ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠣᠯ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠵᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠨ ᠂ ᠪᠠᠰᠠ ᠴᠤ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ ᠃ 2025 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠳᠤ ︽ᠡᠯᠡᠰᠦ ᠶᠢ ᠵᠠᠰᠠᠬᠤ ᠪᠠ ᠤᠰᠤ ᠠᠷᠪᠢᠯᠠᠬᠤ ᠪᠠᠷ ᠵᠢᠯᠣᠭᠤᠳᠤᠮᠵᠢ ᠪᠣᠯᠭᠠᠨ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠬᠤ ︾ ᠶᠢ ᠭᠤᠣᠯᠳᠠᠯᠭ᠎ᠠ ᠲᠠᠢ ᠰᠠᠶᠢᠲᠤᠷ ᠬᠢᠬᠦ 11 ᠲᠠᠯ᠎ᠠ ᠶᠢᠨ ᠠᠵᠢᠯ ᠤᠨ ᠨᠢᠭᠡ ᠪᠤᠯᠭᠠᠵᠤ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠭᠯᠡᠯ ᠪᠠ ᠠᠷᠭ᠎ᠠ ᠵᠠᠮ ᠢ ᠤᠯᠠᠮ ᠴᠢᠨᠠᠭᠰᠢᠳᠠ ᠲᠣᠳᠣᠷᠬᠠᠶᠢᠯᠠᠪᠠ ᠃
ᠡᠷᠴᠢ ᠵᠣᠷᠢᠭ ᠢᠶᠠᠨ ᠬᠥᠪᠴᠢᠯᠡᠵᠦ ᠂ ᠦᠷᠭᠦᠯᠵᠢᠯᠡᠨ ᠲᠡᠮᠡᠴᠡᠨ᠎ᠡ ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠢᠭᠡᠨᠲᠡ ᠢᠳᠡᠪᠬᠢᠲᠡᠢ ᠬᠥᠳᠡᠯᠦᠯᠴᠡᠵᠦ ᠂ ᠤᠷᠢᠳᠴᠢᠯᠠᠨ ᠲᠥᠯᠥᠪᠵᠢᠭᠦᠯᠵᠦ ᠂ ᠯᠠᠪᠳᠠᠭᠤᠨ ᠢᠶᠠᠷ ᠠᠬᠢᠭᠤᠯᠤᠨ ᠂ ᠡᠭᠦᠷᠭᠡ ᠶᠢᠨ ᠨᠠᠷᠢᠨ ᠲᠠᠩᠰᠠ ᠶᠢ ᠦᠨᠡᠨ ᠪᠣᠳᠠᠲᠠᠢ ᠠᠮᠵᠢᠯᠲᠠ ᠪᠦᠲᠦᠮᠵᠢ ᠶᠢᠨ ᠬᠠᠭᠤᠳᠠᠰᠤ ᠪᠣᠯᠭᠠᠨ ᠬᠤᠪᠢᠷᠠᠭᠤᠯᠵᠤ ᠂ ᠠᠮᠢ ᠠᠬᠤᠢ ᠣᠷᠴᠢᠨ ᠲᠣᠭᠤᠷᠢᠨ ᠢ ᠥᠨᠳᠥᠷ ᠲᠦᠪᠰᠢᠨ ᠢᠶᠠᠷ ᠬᠠᠮᠠᠭᠠᠯᠠᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠪᠠ ᠃
ᠡᠯᠡᠰᠦ ᠶᠢ ᠵᠠᠰᠠᠬᠤ ᠶᠢ ᠲᠡᠷᠢᠭᠦᠨ ᠳᠤ ᠲᠠᠯᠪᠢᠵᠤ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠨ᠎ᠡ ᠢᠯᠠᠯᠲᠠ ᠶᠢ ᠲᠡᠮᠡᠴᠡᠨ ᠣᠯᠣᠨ᠎ᠠ
2 ᠰᠠᠷ᠎ᠠ ᠶᠢᠨ 7 ᠤ ᠡᠳᠦᠷ ᠂ ᠴᠠᠭᠠᠨ ᠰᠠᠷ᠎ᠠ ᠶᠢᠨ ᠠᠮᠠᠷᠠᠯᠲᠠ ᠥᠩᠭᠡᠷᠡᠮᠡᠭᠴᠡ ᠂ ᠪᠦᠭᠦ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠬᠤᠷᠠᠯ ᠠᠴᠠ 2025 ᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠠᠶᠢᠷᠢᠯᠠᠭᠤᠯᠵᠤ ᠂ ᠴᠤᠴᠠᠯᠲᠠ ᠦᠭᠡᠢ ᠤᠷᠤᠭᠰᠢᠯᠠᠬᠤ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠨ᠎ᠡ ᠢᠯᠠᠯᠲᠠ ᠶᠢ ᠲᠡᠮᠡᠴᠡᠨ ᠣᠯᠬᠤ ᠪᠠᠲᠤ ᠢᠲᠡᠭᠡᠯ ᠢ ᠳᠠᠮᠵᠢᠭᠤᠯᠪᠠ ᠃ ︽ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠲᠦᠷᠭᠡᠨ ᠪᠠᠶᠢᠬᠤ ᠶᠢ ᠱᠠᠭᠠᠷᠳᠠᠬᠤ ᠪᠠᠷ ᠪᠠᠷᠠᠬᠤ ᠦᠭᠡᠢ ᠨᠠᠩ ᠴᠤ ᠴᠢᠨᠠᠷ ᠰᠠᠶᠢᠲᠠᠢ ᠪᠠᠶᠢᠬᠤ ᠶᠢ ᠱᠠᠭᠠᠷᠳᠠᠨ᠎ᠠ ᠂ 2025 ᠣᠨ ᠳᠤ ᠪᠢᠳᠡ ᠨᠢᠭᠡ ᠪᠦᠯᠦᠭ ᠨᠥᠯᠥᠭᠡᠯᠡᠬᠦ ᠬᠦᠴᠦᠨ ᠲᠠᠢ ᠵᠢᠱᠢᠶ᠎ᠡ ᠦᠵᠡᠭᠦᠯᠭᠦ ᠴᠢᠨᠠᠷᠲᠠᠢ ᠢᠨᠵᠧᠨᠧᠷᠢᠩ ᠢ ᠬᠦᠴᠦᠯᠡᠨ ᠴᠣᠭᠴᠠᠯᠠᠨ᠎ᠠ ︾ ᠭᠡᠵᠦ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ ᠸᠠᠩ ᠵᠤᠤ ᠱᠧᠩ ᠬᠤᠷᠠᠯ ᠳᠡᠭᠡᠷ᠎ᠡ ᠬᠡᠯᠡᠯ᠎ᠡ ᠃
ᠬᠠᠲᠤᠨ ᠭᠤᠣᠯ ᠤᠨ ︽ᠶᠡᠭᠡ ᠲᠣᠬᠤᠢ ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠣᠷᠣᠨ ᠳᠤ᠂ 1058 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠂ ᠬᠤᠷᠴᠢᠨ ᠪᠣᠯᠣᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠣᠷᠣᠨ ᠳᠤ᠂ 841 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠂ ᠲᠠᠺᠯᠢᠮᠠᠺᠠᠨ ᠡᠯᠡᠰᠦᠨ ᠴᠥᠯ ᠤᠨ ᠭᠦᠪᠡᠭᠡ ᠵᠠᠬ᠎ᠠ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠤ ᠣᠷᠣᠨ ᠳᠤ᠂ 95 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠤᠶ ᠃
ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠪᠣᠯ ᠥᠪᠥᠷ ᠮᠣᠩᠭᠤᠯ ᠤᠨ ᠡᠭᠦᠳᠦᠨ ᠪᠠᠶᠢᠭᠤᠯᠤᠭᠰᠠᠨ ᠨᠣᠭᠤᠭᠠᠷᠠᠭᠤᠯᠬᠤ ᠶᠢᠨ ᠬᠠᠮᠲᠤ ᠪᠠᠶᠠᠵᠢᠨ ᠴᠢᠨᠡᠭᠡᠯᠢᠭᠵᠢᠭᠦᠯᠬᠦ ᠰᠢᠨ᠎ᠡ ᠵᠠᠭᠪᠤᠷ ᠪᠣᠯᠣᠨ᠎ᠠ ᠃ ︽2025 ᠣᠨ ᠳᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠳᠤ 140 ᠲᠦᠮᠡᠨ ᠮᠦ ᠠᠴᠠ ᠳᠡᠭᠡᠭᠰᠢᠬᠢ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠵᠤ ᠂ 1500 ᠲᠦᠮᠡᠨ ᠺᠢᠯᠣᠸᠠᠲ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠲᠣᠬᠢᠷᠠᠭᠤᠯᠤᠨ ᠪᠠᠶᠢᠭᠤᠯᠬᠤ ᠪᠠᠷ ᠲᠥᠯᠥᠪᠯᠡᠵᠦ ᠪᠤᠶ ᠃ ᠣᠳᠣᠬᠠᠨ ᠳᠤ᠂ ᠣᠨ ᠤ ᠡᠭᠦᠷᠭᠡ ᠶᠢ ᠨᠢᠭᠡᠨᠲᠡ ᠡᠯ᠎ᠡ ᠠᠶᠢᠮᠠᠭ ᠬᠤᠲᠠ ᠳᠤ ᠵᠠᠳᠠᠯᠤᠨ ᠪᠠᠭᠤᠯᠭᠠᠭᠰᠠᠨ ᠪᠥᠭᠡᠳ ᠡᠯ᠎ᠡ ᠠᠶᠢᠮᠠᠭ ᠬᠤᠲᠠ ᠶᠢ ᠱᠠᠯᠠᠪᠳᠠᠭᠤᠯᠤᠨ ᠵᠢᠯᠤᠭᠤᠳᠴᠤ ᠪᠠᠶᠢᠭᠠᠳ ᠣᠨ ᠤ ᠬᠡᠷᠡᠭᠵᠢᠭᠦᠯᠬᠦ ᠲᠥᠰᠥᠯ ᠢ ᠲᠣᠭᠲᠠᠭᠠᠯᠭᠠᠵᠤ ᠂ ᠡᠯ᠎ᠡ ᠵᠦᠢᠯ ᠤᠨ ᠪᠡᠯᠡᠳᠬᠡᠯ ᠠᠵᠢᠯ ᠢ ᠡᠷᠲᠡᠬᠡᠨ ᠪᠡᠶᠡᠯᠡᠭᠦᠯᠵᠦ ᠂ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠬᠦ ᠶᠢ ᠦᠨᠡᠨ ᠬᠦ ᠪᠠᠲᠤᠯᠠᠨ᠎ᠠ ︾ ᠭᠡᠵᠦ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠷᠠᠯᠲᠠ ᠪᠠᠨ ᠳᠡᠯᠭᠡᠵᠦ ᠭᠠᠷᠤᠯ᠎ᠠ ᠃
ᠤᠰᠤ ᠠᠷᠪᠢᠯᠠᠬᠤ ᠪᠠᠷ ᠭᠤᠣᠯ ᠪᠤᠯᠭᠠᠵᠤ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠬᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ
ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠨᠢ ᠲᠠᠷᠠᠭᠠᠴᠢ ᠶᠢᠨ ᠠᠯᠬᠤᠮ ᠳᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠶᠢᠨ ᠵᠠᠩᠭᠢᠯᠠᠭ᠎ᠠ ᠶᠢᠨ ᠠᠭᠤᠯᠭ᠎ᠠ ᠶᠢᠨ ᠨᠢᠭᠡ ᠪᠤᠯᠬᠤ ᠪᠠᠷ ᠪᠠᠷᠠᠬᠤ ᠦᠭᠡᠢ ᠂ ᠪᠠᠰᠠ ᠴᠤ ᠮᠠᠨ ᠤ ᠣᠷᠣᠨ ᠤ ᠣᠳᠣᠬᠠᠨ ᠤ ᠤᠰᠤᠨ ᠤ ᠡᠬᠢ ᠪᠠᠶᠠᠯᠢᠭ ᠤᠨ ᠪᠣᠭᠤᠮᠢ ᠶᠢᠨ ᠬᠢᠵᠠᠭᠠᠷᠯᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃
ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠲᠥᠪ ᠤᠨ ᠤᠰᠤ ᠠᠷᠪᠢᠯᠠᠬᠤ ᠶᠢ ᠠᠬᠢᠭᠤᠯᠬᠤ ᠭᠠᠵᠠᠷ ᠤᠨ ᠳᠡᠳ᠋ ᠳᠠᠷᠤᠭ᠎ᠠ ᠸᠠᠩ ᠵᠢᠶᠦ᠋ᠨ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︾ ᠢ ᠰᠤᠳᠤᠯᠤᠨ ᠲᠣᠭᠲᠠᠭᠠᠵᠤ ᠂ ᠲᠥᠰᠥᠯ ᠳᠤ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠬᠤ ᠂ ᠲᠠᠷᠢᠶᠠᠯᠠᠩ ᠤᠨ ᠤᠰᠤ ᠠᠷᠪᠢᠯᠠᠬᠤ ᠶᠢ ᠲᠣᠪᠣᠶᠢᠮ᠎ᠠ ᠰᠠᠶᠢᠲᠤᠷ ᠠᠳᠬᠤᠬᠤ ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠲᠦᠷᠭᠡᠳᠬᠡᠨ ᠠᠬᠢᠭᠤᠯᠬᠤ ᠂ ᠬᠤᠲᠠ ᠬᠥᠳᠡᠭᠡ ᠶᠢᠨ ᠤᠰᠤ ᠠᠷᠪᠢᠯᠠᠬᠤ ᠶᠢ ᠠᠬᠢᠭᠤᠯᠬᠤ ᠵᠡᠷᠭᠡ 8 ᠲᠠᠯ᠎ᠠ ᠶᠢᠨ ᠲᠣᠭᠤᠷᠢᠨ ᠳᠤ 27 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠳᠤᠷᠠᠳᠤᠨ ᠭᠠᠷᠭᠠᠪᠠ ᠃ ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠪᠡᠯ ᠂ 2025 ᠣᠨ ᠳᠤ ᠪᠦᠭᠦ ᠣᠷᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 12% ᠠᠴᠠ ᠳᠡᠭᠡᠭᠰᠢ ᠪᠠᠭᠤᠷᠠᠭᠤᠯᠤᠨ᠎ᠠ ᠭᠡᠵᠦ ᠲᠠᠨᠢᠯᠴᠠᠭᠤᠯᠪᠠ ᠃
ᠥᠪᠥᠷ ᠮᠣᠩᠭᠤᠯ ᠪᠣᠯ ᠮᠠᠨ ᠤ ᠤᠯᠤᠰ ᠤᠨ ᠠᠮᠤ ᠪᠤᠳᠠᠭᠠᠨ ᠤ 13 ᠭᠤᠣᠯ ᠭᠠᠷᠤᠯᠲᠠ ᠶᠢᠨ ᠣᠷᠣᠨ ᠤ ᠨᠢᠭᠡ ᠪᠣᠯᠣᠨ᠎ᠠ ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠠᠷᠢᠴᠠᠯ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 10 ᠬᠤᠪᠢ ᠰᠢᠬᠠᠮ ᠥᠨᠳᠥᠷ ᠪᠠᠶᠢᠵᠤ ᠂ ᠤᠰᠤ ᠠᠷᠪᠢᠯᠠᠬᠤ ᠳᠠᠯᠳᠠ ᠬᠦᠴᠦᠨ ᠯᠤᠲᠤ ᠶᠡᠭᠡ ᠶᠤᠮ ᠃ ᠵᠢᠯ ᠤᠨ ᠡᠬᠢᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠷᠢᠶᠠᠯᠠᠩ ᠤᠨ ᠤᠰᠤ ᠠᠷᠪᠢᠯᠠᠬᠤ ᠶᠢ ᠳᠡᠭᠡᠭᠰᠢᠯᠡᠭᠦᠯᠭᠦ ᠣᠨ ﹀ ᠤ ᠠᠵᠢᠯᠯᠠᠭ᠎ᠠ ᠶᠢᠨ ᠲᠥᠰᠥᠯ ︾ ᠢ ᠳᠠᠷᠤᠮᠠᠯᠯᠠᠨ ᠲᠠᠷᠬᠠᠭᠠᠵᠤ ᠂ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠬᠡᠷᠡᠭᠵᠢᠭᠦᠯᠵᠦ ᠂ 2025 ᠣᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ ᠂ ᠬᠤᠭᠤᠯᠠᠢ ᠪᠠᠷ ᠤᠰᠤᠯᠠᠬᠤ ᠶᠢ ᠳᠤᠰᠤᠯᠭᠠᠨ ᠤᠰᠤᠯᠠᠬᠤ ᠪᠣᠯᠭᠠᠨ ᠥᠭᠡᠷᠡᠴᠢᠯᠡᠨ ᠳᠡᠭᠡᠭᠰᠢᠯᠡᠭᠦᠯᠭᠦ ᠢᠨᠵᠧᠨᠧᠷᠢᠩ ᠤᠨ ᠲᠠᠯᠠᠪᠠᠶ ᠶᠢ 150 ᠲᠦᠮᠡᠨ ᠮᠦ ᠬᠡᠷᠡᠭᠵᠢᠭᠦᠯᠵᠦ ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ ᠶᠢ 271 ᠲᠦᠮᠡᠨ ᠮᠦ ᠰᠢᠨ᠎ᠡ ᠪᠠᠷ ᠨᠡᠮᠡᠭᠳᠡᠭᠦᠯᠵᠦ ᠂ ᠵᠢᠯ ᠳᠤ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ ᠂ ᠪᠦᠭᠦ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠭᠡᠯᠪᠡᠷᠢ ᠶᠢ ᠠᠷᠪᠢᠲᠠᠢ ᠡᠷᠴᠢᠮᠯᠢᠭ ᠪᠣᠯᠭᠠᠨ ᠪᠦᠭᠦ ᠲᠠᠯ᠎ᠠ ᠪᠠᠷ ᠠᠬᠢᠭᠤᠯᠤᠨ᠎ᠠ ᠭᠡᠵᠦ ᠳᠤᠷᠠᠳᠪᠠ ᠃
