ᠰᠦᠨ ᠱᠣᠣ ᠴᠧᠩ  ᠸᠠᠩ ᠯᠢ ᠰᠢᠶᠠ ᠲᠥᠪ ᠤᠨ ᠤᠳᠤᠷᠢᠳᠬᠤ ᠬᠡᠯᠲᠡᠰ ᠤᠨ ᠳᠡᠳ᠋ ᠳᠠᠷᠤᠭ᠎ᠠ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠣᠪᠴᠢᠶᠠᠨ ᠳᠠᠷᠤᠭ᠎ᠠ ᠼᠤᠤ ᠱᠦ ᠮᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2025/2/20

    2 ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠦ ᠮᠢᠨ ᠲᠠᠢ ᠠᠭᠤᠯᠵᠠᠪᠠ᠃

 

    2 ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠦ ᠮᠢᠨ ᠲᠠᠢ ᠠᠭᠤᠯᠵᠠᠪᠠ᠃

     ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ

    ᠰᠦᠨ ᠱᠣᠣ ᠴᠧᠩ ᠼᠤᠤ ᠱᠦ ᠮᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠤᠷᠲᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠣᠳᠣᠬᠠᠨ ᠳᠤ ᠮᠠᠨ ᠤ ᠣᠷᠣᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠦᠢᠯᠡᠰ ᠲᠤ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠢᠯᠡᠷᠡᠪᠡ᠃ ᠥᠪᠥᠷ ᠮᠣᠩᠭᠤᠯ ᠤᠨ ᠰᠣᠶᠣᠯ ᠤᠨ ᠲᠤᠨᠳᠠᠰᠤ ᠭᠦᠨ ᠵᠤᠵᠠᠭᠠᠨ ᠪᠠᠶᠢᠵᠤ᠂ ᠪᠢᠳᠡ ᠶᠠᠭ ᠬᠦᠴᠦ ᠪᠠᠨ ᠲᠥᠪᠯᠡᠷᠡᠭᠦᠯᠦᠨ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢ ᠡᠭᠦᠳᠴᠦ᠂ ᠢᠯᠡᠳᠲᠡ ᠦᠷ᠎ᠡ ᠪᠦᠲᠦᠮᠵᠢ ᠣᠯᠵᠤ ᠪᠠᠶᠢᠨ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠨᠡᠩ ᠣᠯᠠᠨ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠡᠨᠡ ᠬᠤᠶᠠᠷ ᠵᠢᠯ ᠳᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠶᠢᠨ ᠡᠷᠴᠢᠮ ᠮᠠᠰᠢ ᠶᠡᠭᠡ ᠪᠠᠶᠢᠨ᠎ᠠ᠂ ᠮᠠᠨ ᠤ ᠣᠷᠣᠨ ᠤ ᠷᠠᠳᠢᠣ᠋ ᠲᠧᠯᠸᠢᠰ ᠤᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠠᠩᠬᠠᠷᠴᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠨᠡᠩ ᠣᠯᠠᠨ ᠡᠭᠦᠷᠭᠡ ᠶᠢ ᠥᠪᠥᠷ ᠮᠣᠩᠭᠤᠯ ᠳᠤ ᠬᠡᠷᠡᠭᠵᠢᠭᠦᠯᠦᠨ᠂ ᠮᠠᠨ ᠤ ᠣᠷᠣᠨ ᠤ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃

    ᠼᠤᠤ ᠱᠦ ᠮᠢᠨ ᠥᠪᠥᠷ ᠮᠣᠩᠭᠤᠯ ᠤᠨ ᠷᠠᠳᠢᠣ᠋ ᠲᠧᠯᠸᠢᠰ ᠤᠨ ᠦᠢᠯᠡᠰ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠷᠠᠳᠢᠣ᠋ ᠲᠧᠯᠸᠢᠰ ᠪᠣᠯᠣᠨ ᠰᠦᠯᠵᠢᠶᠡᠨ ᠤ ᠦᠵᠡᠵᠦ ᠰᠣᠨᠣᠰᠬᠤ ᠨᠡᠪᠲᠡᠷᠡᠭᠦᠯᠭᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠷᠠᠳᠢᠣ᠋ ᠲᠧᠯᠸᠢᠰ ᠪᠣᠯᠣᠨ ᠰᠦᠯᠵᠢᠶᠡᠨ ᠤ ᠦᠵᠡᠵᠦ ᠰᠣᠨᠣᠰᠬᠤ ᠨᠡᠪᠲᠡᠷᠡᠭᠦᠯᠭᠡ ᠶᠢ ᠭᠦᠨᠵᠡᠭᠡᠢ ᠠᠭᠤᠰᠤᠯᠴᠠᠭᠤᠯᠬᠤ᠂ ᠬᠠᠮᠵᠢᠯᠴᠠᠨ ᠬᠥᠭᠵᠢᠭᠦᠯᠬᠦ ᠶᠢ ᠠᠬᠢᠭᠤᠯᠵᠤ᠂ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠂ ᠠᠭᠤᠰᠤᠯᠴᠠᠭᠤᠯᠤᠨ ᠤᠯᠠᠮᠵᠢᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠠᠮᠤᠷ ᠲᠦᠪᠰᠢᠨ ᠤ ᠪᠠᠲᠤᠯᠠᠭ᠎ᠠ᠂ ᠶᠡᠷᠦᠩᠬᠡᠶᠢᠯᠡᠨ ᠵᠠᠰᠠᠬᠤ᠂ ᠣᠯᠠᠨ ᠤᠯᠤᠰ ᠲᠤ ᠤᠯᠠᠮᠵᠢᠯᠠᠨ ᠲᠠᠷᠬᠠᠭᠠᠬᠤ ᠵᠡᠷᠭᠡ ᠬᠦᠷᠢᠶᠡᠨ ᠳᠤ ᠰᠢᠨ᠎ᠡ ᠪᠠᠶᠢᠳᠠᠯ ᠢ ᠴᠢᠷᠮᠠᠶᠢᠨ ᠨᠡᠭᠡᠭᠡᠨ᠎ᠡ ᠭᠡᠵᠦ ᠢᠯᠡᠳᠬᠡᠪᠡ᠃ ᠼᠤᠤ ᠱᠦ ᠮᠢᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠥᠪᠥᠷ ᠮᠣᠩᠭᠤᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠨᠡᠪᠲᠡᠷᠡᠭᠦᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠠᠮᠲᠤ ᠪᠠᠷ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃

    ᠢᠦᠢ ᠯᠢ ᠰᠢᠨ᠂ ᠵᠧᠩ ᠬᠤᠩ ᠹᠠᠨ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