|
ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠮᠲᠤᠷᠠᠨ | ᠮᠡᠳᠡᠭᠳᠡᠯ ᠲᠠᠷᠬᠠᠭᠠᠵᠤ ᠬᠥᠳᠡᠭᠡ ᠲᠣᠰᠬᠤᠨ ᠤ ᠲᠠᠷᠢᠶᠠᠯᠠᠬᠤ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠬᠤ ᠠᠰᠠᠭᠤᠳᠠᠯ ᠰᠢᠨ᠎ᠡ ᠪᠠᠷ | ᠨᠡᠮᠡᠭᠳᠡᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ |
|
|
ᠨᠡᠶᠢᠲᠡᠯᠡᠭᠰᠡᠨ ᠴᠠᠭ᠄
2025/2/14
|
|
ᠮᠡᠳᠡᠭᠳᠡᠯ ᠳᠤ᠂ ᠡᠯ᠎ᠡ ᠭᠠᠵᠠᠷ ᠤᠨ ᠬᠢᠨ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠂ ᠬᠥᠳᠡᠭᠡ ᠲᠣᠰᠬᠤᠨ ᠤ ᠲᠠᠷᠢᠶᠠᠯᠠᠬᠤ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠵᠢᠯᠯᠠᠭ᠎ᠠ ᠰᠢᠨ᠎ᠡ ᠪᠠᠷ ᠨᠡᠮᠡᠭᠳᠡᠬᠦ ᠶᠢ ︽ᠥᠴᠥᠬᠡᠨ ᠴᠦ ᠠᠭᠤᠴᠢᠯᠠᠬᠤ ᠦᠭᠡᠢ︾ ᠪᠠᠷ ᠬᠤᠷᠢᠭᠯᠠᠬᠤ ᠬᠡᠷᠡᠭᠲᠡᠢ᠃ ᠬᠠᠤᠯᠢ ᠲᠣᠭᠲᠠᠭᠠᠯ ᠠᠴᠠ ᠵᠥᠷᠢᠴᠡᠨ ᠣᠷᠣᠨ ᠰᠠᠭᠤᠴᠠ ᠶᠢᠨ ᠭᠠᠵᠠᠷ ᠢ ᠬᠤᠳᠠᠯᠳᠤᠭᠠᠯᠠᠬᠤ ᠪᠠ ᠲᠣᠭᠲᠠᠭᠠᠯ ᠠᠴᠠ ᠵᠥᠷᠢᠴᠡᠨ ᠭᠡᠷ ᠪᠠᠶᠢᠰᠢᠩ ᠬᠤᠷᠰᠢᠨ ᠪᠠᠷᠢᠬᠤ ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠢ ᠲᠣᠭᠲᠠᠭᠠᠵᠠᠢ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠭᠦᠢᠴᠡᠳᠬᠡᠯ ᠲᠤᠭ᠎ᠠ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠠᠷᠢᠶᠠᠯᠠᠬᠤ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠤᠨ ᠶᠡᠷᠦᠩᠬᠡᠢ ᠬᠡᠮᠵᠢᠶᠡᠨ ᠤ ᠬᠥᠳᠡᠯᠦᠩᠭᠦᠢ ᠲᠡᠩᠴᠡᠭᠦᠷᠢ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶ |
|
ᠢᠷᠡᠯᠲᠡ᠄
︽ᠡᠳᠦᠷ ᠪᠦᠷᠢ ᠶᠢᠨ ᠴᠢᠬᠤᠯᠠ ᠮᠡᠳᠡᠭᠡ︾ ᠰᠡᠳᠬᠦᠯ
|