ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ
ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ ﹇ 2025 ﹈ 3 ᠳ᠋ᠤᠭᠠᠷ ᠲᠣᠭᠠᠲᠤ
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠳᠤ᠄
ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠂ ᠳᠣᠣᠷᠠᠬᠢ ᠮᠡᠲᠦ ᠱᠠᠭᠠᠷᠳᠠᠯᠭ᠎ᠠ ᠶᠢ ᠳᠤᠷᠠᠳᠪᠠ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠡᠷᠭᠡ ᠳᠤ ᠨᠢ ᠰᠠᠶᠢᠲᠤᠷ ᠠᠳᠬᠤᠲᠤᠭᠠᠢ ᠃
ᠨᠢᠭᠡ ᠂ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠂ ᠥᠭᠡᠷᠡᠴᠢᠯᠡᠯᠲᠡ ᠬᠥᠭᠵᠢᠯᠲᠡ ᠶᠢᠨ ᠬᠡᠷᠡᠭᠴᠡᠭᠡ ᠪᠠ ᠠᠷᠠᠳ ᠤᠯᠠᠨ ᠤ ᠬᠦᠰᠡᠯ ᠡᠷᠡᠮᠡᠯᠵᠡᠯ ᠢ ᠴᠢᠩᠭ᠎ᠠ ᠡᠵᠡᠮᠳᠡᠵᠦ ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠤᠨ ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠬᠤ ᠪᠠ ᠴᠢᠳᠠᠮᠠᠭᠠᠢ ᠪᠠᠷ ᠵᠠᠰᠠᠬᠤ ᠶᠢ ᠪᠠᠲᠤᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ ᠃ ᠴᠢᠬᠤᠯᠠ ᠶᠡᠭᠡ ᠬᠠᠤᠯᠢ ᠲᠣᠭᠲᠠᠭᠠᠬᠤ ᠵᠦᠢᠯᠡᠰ ᠤᠨ ᠵᠢᠭᠠᠪᠤᠷᠢ ᠠᠪᠬᠤ ᠪᠠ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ ᠂ ᠬᠠᠤᠯᠢ ᠲᠣᠭᠲᠠᠭᠠᠬᠤ ᠠᠵᠢᠯ ᠤᠨ ᠶᠠᠪᠤᠴᠠ ᠳᠠᠬᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠂ ᠴᠢᠬᠤᠯᠠ ᠶᠡᠭᠡ ᠵᠦᠢᠯᠡᠰ ᠂ ᠴᠢᠬᠤᠯᠠ ᠪᠠᠶᠢᠳᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ ᠃
ᠬᠤᠶᠠᠷ ᠂ ᠬᠠᠤᠯᠢ ᠲᠣᠭᠲᠠᠭᠠᠬᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠬᠦ ᠬᠡᠷᠡᠭᠲᠡᠢ
ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠱᠠᠭᠠᠷᠳᠠᠯᠭ᠎ᠠ ᠶᠢ ᠬᠠᠤᠯᠢ ᠲᠣᠭᠲᠠᠭᠠᠬᠤ ᠪᠦᠬᠦ ᠶᠠᠪᠤᠴᠠ ᠡᠯ᠎ᠡ ᠭᠤᠭᠴᠤᠭ᠎ᠠ ᠳᠤ ᠲᠤᠭᠤᠰᠢᠯᠠᠭᠤᠯᠵᠤ ᠂ ᠬᠠᠤᠯᠢ ᠲᠣᠭᠲᠠᠭᠠᠬᠤ ᠵᠦᠢᠯᠡᠰ ᠢ ᠲᠤᠭᠤᠷᠪᠢᠬᠤ ᠂ ᠬᠢᠨᠠᠨ ᠪᠠᠶᠢᠴᠠᠭᠠᠬᠤ ᠂ ᠵᠣᠬᠢᠴᠠᠭᠤᠯᠬᠤ ᠂ ᠵᠠᠰᠠᠪᠤᠷᠢ ᠣᠷᠣᠭᠤᠯᠬᠤ ᠶᠠᠪᠤᠴᠠ ᠳᠤ ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠠᠤᠯᠢ ᠲᠣᠭᠲᠠᠭᠠᠬᠤ ᠳᠤ ᠡᠮᠬᠢ ᠵᠢᠷᠤᠮ ᠲᠠᠢ ᠪᠠᠷ ᠣᠷᠣᠯᠴᠠᠬᠤ ᠠᠷᠭ᠎ᠠ ᠵᠠᠮ ᠪᠠ ᠠᠷᠭ᠎ᠠ ᠮᠠᠶ᠋ᠢᠭ ᠢ ᠪᠦᠲᠦᠮᠵᠢᠲᠡᠶ ᠪᠠᠷ ᠥᠷᠭᠡᠳᠬᠡᠨ ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠠᠤᠯᠢ ᠲᠣᠭᠲᠠᠭᠠᠬᠤ ᠦᠢᠯᠡᠳᠦᠯᠭᠡ ᠶᠢᠨ ᠶᠠᠪᠤᠴᠠ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠃ ᠬᠠᠤᠯᠢ ᠲᠣᠭᠲᠠᠭᠠᠯᠲᠠ ᠳᠤ ᠣᠷᠣᠯᠴᠠᠬᠤ ᠨᠡᠶᠢᠭᠡᠮ ᠨᠡᠶᠢᠲᠡ ᠶᠢᠨ ᠬᠠᠮᠤᠷᠬᠤ ᠬᠡᠪᠴᠢᠶ᠎ᠡ ᠪᠠ ᠲᠥᠯᠥᠭᠡᠯᠡᠬᠦ ᠴᠢᠨᠠᠷ ᠢ ᠤᠯᠠᠮ ᠨᠢᠭᠡ ᠠᠯᠬᠤᠮ ᠥᠷᠭᠡᠳᠬᠡᠵᠦ ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠷᠠᠳ ᠤᠨ ᠠᠮᠢᠳᠤᠷᠠᠯ ᠳᠤ ᠣᠶᠢᠷᠠᠲᠤᠬᠤ ᠂ ᠠᠷᠠᠳ ᠤᠨ ᠪᠠᠶᠢᠳᠠᠯ ᠢ ᠣᠶᠢᠯᠠᠭᠠᠬᠤ ᠂ ᠠᠷᠠᠳ ᠤᠨ ᠰᠠᠨᠠᠭ᠎ᠠ ᠪᠣᠳᠣᠯ ᠢ ᠰᠣᠨᠣᠰᠬᠤ ᠂ ᠠᠷᠠᠳ ᠤᠨ ᠤᠬᠠᠭᠠᠨ ᠰᠠᠮᠪᠠᠭ᠎ᠠ ᠶᠢ ᠲᠥᠪᠯᠡᠷᠡᠭᠦᠯᠬᠦ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ ᠃ ᠢᠯᠡ ᠪᠠᠷ ᠰᠠᠨᠠᠯ ᠬᠤᠷᠢᠶᠠᠬᠤ ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠥᠷᠨᠢᠭᠦᠯᠬᠦ ᠂ ᠬᠠᠤᠯᠢ ᠲᠣᠭᠲᠠᠭᠠᠬᠤ ᠵᠥᠪᠳᠡᠯᠴᠡᠭᠡ ᠵᠣᠬᠢᠶᠠᠨ ᠪᠠᠶᠢᠭᠤᠯᠬᠤ ᠂ ᠬᠠᠤᠯᠢ ᠲᠣᠭᠲᠠᠭᠠᠬᠤ ᠨᠤᠲᠠᠯᠠᠯᠲᠠ ᠶᠢᠨ ᠬᠤᠷᠠᠯ ᠪᠠ ᠰᠠᠭᠤᠳᠠᠯ ᠤᠨ ᠬᠤᠷᠠᠯ ᠬᠤᠷᠠᠯᠳᠤᠭᠤᠯᠬᠤ ᠵᠡᠷᠭᠡ ᠤᠯᠠᠨ ᠵᠦᠢᠯ ᠤᠨ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ ᠂ ᠦᠨᠳᠦᠰᠦᠨ ᠱᠠᠲᠤᠨ ᠤ ᠤᠯᠠᠨ ᠲᠦᠮᠡᠨ ᠂ ᠵᠠᠬ᠎ᠠ ᠳᠡᠯᠭᠡᠭᠦᠷ ᠤᠨ ᠭᠤᠣᠯ ᠴᠣᠭᠴᠠ ᠂ ᠠᠵᠢᠯ ᠲᠦᠷᠦᠯ ᠤᠨ ᠨᠡᠶᠢᠭᠡᠮᠯᠢᠭ ᠪᠠ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠥᠷᠭᠡᠨ ᠢᠶᠠᠷ ᠰᠣᠨᠣᠰᠴᠤ ᠂ ᠬᠠᠤᠯᠢ ᠲᠣᠭᠲᠠᠭᠠᠬᠤ ᠠᠵᠢᠯ ᠤᠨ ᠰᠢᠰᠲ᠋ᠧᠮᠲᠦ ᠴᠢᠨᠠᠷ ᠂ ᠬᠠᠮᠵᠢᠯᠴᠠᠬᠤ ᠴᠢᠨᠠᠷ ᠂ ᠬᠤᠭᠤᠴᠠᠭᠠᠲᠤ ᠴᠢᠨᠠᠷ ᠢ ᠨᠢ ᠲᠠᠰᠤᠷᠠᠯᠳᠠ ᠦᠭᠡᠢ ᠴᠢᠩᠭᠠᠳᠬᠠᠨ᠎ᠠ ᠃
ᠭᠤᠷᠪᠠ ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠲᠡᠢ
ᠡᠯ᠎ᠡ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠨ ᠴᠢᠩᠭᠠᠷᠠᠭᠤᠯᠤᠨ ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠯᠤᠭ᠎ᠠ ᠵᠣᠯᠭᠠᠭᠤᠯᠬᠤ ᠠᠵᠢᠯ ᠢ ᠰᠠᠶᠢᠲᠤᠷ ᠬᠢᠨ᠎ᠡ ᠃
ᠲᠤᠭᠤᠷᠪᠢᠬᠤ ᠡᠯ᠎ᠡ ᠰᠠᠯᠠᠭ᠎ᠠ ᠮᠥᠴᠢᠷ ᠨᠢ ᠲᠤᠭᠤᠷᠪᠢᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ᠂ ᠤᠷᠢᠳᠴᠢᠯᠠᠨ ᠤᠬᠠᠭᠠᠯᠠᠵᠤ ᠲᠥᠯᠥᠪᠯᠡᠨ ᠂ ᠵᠦᠢ ᠵᠣᠬᠢᠰᠲᠠᠢ ᠲᠣᠬᠢᠷᠠᠭᠤᠯᠵᠤ ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠬᠢᠬᠦ ᠂ ᠰᠠᠨᠠᠯ ᠬᠤᠷᠢᠶᠠᠬᠤ ᠂ ᠦᠨᠡᠯᠡᠨ ᠵᠢᠱᠢᠵᠦ ᠨᠤᠲᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠃ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠣᠰᠣᠭᠠᠷ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠂ ᠲᠦᠭᠰᠢᠭᠦᠷᠢ ᠶᠢᠨ ᠦᠨᠡᠯᠡᠨ ᠵᠢᠱᠢᠯᠲᠡ ᠵᠡᠷᠭᠡ ᠬᠠᠮᠢᠶ᠎ᠠ ᠪᠦᠬᠦᠢ ᠤᠷᠢᠳᠠᠴᠢ ᠬᠢᠨᠠᠨ ᠬᠠᠷᠭᠤᠭᠤᠯᠤᠯᠲᠠ ᠶᠢᠨ ᠠᠵᠢᠯ ᠢ ᠰᠠᠶᠢᠲᠤᠷ ᠬᠢᠨ᠎ᠡ ᠃ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠬᠢᠨᠠᠨ ᠵᠥᠪᠯᠡᠬᠦ ᠲᠦᠷᠦᠯ ᠵᠦᠢᠯ ᠤᠨ ᠲᠤᠭᠤᠷᠪᠢᠬᠤ ᠠᠵᠢᠯ ᠢ ᠪᠡᠶᠡᠯᠡᠭᠦᠯᠵᠦ ᠂ ᠬᠠᠤᠯᠢ ᠲᠣᠭᠲᠠᠭᠠᠯᠲᠠ ᠶᠢ ᠬᠢᠨᠠᠨ ᠪᠠᠶᠢᠴᠠᠭᠠᠬᠤ ᠂ ᠬᠢᠨᠠᠨ ᠵᠥᠪᠯᠡᠬᠦ ᠵᠡᠷᠭᠡ ᠠᠵᠢᠯ ᠳᠤ ᠵᠣᠬᠢᠰᠲᠠᠢ ᠴᠠᠭ ᠦᠯᠡᠳᠡᠭᠡᠵᠦ ᠥᠭᠭᠦᠨ᠎ᠡ ᠃ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠥᠯᠥᠪᠯᠡᠭᠡ ᠳᠠᠬᠢ ᠪᠠᠶᠢᠴᠠᠭᠠᠨ ᠰᠤᠳᠤᠯᠤᠯᠲᠠ ᠶᠢᠨ ᠲᠦᠷᠦᠯ ᠵᠦᠢᠯ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠪᠠ ᠨᠤᠲᠠᠯᠠᠯᠲᠠ ᠬᠢᠵᠦ ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠ ᠬᠢᠨᠠᠨ ᠵᠥᠪᠯᠡᠭᠦᠯᠬᠦ ᠪᠠᠷ ᠳᠡᠪᠰᠢᠭᠦᠯᠬᠦ ᠡᠰᠡᠬᠦ ᠲᠤᠬᠠᠢ ᠰᠠᠨᠠᠯ ᠢ ᠪᠦᠷᠢᠯᠳᠦᠭᠦᠯᠦᠨ᠎ᠡ ᠃
ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠂ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ ᠂ ᠬᠠᠮᠢᠶ᠎ᠠ ᠪᠦᠬᠦᠢ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠣᠶᠢᠯᠠᠭᠠᠨ ᠂ ᠬᠠᠤᠯᠢ ᠲᠣᠭᠲᠠᠭᠠᠯᠲᠠ ᠶᠢᠨ ᠬᠢᠨᠠᠨ ᠪᠠᠶᠢᠴᠠᠭᠠᠬᠤ ᠵᠠᠩᠭᠢᠯᠠᠭ᠎ᠠ ᠶᠢ ᠰᠠᠶᠢᠲᠤᠷ ᠡᠵᠡᠮᠳᠡᠨ᠎ᠡ ᠃ ᠴᠠᠭ ᠨᠢ ᠪᠠᠴᠢᠮ ᠂ ᠬᠦᠴᠢᠷᠳᠡᠯ ᠶᠡᠬᠡᠲᠡᠢ ᠴᠢᠬᠤᠯᠠ ᠶᠡᠭᠡ ᠬᠠᠤᠯᠢ ᠲᠣᠭᠲᠠᠭᠠᠬᠤ ᠵᠦᠢᠯᠡᠰ ᠲᠤ ᠪᠣᠯ ᠴᠢᠬᠤᠯᠠᠲᠠᠢ ᠦᠶ᠎ᠡ ᠳᠤ ᠤᠷᠢᠳᠴᠢᠯᠠᠨ ᠣᠷᠣᠯᠴᠠᠨ᠎ᠠ ᠃ ᠮᠠᠷᠭᠤᠯᠳᠤᠭᠠᠨ ᠢᠶᠠᠷ ᠨᠡᠯᠢᠶᠡᠳ ᠶᠡᠭᠡ ᠴᠢᠬᠤᠯᠠ ᠬᠠᠤᠯᠢ ᠲᠣᠭᠲᠠᠭᠠᠬᠤ ᠵᠦᠢᠯᠡᠰ ᠲᠤ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠬᠤᠶᠢᠷᠭᠤᠰᠢᠨ ᠤᠳᠠᠭᠠᠰᠢᠷᠠᠭᠤᠯᠤᠭᠠᠳ ᠰᠢᠢᠳᠪᠦᠷᠢᠯᠡᠬᠦ ᠦᠭᠡᠢ ᠦᠵᠡᠭᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ ᠃
2025 ᠣᠨ ᠤ 1 ᠳ᠋ᠦ᠋ᠭᠡᠷ ᠰᠠᠷ᠎ᠠ ᠶᠢᠨ 12 ᠤᠨ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ
ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2025 ᠣᠨ ᠤ 1 ᠳ᠋ᠦ᠋ᠭᠡᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ

