ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠨ᠎ᠡ – ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠪᠠᠶᠢᠷᠢᠯᠠᠭᠤᠯᠤᠯᠲᠠ ᠠᠴᠠ ᠡᠷᠡᠯᠬᠡᠭᠯᠡᠨ ᠤᠷᠤᠭᠰᠢᠯᠠᠵᠤ ᠪᠠᠶᠢᠭ᠎ᠠ ᠥᠪᠥᠷ ᠮᠣᠩᠭᠤᠯ ᠢ ᠬᠠᠷᠠᠬᠤᠢ
ᠨᠡᠶᠢᠲᠡᠯᠡᠭᠰᠡᠨ ᠴᠠᠭ᠄
2025/2/12

 

      ᠥᠪᠥᠷ ᠮᠣᠩᠭᠤᠯ ᠤᠨ 2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠠᠳᠬᠤᠨ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠨ᠎ᠡ ᠭᠡᠵᠦ ᠲᠣᠳᠣᠷᠬᠠᠢ ᠳᠤᠷᠠᠳᠴᠠᠢ᠃

      ᠴᠠᠭᠠᠨ ᠰᠠᠷ᠎ᠠ ᠰᠢᠨ᠎ᠡ ᠠᠶᠠᠨ ᠢᠶᠠᠨ ᠡᠬᠢᠯᠡᠭᠦᠯᠵᠦ᠂ ᠪᠣᠳᠠᠲᠠᠢ ᠠᠵᠢᠯᠯᠠᠵᠤ ᠰᠢᠨ᠎ᠡ ᠪᠠᠶᠢᠳᠠᠯ ᠢ ᠡᠭᠦᠳᠦᠨ᠎ᠡ᠃ ᠮᠠᠨ ᠤ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠪᠠᠷ ᠪᠠᠷᠢᠮᠵᠢᠶ᠎ᠠ ᠪᠤᠯᠭᠠᠵᠤ᠂ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠠᠳᠬᠤᠨ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠡᠯ᠎ᠡ ᠭᠠᠵᠠᠷ ᠣᠷᠣᠨ ᠤ ᠳᠠᠪᠠᠭᠤᠯᠢᠭ ᠠᠵᠤ ᠦᠢᠯᠡᠰ ᠢ ᠭᠦᠢᠴᠡᠳ ᠪᠠᠳᠠᠷᠠᠭᠤᠯᠤᠨ᠂ ᠣᠷᠣᠨ ᠪᠦᠰᠡ ᠶᠢᠨ ᠬᠥᠭᠵᠢᠯᠲᠡ ᠳᠤ ᠲᠠᠰᠤᠷᠠᠯᠲᠠ ᠦᠭᠡᠢ ᠠᠮᠢᠵᠢᠷᠠᠯ ᠤᠨ ᠬᠦᠴᠦᠨ ᠨᠡᠮᠡᠷᠢᠯᠡᠪᠡ᠃

      ᠭᠠᠳᠠᠭᠰᠢ ᠪᠠᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠵᠦ ᠨᠡᠭᠡᠭᠡᠯᠲᠡ ᠬᠢᠬᠦ ᠠᠶᠠᠨ ᠳᠤ ᠡᠷᠡᠮᠡᠬᠡᠶᠢᠯᠡᠨ ᠤᠷᠤᠭᠰᠢᠯᠠᠨ᠎ᠠ

      2024 ᠣᠨ ᠳᠤ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ 2073.1 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠦ᠂ ᠪᠦᠭᠦ ᠤᠯᠤᠰ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.8 ᠬᠤᠪᠢ ᠥᠨᠳᠥᠷ ᠪᠣᠯᠵᠤ᠂ ᠠᠩᠬ᠎ᠠ ᠤᠳᠠᠭ᠎ᠠ ᠬᠤᠶᠠᠷ ᠮᠢᠩᠭᠠᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠪᠠ᠃ ᠥᠪᠥᠷ ᠮᠣᠩᠭᠤᠯ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1.234 ᠳ᠋ᠦᠩᠰᠢᠭᠤᠷ ᠲᠣᠨ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ14.5% ᠪᠠᠷ ᠨᠡᠮᠡᠭᠳᠡᠨ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃

      ᠥᠪᠥᠷ ᠮᠣᠩᠭᠤᠯ ᠤᠨ 2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠭᠠᠳᠠᠭᠰᠢ ᠪᠠᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠨ᠎ᠡ ᠭᠡᠵᠦ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠲᠡᠭᠦᠰᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠢᠨ ᠦᠳᠲᠡᠷ ᠲᠦᠷᠭᠡᠨ ᠴᠤᠤᠷᠢᠶᠠᠲᠤᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃

      ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠶᠢ ᠪᠦᠭᠦ ᠣᠷᠣᠨ ᠤ ᠨᠡᠭᠡᠭᠡᠯᠲᠡᠲᠤ ᠬᠥᠭᠵᠢᠯᠲᠡ ᠶᠢᠨ ᠲᠡᠷᠢᠭᠦᠨ ᠴᠢᠬᠤᠯᠠ ᠶᠠᠪᠤᠳᠠᠯ ᠪᠤᠯᠭᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨ ᠲᠠᠰ ᠳᠠᠪᠬᠤᠷᠭ᠎ᠠ ᠪᠠᠷ ᠣᠷᠣᠯᠴᠠᠨ᠂ ᠲᠡᠷᠢᠭᠦᠨ ᠤ ᠠᠭᠤᠯᠵᠠᠯᠲᠠ ᠪᠠᠷ ᠲᠣᠬᠢᠷᠠᠯᠴᠠᠭᠰᠠᠨ ᠡᠯ᠎ᠡ ᠵᠦᠢᠯ ᠤᠨ ᠬᠠᠮᠲᠤ ᠶᠢᠨ ᠲᠠᠨᠢᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠰ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠶᠢᠨ ᠥᠷᠭᠡᠴᠡ ᠭᠦᠨᠴᠡ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠳᠣᠲᠣᠭᠠᠳᠤ ᠭᠠᠳᠠᠭᠠᠳᠤ ᠨᠡᠭᠡᠭᠡᠯᠲᠡ ᠶᠢ ᠬᠦᠴᠦᠯᠡᠨ ᠥᠷᠭᠡᠳᠬᠡᠨ᠎ᠡ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠨ᠎ᠡ᠃

      ᠳᠣᠲᠣᠭᠠᠳᠤ ᠳᠠᠭᠠᠨ ᠣᠷᠣᠨ ᠪᠦᠰᠡ ᠶᠢᠨ ᠬᠤᠭᠤᠷᠣᠨᠳᠣᠭᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠬᠥᠭᠵᠢᠯᠲᠡ ᠶᠢᠨ ᠵᠢᠷᠤᠭ ᠲᠥᠰᠥᠪ ᠢ ᠬᠠᠮᠲᠤ ᠪᠠᠷ ᠵᠢᠷᠤᠭᠯᠠᠨ᠎ᠠ

      2024 ᠣᠨ ᠳᠤ ᠥᠪᠥᠷ ᠮᠣᠩᠭᠤᠯ ᠤᠯᠤᠰ ᠤᠨ ᠳᠣᠲᠣᠭᠠᠳᠤ ᠶᠢᠨ ᠪᠣᠳᠠᠲᠠᠢ ᠪᠡᠯᠡ ᠮᠥᠩᠭᠦ ᠶᠢ 5573.1 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.6% ᠪᠠᠷ ᠨᠡᠮᠡᠭᠳᠡᠵᠦ᠂ ᠴᠢᠨᠠᠷ ᠰᠠᠶᠢᠲᠠᠢ ᠬᠥᠭᠵᠢᠯᠲᠡ ᠳᠤ ᠨᠠᠩ ᠥᠷᠭᠡᠨ ᠠᠭᠤᠳᠠᠮ ᠵᠠᠮ ᠳᠡᠪᠢᠰᠴᠦ ᠥᠭᠴᠡᠢ᠃

