ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2025/2/14

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭᠠᠭᠰᠠᠨ ﹇2024﹈ 56 ᠳ᠋ᠤᠭᠠᠷ ᠲᠣᠭᠠᠲᠤ

 

ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠨ᠂ ᠣᠳᠣᠬᠢᠴᠢᠯᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠨᠳᠦᠰᠦᠨ ᠱᠠᠲᠤᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠳᠣᠣᠷᠠᠬᠢ ᠮᠡᠲᠦ ᠰᠠᠨᠠᠯ ᠢ ᠳᠤᠷᠠᠳᠪᠠ᠃

      ᠨᠢᠭᠡ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ

      ︵ᠨᠢᠭᠡ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠶᠢ ᠳᠥᠭᠦᠮᠴᠢᠯᠡᠬᠦ ᠥᠭᠡᠷᠡᠴᠢᠯᠡᠯᠲᠡ ᠶᠢ ᠠᠬᠢᠭᠤᠯᠤᠨ᠎ᠠ᠃ ᠡᠵᠡᠩᠨᠡᠯᠲᠡ ᠶᠢᠨ ᠭᠤᠣᠯ ᠴᠣᠭᠴᠠ ᠶᠢᠨ ᠳᠠᠩᠰᠠᠯᠠᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ︽ᠨᠢᠭᠡ ᠰᠦᠯᠵᠢᠶ᠎ᠡ ᠪᠠᠷ ᠭᠤᠶᠤᠴᠢᠯᠠᠬᠤ᠂ ᠨᠢᠭᠡ ᠤᠳᠠᠭ᠎ᠠ ᠳᠤ ᠲᠠᠭᠯᠠᠨ ᠮᠡᠳᠡᠭᠦᠯᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠥᠪᠰᠢᠶᠡᠷᠡᠯ ᠤᠨ ᠵᠦᠢᠯᠡᠰ ᠤᠨ ᠭᠡᠷᠡᠴᠢ ᠦᠨᠡᠮᠯᠡᠯ ᠢ ᠬᠤᠯᠪᠤᠭᠠᠯᠠᠨ ᠭᠦᠢᠴᠡᠳᠬᠡᠬᠦ᠂ ᠬᠠᠮᠲᠤᠳᠬᠠᠨ ᠬᠢᠨᠠᠵᠤ ᠵᠥᠪᠰᠢᠶᠡᠷᠡᠬᠦ ᠶᠢ ᠠᠬᠢᠭᠤᠯᠵᠤ᠂ ᠨᠢᠭᠡ ᠢᠵᠢ ᠮᠠᠲ᠋ᠧᠷᠢᠶᠠᠯ ᠲᠤᠰᠢᠶᠠᠵᠤ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡ ᠤᠳᠠᠭᠠᠨ ᠤ ᠭᠤᠶᠤᠴᠢᠯᠠᠯ ᠢᠶᠠᠷ ᠣᠯᠠᠨ ᠤᠴᠢᠷ ᠶᠠᠪᠤᠳᠠᠯ ᠢ ᠭᠦᠢᠴᠡᠳᠬᠡᠬᠦ ᠶᠢ ᠪᠡᠶᠡᠯᠡᠭᠦᠯᠦᠨ᠎ᠡ᠃ ᠲᠠᠪᠴᠠᠩ ᠳᠤ ᠠᠵᠤ ᠠᠬᠤᠢ ᠶᠢᠨ ᠪᠥᠭᠡᠮᠨᠡᠷᠡᠯ ᠢ ᠳᠠᠩᠰᠠᠯᠠᠵᠣ ᠲᠡᠮᠳᠡᠭᠯᠡᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ᠂ ᠭᠠᠶᠢᠯᠢ ᠲᠤᠰᠢᠶᠠᠬᠤ᠂ ᠨᠡᠶᠢᠭᠡᠮ ᠤᠨ ᠳᠠᠭᠠᠳᠬᠠᠯ᠂ ᠮᠥᠩᠭᠦᠨ ᠭᠦᠢᠯᠭᠡᠭᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠤ ᠠᠬᠤᠶᠢᠯᠠᠯ ᠳᠤ ᠬᠤᠯᠪᠣᠭᠳᠠᠬᠤ ᠥᠨᠳᠥᠷ ᠳᠠᠪᠲᠠᠮᠵᠢᠲᠤ ᠦᠢᠯᠡᠴᠢᠯᠡᠭᠡᠨ ᠤ ᠬᠦᠷᠢᠶ᠎ᠡ ᠴᠠᠷᠠᠭᠠᠨ ᠳᠠᠬᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠡᠷᠡᠭᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠮᠡᠳᠡᠭᠡ ᠵᠠᠩᠭᠢ ᠶᠢ ᠬᠠᠮᠲᠤ ᠪᠠᠷ ᠬᠦᠷᠲᠡᠵᠦ ᠬᠠᠷᠢᠯᠴᠠᠨ ᠮᠡᠳᠡᠷᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ᠭᠠᠵᠠᠷ︶᠎ ᠤᠨ ᠪᠠᠷᠢᠮᠵᠢᠶᠠᠵᠢᠭᠤᠯᠤᠭᠰᠠᠨ ᠳᠠᠩᠰᠠᠯᠠᠯᠲᠠ ᠶᠢ ᠠᠬᠢᠭᠤᠯᠵᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠯᠤᠭ᠎ᠠ ᠰᠦᠯᠵᠢᠶᠡᠨ  ᠳᠤ ᠬᠠᠷᠢᠴᠠᠭᠤᠯᠵᠤ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠦᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠶᠢᠨ ᠳᠦᠷᠢᠮ ᠤᠨ ᠴᠢᠨᠠᠷᠲᠠᠢ ᠥᠪᠡᠷ ᠤᠨ ᠦᠷᠳᠡᠭ ᠢ ᠪᠠᠭᠤᠷᠠᠭᠤᠯᠤᠨ᠎ᠠ᠃ ᠪᠥᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠦᠷ᠎ᠡ ᠳ᠋ᠦᠩ ︽ᠬᠤᠶᠠᠷ ᠢ ᠵᠠᠷᠯᠠᠨ ᠨᠡᠶᠢᠲᠡᠯᠡᠬᠦ︾ ᠠᠵᠢᠯ ᠢ ᠪᠦᠷᠢᠨ ᠪᠦᠷᠬᠦᠭᠦᠯᠬᠦ ᠶᠢ ᠠᠬᠢᠭᠤᠯᠤᠨ᠎ᠠ᠃

      ︵ᠬᠤᠶᠠᠷ︶ ᠠᠵᠤ ᠠᠬᠤᠶᠢᠯᠠᠯ ᠳᠤ ᠬᠤᠯᠪᠣᠭᠳᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ᠬᠦᠴᠦᠨ ᠦᠭᠡᠢ ᠪᠣᠯᠭᠠᠬᠤ᠂ ᠳᠣᠷᠣᠭᠰᠢ ᠪᠠᠭᠤᠯᠭᠠᠬᠤ ᠵᠥᠪᠰᠢᠶᠡᠷᠡᠯ ᠤᠨ ᠵᠦᠢᠯᠡᠰ ᠢ ᠦᠨᠡᠯᠡᠨ ᠵᠢᠱᠢᠵᠦ ᠥᠭᠡᠷᠡᠴᠢᠯᠡᠨ ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠲᠣᠭᠲᠠᠭᠠᠬᠤ᠂ ᠳᠠᠩᠰᠠᠯᠠᠬᠤ ᠠᠵᠢᠯ ᠤᠨ ᠳᠦᠷᠢᠮ ᠢ ᠰᠢᠯᠢᠳᠡᠭᠵᠢᠭᠦᠯᠦᠨ᠎ᠡ᠃ ᠬᠤᠯᠪᠣᠭᠠᠲᠤ ᠢᠳᠡᠭᠡᠨ ᠡᠵᠡᠩᠨᠡᠯᠲᠡ ᠶᠢᠨ ᠵᠥᠪᠰᠢᠶᠡᠷᠡᠯ ᠤᠨ ᠮᠡᠳᠡᠭᠳᠡᠬᠦ ᠠᠮᠠᠯᠠᠬᠤ ᠳᠦᠷᠢᠮ ᠢ ᠬᠡᠷᠡᠭᠵᠢᠭᠦᠯᠵᠦ᠂ ᠰᠤᠯᠠ ᠢᠳᠡᠭᠡᠨ ᠵᠢᠵᠢᠭ ᠳᠡᠯᠭᠡᠭᠦᠷ ᠤᠨ ᠳᠠᠩᠰᠠᠯᠠᠯᠲᠠ ᠶᠢᠨ ︽ᠨᠢᠭᠡ ᠠᠵᠤ ᠠᠬᠤᠶᠢᠯᠠᠯ ᠳᠤ ᠨᠢᠭᠡ ᠦᠨᠡᠮᠯᠡᠯ ᠣᠯᠭᠤᠬᠤ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠷᠡᠭᠦᠯᠵᠢᠯ ᠤᠨ ᠢᠳᠡᠭᠡᠨ ᠤ ︽ᠳᠠᠩᠰᠠᠯᠠᠭᠤᠯᠬᠤ ᠪᠠᠷ ᠪᠠᠶᠢᠭ᠎ᠠ ᠵᠦᠢᠯ︾᠎ ᠤᠨ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠢ ᠭᠤᠶᠤᠴᠢᠯᠠᠬᠤ ᠶᠢ ᠰᠦᠪᠡᠭᠴᠢᠯᠡᠨ᠎ᠡ᠃ ᠠᠵᠤ ᠠᠬᠤᠶᠢᠯᠠᠯ ᠤᠨ ᠬᠠᠮᠤᠭ ᠤᠨ ᠳᠡᠭᠡᠳᠦ ᠬᠡᠮᠵᠢᠯᠲᠡ ᠶᠢᠨ ᠪᠠᠷᠢᠮᠵᠢᠶᠠᠨ ᠤ ᠥᠪᠡᠷ ᠤᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠡᠮᠵᠢᠭᠴᠢ ᠶᠢᠨ ᠳᠠᠩᠰᠠᠯᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃

      ︵ᠭᠤᠷᠪᠠ︶ ᠡᠵᠡᠩᠨᠡᠯᠲᠡ ᠶᠢᠨ ᠭᠤᠣᠯ ᠴᠣᠭᠴᠠ ᠶᠢᠨ ᠪᠤᠴᠠᠵᠤ ᠭᠠᠷᠬᠤ ᠴᠤᠪᠤᠷᠠᠯ ᠢ ᠳᠥᠭᠦᠮᠴᠢᠯᠡᠨ᠎ᠡ᠃ ᠳᠠᠩᠰᠠᠯᠠᠭᠤᠯᠤᠭᠰᠠᠨ ᠬᠥᠷᠥᠩᠭᠡ ᠶᠢᠨ ᠳᠠᠭᠠᠭᠠᠨ ᠲᠤᠰᠢᠶᠠᠬᠤ ᠳᠠᠩᠰᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠯᠡᠳᠡᠭᠡᠯ ᠺᠣᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠶᠢ ᠲᠣᠬᠢᠷᠠᠭᠤᠯᠤᠨ ᠳᠠᠩᠰᠠᠯᠠᠵᠤ ᠲᠡᠮᠳᠡᠭᠯᠡᠬᠦ ᠠᠵᠢᠯ ᠢ ᠵᠢᠯᠤᠭᠤᠳᠴᠤ᠂ ᠰᠢᠨ᠎ᠡ ᠪᠠᠷ ᠪᠠᠶᠢᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠪᠢᠴᠠᠭᠠᠲᠠᠨ ᠢ ᠬᠥᠲᠥᠯᠥᠨ ᠵᠢᠯᠤᠭᠤᠳᠴᠤ ᠪᠠᠶᠢᠭᠠᠳ ᠺᠣᠮᠫᠠᠨᠢ ᠪᠠᠶᠢᠭᠤᠯᠤᠭᠳᠠᠭᠰᠠᠨ ᠡᠳᠦᠷ ᠠᠴᠠ ᠡᠬᠢᠯᠡᠨ ᠲᠠᠪᠤᠨ ᠵᠢᠯ ᠤᠨ ᠳᠣᠲᠣᠷ᠎ᠠ ᠳᠠᠭᠠᠭᠠᠨ ᠲᠤᠰᠢᠶᠠᠬᠤ ᠪᠡᠯᠡ ᠭᠠᠷᠭᠠᠯᠲᠠ ᠶᠢ ᠨᠢ ᠭᠦᠢᠴᠡᠳ ᠲᠤᠰᠢᠶᠠᠯᠭᠠᠨ᠎ᠠ᠃ ︽ᠦᠬᠦᠰᠢᠷᠡᠮᠡᠯ ᠠᠵᠤ ᠠᠬᠤᠶᠢᠯᠠᠯ︾᠎ ᠢ ᠠᠯᠪᠠᠳᠠᠯᠭ᠎ᠠ ᠪᠠᠷ ᠪᠤᠴᠠᠭᠠᠨ ᠭᠠᠷᠭᠠᠬᠤ ᠳᠦᠷᠢᠮ ᠢ ᠪᠠᠶᠢᠭᠤᠯᠤᠨ᠎ᠠ᠃ ᠠᠵᠤ ᠠᠬᠤᠶᠢᠯᠠᠯ ᠤᠨ ᠴᠢᠯᠦᠭᠡᠲᠦ ᠨᠡᠭᠦᠯᠲᠡ ᠶᠢ ᠬᠢᠵᠠᠭᠠᠷᠯᠠᠬᠤ ᠲᠣᠭᠲᠠᠭᠠᠯ ᠪᠠ ᠠᠷᠭ᠎ᠠ ᠬᠢᠳᠡᠯ ᠳᠤ ᠵᠠᠰᠠᠪᠤᠷᠢ ᠣᠷᠣᠭᠤᠯᠬᠤ ᠪᠤᠶᠤ ᠲᠡᠭᠦᠨ ᠢ ᠬᠦᠴᠦᠨ ᠦᠭᠡᠢ ᠪᠣᠯᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠡᠵᠡ ᠮᠡᠳᠡᠬᠦ ᠶᠢ ᠪᠠᠲᠤᠯᠠᠨ᠎ᠠ᠃

      ︵ᠳᠥᠷᠪᠡ︶ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠳᠤ ᠦᠢᠯᠡᠴᠢᠯᠡᠬᠦ ᠲᠠᠪᠴᠠᠩ ᠢ ᠪᠠᠶᠢᠭᠤᠯᠤᠨ᠎ᠠ᠃ ︽ᠤᠷᠢᠵᠤ ᠠᠪᠴᠢᠷᠠᠭᠠᠳ ᠢᠳᠬᠠᠯ ᠰᠠᠨᠠᠭᠤᠯᠭ᠎ᠠ ᠶᠢ ᠰᠤᠨᠤᠰᠬᠤ᠂ ᠦᠨᠳᠦᠰᠦᠨ ᠱᠠᠲᠤᠨ ᠳᠤ ᠭᠦᠨᠵᠡᠭᠡᠶᠢᠷᠡᠭᠡᠳ ᠬᠦᠴᠢᠷ ᠠᠰᠠᠭᠤᠳᠠᠯ ᠢ ᠰᠢᠢᠳᠪᠦᠷᠢᠯᠡᠬᠦ︾ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠳᠤ ᠬᠠᠤᠯᠢ ᠴᠠᠭᠠᠵᠠ᠂ ᠲᠦᠷᠦ ᠶᠢᠨ ᠪᠣᠳᠣᠯᠭ᠎ᠠ ᠪᠠ ᠦᠢᠯᠡᠴᠢᠯᠡᠭᠡ ᠬᠦᠷᠭᠡᠨ᠎ᠡ᠃ ᠬᠤᠪᠢ ᠶᠢᠨ ᠡᠷᠣᠭᠡ ᠪᠠ ᠬᠤᠪᠢ ᠶᠢᠨ ᠠᠵᠤ ᠠᠬᠤᠶᠢᠯᠠᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠢ ᠶᠢᠨ ᠡᠷᠣᠭᠡ ᠪᠠ ᠬᠤᠪᠢ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠲᠠᠪᠴᠠᠩ ᠢ ᠪᠠᠶᠢᠭᠤᠯᠤᠨ᠎ᠠ᠃ ︽ᠨᠠᠷᠠᠲᠤ ᠥᠪᠡᠷᠮᠢᠴᠡ ᠰᠢᠯᠢᠳᠡᠭ ᠰᠢᠨ᠎ᠡ︾ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠᠷ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ᠪᠥᠬᠦ ᠣᠷᠣᠨ ᠤ ᠨᠢᠭᠡᠳᠦᠯᠲᠡᠢ ᠬᠡᠯᠪᠡᠷᠢ ᠲᠥᠷᠥᠯ ᠬᠤᠪᠢᠶᠠᠨ ᠪᠣᠶᠢᠵᠢᠭᠤᠯᠬᠤ ᠨᠡᠷᠡᠰ ᠤᠨ ᠬᠥᠮᠥᠷᠭᠡ ᠶᠢ ᠪᠠᠶᠢᠭᠤᠯᠤᠨ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠣᠨᠣᠴᠠᠲᠠᠢ ᠪᠠᠷ ᠬᠠᠪᠰᠤᠷᠤᠨ ᠲᠡᠳᠬᠦᠬᠦ ᠶᠢ ᠡᠮᠬᠢ ᠵᠢᠷᠤᠮ ᠲᠠᠢ ᠠᠬᠢᠭᠤᠯᠵᠤ᠂ ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠳᠠᠩᠰᠠᠯᠠᠯᠲᠠ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃

