠨ ᠬᠠᠮᠢᠶᠠᠷᠤᠯᠲᠠ ᠶᠢᠨ ᠬᠡᠰᠡᠭ ᠲᠤ ᠬᠡᠪ ᠤᠨ ᠪᠤᠰᠤ ᠪᠠᠶᠢᠳᠠᠯ ᠢᠯᠡᠷᠡᠭᠰᠡᠨ ᠦᠭᠡᠢ︾᠃ ᠠᠯᠳᠠᠨ ᠨᠠᠷᠠᠨ ᠤ ᠲᠤᠶᠠᠭᠠᠨ ᠳᠤ ᠮᠥᠩᠭᠦᠨ ᠶᠢᠷᠲᠢᠨᠴᠦ ᠭᠢᠯᠠᠰᠤᠨ ᠬᠠᠷᠠᠭᠳᠠᠵᠤ᠂ ᠴᠠᠭᠳᠠᠭᠠᠨ ᠤ ᠵᠢᠯᠣᠭᠤᠴᠢ ᠦᠭᠡᠢ ᠨᠢᠰᠬᠡᠯ ᠢᠶᠠᠷ ᠳᠠᠮᠵᠢᠭᠤᠯᠤᠭᠰᠠᠨ ᠵᠢᠷᠤᠭ ᠳᠦᠷᠰᠦ ᠳᠤ ᠬᠢᠯᠢ ᠶᠢᠨ ᠵᠥᠷᠢᠭ ᠲᠣᠳᠣᠬᠠᠨ ᠬᠠᠷᠠᠭᠳᠠᠨ᠎ᠠ᠃ ᠢᠷᠪᠢᠰᠲᠡᠢ ᠳᠠᠬᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠯᠢᠦ ᡁᠢ ᠴᠢᠶᠠᠩ ᠠᠭᠤᠯᠠᠨ ᠣᠷᠣᠢ ᠳᠡᠭᠡᠷ᠎ᠡ ᠵᠣᠭᠰᠣᠵᠤ᠂ ᠶᠡᠭᠡ ᠠᠩᠭᠢ ᠳᠤ ᠬᠢᠯᠢ ᠴᠠᠭᠳᠠᠵᠤ ᠪᠠᠶᠢᠭ᠎ᠠ ᠪᠠᠶᠢᠳᠠᠯ ᠢᠶᠠᠨ ᠬᠠᠷᠢᠭᠤ ᠮᠡᠳᠡᠭᠦᠯᠪᠡ᠃

      ᠤᠯᠤᠰ ᠢ ᠵᠠᠰᠠᠬᠤ ᠳᠤ ᠡᠷᠬᠡᠪᠰᠢ ᠬᠢᠯᠢ ᠬᠢᠵᠠᠭᠠᠷ ᠢ ᠵᠠᠰᠠᠵᠤ᠂ ᠤᠯᠤᠰ ᠢ ᠬᠦᠴᠦᠷᠬᠡᠭᠵᠢᠭᠦᠯᠬᠦ ᠳᠤ ᠡᠷᠬᠡᠪᠰᠢ ᠬᠢᠯᠢ ᠬᠢᠵᠠᠭᠠᠷ ᠢ ᠬᠦᠴᠦᠷᠬᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠲᠡᠭᠦᠰᠦᠭᠰᠡᠨ ᠤ ᠳᠠᠷᠠᠭ᠎ᠠ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ ᠲᠡᠷᠡ ᠳᠠᠷᠤᠢ ᠳᠤᠨᠢ ᠴᠠᠭᠳᠠᠭ᠎ᠠ ᠪᠠᠨ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠭᠤᠯᠪᠠ᠃ 2025 ᠣᠨ ᠳᠤ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ ᠶᠢᠨ ᠬᠢᠨ ᠤᠮᠠᠷᠠᠲᠤ ᠬᠢᠯᠢ ᠶᠢᠨ ᠤᠯᠤᠰ ᠤᠨ ᠡᠭᠦᠳᠡᠨ ᠤ ᠬᠢᠯᠢ ᠶᠢᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠦᠢᠯᠡᠰ ᠢ ᠭᠤᠣᠯᠳᠠᠯᠭ᠎ᠠ ᠲᠠᠢ ᠠᠳᠬᠤᠬᠤ᠂ ᠭᠤᠣᠯ ᠬᠠᠷᠢᠭᠤᠴᠠᠯᠭ᠎ᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ︽ᠰᠢᠰᠲ᠋ᠧᠮ ᠢ ᠴᠢᠩᠭᠠᠳᠬᠠᠬᠤ᠂ ᠲᠣᠭᠲᠠᠴᠠ ᠶᠢ ᠪᠠᠶᠢᠭᠤᠯᠬᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ︾ ᠶᠢᠨ ᠲᠣᠭᠤᠷᠢᠨ ᠳᠤ᠂ ᠬᠢᠯᠢ ᠶᠢᠨ ᠬᠠᠮᠢᠶᠠᠷᠤᠨ ᠡᠵᠡᠮᠳᠡᠬᠦ ᠰᠢᠰᠲ᠋ᠧᠮ᠂ ᠣᠶᠤᠨᠴᠢᠯᠠᠭᠰᠠᠨ ᠬᠢᠯᠢ ᠶᠢᠨ ᠪᠣᠭᠤᠮᠲᠠ ᠶᠢᠨ ᠬᠠᠮᠢᠶᠠᠷᠤᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠢᠯᠢ ᠶᠢᠨ ᠬᠠᠮᠢᠶᠠᠷᠤᠨ ᠡᠵᠡᠮᠳᠡᠬᠦ ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ; ᠴᠠᠭᠳᠠᠭᠠᠨ ᠤ ᠶᠠᠪᠤᠳᠠᠯ ᠤᠨ ᠰᠢᠨ᠎ᠡ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠬᠠᠮᠲᠤᠷᠠᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠢ ᠬᠦᠴᠦᠷᠬᠡᠭᠵᠢᠭᠦᠯᠦᠨ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ ᠲᠣᠨᠣᠭᠯᠠᠯ ᠢ ᠰᠤᠳᠤᠯᠤᠨ ᠨᠡᠭᠡᠭᠡᠵᠦ ᠤᠭᠰᠠᠷᠠᠨ᠂ ᠴᠠᠭᠳᠠᠭᠠᠨ ᠤ ᠶᠠᠪᠤᠳᠠᠯ ᠤᠨ ᠠᠭᠤᠰᠤᠯᠴᠠᠯ ᠤᠨ ᠰᠢᠨ᠎ᠡ ᠵᠠᠭᠪᠤᠷ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠣᠳᠠᠲᠤ ᠲᠡᠶᠢᠨ ᠢ ᠵᠢᠯᠤᠭᠤᠳᠬᠤ ᠲᠣᠭᠲᠠᠴᠠ᠂ ᠰᠠᠨᠠᠭᠠᠴᠢᠯᠠᠭᠠᠲᠤ ᠴᠠᠭᠳᠠᠭᠠᠨ ᠤ ᠶᠠᠪᠤᠳᠠᠯ ᠪᠠ ᠣᠨᠣᠴᠠᠲᠠᠢ ᠴᠣᠬᠢᠯᠲᠠ ᠥᠭᠬᠦ ᠲᠣᠭᠲᠠᠴᠠ᠂ ᠬᠢᠯᠢ ᠶᠢᠨ ᠰᠠᠭᠤᠷᠢ ᠰᠡᠷᠭᠡᠶᠢᠯᠡᠯᠲᠡ ᠪᠠ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠲᠣᠭᠲᠠᠴᠠ ᠵᠡᠷᠭᠡ ︽ᠲᠠᠪᠤᠨ ᠵᠦᠢᠯ ᠤᠨ ᠲᠣᠭᠲᠠᠴᠠ︾ ᠶᠢ ᠪᠦᠷᠢᠨᠰᠢᠭᠦᠯᠦᠨ ᠭᠦᠨᠵᠡᠭᠡᠶᠢᠷᠡᠭᠦᠯᠵᠦ᠂ ᠤᠯᠤᠰ ᠤᠨ ᠡᠭᠦᠳᠡᠨ ᠤ ᠬᠢᠯᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠪᠣᠯᠣᠨ᠎ᠠ᠃

      ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠦᠪᠰᠢᠨ ᠪᠣᠯ ᠠᠷᠠᠳ ᠤᠯᠠᠨ ᠤ ᠬᠠᠮᠤᠭ ᠤᠨ ᠦᠨᠳᠦᠰᠦᠨ᠂ ᠬᠠᠮᠤᠭ ᠤᠨ ᠨᠡᠶᠢᠳᠡᠮ ᠤᠨ ᠬᠦᠰᠡᠯ ᠡᠷᠡᠮᠡᠯᠵᠡᠯ ᠪᠣᠯᠣᠨ᠎ᠠ᠃ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠪᠦᠭᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠷᠭᠡᠨ ᠣᠯᠠᠨ ᠠᠷᠠᠳ ᠤᠨ ᠴᠠᠭᠳᠠᠭ᠎ᠠ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠦᠨ᠂ ᠨᠡᠶᠢᠭᠡᠮ ᠤᠨ ᠠᠮᠤᠷ ᠲᠦᠪᠰᠢᠨ ᠡᠮᠬᠢ ᠳᠢᠭᠯᠢᠮ ᠤᠨ ᠰᠠᠶᠢᠨ ᠰᠠᠶᠢᠬᠠᠨ ᠪᠠᠶᠢᠬᠤ ᠶᠢ ᠪᠦᠭᠦ ᠬᠦᠴᠦᠨ ᠢᠶᠠᠷ ᠢᠶᠠᠨ ᠪᠠᠲᠤᠯᠠᠪᠠ᠃ ᠨᠢᠳᠤᠨᠤᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠲᠠᠢ ᠬᠠᠷᠢᠴᠠᠭᠤᠯᠪᠠᠯ᠂ ᠪᠦᠭᠦ ᠣᠷᠣᠨ ᠤ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠴᠠᠭᠳᠠᠭᠠᠨ ᠤ ᠪᠠᠶᠢᠳᠠᠯ ᠲᠣᠰ ᠲᠣᠰ 3.06%᠂ 36.84% ᠪᠠᠷ ᠪᠠᠭᠤᠷᠠᠵᠠᠢ᠃

      ᠴᠠᠭᠠᠨ ᠰᠠᠷ᠎ᠠ ᠶᠢᠨ ᠠᠮᠠᠷᠠᠯᠲᠠ ᠥᠩᠭᠡᠷᠡᠮᠡᠭᠴᠡ᠂ ᠪᠦᠭᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠤᠶᠢᠨ᠎ᠠ ᠬᠤᠶᠢᠨ᠎ᠠ ᠠᠴᠠ ᠪᠠᠨ ︽ᠰᠢᠨ᠎ᠡ ᠵᠢᠯ ᠤᠨ ᠠᠩᠬᠠᠨ ᠤ ᠪᠣᠯᠪᠠᠰᠤᠷᠠᠯ︾ ᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠴᠠᠭᠳᠠᠭ᠎ᠠ ᠶᠢᠨ ᠴᠢᠳᠠᠪᠤᠷᠢ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠳᠠᠶᠢᠴᠢᠨ ᠬᠦᠴᠦᠨ ᠢ ᠲᠦᠷᠭᠡᠳᠬᠡᠨ ᠪᠦᠷᠢᠯᠳᠦᠭᠦᠯᠬᠦ ᠪᠠ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠤᠨ ᠴᠠᠭᠳᠠᠭ᠎ᠠ ᠶᠢ ᠴᠤᠭ ᠪᠠᠳᠠᠷᠠᠩᠭᠤᠢ ᠵᠣᠷᠢᠭ ᠰᠠᠨᠠᠭ᠎ᠠ ᠪᠠᠷ ᠰᠢᠨ᠎ᠡ ᠨᠢᠭᠡ ᠵᠢᠯ ᠤᠨ ᠠᠵᠢᠯ ᠢᠶᠠᠨ ᠡᠬᠢᠯᠡᠭᠦᠯᠬᠦ ᠪᠣᠯᠭᠠᠪᠠ᠃

      2025 ᠣᠨ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠦᠨᠳᠦ ᠨᠣᠴᠢᠲᠠᠢ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠰᠦᠯᠵᠢᠶᠡᠨ ᠳᠡᠭᠡᠷ᠎ᠡ ᠮᠡᠬᠡᠯᠡᠬᠦ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠭᠦ ᠬᠦᠴᠦᠨ ᠢᠶᠠᠷ ᠢᠶᠠᠨ ᠬᠠᠮᠠᠭᠠᠯᠠᠨ᠎ᠠ᠃ ᠡᠭᠦᠨ ᠤ ᠬᠠᠮᠲᠤ᠂ ᠲᠣᠰ ᠲᠢᠩᠬᠢᠮ ᠦᠷᠭᠦᠯᠵᠢᠯᠡᠨ ᠤᠯᠤᠰ ᠲᠥᠷᠥ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ᠂ ᠰᠠᠬᠢᠯᠭ᠎ᠠ ᠪᠠᠲᠤ ᠬᠡᠪ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠪᠠ ᠡᠩᠨᠡᠭᠡᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠭᠤᠷᠪᠠᠨ ᠲᠠᠯ᠎ᠠ ᠠᠴᠠ ᠭᠠᠷᠳᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠬᠡᠪ ᠪᠣᠯᠪᠠᠰᠤᠷᠠᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠴᠠᠭᠠᠷᠠᠭᠰᠠᠨ ᠳᠣᠲᠣᠭᠠᠳᠤ ᠶᠢ ᠬᠠᠮᠠᠭᠠᠯᠠᠬᠤ ᠪᠦᠭᠦᠨ ᠢ ᠢᠯᠠᠭᠴᠢ ᠴᠡᠷᠢᠭ ᠢ ᠳᠠᠪᠲᠠᠨ ᠪᠤᠯᠪᠠᠰᠤᠷᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠢ ᠪᠠᠲᠤ ᠡᠭᠦᠷᠭᠡᠯᠡᠬᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠬᠠᠩᠭᠠᠬᠤ ᠪᠣᠯᠣᠨ᠎ᠠ᠃

      ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ

      1 ᠰᠠᠷ᠎ᠠ ᠶᠢᠨ 23 ᠤ ᠡᠳᠦᠷ᠂ ᠪᠦᠭᠦ ᠣᠷᠣᠨ ᠤ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠨᠠᠷ ᠤᠨ ᠬᠤᠷᠠᠯ ᠭᠦᠭᠡᠬᠤᠲᠠ ᠳᠤ ᠬᠤᠷᠠᠯᠳᠤᠵᠤ᠂ ᠬᠤᠷᠠᠯ ᠠᠴᠠ ᠡᠨᠡ ᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠪᠡ᠃ 2025 ᠣᠨ ᠳᠤ ᠪᠦᠭᠦ ᠣᠷᠣᠨ ᠤ ᠰᠢᠭᠦᠬᠦ ᠬᠤᠷᠢᠶ᠎ᠠ ᠤᠯᠤᠰ ᠲᠥᠷᠥ ᠪᠠᠷ ᠰᠦᠭ ᠰᠦᠨᠡᠰᠦ ᠶᠢ ᠱᠤᠭᠤᠬᠤ᠂ ᠶᠠᠰᠤ ᠴᠢᠨᠠᠷ ᠦᠷ᠎ᠡ ᠪᠦᠲᠦᠮᠵᠢ ᠶᠢ ᠪᠠᠬᠢᠵᠢᠭᠦᠯᠬᠦ᠂ ᠬᠡᠪ ᠴᠢᠳᠠᠪᠤᠷᠢ ᠶᠢ ᠳᠡᠭᠡᠭᠰᠢᠯᠡᠭᠦᠯᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠴᠢᠳᠠᠯ ᠣᠯᠭᠤᠬᠤ ᠳᠥᠷᠪᠡᠨ ᠵᠦᠢᠯ ᠤᠨ ᠢᠨᠵᠧᠨᠧᠷᠢᠩ ᠢ ᠭᠦᠨᠵᠡᠭᠡᠢ ᠥᠷᠨᠢᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃

      ︽ᠪᠢᠳᠡ ᠤᠯᠤᠰ ᠤᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠠᠪᠤᠳᠠᠯ ᠢ ᠴᠢᠬᠤᠯᠠ ᠪᠠᠶᠢᠷᠢᠨ ᠳᠤ ᠲᠠᠯᠪᠢᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠠᠩᠬᠠᠷᠴᠤ᠂ ᠪᠦᠭᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠵᠤ ᠨᠠᠮᠳᠠᠭᠠᠨ ᠰᠢᠢᠳᠪᠦᠷᠢᠯᠡᠬᠦ ᠶᠢᠨ ᠬᠠᠮᠲᠤ ᠰᠡᠷᠭᠡᠶᠢᠯᠡᠯᠲᠡ ᠳᠤ ᠬᠠᠷᠠᠭᠠᠯᠵᠠᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠎ᠡ︾᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠠᠯᠪᠠᠨ ᠭᠡᠷ ᠤᠨ ᠡᠷᠭᠢᠯᠡᠭᠴᠢ ᠱᠢ ᠶᠠᠨ ᠯᠦᠩ᠂ ᠪᠦᠭᠦ ᠣᠷᠣᠨ ᠤ ᠰᠢᠭᠦᠬᠦ ᠬᠤᠷᠢᠶ᠎ᠠ ︽ᠤᠮᠠᠷᠠᠲᠤ ᠬᠢᠯᠢ ᠶᠢᠨ ᠹᠧᠩᠴᠢᠶᠤᠤ︾ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠹᠧᠩᠴᠢᠶᠤᠤ ᠮᠠᠶ᠋ᠢᠭ ᠤᠨ ᠠᠷᠠᠳ ᠤᠨ ᠰᠢᠭᠦᠬᠦ ᠲᠢᠩᠬᠢᠮ︾ ᠢ ᠡᠭᠦᠳᠦᠨ ᠪᠠᠶᠢᠭᠤᠯᠬᠤ ᠶᠢ ᠠᠬᠢᠭᠤᠯᠵᠤ᠂ ︽ᠲᠥᠯᠥᠭᠡᠯᠡᠭᠴᠢ᠂ ᠭᠡᠰᠢᠭᠦᠨ + ᠰᠢᠭᠦᠬᠦ ᠬᠤᠷᠢᠶ᠎ᠠ︾᠂ ︽ᠲᠡᠷᠢᠭᠦᠨ ᠵᠡᠷᠭᠡ ᠶᠢᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ + ᠰᠢᠭᠦᠬᠦ ᠬᠤᠷᠢᠶ᠎ᠠ︾ ᠵᠡᠷᠭᠡ ᠲᠣᠭᠲᠠᠴᠠ ᠶᠢ ᠭᠦᠨᠵᠡᠭᠡᠶᠢᠷᠡᠭᠦᠯᠵᠦ᠂ ︽ᠵᠢᠱᠢᠶ᠎ᠡ ᠦᠵᠡᠭᠦᠯᠭᠦ ᠵᠠᠷᠭᠤ + ᠪᠥᠭᠡᠮ ᠢᠶᠠᠷ ᠡᠶᠡᠳᠡᠭᠦᠯᠬᠦ︾ ᠲᠣᠭᠲᠠᠴᠠ ᠶᠢ ᠳᠡᠯᠭᠡᠷᠡᠭᠦᠯᠵᠦ᠂ ᠡᠶᠡᠳᠡᠭᠦᠯᠬᠦ ᠶᠢ ᠵᠢᠯᠤᠭᠤᠳᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠵᠠᠭᠤᠷᠠᠯᠳᠤᠭᠠᠨ ᠢ ᠥᠨᠳᠥᠷ ᠪᠦᠲᠦᠮᠵᠢᠲᠡᠶ ᠪᠥᠭᠡᠳ ᠪᠣᠳᠠᠲᠠᠢ ᠪᠠᠷ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ ᠭᠡᠵᠦ ᠬᠡᠯᠡᠪᠡ᠃

      ᠥᠪᠥᠷ ᠮᠣᠩᠭᠤᠯ ᠤᠨ 2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠪᠠ᠃ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠪᠦᠭᠦ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠷ ᠪᠠᠷᠢᠮᠵᠢᠶᠠᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠦᠯᠢᠶᠡᠵᠦ᠂ ᠢᠳᠡᠪᠬᠢᠲᠡᠢ ᠪᠠᠷ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠬᠤᠷᠳᠤᠨ ᠮᠣᠷᠢᠨ ᠳᠤ ᠲᠠᠰᠢᠭᠤᠷ ᠨᠡᠮᠡᠵᠦ᠂ ᠪᠦᠭᠦ ᠬᠦᠴᠦᠨ ᠢᠶᠠᠷ ᠢᠶᠠᠨ ᠴᠢᠷᠮᠠᠶᠢᠨ ᠠᠵᠢᠯᠯᠠᠬᠤ ᠬᠡᠷᠡᠭᠲᠡᠢ᠃

      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠬᠠᠮᠤᠭ ᠤᠨ ᠴᠢᠬᠤᠯᠠ ᠵᠦᠢᠯ ᠪᠤᠯᠭᠠᠵᠤ᠂ ︽ᠵᠥᠷᠢᠴᠡᠯ ᠲᠦᠭᠰᠢᠭᠦᠷᠢ ᠶᠢ ᠠᠷᠢᠯᠭᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠡᠬᠢ ᠡᠭᠦᠰᠦᠯ ᠠᠴᠠ ᠨᠢ ᠵᠠᠰᠠᠬᠤ ᠪᠠ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃

      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠶ ᠪᠤᠯᠭᠠᠵᠤ᠂ ᠬᠠᠤᠯᠢ ᠴᠠᠭᠠᠵᠠ ᠶᠢᠨ ᠭᠠᠵᠠᠷ ᠤᠨ ᠪᠠᠷᠢᠮᠵᠢᠶᠠᠵᠢᠭᠤᠯᠵᠤ ᠵᠢᠷᠤᠮᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ  ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠩᠭᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠬᠦ ᠪᠣᠯᠣᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ  ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠥᠵᠢᠭᠦᠯᠵᠦ ᠥᠭᠡᠷᠡᠴᠢᠯᠡᠬᠦ᠂ ᠨᠡᠶᠢᠭᠡᠮ ᠲᠣᠭᠤᠷᠢᠭ ᠲᠤ ᠵᠠᠯᠠᠷᠠᠭᠤᠯᠬᠤ᠂ ᠲᠥᠪᠬᠢᠨᠡᠭᠦᠯᠵᠦ ᠬᠠᠪᠰᠤᠷᠤᠨ ᠰᠤᠷᠭᠠᠬᠤ᠂ ᠵᠠᠭᠤᠷᠠᠯᠳᠤᠭᠠᠨ ᠢ ᠰᠢᠢᠳᠪᠦᠷᠢᠯᠡᠬᠦ᠂ ᠬᠠᠤᠯᠢᠵᠢᠯ ᠤᠨ ᠤᠬᠠᠭᠤᠯᠭ᠎ᠠ ᠶᠢᠨ ᠲᠠᠪᠤᠨ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠡᠷᠡᠰ ᠬᠠᠮᠠᠭᠠᠯᠠᠬᠤ ᠪᠣᠯᠣᠨ᠎ᠠ᠃

      ︽ᠪᠢᠳᠡ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠴᠢᠬᠤᠯᠠ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︾ ᠭᠡᠵᠦ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠪᠠᠢ ᠶᠦᠩ ᠫᠢᠩ ᠢᠯᠡᠳᠬᠡᠪᠡ᠃

      ᠶᠡᠭᠡ ᠲᠠᠯ᠎ᠠ ᠳᠤ ᠦᠢᠯᠡᠴᠢᠯᠡᠵᠦ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ

      ᠬᠥᠭᠵᠢᠯᠲᠡ ᠪᠠ ᠠᠮᠤᠷ ᠲᠦᠪᠰᠢᠨ ᠨᠢ ᠲᠡᠷᠭᠡᠨ ᠤ ᠬᠤᠶᠠᠷ ᠬᠦᠷᠳᠦ᠂ ᠰᠢᠪᠠᠭᠤᠨ ᠤ ᠬᠤᠣᠰ ᠵᠢᠭᠦᠷ ᠰᠢᠭ ᠬᠠᠷᠢᠯᠴᠠᠨ ᠲᠤᠯᠭᠠᠭᠤᠷᠢᠯᠠᠵᠤ᠂ ᠬᠠᠷᠢᠯᠴᠠᠨ ᠠᠬᠢᠭᠤᠯᠵᠤ ᠪᠠᠶᠢᠳᠠᠭ᠃ ᠣᠳᠣᠬᠠᠨ ᠳᠤ ᠪᠦᠭᠦ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠬᠠᠮᠰᠠᠷ ᠠᠴᠠ ᠪᠠᠨ ᠡᠯ᠎ᠡ ᠵᠦᠢᠯ ᠤᠨ ᠠᠵᠢᠯ ᠢᠶᠠᠨ ᠪᠦᠭᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ︽ᠭᠤᠣᠯ ᠬᠦᠴᠦᠨ ᠴᠡᠷᠢᠭ︾ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠪᠤᠢ᠃

      ᠴᠢᠭᠯᠡᠯ ᠲᠣᠳᠣᠷᠬᠠᠢ᠂ ᠰᠡᠳᠬᠢᠴᠡ ᠲᠣᠳᠣᠷᠬᠠᠢ᠂ ᠬᠥᠳᠡᠯᠭᠡᠬᠦ ᠬᠦᠴᠦᠨ ᠭᠦᠢᠴᠡᠳ ᠪᠣᠯᠪᠠ᠃ ᠰᠢᠨ᠎ᠡ ᠨᠢᠭᠡ ᠵᠢᠯ ᠳᠤ᠂ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠨᠢᠭᠲᠠ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠶᠡᠭᠡ ᠲᠠᠯ᠎ᠠ ᠳᠤ ᠦᠢᠯᠡᠴᠢᠯᠡᠨ ᠪᠠᠲᠤᠯᠠᠬᠤ ᠲᠠᠯ᠎ᠠ ᠪᠠᠷ ᠤᠯᠤᠰ ᠲᠥᠷᠥ ᠬᠠᠤᠯᠢ ᠴᠠᠭᠠᠵᠠ ᠶᠢᠨ ᠡᠭᠦᠷᠭᠡᠯᠡᠯ ᠢᠶᠠᠨ ᠢᠯᠡᠷᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ ᠪᠠᠶᠢᠨ᠎ᠠ᠃

