ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/2/18


      2 ᠰᠠᠷ᠎ᠠ ᠶᠢᠨ 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠤᠨ ᠤᠭᠲᠤᠬᠤ ᠳᠠᠶᠢᠯᠠᠯᠭ᠎ᠠ ᠳᠡᠭᠡᠷ᠎ᠡ ᠬᠡᠯᠡᠭᠰᠡᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ︽ᠲᠠᠪᠤᠨ ᠶᠡᠭᠡ ᠡᠭᠦᠷᠭᠡ︾᠎ ᠶᠢᠨ ᠣᠨ ᠤ ᠨᠠᠷᠢᠨ ᠲᠠᠩᠰᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠪᠠ ᠮᠥᠰᠥ ᠴᠠᠰᠤᠨ ᠤ ᠠᠵᠤ ᠠᠬᠤᠢ ᠶᠢ ᠪᠣᠳᠠᠲᠠᠢ ᠠᠳᠬᠤᠵᠤ᠂ ᠪᠡᠶ᠎ᠡ ᠶᠢᠨ ᠲᠠᠮᠢᠷ ᠵᠢᠭᠤᠯᠴᠢᠯᠠᠯ ᠰᠣᠶᠣᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ 2025 ᠣᠨ ᠤ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ ᠶᠢ ᠴᠢᠩᠭ᠎ᠠ ᠠᠩᠬᠠᠷᠴᠤ ᠨᠠᠶᠢᠳᠠᠪᠤᠷᠢᠵᠢᠭᠤᠯᠵᠤ᠂ 88 ᠵᠦᠢᠯ ᠤᠨ ᠣᠨ ᠤ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠦᠨ ᠮᠠᠨᠳᠤᠭᠤᠯᠬᠤ ᠠᠷᠠᠳ ᠢ ᠪᠠᠶᠠᠵᠢᠭᠤᠯᠬᠤ ᠵᠡᠷᠭᠡ ᠠᠵᠢᠯ ᠢ ᠪᠦᠭᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ ᠢ ᠰᠤᠳᠤᠯᠵᠤ᠂ ᠲᠤᠰᠬᠠᠢ ᠲᠥᠰᠥᠯ ᠢ ᠢᠵᠢ ᠪᠦᠷᠢᠳᠦᠭᠦᠯᠦᠨ ᠲᠣᠭᠲᠠᠭᠠᠵᠤ᠂ ᠤᠬᠠᠭᠤᠯᠭ᠎ᠠ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠳᠠᠶᠢᠯᠠᠯᠳᠤᠭᠠᠨ ᠤ ᠤᠳᠤᠷᠢᠳᠤᠮᠵᠢ ᠶᠢ ᠲᠣᠪᠤᠶᠢᠯᠭᠠᠨ ᠰᠣᠷᠢᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠦᠶ᠎ᠡ ᠳᠤ ᠬᠡᠷᠡᠭᠯᠡᠵᠦ ᠪᠤᠯᠬᠤ᠂ ᠦᠢᠯᠡᠳᠦᠯ ᠦᠵᠡᠭᠦᠯᠭᠦ ᠶᠢ ᠦᠨᠡᠨ ᠬᠦ ᠪᠠᠲᠤᠯᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ ᠠᠶᠤᠯᠭᠦᠢ ᠦᠢᠯᠡᠳᠪᠦᠷᠢᠯᠡᠯ᠂ ᠰᠤᠷᠭᠠᠭᠤᠯᠢ ᠶᠢᠨ ᠬᠦᠷᠢᠶ᠎ᠡ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠵᠤ᠂ ᠬᠦᠨᠳᠦ ᠶᠡᠭᠡ ᠠᠳᠡᠯ ᠪᠠ ᠭᠡᠨᠡᠳᠲᠡ ᠶᠢᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠭᠠᠯ ᠤᠨᠲᠠᠷᠠᠭᠠᠭᠴᠢ ᠶᠢ ᠠᠵᠢᠯ ᠤᠨ ᠪᠠᠶᠢᠷᠢ ᠰᠣᠯᠢᠵᠤ ᠲᠥᠪᠬᠢᠨᠡᠭᠦᠯᠬᠦ ᠳᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ ᠠᠵᠢᠯ ᠣᠯᠭᠤᠵᠤ ᠲᠥᠪᠬᠢᠨᠡᠭᠦᠯᠬᠦ ᠪᠠᠲᠤᠯᠠᠭ᠎ᠠ ᠶᠢ ᠰᠠᠶᠢᠲᠤᠷ ᠬᠢᠵᠦ᠂ ᠥᠷᠭᠡᠨ ᠤᠯᠠᠨ ᠭᠠᠯ ᠤᠨᠲᠠᠷᠠᠭᠠᠭᠴᠢ ᠶᠢᠨ ᠬᠤᠶᠢᠰᠢᠳᠠ ᠶᠢᠨ ᠵᠣᠪᠠᠨᠢᠯ ᠢ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠣᠶᠢᠮᠣ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ︽ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠷ ᠥᠷᠢ ᠥᠭᠴᠡᠭᠡ ᠶᠢ ᠠᠷᠢᠯᠭᠠᠬᠤ ᠪᠠ ᠵᠠᠬ᠎ᠠ ᠳᠡᠯᠭᠡᠭᠦᠷᠴᠢᠯᠡᠨ ᠥᠷᠢ ᠥᠭᠴᠡᠭᠡ ᠶᠢ ᠠᠷᠢᠯᠭᠠᠬᠤ︾ ᠥᠷᠢ ᠥᠭᠴᠡᠭᠡ ᠶᠢ ᠠᠷᠢᠯᠭᠠᠬᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠭᠠᠯ ᠠᠴᠠ ᠵᠥᠷᠢᠴᠡᠨ ᠲᠣᠶᠢᠮᠣ ᠲᠥᠰᠥᠪ ᠠᠴᠠ ᠳᠠᠪᠠᠭᠤᠯᠤᠨ ᠪᠦᠲᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠵᠤ᠂ ᠳᠠᠯᠳᠠ ᠥᠷᠢ ᠥᠭᠴᠡᠭᠡ ᠶᠢ ᠰᠢᠨ᠎ᠡ ᠪᠠᠷ ᠥᠯᠥ ᠨᠡᠮᠡᠭᠳᠡᠭᠦᠯᠬᠦ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠦᠭᠦ ᠵᠢᠯ ᠤᠨ ᠥᠷᠢ ᠥᠭᠴᠡᠭᠡ ᠶᠢ ᠠᠷᠢᠯᠭᠠᠬᠤ ᠬᠠᠷᠠᠯᠲᠠ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
      ᠬᠤᠷᠠᠯ ᠠᠴᠠ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠠᠵᠢᠯᠯᠠᠭ᠎ᠠ︾᠎ ᠶᠢ ᠰᠠᠶᠢᠲᠤᠷ ᠥᠷᠨᠢᠭᠦᠯᠵᠦ᠂ ᠡᠷᠴᠢ ᠵᠣᠷᠢᠭ ᠢᠶᠠᠨ ᠬᠥᠪᠴᠢᠯᠡᠨ ᠪᠡᠯᠡ ᠣᠷᠣᠭᠤᠯᠤᠯᠲᠠ ᠶᠢ ᠠᠳᠬᠤᠵᠤ᠂ ᠲᠦᠷᠦᠯ ᠵᠦᠢᠯ ᠢ ᠡᠬᠢᠯᠡᠭᠦᠯᠵᠦ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ︽ᠰᠠᠶᠢᠨ ᠡᠭᠢᠯᠡᠯᠲᠡ︾᠎ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
      ᠬᠤᠷᠠᠯ ᠠᠴᠠ ᠪᠠᠰᠠ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠶᠢᠽ ᠡᠪᠡᠳᠴᠢᠨ ᠢ ᠬᠤᠷᠢᠭᠯᠠᠬᠤ ᠪᠠ ᠰᠡᠷᠭᠡᠶᠢᠯᠡᠨ ᠵᠠᠰᠠᠬᠤ ᠲᠥᠯᠦᠪᠵᠢᠭᠦᠯᠭᠡ ᠵᠡᠷᠭᠡ ᠠᠵᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