      ︵ᠲᠠᠪᠤ︶ ᠪᠠᠭᠲᠠᠭᠠᠮᠵᠢᠲᠠᠢ ᠪᠥᠭᠡᠳ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︽ᠪᠡᠶ᠎ᠡ ᠶᠢᠨ ᠪᠠᠶᠢᠴᠠᠭᠠᠯᠲᠠ ᠮᠠᠶ᠋ᠢᠭ ᠤᠨ ᠬᠢᠨᠠᠯᠲᠠ ᠬᠠᠮᠢᠶᠠᠷᠤᠯᠲᠠ ᠦᠢᠯᠡᠴᠢᠯᠡᠭᠡᠨ ᠤ ᠮᠠᠶ᠋ᠢᠭ ᠤᠨ ᠬᠠᠤᠯᠢ ᠬᠡᠷᠡᠭᠵᠢᠭᠦᠯᠦᠯᠲᠡ︾᠎ ᠶᠢᠨ ᠬᠡᠪ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠬᠠᠮᠢᠶᠠᠷᠬᠤ ᠴᠢᠩᠳᠠᠯᠠᠯ ᠢ ᠤᠷᠤᠭᠰᠢ ᠰᠢᠯᠵᠢᠭᠦᠯᠬᠦ ᠶᠢ ᠠᠬᠢᠭᠤᠯᠤᠨ᠂ ᠠᠵᠢᠯ ᠶᠠᠪᠤᠳᠠᠯ ᠤᠨ ᠡᠮᠦᠨᠡᠬᠢ ᠲᠣᠭᠲᠠᠭᠠᠯ ᠳᠤ ᠨᠡᠶᠢᠴᠡᠭᠦᠯᠬᠦ ᠵᠢᠯᠣᠭᠤᠳᠤᠯᠭ᠎ᠠ ᠪᠠᠨ ᠴᠢᠩᠭᠠᠷᠠᠭᠤᠯᠵᠤ᠂ ᠠᠵᠢᠯ ᠶᠠᠪᠤᠳᠠᠯ ᠤᠨ ᠳᠠᠷᠠᠭᠠᠬᠢ ᠬᠠᠤᠯᠢ ᠬᠡᠷᠡᠭᠵᠢᠭᠦᠯᠦᠯᠲᠡ ᠶᠢᠨ ᠪᠤᠴᠠᠨ ᠰᠤᠷᠪᠤᠯᠵᠢᠯᠠᠬᠤ ᠳᠦᠷᠢᠮ ᠢ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ᠡᠯ᠎ᠡ ᠲᠥᠷᠥᠯ ᠤᠨ ᠪᠠᠶᠢᠴᠠᠭᠠᠬᠤ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢᠨ ᠤᠳᠠᠭ᠎ᠠ ᠳᠠᠷᠠᠭ᠎ᠠ ᠶᠢ ᠵᠦᠢ ᠵᠣᠬᠢᠰᠲᠠᠢ ᠲᠣᠭᠲᠠᠭᠠᠨ᠂ ︽ᠤᠴᠢᠷ ᠰᠢᠯᠲᠠᠭᠠᠨ ᠦᠭᠡᠢ ᠪᠠᠷ ᠦᠢᠮᠡᠭᠦᠯᠬᠦ ᠦᠭᠡᠢ︾ ᠠᠵᠤ ᠠᠬᠤᠶᠢᠯᠠᠯ ᠤᠨ ᠲᠣᠳᠣᠷᠬᠠᠢ ᠬᠠᠭᠤᠳᠠᠰᠤ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ︽ᠨᠢᠭᠡ ᠺᠣᠳ᠋ ᠢᠶᠠᠷ ᠪᠠᠶᠢᠴᠠᠭᠠᠬᠤ︾᠎ ᠶᠢ ᠬᠡᠷᠡᠭᠵᠢᠭᠦᠯᠦᠨ᠂ ᠠᠵᠤ ᠠᠬᠤᠶᠢᠯᠠᠯ ᠳᠤ ᠬᠤᠯᠪᠣᠭᠳᠠᠬᠤ ᠬᠢᠨᠠᠯᠲᠠ ᠪᠠᠶᠢᠴᠠᠭᠠᠯᠲᠠ ᠶᠢᠨ ᠠᠭᠤᠯᠭ᠎ᠠ᠂ ᠠᠷᠭ᠎ᠠ ᠮᠠᠶ᠋ᠢᠭ ᠪᠠ ᠴᠤᠪᠤᠷᠠᠯ ᠢ ᠵᠢᠷᠤᠮᠵᠢᠭᠤᠯᠤᠨ᠎ᠠ᠃

      ︵ᠵᠢᠷᠭᠤᠭ᠎ᠠ︶ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠭᠦᠨᠵᠡᠭᠡᠢ ᠬᠡᠷᠡᠭᠵᠢᠭᠦᠯᠦᠨ᠎ᠡ᠃ ᠢᠲᠡᠭᠡᠮᠵᠢ ᠶᠢ ᠵᠠᠰᠠᠨ ᠰᠡᠷᠭᠦᠭᠡᠬᠦ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ ︽ᠠᠮᠠᠯᠠᠯᠲᠠ ᠶᠢᠨ ᠳᠦᠷᠢᠮ︾᠎ ᠢᠶᠠᠷ ᠵᠠᠰᠠᠨ ᠰᠡᠷᠭᠦᠭᠡᠬᠦ᠂ ︽ᠬᠤᠷᠳᠤ ᠨᠡᠮᠡᠨ︾ ᠭᠦᠢᠴᠡᠳᠬᠡᠨ ᠳᠠᠭᠤᠰᠬᠠᠬᠤ ᠵᠡᠷᠭᠡ ᠢᠲᠡᠭᠡᠮᠵᠢ ᠶᠢ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ︽ᠭᠤᠷᠪᠠᠨ ᠪᠢᠴᠢᠭ ᠢ ᠵᠡᠷᠭᠡ ᠳᠤ ᠨᠢ ᠬᠦᠷᠭᠡᠬᠦ︾᠎ ᠶᠢ ᠲᠤᠷᠰᠢᠨ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠳᠤ ᠲᠥᠷᠥᠯ ᠬᠤᠪᠢᠶᠠᠬᠤ ᠶᠢ ᠭᠦᠨᠵᠡᠭᠡᠢ ᠠᠬᠢᠭᠤᠯᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠬᠤ ᠭᠦᠢᠴᠡᠳᠬᠡᠯ ᠲᠣᠭᠠᠨ ᠤ ᠬᠡᠪ ᠵᠠᠭᠪᠤᠷ ᠢ ᠪᠠᠶᠢᠭᠤᠯᠤᠨ᠂ ᠵᠦᠷᠢᠶᠡᠴᠢᠯᠡᠭᠰᠡᠨ ᠣᠨᠣᠴᠠᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︽ᠢᠲᠡᠭᠡᠮᠵᠢ + ᠬᠠᠤᠯᠢ ᠬᠡᠷᠡᠭᠵᠢᠭᠦᠯᠦᠯᠲᠡ + ᠦᠢᠯᠡᠴᠢᠯᠡᠭᠡ︾᠎ ᠶᠢᠨ ᠬᠢᠨᠠᠯᠲᠠ ᠬᠠᠮᠢᠶᠠᠷᠤᠯᠲᠠ ᠶᠢᠨ ᠬᠡᠪ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠢᠲᠡᠭᠡᠮᠵᠢ ᠪᠠᠨ ᠨᠡᠮᠡᠭᠳᠡᠭᠦᠯᠬᠦ ᠳᠦᠷᠢᠮ ᠢ ᠪᠦᠷᠢᠨᠰᠢᠭᠦᠯᠵᠦ᠂ ︽ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠨᠡᠷᠡᠳᠬᠦᠨ ᠤ ᠬᠠᠮᠤᠷᠬᠤ ᠬᠡᠪᠴᠢᠶ᠎ᠡ ᠪᠠᠨ ᠥᠷᠭᠡᠳᠬᠡᠬᠦ᠂ ᠢᠲᠡᠭᠡᠮᠵᠢ ᠨᠡᠮᠡᠭᠳᠡᠭᠦᠯᠬᠦ ᠡᠷᠴᠢᠮ ᠢᠶᠠᠨ ᠴᠢᠩᠭᠠᠷᠠᠭᠤᠯᠬᠤ ᠶᠢ ᠨᠢ ᠠᠬᠢᠭᠤᠯᠤᠨ᠎ᠠ᠃