      2024 ᠣᠨ ᠳᠤ᠂ ᠥᠪᠥᠷ ᠮᠣᠩᠭᠤᠯ ᠦᠢᠯᠡᠳᠬᠦᠨ ᠢ ᠪᠡᠭᠡᠵᠢᠩ ᠳᠤ ᠣᠷᠣᠭᠤᠯᠵᠤ ᠪᠣᠷᠣᠯᠠᠭᠤᠯᠤᠭᠰᠠᠨ ᠬᠡᠮᠵᠢᠶ᠎ᠡ 300 ᠳ᠋ᠦᠩᠰᠢᠭᠤᠷ ᠲᠥᠭᠦᠷᠢᠭ ᠢ ᠳᠠᠪᠠᠵᠤ᠂ 144 ᠪᠡᠭᠡᠵᠢᠩ ᠤᠨ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠳᠤ ᠰᠠᠭᠤᠷᠢᠰᠢᠨ ᠪᠡᠯᠡ ᠣᠷᠣᠭᠤᠯᠵᠤ᠂ ᠪᠡᠭᠡᠵᠢᠩ ᠥᠪᠥᠷ ᠮᠣᠩᠭᠤᠯ ᠤᠨ ᠭᠦᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ 6.97 ᠲᠦᠮᠡᠨ ᠮᠠᠯᠵᠢᠬᠤ ᠲᠠᠷᠢᠶᠠᠯᠠᠬᠤ ᠣᠷᠣᠨ ᠤ ᠭᠦᠳᠡᠯᠮᠦᠷᠢ ᠬᠦᠴᠦᠨ ᠳᠤ ᠠᠵᠢᠯ ᠣᠯᠭᠤᠪᠠ ᠁ ︽ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠭᠡᠳᠬᠡᠬᠦ ᠪᠣᠯ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠴᠢᠬᠤᠯᠠ ᠠᠭᠤᠯᠭ᠎ᠠ ᠶᠢᠨ ᠨᠢᠭᠡ ᠮᠥᠨ᠃ 2025 ᠣᠨ ᠳᠤ ᠥᠪᠥᠷ ᠮᠣᠩᠭᠤᠯ ︿ᠵᠢᠷᠭᠤᠭ᠎ᠠ ᠶᠢ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ﹀ ᠪᠠ ︿ᠳᠥᠷᠪᠡᠨ ᠵᠦᠢᠯ ᠤᠨ ᠠᠵᠢᠯᠯᠠᠭ᠎ᠠ﹀ ᠶᠢ ᠦᠷᠭᠦᠯᠵᠢᠯᠡᠨ ᠥᠷᠨᠢᠭᠦᠯᠵᠦ᠂ ᠪᠡᠭᠡᠵᠢᠩ ᠬᠤᠲᠠ ᠲᠠᠢ ᠣᠯᠠᠨ ᠬᠠᠷᠠᠭᠠᠰᠤ ᠭᠦᠨ ᠳᠠᠪᠬᠤᠷᠭ᠎ᠠ ᠠᠴᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠦᠨ᠎ᠡ︾ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃

      ᠡᠨᠡ ᠵᠢᠯ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠣᠲᠣᠭᠠᠳᠤ ᠳᠠᠭᠠᠨ ᠣᠷᠣᠨ ᠪᠦᠰᠡ ᠶᠢᠨ ᠬᠤᠭᠤᠷᠣᠨᠳᠣᠭᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠬᠢᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠣᠯᠣᠨ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠭᠠᠵᠠᠷ ᠣᠷᠣᠨ ᠲᠠᠢ ᠬᠠᠮᠲᠤᠷᠠᠯᠴᠠᠬᠤ ᠪᠠᠨ ᠤᠯᠠᠮ ᠴᠢᠨᠠᠭᠰᠢᠳᠠ ᠨᠢᠭᠲᠠᠷᠠᠭᠤᠯᠵᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠳᠠᠭᠠᠭᠠᠨ ᠵᠠᠯᠭᠠᠭᠤᠯᠵᠤ᠂ ᠡᠨᠧᠷᠭᠢ᠂ ᠡᠬᠢ ᠪᠠᠶᠠᠯᠢᠭ ᠵᠡᠷᠭᠡ ᠲᠠᠯ᠎ᠠ ᠪᠠᠷ ᠠᠵᠤ ᠠᠬᠤᠢ ᠶᠢᠨ ᠲᠣᠮᠣ ᠮᠤᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠨᠴᠠᠭᠠᠶᠢᠯᠠᠨ ᠬᠥᠭᠵᠢᠭᠰᠡᠨ ᠭᠠᠵᠠᠷ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠨ ᠣᠨᠳᠣᠣᠰᠢᠭᠤᠯᠬᠤ ᠳᠤ ᠡᠯᠪᠡᠭ ᠳᠡᠯᠪᠡᠭ ᠬᠡᠷᠡᠭᠯᠡᠭᠡᠨ ᠤ ᠠᠬᠤᠢ ᠪᠠᠶᠢᠳᠠᠯ ᠬᠠᠩᠭᠠᠨ᠎ᠠ ᠭᠡᠵᠦ ᠵᠢᠭᠠᠵᠤ ᠭᠠᠷᠭᠠᠪᠠ᠃