      ︽︿ᠵᠢᠷᠭᠤᠭᠠᠨ ᠠᠵᠢᠯᠯᠠᠭ᠎ᠠ﹀ ᠳᠤ ᠦᠢᠯᠡᠴᠢᠯᠡᠨ ᠪᠠᠲᠤᠯᠠᠬᠤ  ᠪᠣᠯ ᠡᠨᠡ ᠵᠢᠯ ᠤᠨ ᠪᠦᠭᠦ ᠣᠷᠣᠨ ᠤ ᠰᠢᠭᠦᠬᠦ ᠬᠤᠷᠢᠶ᠎ᠠ ᠶᠢᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ︾᠃ ᠱᠢ ᠶᠠᠨ ᠯᠦᠩ᠂ ᠪᠦᠭᠦ ᠣᠷᠣᠨ ᠤ ᠰᠢᠭᠦᠬᠦ ᠬᠤᠷᠢᠶ᠎ᠠ ᠴᠢᠬᠤᠯᠠ ᠶᠡᠭᠡ ᠲᠥᠷᠥᠯ ᠵᠦᠢᠯ ᠳᠤ ᠬᠤᠯᠪᠣᠭᠳᠠᠭᠰᠠᠨ ᠵᠥᠷᠢᠴᠡᠯ ᠵᠠᠭᠤᠷᠠᠯᠳᠤᠭᠠᠨ ᠢ ᠠᠷᠢᠯᠭᠠᠬᠤ ︽ᠰᠠᠭᠠᠳ ᠦᠭᠡᠢ ᠨᠡᠪᠲᠡᠷᠡᠬᠦ ᠵᠠᠮ︾ ᠢ ᠪᠠᠶᠢᠭᠤᠯᠵᠤ᠂ ᠠᠵᠢᠯ ᠢᠶᠠᠨ ᠲᠦᠷᠭᠡᠨ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠦᠭᠦ ᠬᠦᠴᠦᠨ ᠢᠶᠠᠷ ᠢᠶᠠᠨ ᠪᠠᠲᠤᠯᠠᠨ᠎ᠠ; ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠶᠢ ᠴᠢᠩᠭᠠᠳᠬᠠᠵᠤ᠂ ᠳᠡᠮᠵᠢᠬᠦ ᠪᠠ ᠵᠢᠷᠤᠮᠵᠢᠭᠤᠯᠤᠨ ᠬᠥᠲᠥᠯᠥᠨ ᠵᠢᠯᠤᠭᠤᠳᠬᠤ ᠶᠢ ᠨᠢᠭᠡᠳᠬᠡᠬᠦ᠂ ᠬᠠᠤᠯᠢ ᠶᠣᠰᠣᠭᠠᠷ ᠬᠠᠮᠠᠭᠠᠯᠠᠬᠤ ᠪᠠ ᠡᠷᠬᠡ ᠲᠡᠭᠰᠢ ᠪᠠᠷ ᠬᠠᠨᠳᠤᠬᠤ ᠶᠢ ᠨᠢᠭᠡᠳᠬᠡᠬᠦ ᠶᠢ ᠠᠬᠢᠭᠤᠯᠬᠤ ᠶᠢ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠠ; ᠬᠥᠳᠡᠯᠮᠦᠷᠢᠴᠢᠳ᠂ ᠬᠥᠮᠥᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠭᠦᠳᠡᠯᠮᠦᠷᠢ ᠶᠢᠨ ᠮᠠᠷᠭᠤᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠶᠢ ᠠᠬᠢᠭᠤᠯᠵᠤ᠂ ᠠᠵᠢᠯ ᠣᠯᠭᠤᠯᠲᠠ ᠶᠢᠨ ᠵᠠᠭᠤᠷᠠᠯᠳᠤᠭᠠᠨ ᠤ ᠬᠡᠷᠡᠭ ᠢ ᠵᠣᠬᠢᠰᠲᠠᠢ ᠰᠢᠭᠦᠨ ᠰᠢᠢᠳᠪᠦᠷᠢᠯᠡᠵᠦ᠂ ᠰᠢᠨ᠎ᠡ ᠪᠠᠷ ᠠᠵᠢᠯ ᠣᠯᠣᠭᠰᠠᠨ ᠪᠦᠯᠦᠭᠵᠢᠯ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠨ᠎ᠠ; ᠤᠰᠤᠨ ᠤ ᠪᠣᠬᠢᠷᠳᠤᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠵᠣᠭᠤᠰ ᠢᠶᠠᠷ ᠲᠣᠷᠭᠠᠬᠤ ᠡᠷᠡᠭᠦᠦ ᠰᠢᠢᠳᠬᠡᠯ ᠥᠭᠬᠦ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠠᠤᠯᠢ ᠴᠠᠭᠠᠵᠠ ᠶᠢ ᠵᠥᠷᠢᠴᠡᠭᠰᠡᠨ ᠥᠪᠡᠷ ᠤᠨ ᠦᠷᠲᠡᠭ ᠳᠣᠣᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠨ᠎ᠡ; ︽ᠭᠦᠭᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠵᠢᠯᠴᠠᠨ ᠬᠠᠮᠠᠭᠠᠯᠠᠬᠤ ᠪᠠ ᠲᠦᠩᠯᠢᠶᠣᠣ᠂ ᠤᠯᠠᠭᠠᠨᠬᠠᠳᠠ ᠶᠢᠨ ︽ᠵᠦᠢᠷᠡᠢ ᠤᠳᠤᠨ︾ ᠬᠠᠤᠯᠢ ᠴᠠᠭᠠᠵᠠ ᠶᠢᠨ ᠬᠠᠮᠵᠢᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠤᠶ ᠪᠤᠯᠭᠠᠵᠦ ᠦᠭᠭᠦᠨ᠎ᠠ; ᠰᠣᠶᠣᠯ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠵᠣᠬᠢᠶᠠᠯ ᠪᠦᠲᠦᠭᠡᠯ ᠤᠨ ᠡᠷᠬᠡ ᠶᠢᠨ ᠲᠥᠷᠥᠯᠵᠢᠭᠦᠯᠦᠭᠰᠡᠨ ᠬᠡᠷᠡᠭ ᠤᠨ ᠰᠢᠭᠦᠬᠦ ᠦᠶᠡᠯᠡᠯ ᠢ ᠪᠣᠭᠤᠨᠢᠰᠬᠠᠨ᠂ ᠰᠣᠶᠣᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠵᠤ᠂ ᠡᠵᠡᠩᠨᠡᠯᠲᠡ ᠶᠢᠨ ᠭᠡᠯᠪᠡᠷᠢ ᠶᠢᠨ ᠬᠥᠭᠵᠢᠯᠲᠡ ᠶᠢ ᠠᠬᠢᠭᠤᠯᠤᠨ᠎ᠠ ᠭᠡᠵᠦ ᠲᠠᠨᠢᠯᠴᠠᠭᠤᠯᠪᠠ᠃

