ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ ︵2025.2.9 ︱ 2025.2.15︶
ᠨᠡᠶᠢᠲᠡᠯᠡᠭᠰᠡᠨ ᠴᠠᠭ᠄
2025/2/17

 

      ︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ᠃

ᠤᠳᠤᠷᠢᠳᠤᠯᠭ᠎ᠠ ᠶᠢᠨ ᠠᠵᠢᠯᠯᠠᠭ᠎ᠠ

ᠰᠦᠨ ᠱᠣᠣ ᠴᠧᠩ

      ᠰᠦᠨ ᠱᠣᠣ ᠴᠧᠩ ᠪᠦᠯᠭᠦᠮ ᠳᠠᠭᠠᠭᠤᠯᠤᠨ ᠪᠷᠠᠽᠢᠯ ᠪᠣᠯᠣᠨ ᠦᠷᠦ᠋ᠭᠤᠸᠠᠶ ᠳᠤ ᠠᠶᠢᠯᠴᠢᠯᠠᠪᠠ

      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠂ ᠳᠤᠮᠳᠠᠳᠤ ᠪᠷᠠᠽᠢᠯ ᠂ ᠳᠤᠮᠳᠠᠳᠤ ᠦᠷᠦ᠋ᠭᠤᠸᠠᠶ ᠶᠢᠨ ᠲᠡᠷᠢᠭᠦᠨ ᠨᠠᠷ ᠤᠨ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠡᠨᠡ ᠬᠦ ᠬᠤᠶᠠᠷ ᠤᠯᠤᠰ ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ ᠎ ᠯᠤᠭ᠎ᠠ ᠶᠢᠨ ᠰᠣᠯᠢᠯᠴᠠᠭ᠎ᠠ ᠶᠢ ᠴᠢᠩᠭᠠᠳᠬᠠᠵᠤ ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ ᠂ ᠨᠡᠭᠡᠭᠡᠯᠲᠡ ᠬᠢᠵᠦ ᠬᠥᠭᠵᠢᠬᠦ ᠶᠢ ᠨᠠᠩ ᠰᠠᠶᠢᠲᠤᠷ ᠪᠡᠶᠡᠯᠡᠭᠦᠯᠬᠦ ᠶᠢᠨ ᠲᠣᠭᠤᠷᠢᠨ ᠳᠤ ᠂ 2 ᠳ᠋ᠤᠭᠠᠷ ᠰᠠᠷ᠎ᠠ ᠶᠢᠨ 1 ᠤ ᠡᠳᠦᠷ ᠠᠴᠠ 9 ᠤ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠪᠦᠯᠭᠦᠮ ᠳᠠᠭᠠᠭᠤᠯᠤᠨ ᠪᠷᠠᠽᠢᠯ ᠂ ᠦᠷᠦ᠋ᠭᠤᠸᠠᠶ ᠳᠤ ᠠᠶᠢᠯᠴᠢᠯᠠᠪᠠ ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠪᠡ

      2 ᠳ᠋ᠤᠭᠠᠷ ᠰᠠᠷ᠎ᠠ ᠶᠢᠨ 14 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠣᠳᠣᠯᠣᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠲᠤᠰ ᠬᠤᠷᠠᠯ ᠢ ᠡᠷᠬᠢᠯᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ

      2 ᠳ᠋ᠤᠭᠠᠷ ᠰᠠᠷ᠎ᠠ ᠶᠢᠨ 14᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃

ᠵᠧᠩ ᠭᠤᠸᠠᠩ ᠵᠣᠣ

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯᠳᠤᠭᠠᠨ ᠳᠤ ᠰᠤᠯᠠ ᠣᠷᠣᠯᠴᠠᠪᠠ

      2 ᠳ᠋ᠤᠭᠠᠷ ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯᠳᠤᠭᠠᠨ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠣᠲᠣ 70 ᠬᠥᠮᠥᠨ ᠪᠤᠶ᠂ 51 ᠬᠥᠮᠥᠨ ᠨᠢ ᠲᠣᠰ ᠤᠳᠠᠭ᠎ᠠ ᠶᠢᠨ ᠬᠤᠷᠠᠯᠳᠤᠭᠠᠨ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠭᠢᠯᠡᠭᠴᠢ ᠵᠠᠩ ᠱᠤᠤ ᠴᠦᠨ ᠬᠤᠷᠠᠯ ᠢ ᠡᠷᠭᠢᠯᠡᠵᠦ᠂ ᠳᠡᠳ᠋ ᠡᠷᠭᠢᠯᠡᠭᠴᠢ ᠳ᠋ᠤᠸᠠᠨ ᡁᠢ ᠴᠢᠶᠠᠩ᠂ ᠵᠧᠩ ᠬᠤᠩ ᠹᠠᠨ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠸᠠᠨ ᠴᠤᠤ ᠴᠢ ᠬᠤᠷᠠᠯᠳᠤᠭᠠᠨ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠵᠧᠩ ᠭᠤᠸᠠᠩ ᠵᠣᠣ᠂ ᠰᠦᠨ ᠵᠢᠶᠦ᠋ᠨ ᠴᠢᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠲᠤᠰ ᠬᠤᠷᠠᠯᠳᠤᠭᠠᠨ ᠳᠤ ᠰᠤᠯᠠ ᠣᠷᠣᠯᠴᠠᠵᠠᠢ᠃

ᠲᠥᠷᠥ ᠶᠢᠨ ᠪᠣᠳᠣᠯᠭ᠎ᠠ ᠶᠢᠨ ᠨᠡᠶᠢᠲᠡᠯᠡᠯ

      2025 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠪᠠᠭᠤᠯᠭᠠᠬᠤ ᠲᠤᠬᠠᠢ ᠮᠡᠳᠡᠭᠳᠡᠯ

      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2025 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠪᠠᠭᠤᠯᠭᠠᠬᠤ ᠲᠤᠬᠠᠢ ᠮᠡᠳᠡᠭᠳᠡᠯ ︵ᠥᠪᠥᠷ ᠵᠠᠰᠠᠭ ᠲᠠᠷᠬᠠᠭᠠᠭᠰᠠᠨ ﹇2025﹈ 1 ᠳ᠋ᠦ᠋ᠭᠡᠷ ᠲᠣᠭᠠᠲᠤ︶ ᠨᠡᠶᠢᠲᠡᠯᠡᠪᠡ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