      2025 ᠣᠨ ᠳᠤ ᠥᠪᠥᠷ ᠮᠣᠩᠭᠤᠯ ᠦᠷᠭᠦᠯᠵᠢᠯᠡᠨ ᠤᠯᠠᠮᠵᠢᠯᠠᠯᠲᠤ ᠠᠵᠤ ᠦᠢᠯᠡᠰ ᠢ ᠳᠡᠭᠡᠭᠰᠢᠯᠡᠭᠦᠯᠭᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠣᠴᠠᠲᠠᠢ ᠪᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠡᠪᠴᠢᠶ᠎ᠡ ᠪᠠᠨ ᠥᠷᠭᠡᠳᠬᠡᠵᠦ᠂ 2025 ᠣᠨ ᠳᠤ ᠣᠷᠣᠭᠤᠯᠤᠨ ᠠᠪᠴᠢᠷᠠᠬᠤ ᠤᠯᠤᠰ ᠤᠨ ᠳᠣᠲᠣᠭᠠᠳᠤ ᠶᠢᠨ ᠪᠣᠳᠠᠲᠠᠢ ᠪᠡᠯᠡ ᠮᠥᠩᠭᠦ ᠶᠢ 5700 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠡᠭᠦᠷᠭᠡ ᠶᠢᠨ ᠬᠠᠷᠠᠯᠲᠠ ᠲᠡᠶᠢᠰᠢ ᠪᠦᠭᠦ ᠬᠤᠷᠳᠤᠴᠠ ᠪᠠᠷ ᠤᠷᠤᠭᠰᠢᠯᠠᠵᠤ᠂ ᠥᠨᠳᠥᠷ ᠲᠦᠪᠰᠢᠨ ᠪᠦᠬᠦᠢ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯᠯᠠᠭ᠎ᠠ ᠪᠠᠷ ᠪᠦᠭᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ  ᠬᠠᠷᠢᠭᠤᠴᠠᠯᠭᠠᠲᠠᠨ ᠬᠡᠯᠡᠯ᠎ᠡ᠃

      ᠵᠦᠷᠢᠶᠠᠴᠢᠯᠡᠭᠰᠡᠨ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠵᠤ ᠡᠶ᠎ᠡ ᠵᠣᠬᠢᠴᠠᠩᠭᠤᠢ ᠭᠦᠭ ᠠᠶᠠᠰ ᠢ ᠴᠢᠪᠬᠠᠳᠠᠨ᠎ᠠ

      ᠥᠪᠥᠷ ᠮᠣᠩᠭᠤᠯ ᠤᠨ ᠵᠡᠭᠦᠨ ᠳᠤᠮᠳᠠ ᠪᠠᠷᠠᠭᠤᠨ ᠣᠷᠣᠨ ᠤ ᠨᠥᠬᠦᠴᠡᠯ ᠠᠳᠠᠯᠢ ᠪᠤᠰᠤ ᠪᠠᠶᠢᠵᠤ᠂ ᠠᠶᠢᠮᠠᠭ ᠬᠤᠲᠠ ᠨᠢᠭᠡᠪᠦᠷᠢ ᠴᠥᠮ ᠥᠪᠡᠷ ᠥᠪᠡᠷ ᠤᠨ ᠬᠥᠭᠵᠢᠯᠲᠡ ᠶᠢᠨ ᠣᠨᠴᠠᠯᠢᠭ ᠲᠠᠢ ᠪᠠᠶᠢᠳᠠᠭ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠪᠠᠶᠢᠷᠢᠯᠠᠭᠤᠯᠤᠯᠲᠠ ᠶᠣᠰᠣᠭᠠᠷ ᠪᠦᠭᠦ ᠣᠷᠣᠨ ᠤ ᠡᠯ᠎ᠡ ᠭᠠᠵᠠᠷ ᠤᠨ 2025 ᠣᠨ ᠤ ᠭᠤᠣᠯᠳᠠᠯᠭ᠎ᠠ ᠲᠠᠢ ᠠᠵᠢᠯ ᠨᠢᠭᠡᠨᠲᠡ ᠲᠣᠳᠣᠷᠬᠠᠢ ᠪᠣᠯᠵᠤ᠂ 12 ᠠᠶᠢᠮᠠᠭ ᠬᠤᠲᠠ ᠲᠣᠰ ᠲᠣᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠦᠨᠳᠦᠰᠦᠯᠡᠨ ᠬᠦᠴᠦᠯᠡᠵᠦ᠂ ᠪᠦᠭᠦ ᠵᠢᠯ ᠤᠨ ᠠᠵᠤ ᠠᠬᠤᠢ ᠶᠢᠨ ᠰᠠᠶᠢᠨ ᠡᠭᠢᠯᠡᠯᠲᠡ ᠲᠠᠢ ᠪᠤᠯᠬᠤ ᠶᠢ ᠬᠦᠰᠡᠵᠦ ᠪᠠᠶᠢᠨ᠎ᠠ᠃

      ᠭᠦᠭᠡᠬᠤᠲᠠ ᠶᠢᠨ ᠬᠢᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠬᠠᠷᠢᠯᠴᠠᠨ ᠬᠤᠯᠪᠣᠯᠳᠤᠬᠤ ᠶᠢ ᠠᠬᠢᠭᠤᠯᠵᠤ᠂ ᠪᠣᠬᠢᠷᠳᠤᠯ ᠦᠭᠡᠢ ᠪᠣᠳᠣᠯᠲᠠ ᠶᠢᠨ ᠬᠦᠴᠦᠨ ᠪᠠ ᠵᠣᠬᠢᠶᠠᠮᠠᠯ ᠣᠶᠤᠨ ᠴᠢᠳᠠᠪᠤᠷᠢ᠂ ᠣᠶᠢᠷ᠎ᠠ ᠣᠭᠲᠠᠷᠭᠤᠢ ᠶᠢᠨ ᠠᠵᠤ ᠠᠬᠤᠢ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠨᠡᠶᠢᠯᠡᠮᠡᠯ ᠠᠮᠢᠳᠤ ᠪᠣᠳᠠᠰ ᠵᠡᠷᠭᠡ ᠬᠦᠷᠢᠶᠡᠨ ᠳᠤ ᠰᠢᠪᠲᠤᠯᠤᠯᠲᠠ ᠲᠠᠢ ᠪᠣᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠦᠨ᠎ᠡ᠃ ᠬᠤᠲᠠ ᠶᠢᠨ ᠥᠨᠳᠥᠷ ᠪᠦᠲᠦᠮᠵᠢᠲᠡᠶ ᠵᠠᠰᠠᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠰᠲ᠋ᠧᠮ ᠲᠠᠢ ᠰᠢᠯᠢᠳᠡᠭᠵᠢᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠶᠢᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠨ᠎ᠡ ᠭᠡᠵᠦ ᠳᠤᠷᠠᠳᠪᠠ᠃

      ᠲᠦᠷᠦᠭᠦᠬᠡᠨ ᠬᠤᠷᠠᠯᠳᠤᠭᠰᠠᠨ ᠬᠢᠩᠭᠠᠨ ᠠᠶᠢᠮᠠᠭ ᠤᠨ ᠪᠦᠭᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠠᠴᠠ ᠬᠢᠩᠭᠠᠨ ᠠᠶᠢᠮᠠᠭ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠪᠠᠷ ᠵᠢᠯᠣᠭᠤᠳᠤᠮᠵᠢ ᠪᠤᠯᠭᠠᠵᠤ᠂ ᠥᠭᠡᠷᠡᠴᠢᠯᠡᠯᠲᠡ ᠨᠡᠭᠡᠭᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠰᠢᠪᠲᠤᠯᠤᠯᠲᠠ ᠶᠢᠨ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ᠂ ᠬᠢᠩᠭᠠᠨ ᠠᠶᠢᠮᠠᠭ ᠤᠨ ᠣᠨᠴᠠᠯᠢᠭ ᠲᠠᠢ ᠦᠷ᠎ᠡ ᠪᠦᠲᠦᠭᠡᠯ ᠢ ᠴᠢᠷᠮᠠᠶᠢᠨ ᠪᠤᠶ ᠪᠤᠯᠭᠠᠬᠤ ᠬᠡᠷᠡᠭᠲᠡᠢ ᠭᠡᠵᠦ ᠳᠤᠷᠠᠳᠪᠠ᠃

      ᠦᠬᠠᠢ ᠬᠤᠲᠠ ᠶᠢᠨ ᠬᠢᠨ ᠡᠬᠢ ᠪᠠᠶᠠᠯᠢᠭ ᠤᠨ ᠭᠡᠯᠪᠡᠷᠢ ᠶᠢᠨ ᠬᠤᠲᠠ ᠶᠢᠨ ᠭᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠵᠢᠱᠢᠶ᠎ᠡ ᠦᠵᠡᠭᠦᠯᠭᠦ ᠪᠠᠷ ᠬᠦᠴᠦᠯᠡᠨ ᠴᠢᠷᠮᠠᠶᠢᠵᠤ᠂ ᠭᠤᠣᠯᠳᠠᠭᠤ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ᠂ ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠬᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠭᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠬᠤ ᠪᠠᠷ ᠴᠢᠷᠮᠠᠶᠢᠵᠤ᠂ ᠡᠨᠡ ᠵᠢᠯ ᠤᠨ ᠲᠦᠷᠦᠭᠦᠦ ᠤᠯᠠᠷᠢᠯ ᠤᠨ ᠰᠠᠶᠢᠨ ᠡᠭᠢᠯᠡᠯᠲᠡ ᠪᠠ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃


 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