      ᠬᠤᠶᠠᠷ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ᠎ᠡ

      ︵ᠳᠣᠯᠤᠭ᠎ᠠ︶ ᠶᠠᠰᠤ ᠴᠢᠨᠠᠷ ᠢᠶᠠᠷ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠶᠠᠰᠤ ᠴᠢᠨᠠᠷ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ᠂ ᠬᠡᠯᠬᠢᠶ᠎ᠡ ᠪᠠᠨ ᠴᠢᠩᠭᠠᠷᠠᠭᠤᠯᠬᠤ᠂ ᠰᠢᠶᠠᠨ ᠢ ᠪᠤᠵᠠᠭᠠᠶᠢᠷᠠᠭᠤᠯᠬᠤ ᠶᠢ ᠶᠡᠭᠡ ᠪᠠᠷ ᠠᠬᠢᠭᠤᠯᠵᠤ᠂ ᠶᠠᠰᠤ ᠴᠢᠨᠠᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ᠂ ᠰᠦ ᠰᠠᠭᠠᠯᠢ ᠶᠢᠨ ᠦᠢᠯᠡᠰ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶᠡᠨ ᠤ ᠶᠠᠰᠤ ᠴᠢᠨᠠᠷ ᠢ ᠬᠤᠯᠪᠣᠯᠳᠤᠭᠤᠯᠤᠨ ᠳᠡᠭᠡᠭᠰᠢᠯᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠶᠠᠰᠤ ᠴᠢᠨᠠᠷ ᠤᠨ ᠠᠵᠢᠯ ᠤᠨ ᠦᠷ᠎ᠡ ᠪᠦᠲᠦᠮᠵᠢ ᠪᠠᠷ ᠲᠣᠪᠣᠶᠢᠮ᠎ᠠ ᠨᠢᠭᠡ ᠪᠦᠯᠦᠭ ᠬᠤᠰᠢᠭᠤ ᠰᠢᠶᠠᠨ ︵ᠬᠤᠲᠠ᠂ ᠲᠣᠭᠤᠷᠢᠭ︶᠎ ᠢ ᠪᠣᠶᠢᠵᠢᠭᠤᠯᠤᠨ᠎ᠠ᠃ ᠰᠢᠨᠵᠢᠯᠡᠭᠡᠨ ᠤ ᠰᠠᠯᠠᠭ᠎ᠠ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠠᠵᠤ ᠠᠬᠤᠶᠢᠯᠠᠯ ᠳᠤ ᠣᠷᠣᠭᠤᠯᠬᠤ ᠬᠦᠷᠢᠶᠡᠯᠡᠩ ᠲᠣᠭᠤᠷᠢᠭ ᠲᠤ ᠣᠷᠣᠭᠤᠯᠬᠤ ᠠᠵᠢᠯᠯᠠᠭᠠᠨ ᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠭᠡᠷᠡᠴᠢᠯᠡᠬᠦ᠂ ᠬᠡᠮᠵᠢᠨ ᠰᠢᠯᠭᠠᠬᠤ᠂ ᠪᠠᠷᠢᠮᠵᠢᠶ᠎ᠠ ᠶᠢ ᠲᠣᠭᠲᠠᠭᠠᠬᠤ ︵ᠵᠠᠰᠠᠪᠤᠷᠢ ᠣᠷᠣᠭᠤᠯᠬᠤ︶᠂ ᠮᠡᠳᠡᠯᠭᠡ ᠶᠢᠨ ᠦᠮᠴᠢᠯᠡᠯ ᠤᠨ ᠡᠷᠬᠡ ᠵᠡᠷᠭᠡ ᠪᠥᠬᠦ ᠬᠡᠯᠬᠢᠶᠡᠨ ᠤ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠨ᠎ᠠ᠃ ᠶᠠᠰᠤ ᠴᠢᠨᠠᠷ ᠤᠨ ᠲᠠᠯ᠎ᠠ ᠪᠠᠷ ᠬᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠶᠠᠰᠤ ᠴᠢᠨᠠᠷ ᠤᠨ ᠦᠵᠡᠯ ᠤᠬᠠᠮᠰᠠᠷ ᠢ ᠨᠢ ᠨᠡᠮᠡᠭᠳᠡᠭᠦᠯᠦᠨ᠎ᠡ᠃ ᠶᠠᠰᠤ ᠴᠢᠨᠠᠷ ᠤᠨ ᠪᠡᠯᠡ ᠲᠣᠬᠢᠷᠠᠭᠤᠯᠭ᠎ᠠ ᠶᠢᠨ ᠢᠲᠡᠭᠡᠮᠵᠢ ᠨᠡᠮᠡᠭᠳᠡᠭᠦᠯᠬᠦ ᠳᠦᠷᠢᠮ ᠢ ᠪᠠᠶᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢᠶᠠᠨ ᠥᠷᠭᠡᠳᠬᠡᠬᠦ ᠳᠤ ᠨᠢ ᠬᠦᠴᠦᠨ ᠨᠡᠮᠡᠷᠢᠯᠡᠨ᠎ᠡ᠃

       ︵ᠨᠠᠢᠮᠠ︶ ᠬᠡᠮᠵᠢᠯᠲᠡ ᠪᠠ ᠪᠠᠶᠢᠴᠠᠭᠠᠨ ᠰᠢᠯᠭᠠᠬᠤ ᠪᠠᠶᠢᠴᠠᠭᠠᠨ ᠬᠡᠮᠵᠢᠬᠦ ᠪᠠᠷ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠶᠢᠨ ᠬᠢᠷᠢ ᠲᠦᠪᠰᠢᠨ ᠢ ᠴᠢᠩᠭᠠᠷᠠᠭᠤᠯᠤᠨ᠎ᠠ᠃ ᠬᠡᠮᠵᠢᠯᠲᠡ ᠶᠢᠨ ᠪᠠᠷᠢᠮᠵᠢᠶ᠎ᠠ ᠪᠠᠶᠢᠭᠤᠯᠬᠤ ᠡᠷᠬᠡ ᠣᠯᠭᠤᠬᠤ ᠲᠠᠰ ᠳᠠᠷᠠᠭᠠᠯᠠᠯ ᠢ ᠳᠥᠭᠦᠮᠴᠢᠯᠡᠵᠦ᠂ ᠬᠡᠮᠵᠢᠯᠲᠡ ᠬᠢᠭᠡᠳ ᠠᠵᠤ ᠦᠢᠯᠡᠰ ᠤᠨ ᠬᠥᠭᠵᠢᠯᠲᠡ ᠶᠢᠨ ᠬᠠᠮᠵᠢᠯᠴᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠮᠵᠢᠯᠲᠡ ᠶᠢᠨ ᠰᠠᠭᠤᠷᠢ ᠪᠡᠯᠡᠳᠬᠡᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠪᠠᠭᠠᠵᠢ ᠬᠡᠷᠡᠭᠰᠡᠯ ᠢ ᠪᠠᠶᠢᠴᠠᠭᠠᠨ ᠬᠡᠮᠵᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠡᠬᠢ ᠪᠠᠶᠠᠯᠢᠭ ᠢ ᠲᠣᠬᠢᠷᠠᠭᠤᠯᠬᠤ ᠵᠡᠷᠭᠡ ᠲᠠᠯ᠎ᠠ ᠪᠠᠷ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠬᠥᠲᠥᠯᠥᠨ ᠵᠢᠯᠤᠭᠤᠳᠴᠤ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠬᠡᠮᠵᠢᠯᠲᠡ ᠶᠢᠨ ᠰᠠᠭᠤᠷᠢᠯᠠᠬᠤ ᠴᠢᠨᠠᠷᠲᠠᠢ᠂ ᠬᠤᠰᠢᠭᠤᠴᠢ ᠴᠢᠨᠠᠷᠲᠠᠢ ᠰᠤᠳᠤᠯᠤᠯ ᠪᠠ ᠬᠡᠮᠵᠢᠯᠲᠡ ᠶᠢᠨ ᠬᠡᠷᠡᠭᠯᠡᠯᠲᠡ ᠶᠢᠨ ᠰᠤᠳᠤᠯᠤᠯ ᠢ ᠥᠷᠨᠢᠭᠦᠯᠦᠨ᠎ᠡ᠃ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠢᠯᠡᠳᠬᠡᠬᠦ ᠲᠡᠮᠳᠡᠭ ᠤᠨ ᠭᠡᠷᠡᠴᠢᠯᠡᠭᠡ ᠶᠢ ᠰᠦᠪᠡᠭᠴᠢᠯᠡᠨ ᠥᠷᠨᠢᠭᠦᠯᠵᠦ᠂ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠬᠠᠮᠢᠶ᠎ᠠ ᠪᠦᠬᠦᠢ ᠭᠡᠷᠡᠴᠢᠯᠡᠭᠡ ᠶᠢ ᠥᠷᠨᠢᠭᠦᠯᠦᠨ᠎ᠡ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠷ ᠭᠤᠣᠯᠳᠠᠯᠭ᠎ᠠ ᠪᠣᠯᠬᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠨᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠬᠤᠭᠤᠰᠤᠨ ᠬᠦᠷᠢᠶ᠎ᠡ ᠴᠠᠷᠠᠭᠠᠨ ᠳᠤ ᠨᠢᠭᠡ ᠪᠦᠯᠦᠭ ᠭᠤᠣᠯᠳᠠᠯᠭ᠎ᠠ ᠪᠣᠯᠬᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠪᠣᠶᠢᠵᠢᠭᠤᠯᠤᠨ ᠪᠠᠶᠢᠭᠤᠯᠵᠤ᠂ ᠲᠡᠷᠢᠭᠦᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢ ᠲᠡᠳᠡᠨ ᠠᠪᠴᠢᠷᠠᠨ᠎ᠠ᠃

