|
ᠥᠪᠥᠷ ᠮᠣᠩᠭᠤᠯ ᠤᠨ ᠪᠦᠦ ᠹᠧᠩ 300 ᠲᠦᠮᠡᠨ ᠲᠣᠨ ᠠᠯᠺᠧᠨ ᠨᠡᠭᠦᠷᠦᠭᠴᠢ ᠶᠢᠨ ᠲᠥᠷᠥᠯ ᠵᠦᠢᠯ ᠢ ᠪᠠᠶᠢᠭᠤᠯᠤᠭᠠᠳ ᠠᠰᠢᠭᠯᠠᠯᠲᠠ ᠳᠤ ᠣᠷᠤᠭᠤᠯᠪᠠ |
|
|
ᠨᠡᠶᠢᠲᠡᠯᠡᠭᠰᠡᠨ ᠴᠠᠭ᠄
2025/2/18
|
|
2 ᠳ᠋ᠤᠭᠠᠷ ᠰᠠᠷ᠎ᠠ ᠶᠢᠨ 14 ᠤ ᠡᠳᠦᠷ ᠥᠪᠥᠷ ᠮᠣᠩᠭᠤᠯ ᠤᠨ ᠪᠦᠦ ᠹᠧᠩ 300 ᠲᠦᠮᠡᠨ ᠲᠣᠨ ᠠᠯᠺᠧᠨ ᠨᠡᠭᠦᠷᠦᠭᠴᠢ ᠶᠢᠨ ᠲᠥᠷᠥᠯ ᠵᠦᠢᠯ ᠢ ᠪᠠᠶᠢᠭᠤᠯᠤᠭᠠᠳ ᠠᠰᠢᠭᠯᠠᠯᠲᠠ ᠳᠤ ᠣᠷᠤᠭᠤᠯᠪᠠ᠃ ᠲᠣᠰ ᠲᠥᠷᠥᠯ ᠵᠦᠢᠯ ᠨᠢ ᠦᠤᠰᠢᠨ ᠬᠤᠰᠢᠭᠤᠨ ᠳᠤ ᠪᠠᠶᠢᠷᠢᠯᠠᠨ᠂ ᠶᠡᠷᠦᠩᠬᠡᠶ ᠪᠠᠯᠠ ᠣᠷᠣᠭᠤᠯᠤᠯᠲᠠ ᠨᠢ 484 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ ᠮᠧᠲ᠋ᠢᠯ ᠠᠯᠺᠣᠣᠯ ᠢ 742 ᠲᠦᠮᠡᠨ ᠲᠣᠨ᠂ ᠠᠯᠺᠧᠨ ᠨᠡᠭᠦᠷᠦᠭᠴᠢ ᠶᠢᠨ ᠪᠥᠭᠡᠭᠡᠨᠡᠪᠦᠷᠢ ᠶᠢ 300 ᠲᠦᠮᠡᠨ ᠲᠣᠨ᠂ ᠡᠲ᠋ᠧᠨ ᠤ ᠪᠥᠭᠡᠭᠡᠨᠡᠪᠦᠷᠢ ᠶᠢ 150 ᠲᠦᠮᠡᠨ ᠲᠣᠨ᠂ ᠫᠷᠣᠫᠧᠨ ᠤ ᠪᠥᠭᠡᠭᠡᠨᠡᠪᠦᠷᠢ ᠶᠢ 150 ᠲᠦᠮᠡᠨ ᠲᠣᠨ ᠦᠢᠯᠡᠳᠪᠦᠷᠢᠯᠡᠬᠦ ᠪᠣᠯᠣᠨ᠎ᠠ᠃ ᠲᠦᠷᠦᠯ ᠵᠦᠢᠯ ᠳᠤ ᠬᠡᠷᠡᠭᠯᠡᠬᠦ ᠪᠦᠬᠦ ᠲᠥᠬᠦᠭᠡᠷᠦᠮᠵᠢ ᠲᠣᠨᠣᠭᠯᠠᠯ ᠤᠳ ᠢ ᠮᠠᠨ ᠤ ᠤᠯᠤᠰ ᠥᠪᠡᠷᠲᠡᠭᠡᠨ ᠪᠡᠶ᠎ᠡ ᠪᠠᠨ ᠳᠠᠭᠠᠭᠠᠨ ᠦᠢᠯᠡᠳᠴᠦ᠂ ᠡᠭᠦᠨ ᠳᠤ ᠵᠠᠩᠭᠢᠯᠠᠭ᠎ᠠ ᠪᠣᠯᠬᠤ 23 ᠵᠦᠢᠯ ᠤᠨ ᠭᠤᠣᠯ ᠲᠥᠬᠦᠭᠡᠷᠦᠮᠵᠢ ᠨᠢ ᠣᠯᠠᠨ ᠤᠯᠤᠰ ᠤᠨ ᠣᠷᠦ᠋ᠢᠯᠠᠭᠰᠠᠨ ᠲᠦᠪᠰᠢᠨ ᠳᠤ ᠬᠦᠷᠦᠭᠰᠡᠨ ᠪᠠᠶᠢᠨ᠎ᠠ᠃ ᠲᠣᠰ ᠲᠥᠷᠥᠯ ᠵᠦᠢᠯ ᠢ ᠠᠰᠢᠭᠯᠠᠯᠲᠠ ᠳᠤ ᠣᠷᠤᠭᠤᠯᠤᠭᠰᠠᠨ ᠤ ᠳᠠᠷᠠᠭ᠎ᠠ᠂ 240 ᠳ᠋ᠦᠩᠰᠢᠭᠤᠷ ᠲᠥᠭᠦᠷᠢᠭ ᠣᠷᠴᠢᠮ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠰᠢᠭᠤᠳ ᠠᠵᠢᠯ ᠣᠯᠭᠤᠬᠤ ᠠᠵᠢᠯ ᠤᠨ ᠪᠠᠶᠢᠷᠢ ᠶᠢ 5000 ᠭᠠᠷᠤᠶ ᠬᠠᠩᠭᠠᠬᠤ ᠪᠣᠯᠤᠨ᠎ᠠ᠃ ︵ᠣᠷᠳᠣᠰ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|