ᠭᠡᠯᠪᠡᠷᠢ ᠶᠢ ᠬᠤᠪᠢᠷᠠᠭᠤᠯᠬᠤ ᠪᠠᠷ ᠦᠨᠳᠦᠰᠦ ᠪᠤᠯᠭᠠᠵᠤ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ
ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠪᠣᠯ ᠡᠴᠦᠰ ᠤᠨ ᠡᠴᠦᠰ ᠲᠡᠭᠡᠨ ᠬᠥᠭᠵᠢᠯᠲᠡ ᠶᠢᠨ ᠠᠷᠭ᠎ᠠ ᠭᠡᠯᠪᠡᠷᠢ ᠶᠢᠨ ᠠᠰᠠᠭᠤᠳᠠᠯ ᠮᠥᠨ ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠳᠤ᠂ ︽ᠴᠡᠯᠮᠡᠭ ᠲᠡᠭᠷᠢ ᠲᠤᠩᠭᠠᠯᠠᠭ ᠤᠰᠤ ᠴᠡᠪᠡᠷ ᠬᠥᠷᠥᠰᠥᠨ ᠤ ᠬᠠᠮᠠᠭᠠᠯᠠᠯᠲᠠ ᠶᠢᠨ ᠳᠠᠶᠢᠯᠠᠯᠳᠤᠭᠠᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ ︾᠂ ︽ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ ︾ ᠭᠡᠵᠦ ᠳᠤᠷᠠᠳᠤᠭᠰᠠᠨ ᠨᠢ ᠶᠠᠭ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠡᠬᠢ ᠡᠭᠦᠰᠦᠯ ᠠᠴᠠ ᠨᠢ ᠪᠠᠭᠠᠰᠬᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠭᠰᠠᠨ ᠶᠠᠪᠤᠳᠠᠯ ᠪᠣᠯᠣᠨ᠎ᠠ ᠃
︽ᠬᠤᠶᠢᠰᠢᠳᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠬᠢᠨ ᠴᠡᠯᠮᠡᠭ ᠲᠡᠭᠷᠢ ᠂ ᠲᠤᠩᠭᠠᠯᠠᠭ ᠤᠰᠤ ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠰᠢᠨ᠎ᠡ ᠪᠣᠬᠢᠷᠳᠤᠯ ᠪᠣᠳᠠᠰ ᠢ ᠵᠠᠰᠠᠬᠤ ᠶᠢ ᠴᠢᠩᠭᠠᠳᠬᠠᠵᠤ ᠂ ᠲᠡᠭᠷᠢ ᠨᠢ ᠴᠡᠯᠮᠡᠭ ᠂ ᠭᠠᠵᠠᠷ ᠨᠢ ᠨᠣᠭᠤᠭᠠᠨ ᠂ ᠤᠰᠤ ᠨᠢ ᠲᠤᠩᠭᠠᠯᠠᠭ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠰᠠᠬᠢᠨ ᠬᠠᠮᠠᠭᠠᠯᠠᠨ᠎ᠠ ︾ ᠭᠡᠵᠦ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠳᠡᠳ᠋ ᠳᠠᠷᠤᠭ᠎ᠠ ᠸᠠᠩ ᠢ ᠯᠢᠩ ᠬᠡᠯᠡᠪᠡ ᠃ 2025 ᠣᠨ ᠳᠤ᠂ ᠥᠪᠥᠷ ᠮᠣᠩᠭᠤᠯ ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠂ ᠭᠤᠣᠯᠳᠠᠯᠭ᠎ᠠ ᠲᠠᠢ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ ᠂ ᠵᠢᠵᠢᠭ ᠮᠥᠬᠦᠯᠢᠭᠲᠦ ᠪᠣᠳᠠᠰ ᠢ ᠡᠵᠡᠮᠳᠡᠬᠦ ᠪᠠᠷ ᠭᠤᠣᠯ ᠰᠢᠵᠢᠮ ᠪᠤᠯᠭᠠᠵᠤ ᠂ ᠣᠯᠠᠨ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠵᠢᠯᠴᠠᠨ ᠪᠠᠭᠠᠰᠬᠠᠬᠤ ᠶᠢ ᠶᠡᠭᠡ ᠪᠠᠷ ᠠᠬᠢᠭᠤᠯᠤᠨ᠎ᠠ ᠃ ᠬᠠᠲᠤᠨ ᠭᠤᠣᠯ ᠤᠨ ᠭᠤᠣᠯ ᠤᠷᠤᠰᠬᠠᠯ ᠂ ᠴᠢᠬᠤᠯᠠ ᠰᠠᠯᠪᠤᠷᠢ ᠤᠷᠤᠰᠬᠠᠯ ᠤᠨ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ ᠃ ᠬᠥᠷᠥᠰᠥ ᠰᠢᠷᠣᠢ ᠶᠢᠨ ᠪᠣᠬᠢᠷᠳᠤᠯ ᠤᠨ ᠡᠬᠢ ᠡᠭᠦᠰᠦᠯ ᠢ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ ᠂ ᠠᠮᠢᠳᠤᠷᠠᠯ ᠤᠨ ᠬᠤᠭ ᠨᠣᠪᠰᠢ ᠂ ᠪᠣᠬᠢᠷ ᠤᠰᠤ ᠪᠠ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠵᠡᠷᠭᠡ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ ᠃
ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ ᠭᠤᠣᠯᠳᠠᠯᠭ᠎ᠠ ᠲᠠᠢ ᠬᠦᠷᠢᠶ᠎ᠡ ᠪᠣᠯᠤᠭᠰᠠᠨ ᠤ ᠬᠤᠪᠢ ᠳᠤ᠂ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠶᠢᠨ ᠬᠤᠪᠢᠷᠠᠭᠤᠯᠤᠯᠲᠠ ᠨᠢ ᠮᠥᠨ ᠬᠦ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ ᠃ ᠪᠦᠭᠦ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠬᠢᠨ ᠳᠥᠷᠪᠡᠨ ᠲᠠᠯ᠎ᠠ ᠪᠠᠷ ᠬᠦᠴᠦᠯᠡᠵᠦ ᠂ ᠨᠢᠭᠡ ᠳᠤ ᠡᠨᠧᠷᠭᠢ ᠶᠢᠨ ᠬᠤᠷᠣᠭᠳᠠᠯ ᠤᠨ ᠬᠤᠶᠠᠷ ᠡᠵᠡᠮᠳᠡᠯ ᠠᠴᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠶᠠᠷ ᠡᠵᠡᠮᠳᠡᠯ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠠᠬᠢᠭᠤᠯᠤᠨ᠎ᠠ ᠂ ᠬᠤᠶᠠᠷ ᠲᠤ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠤᠰᠤ ᠠᠷᠪᠢᠯᠠᠬᠤ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠤᠨ᠎ᠠ ᠂ ᠭᠤᠷᠪᠠ ᠳᠤ ᠪᠣᠬᠢᠷᠳᠤᠯ ᠦᠭᠡᠢ ᠦᠢᠯᠡᠳᠬᠡᠯ ᠪᠠ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠦᠨ᠎ᠡ ᠂ ᠳᠥᠷᠪᠡ ᠳᠤ ᠠᠵᠤ ᠦᠢᠯᠡᠳᠪᠦᠷᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠭᠦ ᠪᠣᠯᠣᠨ᠎ᠠ ᠃