       ︵ᠶᠢᠰᠦ︶ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠪᠠᠷᠢᠮᠵᠢᠶᠠᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠣᠷᠣᠨ ᠨᠤᠲᠤᠭ ᠤᠨ ᠪᠠᠷᠢᠮᠵᠢᠶᠠᠨ ᠤ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠣᠷᠣᠨ ᠨᠤᠲᠤᠭ ᠤᠨ ᠪᠠᠷᠢᠮᠵᠢᠶᠠᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠬᠠᠮᠢᠶᠠᠷᠤᠯᠲᠠ ᠶᠢ ᠴᠢᠩᠭᠠᠳᠬᠠᠨ᠂ ᠪᠠᠷᠢᠮᠵᠢᠶᠠᠨ ᠤ ᠳᠠᠪᠲᠠᠨ ᠣᠷᠣᠯᠠᠭᠤᠯᠵᠤ ᠲᠠᠰ ᠳᠡᠪᠰᠢᠬᠦ ᠶᠢ ᠨᠢ ᠠᠬᠢᠭᠤᠯᠤᠨ᠎ᠠ᠃ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠪᠠᠷᠢᠮᠵᠢᠶᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢᠨ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ᠂ ᠴᠠᠬᠢᠯᠭᠠᠨ ᠳᠠᠮᠵᠢᠭᠤᠯᠵᠤ ᠲᠦᠭᠡᠭᠡᠬᠦ᠂ ᠨᠥᠭᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠨᠡᠭᠦᠷᠡᠰᠦ᠂ ᠪᠣᠬᠢᠷᠲᠤᠯ ᠦᠭᠡᠢ ᠪᠤᠳᠤᠬᠤ ᠴᠢᠳᠠᠪᠤᠷᠢ ᠵᠡᠷᠭᠡ ᠬᠦᠷᠢᠶ᠎ᠡ ᠴᠠᠷᠠᠭᠠᠨ ᠳᠠᠬᠢ ᠪᠠᠷᠢᠮᠵᠢᠶ᠎ᠠ ᠲᠣᠭᠲᠠᠭᠠᠬᠤ ᠵᠠᠰᠠᠪᠤᠷᠢ ᠣᠷᠣᠭᠤᠯᠬᠤ ᠳᠤ ᠭᠤᠣᠯᠯᠠᠬᠤ ᠪᠤᠶᠤ ᠣᠷᠣᠯᠴᠠᠬᠤ ᠶᠢ ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠨ ᠤ ᠰᠢᠨ᠎ᠡ ᠡᠭᠦᠳᠦᠯᠲᠡ ᠶᠢᠨ ᠱᠠᠩᠨᠠᠨ ᠨᠥᠬᠦᠪᠦᠷᠢᠯᠡᠬᠦ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠮᠡᠷᠭᠡᠵᠢᠯ ᠵᠡᠷᠭᠡ ᠪᠠᠷ ᠶᠡᠷᠦᠩᠬᠡᠶᠢᠯᠡᠨ ᠲᠡᠳᠬᠦᠬᠦ ᠪᠠᠷ ᠳᠠᠮᠵᠢᠭᠤᠯᠤᠨ᠂ ᠪᠠᠷᠢᠮᠵᠢᠶᠠᠨ ᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠱᠠᠲᠤᠯᠠᠨ ᠪᠣᠶᠢᠵᠢᠭᠤᠯᠵᠤ᠂ ᠠᠵᠤ ᠠᠬᠤᠶᠢᠯᠠᠯ ᠤᠨ ᠬᠢᠨ ᠪᠠᠷᠢᠮᠵᠢᠶ᠎ᠠ ᠶᠢ ᠰᠢᠯᠭᠠᠨ ᠪᠠᠲᠤᠯᠠᠬᠤ ᠴᠡᠭ᠂ ᠪᠠᠷᠢᠮᠵᠢᠶᠠᠵᠢᠭᠤᠯᠤᠭᠰᠠᠨ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠵᠡᠷᠭᠡ ᠪᠠᠷᠢᠮᠵᠢᠶ᠎ᠠ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠬᠤ ᠪᠤᠶᠤ ᠲᠡᠭᠦᠨ ᠳᠤ ᠣᠷᠣᠯᠴᠠᠬᠤ ᠶᠢ ᠨᠢ ᠳᠡᠮᠵᠢᠨ᠎ᠡ᠃

      ︵ᠠᠷᠪᠠ︶ ᠣᠯᠠᠨ ᠤᠯᠤᠰ ᠤᠨ ᠥᠨᠳᠥᠷ ᠪᠠᠷᠢᠮᠵᠢᠶᠠᠲᠤ ᠳᠦᠷᠢᠮ ᠳᠦᠷᠢᠮᠯᠡᠯ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ ᠳᠤᠮᠳᠠᠳᠤ ᠣᠷᠣᠰ ᠮᠣᠩᠭᠤᠯ ᠤᠨ ᠪᠠᠷᠢᠮᠵᠢᠶ᠎ᠠ᠂ ᠭᠡᠷᠡᠴᠢᠯᠡᠯᠲᠡ ᠶᠢᠨ ᠬᠦᠷᠢᠶ᠎ᠡ ᠴᠠᠷᠠᠭᠠᠨ ᠳᠠᠬᠢ ᠬᠠᠷᠢᠯᠴᠠᠨ ᠨᠡᠪᠲᠡᠷᠡᠯᠴᠡᠬᠦ ᠬᠠᠮᠲᠤᠷᠠᠯᠴᠠᠭ᠎ᠠ ᠶᠢ ᠥᠷᠭᠡᠳᠬᠡᠨ᠂ ᠳᠦᠷᠢᠮᠯᠡᠯ ᠪᠠ ᠬᠠᠮᠢᠶᠠᠷᠤᠯᠲᠠ ᠶᠢᠨ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢᠲᠦ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠎ᠡ᠃ ᠭᠠᠳᠠᠭᠠᠳᠤ ᠯᠤᠭ᠎ᠠ ᠶᠢᠨ ᠪᠠᠷᠢᠮᠵᠢᠶᠠᠵᠢᠭᠤᠯᠤᠯᠲᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ᠂ ᠭᠠᠳᠠᠭᠠᠳᠤ ᠨᠡᠭᠡᠭᠡᠯᠲᠡ ᠬᠢᠬᠦ ᠬᠠᠮᠲᠤᠷᠠᠯᠴᠠᠭᠠᠨ ᠤ ᠪᠠᠶᠢᠭᠤᠯᠤᠮᠵᠢ ᠵᠢᠴᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠵᠤ ᠪᠠᠶᠢᠭᠠᠳ ᠬᠤᠶᠠᠷ ᠲᠠᠯ᠎ᠠ ᠶᠢᠨ ᠪᠠᠷᠢᠮᠵᠢᠶᠠᠵᠢᠭᠤᠯᠤᠯᠲᠠ ᠶᠢᠨ ᠬᠠᠮᠲᠤᠷᠠᠯᠴᠠᠭᠠᠨ ᠤ ᠠᠵᠢᠯ ᠤᠨ ᠳᠤᠭᠤᠶᠢᠯᠠᠩ ᠢ ᠪᠠᠶᠢᠭᠤᠯᠵᠤ᠂ ᠡᠷᠬᠢᠨ ᠲᠣᠭᠤᠷᠢᠨ ᠤ ᠤᠯᠤᠰ ᠯᠤᠭ᠎ᠠ ᠪᠠᠷᠢᠮᠵᠢᠶ᠎ᠠ ᠪᠠᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠳᠤᠮᠳᠠᠳᠤ ᠮᠣᠩᠭᠤᠯ ᠤᠨ ᠪᠠᠷᠢᠮᠵᠢᠶᠠᠵᠢᠭᠤᠯᠤᠯᠲᠠ ᠶᠢᠨ ᠰᠤᠳᠤᠯᠤᠯ ᠤᠨ ᠬᠦᠷᠢᠶᠡᠯᠡᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ᠂ ᠵᠡᠭᠦᠨ ᠬᠤᠶᠢᠲᠤ ᠠᠽᠢᠶ᠎ᠠ ᠵᠡᠷᠭᠡ ᠪᠠᠷᠢᠮᠵᠢᠶᠠᠵᠢᠭᠤᠯᠤᠯᠲᠠ ᠶᠢᠨ ᠬᠠᠮᠲᠤᠷᠠᠯᠴᠠᠭᠠᠨ ᠤ ᠲᠣᠭᠲᠠᠴᠠ ᠳᠤ ᠲᠦᠰᠢᠭᠯᠡᠨ᠂ ᠪᠠᠷᠢᠮᠵᠢᠶ᠎ᠠ ᠶᠢ ᠭᠠᠳᠠᠭᠰᠢ ᠭᠠᠷᠭᠠᠬᠤ ᠶᠢ ᠢᠳᠡᠪᠬᠢᠲᠡᠢ ᠠᠬᠢᠭᠤᠯᠤᠨ᠎ᠠ᠃

