|
ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ — ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ ᠶᠡᠭᠡ ᠡᠷᠡᠮᠡᠯᠵᠡᠯ ᠲᠠᠢ ᠪᠠᠶᠢᠵᠤ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠶᠠᠭ ᠡᠷᠳᠡᠮ ᠴᠢᠳᠠᠯ ᠢᠶᠠᠨ ᠶᠡᠭᠡ ᠪᠠᠷ ᠭᠠᠶᠢᠬᠠᠭᠤᠯᠬᠤ ᠴᠠᠭ ᠪᠣᠯᠵᠠᠢ ᠯᠢ ᠴᠢᠶᠠᠩ | ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ ᠸᠠᠩ ᠬᠤ᠋ ᠨᠢᠩ ᠬᠤᠷᠠᠯ ᠢ ᠡᠷᠭᠢᠯᠡᠵᠡᠢ |
|
|
ᠨᠡᠶᠢᠲᠡᠯᠡᠭᠰᠡᠨ ᠴᠠᠭ᠄
2025/2/18
|
|
ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 17 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 17 ᠤ ᠦᠳᠡ ᠶᠢᠨ ᠡᠮᠦᠨ᠎ᠡ ᠪᠡᠭᠡᠵᠢᠩ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠰᠢᠰᠲ᠋ᠧᠮ ᠳᠤ ᠣᠷᠣᠭᠤᠯᠵᠤ᠂ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠵᠤ᠂ ᠬᠤᠪᠢᠷᠠᠭᠤᠯᠵᠤ ᠪᠤᠯᠬᠤ ᠦᠭᠡᠢ᠂ ᠬᠤᠪᠢᠷᠠᠬᠤ ᠴᠤ ᠦᠭᠡᠢ ᠶᠤᠮ᠃ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ᠂ ᠶᠡᠭᠡ ᠡᠷᠡᠮᠡᠯᠵᠡᠯ ᠲᠠᠢ ᠪᠠᠶᠢᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠶᠠᠭ ᠡᠷᠳᠡᠮ ᠴᠢᠳᠠᠯ ᠢᠶᠠᠨ ᠶᠡᠭᠡ ᠪᠠᠷ ᠭᠠᠶᠢᠬᠠᠭᠤᠯᠬᠤ ᠴᠠᠭ ᠪᠣᠯᠪᠠ᠃ ᠦᠵᠡᠯ ᠰᠠᠨᠠᠭ᠎ᠠ ᠪᠠᠨ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠡᠬᠦᠳᠡᠭ ᠴᠡᠭᠡᠵᠢᠨ ᠳᠡᠭᠡᠨ ᠡᠬᠡ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ ᠢ ᠡᠪᠦᠷᠯᠡᠨ᠂ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠵᠦ᠂ ᠬᠠᠤᠯᠢ ᠶᠢ ᠵᠢᠷᠤᠮᠯᠠᠨ ᠴᠢᠳᠠᠮᠠᠭᠠᠢ ᠡᠵᠡᠩᠨᠡᠵᠦ᠂ ᠤᠷᠢᠳ ᠢᠶᠠᠷ ᠪᠠᠶᠠᠵᠢᠬᠤ ᠪᠠᠷ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃
2 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠤᠷᠤᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠶᠠᠷᠢᠯᠴᠠᠬᠤ ᠬᠤᠷᠠᠯ ᠢ ᠡᠷᠭᠢᠯᠡᠵᠠᠢ᠃ ᠶᠠᠷᠢᠯᠴᠠᠬᠤ ᠬᠤᠷᠠᠯ ᠳᠡᠭᠡᠷ᠎ᠡ᠂ ᠬᠤᠸᠠ ᠸᠧᠢ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠷᠧᠨ ᠵᠧᠩ ᠹᠧᠢ᠂ ᠪᠢ ᠶᠠ ᠳ᠋ᠢ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠴᠤᠸᠠᠨ ᠹᠦ᠋᠂ ᠰᠢᠨ ᠰᠢ ᠸᠠᠩ ᠰᠲ᠋ᠣᠺ ᠡᠵᠡᠮᠰᠢᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠶᠦᠩ ᠬᠤᠤ᠂ ᠱᠠᠩᠬᠠᠢ ᠶᠢᠨ ᠸᠧᠢ ᠡᠯ ᠬᠠᠭᠠᠰ ᠳᠠᠮᠵᠢᠭᠤᠯᠤᠭᠴᠢ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠷᠧᠨ ᠷᠦᠩ᠂ ᠬᠠᠩᠵᠧᠦ ᠶᠢᠨ ᠢᠦᠢ ᠱᠣ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠲᠡᠷᠢᠭᠦᠨ ᠭᠦᠢᠴᠡᠳᠭᠡᠭᠴᠢ ᠳᠠᠷᠤᠭ᠎ᠠ ᠸᠠᠩ ᠰᠢᠩ ᠰᠢᠩ᠂ ᠰᠢᠶᠣᠣ ᠮᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠧᠢ ᠵᠢᠶᠦ᠋ᠨ ᠵᠡᠷᠭᠡ 6 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠰᠢᠨ᠎ᠡ ᠪᠠᠶᠢᠳᠠᠯ ᠳᠣᠣᠷ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠡᠦᠬᠡᠨ ᠶᠠᠪᠤᠴᠠ ᠶᠢ ᠳᠠᠭᠠᠯᠳᠤᠨ ᠥᠷᠨᠢᠭᠦᠨ ᠬᠥᠭᠵᠢᠵᠦ ᠢᠷᠡᠭᠰᠡᠨ ᠶᠤᠮ᠃ ᠬᠡᠳᠦᠨ ᠠᠷᠪᠠᠨ ᠵᠢᠯ ᠤᠨ ᠲᠤᠷᠰᠢ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠠᠬᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠠᠨᠢᠯᠲᠠ᠂ ᠨᠠᠮ ᠪᠠ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠭᠯᠡᠯᠲᠡ ᠲᠦᠷᠦ ᠶᠢᠨ ᠪᠣᠳᠣᠯᠭ᠎ᠠ ᠶᠢᠨ ᠲᠤᠬᠠᠢ ᠮᠠᠨ ᠤ ᠨᠠᠮ ᠤᠨ ᠤᠨᠤᠯ ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠥᠭᠡᠳ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠶᠤᠮ᠃ ᠨᠠᠮ ᠪᠠ ᠤᠯᠤᠰ ᠠᠴᠠ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠥᠲᠥᠯᠥᠨ ᠵᠢᠯᠣᠭᠤᠳᠤᠨ᠎ᠠ︔ ᠨᠠᠮ ᠪᠠ ᠤᠯᠤᠰ ᠠᠴᠠ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠡᠯᠧᠮᠧᠨ᠋ᠲ ᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠭᠦᠷᠲᠡᠭᠦ ᠶᠢ ᠪᠠᠲᠤᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠎ᠠ ᠭᠡᠵᠦ ᠢᠯᠡᠳᠬᠡᠪᠡ᠃ ᠰᠢ ᠶᠢᠨ ᠫᠢᠩ᠂ ᠤᠳᠤ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠨᠢᠭᠡᠨᠲᠡ ᠨᠡᠯᠢᠶᠡᠳ ᠶᠡᠭᠡ ᠬᠡᠪᠴᠢᠶ᠎ᠡ ᠲᠠᠢ ᠪᠣᠯᠵᠤ᠂ ᠮᠠᠰᠢ ᠬᠦᠨᠳᠦ ᠬᠤᠪᠢ ᠶᠢᠨ ᠵᠢᠩ ᠢ ᠡᠵᠡᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠢ ᠪᠣᠯᠵᠠᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠵᠦ᠂ ᠢᠯᠠᠩᠭᠤᠶ᠎ᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ ᠴᠢᠳᠠᠪᠤᠷᠢᠲᠠᠨ ᠤ ᠡᠩᠨᠡᠭᠡ ᠪᠣᠯᠣᠨ ᠭᠦᠳᠡᠯᠮᠦᠷᠢ ᠬᠦᠴᠦᠨ ᠤ ᠡᠬᠢ ᠪᠠᠶᠠᠯᠢᠭ ᠤᠨ ᠲᠤᠭ᠎ᠠ ᠬᠡᠮᠵᠢᠶ᠎ᠡ ᠯᠤᠲᠤ ᠶᠡᠭᠡ᠂ ᠬᠡᠪ ᠴᠢᠨᠠᠷ ᠰᠢᠯᠢᠳᠡᠭ ᠰᠠᠶᠢᠨ᠂ ᠠᠵᠤ ᠦᠢᠯᠡᠰ ᠤᠨ ᠰᠢᠰᠲ᠋ᠧᠮ ᠪᠣᠯᠣᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢᠵᠢ ᠪᠦᠷᠢᠳᠦᠨ ᠲᠡᠭᠦᠯᠳᠡᠷᠵᠢᠵᠦ᠂ 14 ᠳ᠋ᠦᠩᠰᠢᠭᠤᠷ ᠭᠠᠷᠤᠢ ᠬᠥᠮᠥᠨ ᠠᠮᠠ ᠶᠢᠨ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠣᠯᠠᠨ ᠰᠢᠨ᠎ᠡ ᠠᠵᠠ ᠲᠣᠭᠢᠶᠠᠯ ᠣᠯᠭᠤᠵᠤ᠂ ᠨᠠᠩ ᠶᠡᠭᠡ ᠬᠥᠭᠵᠢᠯᠲᠡ ᠶᠢᠨ ᠣᠷᠣᠨ ᠵᠠᠢ ᠬᠠᠩᠭᠠᠬᠤ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠨᠢ ᠤᠯᠠᠨ ᠲᠠᠯ᠎ᠠ ᠶᠢᠨ ᠢᠯᠡᠳᠲᠡ ᠳᠠᠪᠠᠭᠤᠯᠢᠭ ᠲᠠᠢ ᠪᠠᠶᠢᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠲᠠᠰᠤᠷᠠᠯᠲᠠ ᠦᠭᠡᠢ ᠪᠦᠷᠢᠨᠰᠢᠨ ᠲᠡᠭᠦᠯᠳᠡᠷᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠣᠳᠣᠬᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠵᠠᠷᠢᠮ ᠬᠦᠴᠢᠷᠳᠡᠯ ᠪᠣᠯᠣᠨ ᠥᠷᠢᠰᠦᠯᠳᠦᠭᠡᠨ ᠪᠣᠯ ᠶᠡᠷᠦᠩᠬᠡᠢ ᠳᠡᠭᠡᠨ ᠥᠭᠡᠷᠡᠴᠢᠯᠡᠯᠲᠡ ᠬᠥᠭᠵᠢᠯᠲᠡ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ᠂ ᠬᠡᠰᠡᠭ ᠲᠠᠯ᠎ᠠ ᠶᠢᠨ ᠪᠤᠯᠬᠤ ᠠᠴᠠ ᠪᠢᠰᠢ ᠪᠦᠬᠦᠯᠢ ᠴᠣᠭᠴᠠ ᠶᠢᠨ ᠪᠢᠰᠢ᠂ ᠲᠦᠷ ᠴᠠᠭ ᠤᠨ ᠪᠤᠯᠬᠤ ᠠᠴᠠ ᠪᠢᠰᠢ ᠤᠷᠳᠤ ᠬᠤᠭᠤᠴᠠᠭᠠᠨ ᠤ ᠪᠢᠰᠢ᠂ ᠢᠯᠠᠨ ᠳᠠᠪᠠᠵᠤ ᠳᠡᠶᠢᠯᠭᠦ ᠠᠴᠠ ᠪᠢᠰᠢ ᠰᠢᠢᠳᠪᠦᠷᠢᠯᠡᠵᠦ ᠳᠡᠶᠢᠯᠭᠦ ᠦᠭᠡᠢ ᠪᠢᠰᠢ ᠶᠤᠮ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠲᠤᠬᠠᠢ ᠮᠠᠭᠠᠳᠯᠠᠯᠲᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠦᠴᠢᠷᠳᠡᠯ ᠪᠠ ᠥᠷᠢᠰᠦᠯᠳᠦᠭᠡᠨ ᠤ ᠳᠤᠮᠳᠠ ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ ᠢᠷᠡᠭᠡᠳᠦᠢ ᠪᠠᠨ ᠣᠯᠵᠤ ᠬᠠᠷᠠᠨ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠦᠨ᠂ ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠣᠯ ᠣᠳᠣᠬᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠣᠨ᠎ᠠ᠃ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠵᠦᠢᠯ ᠪᠣᠯᠭᠠᠨ ᠢ ᠡᠷᠡᠰ ᠬᠡᠷᠡᠭᠵᠢᠭᠦᠯᠬᠦ ᠬᠡᠷᠡᠭᠲᠡᠢ᠂ ᠳᠤᠲᠠᠭᠤ ᠲᠤᠷᠭᠤᠨ ᠬᠡᠷᠡᠭᠵᠢᠭᠦᠯᠵᠦ ᠪᠤᠯᠬᠤ ᠦᠭᠡᠢ᠃ ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠵᠤ᠂ ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ ᠴᠢᠨᠠᠷᠲᠠᠢ ᠬᠦᠷᠢᠶ᠎ᠡ ᠶᠢ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠡᠷᠬᠡ ᠲᠡᠭᠰᠢ ᠪᠠᠷ ᠨᠡᠭᠡᠭᠡᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠷᠭᠦᠯᠵᠢᠯᠡᠨ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠢᠲᠡᠭᠦᠮᠵᠢᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ ᠮᠠᠨ ᠤ ᠤᠯᠤᠰ ᠪᠣᠯ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠮᠥᠨ ᠪᠣᠯᠬᠤᠷ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠥᠮ ᠪᠠᠶᠢᠴᠠᠭᠠᠨ ᠰᠢᠢᠳᠪᠦᠷᠢᠯᠡᠬᠦ ᠠᠴᠠ ᠵᠠᠶᠢᠯᠠᠵᠤ ᠪᠤᠯᠬᠤ ᠦᠭᠡᠢ᠃ ᠡᠯ᠎ᠡ ᠵᠦᠢᠯ ᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ ᠬᠡᠷᠡᠭᠲᠡᠢ᠃ ᠳᠣᠲᠣᠨᠣᠰᠤᠭ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠠᠵᠤ ᠠᠬᠤᠶᠢᠯᠠᠯ ᠪᠣᠯ ᠡᠵᠡᠩᠨᠡᠯᠲᠡ ᠶᠢᠨ ᠭᠤᠣᠯ ᠴᠣᠭᠴᠠ ᠮᠥᠨ᠂ ᠠᠵᠤ ᠠᠬᠤᠶᠢᠯᠠᠯ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠣᠯ ᠲᠡᠷᠢᠭᠦᠨ ᠪᠠᠶᠢᠷᠢ ᠳᠤ ᠪᠠᠶᠢᠭ᠎ᠠ ᠶᠤᠮ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠦᠢᠯᠡᠰ ᠪᠣᠰᠬᠠᠬᠤ ᠪᠠ ᠤᠯᠤᠰ ᠤᠨ ᠢᠶᠠᠨ ᠲᠥᠯᠥᠭᠡ ᠵᠢᠳᠬᠦᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠵᠦ᠂ ᠬᠦᠰᠡᠯᠡᠩ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠪᠠᠶᠠᠵᠢᠭᠰᠠᠨ ᠴᠤ ᠤᠭ ᠦᠨᠳᠦᠰᠦ ᠪᠠᠨ ᠪᠤᠳᠤᠵᠤ᠂ ᠪᠠᠶᠠᠵᠢᠭᠰᠠᠨ ᠴᠤ ᠤᠷᠤᠭᠰᠢᠯᠠᠨ ᠲᠠᠪᠰᠢᠬᠤ ᠶᠢ ᠪᠤᠳᠤᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠵᠦ ᠰᠢᠯᠢᠳᠡᠭᠵᠢᠭᠦᠯᠵᠦ ᠰᠠᠶᠢᠲᠤᠷ ᠡᠵᠡᠩᠨᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠭᠤᠯᠤᠭᠴᠢ ᠪᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠭᠤᠣᠯ ᠠᠵᠢᠯ ᠢᠶᠠᠨ ᠪᠠᠲᠤ ᠰᠠᠬᠢᠵᠤ᠂ ᠠᠵᠤ ᠦᠢᠯᠡᠰ ᠢᠶᠠᠨ ᠬᠦᠴᠦᠷᠬᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠭᠡᠯᠪᠡᠷᠢ ᠪᠠᠨ ᠬᠤᠪᠢᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ᠂ ᠦᠷ᠎ᠡ ᠠᠰᠢᠭ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠤᠨ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠬᠤᠪᠢ ᠣᠷᠣᠭᠤᠯᠤᠭᠴᠢ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠭᠦᠳᠡᠯᠮᠦᠷᠢ᠂ ᠴᠢᠳᠠᠪᠤᠷᠢᠲᠠᠨ᠂ ᠮᠡᠳᠡᠯᠭᠡ᠂ ᠮᠡᠷᠭᠡᠵᠢᠯ᠂ ᠬᠥᠷᠥᠩᠭᠡ᠂ ᠳ᠋ᠠᠶᠢᠲ᠋ᠠ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠬᠡᠷᠡᠭᠯᠡᠯᠲᠡ᠂ ᠬᠠᠮᠢᠶᠠᠷᠤᠯᠲᠠ᠂ ᠬᠠᠮᠠᠭᠠᠯᠠᠯᠲᠠ ᠶᠢᠨ ᠲᠣᠭᠲᠠᠴᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠵᠠᠯᠭᠠᠮᠵᠢᠯᠠᠭᠴᠢ ᠶᠢ ᠬᠥᠮᠥᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠵᠤ ᠡᠵᠡᠩᠨᠡᠬᠦ ᠶᠢ ᠪᠠᠷᠢᠮᠲᠠᠯᠠᠵᠤ᠂ ᠵᠥᠪ ᠦᠷᠳᠡᠭ ᠤᠨ ᠦᠵᠡᠯᠲᠡ ᠪᠣᠯᠣᠨ ᠶᠣᠰᠣ ᠰᠤᠷᠲᠠᠬᠤᠨ ᠤ ᠦᠵᠡᠯᠲᠡ ᠶᠢ ᠪᠤᠢ ᠪᠤᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠡᠶ᠎ᠡ ᠵᠣᠬᠢᠴᠠᠯ ᠲᠠᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ ᠴᠢᠳᠠᠯ ᠤᠨ ᠬᠢᠷᠢ ᠪᠠᠷ ᠢᠶᠠᠨ ᠣᠷᠣᠯᠴᠠᠵᠤ᠂ ᠨᠡᠶᠢᠭᠡᠮ ᠳᠤ ᠢᠯᠡᠭᠦᠬᠡᠨ ᠬᠠᠶᠢᠷ᠎ᠠ ᠬᠠᠯᠠᠮᠵᠢ ᠪᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠸᠠᠩ ᠬᠤ᠋ ᠨᠢᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠪᠠ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠵᠠ ᠲᠣᠭᠢᠶᠠᠯ ᠪᠠ ᠥᠷᠢᠰᠦᠯᠳᠦᠭᠡᠨ ᠢ ᠵᠥᠪ ᠢᠶᠠᠷ ᠲᠠᠨᠢᠬᠤ ᠶᠢ ᠴᠢᠬᠤᠯᠠᠴᠢᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠶᠠᠷᠢᠶᠠᠨ ᠤ ᠤᠳᠬ᠎ᠠ ᠰᠠᠨᠠᠭ᠎ᠠ ᠠᠯᠤᠰ ᠭᠡᠲᠦ ᠶᠢᠨ ᠪᠠᠶᠢᠵᠤ᠂ ᠦᠵᠡᠯ ᠰᠠᠨᠠᠭ᠎ᠠ ᠭᠦᠨ ᠭᠦᠨᠵᠡᠭᠡᠢ᠂ ᠥᠭᠦᠯᠡᠯᠲᠡ ᠨᠠᠷᠢᠯᠢᠭ ᠣᠨᠣᠴᠠᠲᠠᠢ᠂ ᠠᠭᠤᠯᠤᠭᠳᠠᠬᠤᠨ ᠡᠯᠪᠡᠭ ᠪᠠᠶᠠᠯᠢᠭ ᠶᠤᠮ᠂ ᠪᠢᠳᠡ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠦᠭᠦ ᠲᠠᠯ᠎ᠠ ᠶᠢᠨ ᠤᠬᠠᠮᠰᠠᠷ᠂ ᠰᠢᠰᠲ᠋ᠧᠮ ᠤᠨ ᠦᠵᠡᠯᠲᠡ᠂ ᠬᠠᠤᠯᠢᠵᠢᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠢᠯᠡᠳᠬᠡᠪᠡ᠃ ᠱᠢ ᠲᠠᠢ ᠹᠧᠩ᠂ ᠯᠢ ᠱᠦ ᠯᠧᠢ᠂ ᠾᠧ ᠯᠢ ᠹᠧᠩ᠂ ᠦ᠋ ᠵᠧᠩ ᠯᠦᠩ᠂ ᠮᠦ ᠬᠤᠩ ᠶᠠᠷᠢᠯᠴᠠᠬᠤ ᠬᠤᠷᠠᠯ ᠳᠤ ᠣᠷᠣᠯᠴᠠᠪᠠ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|