      ︽ᠪᠢᠳᠡ ︿ᠵᠢᠷᠭᠤᠭᠠᠨ ᠢᠨᠵᠧᠨᠧᠷᠢᠩ﹀ ᠢ ᠠᠬᠢᠭᠤᠯᠬᠤ ᠳᠤ ᠬᠦᠴᠦᠨ ᠨᠡᠮᠡᠷᠢᠯᠡᠵᠦ᠂ ︿ᠵᠢᠷᠭᠤᠭᠠᠨ ᠠᠵᠢᠯᠯᠠᠭ᠎ᠠ﹀ ᠶᠢ ᠪᠠᠲᠤᠯᠠᠬᠤ ᠳᠤ ᠦᠢᠯᠡᠴᠢᠯᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠬᠡᠷᠡᠭ ᠨᠢᠭᠡ ᠪᠦᠷᠢ ᠶᠢ ᠥᠨᠳᠥᠷ ᠪᠦᠲᠦᠮᠵᠢᠲᠡᠶ ᠰᠠᠶᠢᠲᠤᠷ ᠰᠢᠢᠳᠪᠦᠷᠢᠯᠡᠨ᠎ᠡ︾᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠭᠦ ᠣᠷᠣᠨ ᠤ ᠨᠡᠶᠢᠭᠡᠮ ᠤᠨ ᠠᠮᠤᠷ ᠲᠣᠭᠲᠠᠭᠤᠨ ᠪᠠ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠤᠨ᠎ᠠ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠢᠭᠡᠳᠦᠭᠡᠷ ᠪᠠᠶᠢᠴᠠᠭᠠᠬᠤ ᠬᠡᠯᠲᠡᠰ ᠤᠨ ᠡᠷᠭᠢᠯᠡᠭᠴᠢ ᠸᠠᠩ ᠬᠤᠩ ᠰᠢᠶᠠ ᠬᠡᠯᠡᠪᠡ᠃

      

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