      ︵ᠠᠷᠪᠠᠨ ᠨᠢᠭᠡ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠤᠯᠠᠷᠢᠭᠤᠯᠤᠯᠲᠠ ᠪᠠ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶᠡᠨ ᠤ ᠠᠵᠤ ᠠᠬᠤᠶᠢᠯᠠᠯ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠳᠢᠭᠯᠡᠵᠦ᠂ ᠨᠢᠭᠡ ᠪᠦᠯᠦᠭ ᠬᠤᠭᠤᠰᠤᠨ ᠣᠷᠣᠨ ᠵᠠᠢ ᠶᠢ ᠨᠥᠬᠦᠪᠦᠷᠢᠯᠡᠬᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠲᠤᠰᠬᠠᠢ ᠠᠰᠢᠭ ᠤᠨ ᠮᠡᠷᠭᠡᠵᠢᠯ ᠢ ᠣᠷᠣᠭᠤᠯᠤᠨ ᠠᠪᠴᠢᠷᠠᠵᠤ ᠮᠠᠨ ᠤ ᠣᠷᠣᠨ ᠳᠤ ᠪᠣᠳᠠᠲᠠᠶᠢᠵᠢᠭᠤᠯᠤᠨ ᠤᠯᠠᠷᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠴᠢᠨᠠᠷᠯᠢᠭ ᠲᠤᠰᠬᠠᠢ ᠠᠰᠢᠭ ᠢ ᠬᠤᠷᠠᠭᠤᠯᠤᠨ᠂ ᠮᠤᠵᠢ ᠣᠷᠣᠨ ᠠᠯᠤᠰᠯᠠᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶᠡᠨ ᠤ ᠲᠣᠭᠤᠷᠢᠨ ᠳᠤ ᠨᠢᠭᠡ ᠪᠦᠯᠦᠭ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠤᠯᠪᠣᠭ᠎ᠠ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠰᠢᠨ᠎ᠡ ᠪᠠᠷ ᠪᠠᠶᠢᠭᠤᠯᠵᠤ᠂ ᠨᠢᠭᠡ ᠪᠦᠯᠦᠭ ᠥᠨᠳᠥᠷ ᠥᠷᠲᠡᠭᠲᠦ ᠲᠤᠰᠬᠠᠢ ᠠᠰᠢᠭ ᠤᠨ ᠲᠦᠷᠦᠯ ᠵᠦᠢᠯ ᠢ ᠪᠣᠶᠢᠵᠢᠭᠤᠯᠤᠨ᠎ᠠ᠃ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶᠠᠨ ᠤ ᠳ᠋ᠠᠶᠢᠲ᠋ᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠷᠰᠢᠯᠲᠠ ᠶᠢᠨ ᠴᠡᠭ ᠢ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠳ᠋ᠠᠶᠢᠲ᠋ᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠩᠰᠠᠯᠠᠯᠲᠠ ᠶᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠦᠯᠡᠳᠡᠭᠡᠯ ᠲᠤᠰᠬᠠᠢ ᠠᠰᠢᠭ ᠢ ᠠᠮᠢᠯᠠᠭᠤᠯᠬᠤ ᠪᠠᠨ ᠲᠦᠷᠭᠡᠳᠬᠡᠵᠦ᠂ ᠬᠤᠪᠣᠷ ᠰᠢᠷᠣᠢ ᠵᠡᠷᠭᠡ ᠭᠤᠣᠯᠳᠠᠯᠭ᠎ᠠ ᠪᠣᠯᠬᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠵᠡᠩᠨᠡᠨ ᠠᠵᠢᠯᠯᠠᠭᠤᠯᠬᠤ ᠲᠠᠪᠴᠠᠩ ᠢ ᠪᠠᠶᠢᠭᠤᠯᠵᠤ᠂ ᠨᠢᠭᠡ ᠪᠦᠯᠦᠭ ᠥᠨᠳᠥᠷ ᠥᠷᠲᠡᠭᠲᠦ ᠲᠤᠰᠬᠠᠢ ᠠᠰᠢᠭ ᠤᠨ ᠠᠵᠤ ᠦᠢᠯᠡᠰᠵᠢᠯᠲᠡ ᠶᠢ ᠠᠬᠢᠭᠤᠯᠤᠨ᠎ᠠ᠃

      ︵ᠠᠷᠪᠠᠨ ᠬᠤᠶᠠᠷ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠣᠭᠲᠠᠯᠴᠠᠭ᠎ᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠮᠡᠷᠭᠡᠵᠢᠯ ᠤᠨ ᠪᠠᠶᠢᠴᠠᠭᠠᠯᠲᠠ ᠶᠢᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠲᠤᠰᠬᠠᠢ ᠠᠰᠢᠭ ᠤᠨ ᠤᠷᠢᠳᠴᠢᠯᠠᠭᠰᠠᠨ ᠬᠢᠨᠠᠭᠴᠢ ᠶᠢᠨ ᠮᠡᠷᠭᠡᠵᠢᠯ ᠤᠨ ᠪᠠᠶᠢᠴᠠᠭᠠᠯᠲᠠ ᠶᠢᠨ ᠲᠤᠰᠢᠶᠠᠯᠲᠠᠨ ᠤ ᠬᠤᠪᠢ ᠪᠠᠷ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠰᠠᠭ ᠵᠠᠬᠢᠷᠭᠠᠨ᠂ ᠬᠠᠤᠯᠢ ᠴᠠᠭᠠᠵᠠ᠂ ᠠᠷᠠᠳ ᠤᠨ ᠡᠶᠡᠳᠡᠭᠦᠯᠭᠡ᠂ ᠬᠥᠨᠳᠡᠯᠡᠨ ᠠᠴᠠ ᠲᠠᠰᠤᠯᠬᠤ ᠵᠡᠷᠭᠡ ᠬᠡᠷᠡᠭ ᠶᠠᠪᠤᠳᠠᠯ ᠢ ᠭᠦᠢᠴᠡᠳᠬᠡᠬᠦ ᠳᠤ ᠣᠷᠣᠯᠴᠠᠬᠤ ᠶᠢ ᠨᠢ ᠳᠡᠮᠵᠢᠨ᠎ᠡ᠃ ᠤᠯᠤᠰ ᠤᠨ ᠭᠠᠳᠠᠭᠠᠳᠤ ᠳᠠᠬᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠠᠷᠭᠠᠴᠠᠭᠠᠨ ᠵᠢᠯᠤᠭᠤᠳᠬᠤ ᠲᠥᠪ ᠤᠨ ᠣᠷᠣᠨ ᠨᠤᠲᠤᠭ ᠤᠨ ᠬᠤᠪᠢᠶᠠᠷᠢ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠸᠠᠷ ᠤᠨ ᠲᠡᠮᠳᠡᠭ ᠤᠨ ᠭᠠᠳᠠᠭᠠᠳᠤ ᠳᠤ ᠵᠠᠪᠳᠤᠨ ᠳᠠᠩᠰᠠᠯᠠᠭᠤᠯᠬᠤ ᠶᠢ ᠤᠷᠢᠳᠴᠢᠯᠠᠨ ᠰᠡᠷᠡᠮᠵᠢᠯᠡᠭᠦᠯᠬᠦ᠂ ᠭᠠᠳᠠᠭᠠᠳᠤ ᠳᠠᠬᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠢ ᠬᠢᠨᠠᠨ ᠡᠵᠡᠮᠳᠡᠬᠦ᠂ ᠠᠵᠤ ᠠᠬᠤᠶᠢᠯᠠᠯ ᠤᠨ ᠭᠠᠳᠠᠭᠠᠳᠤ ᠳᠠᠬᠢ ᠮᠡᠳᠡᠯᠭᠡ  ᠶᠢᠨ ᠦᠮᠴᠢᠯᠡᠯ ᠤᠨ ᠡᠷᠬᠡ ᠶᠢᠨ ᠵᠠᠭᠤᠷᠠᠯᠳᠤᠭᠠᠨ ᠤ ᠡᠷᠬᠡ ᠪᠠᠨ ᠬᠠᠮᠠᠭᠠᠯᠠᠬᠤ ᠳᠤ ᠦᠢᠯᠡᠴᠢᠯᠡᠬᠦ ᠵᠡᠷᠭᠡ ᠠᠵᠢᠯ ᠢ ᠥᠷᠨᠢᠭᠦᠯᠦᠨ᠎ᠡ᠃

      ᠭᠤᠷᠪᠠ᠂ ᠭᠤᠣᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ

      ︵ᠠᠷᠪᠠᠨ ᠭᠤᠷᠪᠠ︶ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯᠲᠡ ᠶᠢ ᠠᠷᠢᠯᠭᠠᠨ᠎ᠠ᠃ ᠪᠦᠬᠦ ᠤᠯᠤᠰ ᠤᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠠᠯᠳᠠᠭᠳᠠᠯ ᠲᠠᠢ ᠲᠠᠯ᠎ᠠ ᠶᠢᠨ ᠲᠣᠳᠣᠷᠬᠠᠢ ᠬᠠᠭᠤᠳᠠᠰᠤᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠢᠯᠭᠠᠷᠠᠭᠤᠯᠤᠨ ᠬᠦᠴᠦᠨ ᠦᠭᠡᠢ ᠪᠣᠯᠭᠠᠨ᠎ᠠ᠃ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ᠭᠤᠣᠯᠴᠢ ᠥᠷᠢᠰᠦᠯᠳᠦᠭᠡᠨ ᠢ ᠬᠠᠮᠲᠤ ᠪᠠᠷ ᠬᠢᠨᠠᠨ ᠪᠠᠶᠢᠴᠠᠭᠠᠬᠤ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠣᠷᠣᠨ ᠨᠤᠲᠤᠭ ᠤᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠰᠡᠭᠯᠡᠯᠲᠡ ᠶᠢᠨ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠵᠤ ᠭᠤᠣᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠲᠤᠰᠬᠠᠢ ᠠᠵᠢᠯᠯᠠᠭᠠᠨ ᠢ ᠥᠷᠨᠢᠭᠦᠯᠵᠦ᠂ ᠮᠣᠨᠣᠫᠣᠯᠢᠴᠢᠯᠠᠯ ᠢ ᠡᠰᠡᠷᠭᠦᠴᠡᠬᠦ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠵᠢᠭᠠᠨ ᠵᠢᠯᠤᠭᠤᠳᠬᠤ ᠥᠷᠲᠡᠭᠡ ︵ᠴᠡᠭ︶᠎ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃

      ︵ᠠᠷᠪᠠᠨ ᠳᠥᠷᠪᠡ︶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠬᠡᠷᠡᠭ ᠢ ᠰᠢᠢᠳᠬᠡᠨ ᠲᠣᠷᠭᠠᠬᠤ᠂ ᠦᠢᠯᠡᠴᠢᠯᠡᠭᠡ ᠪᠠᠷ ᠬᠥᠲᠥᠯᠥᠨ ᠵᠢᠯᠤᠭᠤᠳᠬᠤ ︽ᠳᠥᠷᠪᠡ ᠶᠢ ᠨᠢᠭᠡ ᠴᠣᠭᠴᠠᠵᠢᠭᠤᠯᠬᠤ︾ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠲᠥᠷᠥᠯ ᠤᠨ ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠭᠤᠯᠤᠨ᠎ᠠ᠃ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠪᠦᠲᠦᠭᠡᠭᠳᠡᠬᠦᠨ ᠤ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠪᠠ ᠲᠦᠭᠰᠢᠭᠦᠷᠢᠲᠦ ᠪᠣᠳᠠᠰ ᠤᠨ ᠬᠠᠨᠳᠤᠯᠭᠠᠲᠤ ᠰᠤᠭᠤᠴᠢᠨ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠮᠥᠷᠳᠡᠯᠲᠡ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠬᠤᠭᠤᠯᠠᠨ ᠭᠡᠷ ᠤᠨ ᠲᠦᠭᠰᠢᠭᠦᠷᠢ ᠶᠢ ᠦᠨᠡᠯᠡᠨ ᠵᠢᠱᠢᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ᠸᠠᠺᠼᠢᠨ᠂ ᠴᠢᠰᠤᠨ ᠤ ᠪᠦᠲᠦᠭᠡᠭᠳᠡᠬᠦᠨ᠂ ᠰᠢᠭᠢᠳᠬᠡᠨ ᠣᠷᠣᠭᠤᠯᠬᠤ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠲᠦᠭᠰᠢᠭᠦᠷᠢ ᠶᠡᠬᠡᠲᠡᠢ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃

      ︵ᠠᠷᠪᠠᠨ ᠲᠠᠪᠤ︶ ᠦᠢᠯᠡᠳᠬᠦᠨ ᠤ ᠶᠠᠰᠤ ᠴᠢᠨᠠᠷ ᠪᠠ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠭᠤᠣᠯᠳᠠᠯᠭ᠎ᠠ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠯᠲᠡ ᠶᠢ ᠠᠬᠢᠭᠤᠯᠵᠤ᠂ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠣᠭᠲᠠᠴᠠ ᠶᠢ ᠰᠢᠯᠢᠳᠡᠭᠵᠢᠭᠦᠯᠦᠨ᠎ᠡ᠃ ᠦᠢᠯᠡᠳᠬᠦᠨ ᠤ ᠶᠠᠰᠤ ᠴᠢᠨᠠᠷ ᠤᠨ ᠣᠶᠤᠨᠴᠢᠯᠠᠭᠰᠠᠨ ᠥᠨᠳᠥᠷ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ᠃ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠦᠭᠰᠢᠭᠦᠷᠢ ᠶᠢᠨ ᠳᠠᠯᠳᠠ ᠬᠡᠮ ᠢ ᠵᠠᠳᠠᠯᠤᠨ ᠰᠤᠳᠤᠯᠵᠤ ᠮᠠᠭᠠᠳᠯᠠᠬᠤ᠂ ᠰᠡᠷᠡᠮᠵᠢᠯᠡᠭᠦᠯᠬᠦ ᠪᠠ ᠰᠢᠢᠳᠪᠦᠷᠢᠯᠡᠬᠦ ᠶᠢ ᠴᠢᠩᠭᠠᠷᠠᠭᠤᠯᠤᠨ᠂ ᠦᠨᠳᠦᠰᠦᠨ ᠱᠠᠲᠤᠨ ᠤ ᠦᠢᠯᠡᠳᠬᠦᠨ ᠤ ᠶᠠᠰᠤ ᠴᠢᠨᠠᠷ ᠤᠨ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠣᠨᠴᠠ ᠲᠦᠷᠦᠯ ᠤᠨ ᠲᠥᠬᠦᠭᠡᠷᠦᠮᠵᠢ ᠶᠢᠨ ᠲᠦᠭᠰᠢᠭᠦᠷᠢ ᠶᠢᠨ ᠲᠠᠯᠳᠠ ᠭᠡᠮ ᠢ ᠢᠯᠭᠠᠨ ᠲᠠᠨᠢᠵᠤ ᠢᠯᠡᠷᠡᠭᠦᠯᠬᠦ᠂ ᠪᠠᠶᠢᠩᠭᠤᠰᠢᠭᠤᠯᠤᠨ ᠰᠡᠷᠭᠡᠶᠢᠯᠡᠨ ᠠᠷᠢᠯᠭᠠᠬᠤ᠂ ᠡᠯ᠎ᠡ ᠲᠠᠯ᠎ᠠ ᠶᠢᠨ ᠬᠢᠨ ᠬᠠᠮᠵᠢᠯᠴᠠᠨ ᠠᠵᠢᠯᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃

      ︵ᠠᠷᠪᠠᠨ ᠵᠢᠷᠭᠤᠭ᠎ᠠ︶ ᠰᠠᠨᠠᠭ᠎ᠠ ᠠᠮᠤᠷ ᠬᠡᠷᠡᠭᠯᠡᠭᠡ ᠬᠢᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠬᠡᠷᠡᠭᠯᠡᠭᠴᠢᠳ ᠤᠨ ᠨᠡᠶᠢᠭᠡᠮᠯᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠭᠤᠯᠳᠤᠭᠠᠨ ᠤ ᠡᠭᠦᠷᠭᠡ ᠴᠢᠳᠠᠪᠤᠷᠢ ᠪᠠᠨ ᠬᠡᠷᠡᠭᠵᠢᠭᠦᠯᠬᠦ ᠶᠢ ᠨᠢ ᠳᠡᠮᠵᠢᠵᠦ᠂ ᠥᠷᠭᠡᠨ ᠣᠯᠠᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠨ᠎ᠠ᠃ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠠᠬᠢ ︽ᠬᠠᠲᠠᠭᠤ ᠨᠢᠳᠤᠷᠭ᠎ᠠ︾᠎ ᠶᠢᠨ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ ᠪᠠ ︽ᠱᠦᠭᠯᠦ ᠦᠯᠢᠶᠡᠭᠴᠢ︾᠎ ᠶᠢᠨ ᠳᠦᠷᠢᠮ ᠢ ᠪᠦᠷᠢᠨᠰᠢᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠡᠵᠡᠩᠨᠡᠯᠲᠡ ᠶᠢᠨ ᠭᠤᠣᠯ ᠴᠣᠭᠴᠠ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃

      ᠳᠥᠷᠪᠡ᠂ ᠦᠨᠳᠦᠰᠦᠨ ᠱᠠᠲᠤᠨ ᠤ ᠰᠠᠭᠤᠷᠢ ᠲᠤᠯᠭᠠᠭᠤᠷᠢᠯᠠᠯ ᠢ ᠴᠢᠩᠭᠠᠷᠠᠭᠤᠯᠤᠨ᠎ᠠ

      ︵ᠠᠷᠪᠠᠨ ᠳᠣᠯᠤᠭ᠎ᠠ︶ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠠᠭᠤᠷᠢ ᠶᠢ ᠪᠠᠬᠢᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠰᠢᠰᠲ᠋ᠧᠮ ᠢ ᠪᠦᠬᠦ ᠲᠠᠯ᠎ᠠ ᠪᠠᠷ ᠬᠡᠷᠡᠭᠯᠡᠵᠦ᠂ ᠪᠦᠬᠦ ᠴᠤᠪᠤᠷᠠᠯ ᠤᠨ ᠰᠦᠯᠵᠢᠶ᠎ᠡ ᠪᠠᠷ ᠬᠡᠷᠡᠭ ᠰᠢᠢᠳᠪᠦᠷᠢᠯᠡᠬᠦ ᠶᠢ ᠪᠡᠶᠡᠯᠡᠭᠦᠯᠵᠦ᠂ ᠪᠦᠬᠦ ᠶᠠᠪᠤᠴᠠ ᠳᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠶᠢᠨ ᠡᠯᠧᠺᠲᠷᠣᠨ ᠳ᠋ᠠᠶᠢᠲ᠋ᠠ ᠶᠢᠨ ᠭᠡᠷᠡᠴᠢ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠤᠰᠬᠠᠢ ᠠᠵᠢᠯ ᠤᠨ ᠲᠥᠯᠥᠪᠦᠷᠢ ᠨᠡᠬᠡᠬᠦ ᠲᠤᠰᠬᠠᠢ ᠠᠵᠢᠯ ᠤᠨ ᠢᠯᠡᠴᠢᠯᠡᠨ ᠮᠡᠳᠡᠭᠦᠯᠬᠦ ᠠᠵᠢᠯᠯᠠᠭ᠎ᠠ ᠶᠢ ᠪᠦᠲᠦᠮᠵᠢᠲᠡᠶ ᠠᠷᠭᠠᠴᠠᠭᠠᠵᠤ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠠᠵᠢᠯ ᠤᠨ ᠵᠦᠭᠯᠡᠭᠦᠷ︾᠎ ᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠤᠰᠬᠠᠢ ᠠᠵᠢᠯ ᠤᠨ ᠲᠥᠯᠥᠪᠦᠷᠢ ᠨᠡᠬᠡᠬᠦ ᠠᠵᠢᠯᠯᠠᠭᠠᠨ ᠢ ᠬᠠᠤᠯᠢ ᠶᠣᠰᠣᠭᠠᠷ ᠳᠦᠷᠢᠮᠵᠢᠭᠦᠯᠦᠨ᠎ᠡ᠃

      ︵ᠠᠷᠪᠠᠨ ᠨᠠᠢᠮᠠ︶ ᠳ᠋ᠢᠭᠢᠲ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳ᠋ᠠᠶᠢᠲ᠋ᠠ ᠶᠢᠨ ᠲᠠᠪᠴᠠᠩ ᠢ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠬᠡᠷᠡᠭᠯᠡᠯᠲᠡ ᠶᠢᠨ ᠲᠤᠬᠠᠶᠢᠯᠠᠭᠰᠠᠨ ᠠᠵᠢᠯ ᠤᠨ ᠠᠬᠤᠢ ᠲᠠᠯᠠᠪᠤᠷ ᠢ ᠥᠷᠭᠡᠳᠬᠡᠨ᠂ ᠰᠠᠯᠠᠭ᠎ᠠ ᠮᠥᠴᠢᠷ ᠤᠨ ᠳᠣᠲᠣᠭᠠᠳᠤᠬᠢ ᠳ᠋ᠠᠶᠢᠲ᠋ᠠ ᠶᠢᠨ ᠬᠤᠷᠢᠭ᠎ᠠ ᠴᠠᠷᠠᠭ᠎ᠠ ᠶᠢ ᠨᠠᠪᠲᠠᠷᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠤ ᠳ᠋ᠠᠶᠢᠲ᠋ᠠ ᠪᠠᠨ ᠬᠠᠮᠲᠤ ᠪᠠᠷ ᠭᠥᠷᠳᠡᠬᠦ᠂ ᠬᠠᠮᠵᠢᠯᠴᠠᠨ ᠬᠢᠨᠠᠨ ᠬᠠᠮᠢᠶᠠᠷᠬᠤ ᠶᠢ ᠠᠬᠢᠭᠤᠯᠤᠨ᠎ᠠ᠃ ᠲᠣᠮᠣ ᠳ᠋ᠠᠶᠢᠲ᠋ᠠ᠂ ᠪᠣᠳᠠᠰᠯᠢᠭ ᠬᠤᠯᠪᠣᠭᠠᠲᠤ ᠰᠦᠯᠵᠢᠶ᠎ᠡ᠂ ᠵᠣᠬᠢᠶᠠᠮᠠᠯ ᠤᠶᠤᠨ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠲᠤᠬᠠᠢ ᠶᠢᠨ ᠲᠠᠯᠠᠪᠤᠷ ᠤᠨ ᠪᠤᠰᠤ ︽ᠥᠯᠥ ᠰᠡᠷᠡᠭᠳᠡᠬᠦ ᠬᠡᠯᠪᠡᠷᠢ︾᠎ ᠶᠢᠨ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ ᠥᠷᠨᠢᠭᠦᠯᠦᠨ᠎ᠡ᠃

      ︵ᠠᠷᠪᠠ ᠶᠢᠰᠦ︶ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠪᠠᠷᠢᠮᠵᠢᠶᠠᠵᠢᠭᠤᠯᠬᠤ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠠᠭᠤᠷᠢ ᠪᠡᠯᠡᠳᠬᠡᠮᠵᠢ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ᠂ ᠬᠠᠤᠯᠢ ᠬᠡᠷᠡᠭᠵᠢᠭᠦᠯᠬᠦ ᠵᠢᠷᠤᠮᠵᠢᠯ᠂ ᠠᠵᠢᠯᠲᠠᠨ ᠤ ᠲᠣᠬᠢᠷᠠᠭᠤᠯᠤᠯᠲᠠ ᠵᠡᠷᠭᠡ ᠲᠠᠯ᠎ᠠ ᠪᠠᠷ ᠪᠠᠷᠢᠮᠵᠢᠶᠠᠵᠢᠭᠤᠯᠬᠤ ᠵᠢᠷᠤᠮᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠪᠠ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠳᠠᠪᠬᠤᠷᠭ᠎ᠠ ᠱᠠᠲᠤ ᠬᠤᠪᠢᠶᠠᠭᠰᠠᠨ᠂ ᠬᠠᠮᠵᠢᠯᠴᠠᠨ ᠬᠥᠳᠡᠯᠦᠯᠴᠡᠭᠰᠡᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠢᠭᠡᠳᠦᠭᠡᠷ ᠹᠷᠣᠨᠲ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯᠲᠠᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃

      ︵ᠬᠤᠷᠢ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠨᠡᠪᠴᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠵᠠᠷᠯᠠᠨ ᠨᠡᠶᠢᠲᠡᠯᠡᠵᠦ ᠬᠤᠰᠢᠭᠤᠷᠠᠨ ᠠᠵᠢᠯᠯᠠᠬᠤ︾᠂ ᠎ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳ᠋ᠣᠺᠲ᠋ᠣᠷᠠᠨᠲ ᠤᠨ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠨᠡᠭᠦᠷᠡᠰᠦᠲᠥ᠋ᠷᠥᠭᠴᠢ ᠶᠢᠨ ᠬᠡᠮᠵᠢᠯᠲᠡ᠂ ᠨᠡᠭᠦᠷᠡᠰᠦᠲᠥ᠋ᠷᠥᠭᠴᠢ ᠶᠢᠨ ᠤᠯᠠ ᠮᠥᠷ᠂ ᠦᠬᠡᠷ ᠬᠤᠨᠢ ᠰᠦ ᠰᠠᠭᠠᠯᠢ ᠮᠢᠬᠠᠨ ᠤ ᠪᠦᠲᠦᠭᠡᠭᠳᠡᠬᠦᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠴᠢᠨᠠᠷᠯᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠢ ᠨᠢ ᠬᠠᠶᠢᠬᠤ᠂ ᠣᠶᠤᠨᠴᠢᠯᠠᠭᠰᠠᠨ ᠪᠠᠶᠢᠴᠠᠭᠠᠨ ᠬᠡᠮᠵᠢᠯᠲᠡ ᠵᠡᠷᠭᠡ ᠶᠢᠨ ᠲᠣᠭᠤᠷᠢᠨ ᠳᠤ ᠮᠡᠷᠭᠡᠵᠢᠯ ᠤᠨ ᠰᠢᠪᠲᠤᠯᠤᠯᠲᠠ ᠬᠢᠨ᠎ᠡ᠃

      ︵ᠬᠤᠷᠢᠨ ᠨᠢᠭᠡ︶ ᠠᠵᠢᠯ ᠦᠢᠯᠡᠰ ᠤᠨ ᠨᠢᠭᠡᠴᠢ ᠶᠢᠨ ᠨᠡᠩ ᠠᠮᠢᠳᠤᠯᠢᠭ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠢᠳᠡᠭᠡᠨ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠲᠣᠬᠢᠷᠠᠭᠤᠯᠤᠨ ᠰᠢᠯᠢᠳᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠨᠢ ᠴᠢᠩᠭᠠᠷᠠᠭᠤᠯᠤᠨ᠂ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠳᠤ ᠨᠠᠩ ᠠᠮᠢᠳᠤᠯᠢᠭ ᠠᠵᠤ ᠠᠬᠤᠶᠢᠯᠠᠯᠴᠢᠯᠠᠭᠰᠠᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠶᠢ ᠰᠦᠪᠡᠭᠴᠢᠯᠡᠵᠦ᠂ ᠴᠢᠳᠠᠪᠤᠷᠢᠲᠠᠨ ᠢ ᠲᠠᠲᠠᠨ ᠠᠪᠴᠢᠷᠠᠬᠤ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ᠂ ᠡᠵᠡᠩᠨᠡᠯᠲᠡ ᠶᠢᠨ ᠴᠢᠨᠠᠷᠲᠠᠢ ᠪᠡᠯᠡ ᠮᠥᠩᠭᠦ ᠶᠢ ᠬᠡᠷᠡᠭᠯᠡᠬᠦ ᠵᠡᠷᠭᠡ ᠲᠠᠯ᠎ᠠ ᠪᠠᠷ ᠨᠠᠩ ᠣᠯᠠᠨ ᠡᠵᠡ ᠮᠡᠳᠡᠬᠦ ᠡᠷᠬᠡ ᠣᠯᠭᠤᠨ᠎ᠠ᠃

      ︵ᠬᠤᠷᠢᠨ ᠬᠤᠶᠠᠷ︶ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠬᠠᠶᠢᠨ ᠰᠦᠪᠡᠭᠴᠢᠯᠡᠨ᠎ᠡ᠃ ︽ᠲᠠᠲᠠᠬᠤ ᠬᠥᠮᠥᠵᠢᠭᠦᠯᠬᠦ ᠬᠡᠷᠡᠭᠯᠡᠬᠦ ᠦᠯᠡᠳᠡᠭᠡᠬᠦ︾ ᠪᠥᠬᠦ ᠬᠡᠯᠬᠢᠶᠡᠨ ᠤ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠤ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠰᠢᠨ᠎ᠡ ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠠᠵᠢᠯ ᠤᠨ ᠠᠮᠵᠢᠯᠲᠠ ᠪᠦᠲᠦᠮᠵᠢ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ ᠤ ᠦᠨᠡᠯᠡᠯᠲᠡ ᠶᠢᠨ ᠲᠣᠭᠲᠠᠯᠴᠠᠭ᠎ᠠ ᠶᠢ ᠪᠠᠶᠢᠭᠤᠯᠵᠤ᠂ ᠮᠡᠷᠭᠡᠵᠢᠯ ᠤᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠨ ᠬᠥᠬᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃

      2024 ᠣᠨ ᠤ 12 ᠳ᠋ᠤᠭᠠᠷ ᠰᠠᠷ᠎ᠠ ᠶᠢᠨ 23᠎ ᠤ ᠡᠳᠦᠷ

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                       2024 ᠣᠨ ᠤ 12 ᠳ᠋ᠤᠭᠠᠷ ᠰᠠᠷ᠎ᠠ ᠶᠢᠨ 23᠎ ᠤ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