ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭᠠᠭᠰᠠᠨ ﹇2024﹈ 37 ᠳ᠋ᠤᠭᠠᠷ ᠲᠣᠭᠠᠲᠤ
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃
2024 ᠣᠨ ᠤ12 ᠳ᠋ᠤᠭᠠᠷ ᠰᠠᠷ᠎ᠠ ᠶᠢᠨ 29 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠬᠠᠷ᠎ᠠ ᠬᠥᠷᠥᠰᠥᠲᠦ ᠭᠠᠵᠠᠷ ᠤᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠬᠤ ᠶᠢ ᠠᠬᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃
ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ᠂ ᠵᠥᠭᠡᠭᠡᠪᠦᠷᠢᠯᠡᠬᠦ᠂ ᠬᠠᠳᠠᠭᠠᠯᠠᠬᠤ᠂ ᠬᠠᠮᠢᠶᠠᠷᠴᠤ ᠬᠠᠮᠠᠭᠠᠯᠠᠬᠤ᠂ ᠠᠰᠢᠭᠯᠠᠬᠤ ᠵᠡᠷᠭᠡ ᠠᠵᠢᠯᠯᠠᠭ᠎ᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠠᠷ᠎ᠠ ᠬᠥᠷᠥᠰᠥᠲᠦ ᠭᠠᠵᠠᠷ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠬᠠᠷ᠎ᠠ ᠪᠤᠶᠤ ᠬᠠᠷᠠᠪᠲᠤᠷ ᠢᠯᠵᠢᠮᠡᠭ ᠦᠩᠭᠡᠨ ᠬᠥᠷᠥᠰᠥᠨ ᠤ ᠳᠠᠪᠬᠤᠷᠭ᠎ᠠ ᠶᠢᠨ᠂ ᠰᠢᠨᠵᠢ ᠲᠥᠯᠥᠪ ᠰᠠᠶᠢᠲᠠᠢ ᠰᠢᠮᠡᠯᠢᠭ ᠲᠠᠷᠢᠶᠠᠯᠠᠬᠤ ᠭᠠᠵᠠᠷ ᠢ ᠵᠢᠭᠠᠵᠤ ᠪᠤᠢ᠃
ᠲᠣᠰ ᠠᠷᠭ᠎ᠠ ᠳᠤ ᠬᠡᠯᠡᠵᠦ ᠪᠠᠶᠢᠭ᠎ᠠ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠭᠡᠳᠡᠭ ᠨᠢ ᠮᠠᠰᠢᠨ ᠮᠧᠬᠠᠨᠢᠭ ᠪᠤᠶᠤ ᠬᠥᠮᠥᠨ ᠤ ᠬᠦᠴᠦ ᠪᠠᠷ ᠳᠠᠮᠵᠢᠭᠤᠯᠤᠨ᠂ ᠲᠠᠷᠢᠶᠠᠯᠠᠬᠤ ᠳᠤ ᠲᠣᠬᠢᠷᠠᠬᠤ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ᠂ ᠰᠢᠨ᠎ᠡ ᠪᠠᠷ ᠬᠠᠭᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ ᠢ ᠰᠠᠶᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠳᠤ ᠬᠡᠷᠡᠭᠯᠡᠬᠦ ᠶᠢ ᠵᠢᠭᠠᠵᠤ ᠪᠣᠶ᠃
ᠳᠥᠷᠪᠡᠳᠦᠭᠡᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠠᠤᠯᠢ ᠲᠣᠭᠲᠠᠭᠠᠯ ᠢ ᠵᠢᠷᠤᠮᠯᠠᠬᠤ᠂ ᠰᠢᠨᠵᠢᠯᠡᠬᠦ ᠤᠬᠠᠭᠠᠨᠴᠢ ᠵᠢᠷᠤᠮᠵᠢᠭᠤᠨ ᠪᠠᠶᠢᠯᠭᠠᠬᠤ᠂ ᠮᠠᠯᠲᠠᠨ ᠠᠪᠬᠤ ᠶᠣᠰᠣᠲᠠᠢ ᠶᠢ ᠨᠢ ᠪᠦᠬᠦᠨ ᠢ ᠮᠠᠯᠲᠠᠨ ᠠᠪᠬᠤ᠂ ᠣᠶᠢᠷ᠎ᠠ ᠬᠠᠪᠢ ᠳᠤ ᠪᠠᠨ ᠠᠰᠢᠭᠯᠠᠬᠤ ᠵᠠᠷᠴᠢᠮ ᠢ ᠵᠢᠷᠤᠮᠯᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃
ᠲᠠᠪᠤᠳᠤᠭᠠᠷ ᠵᠦᠢᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠢᠶᠠᠨ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠤᠷᠢᠨ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠵᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠣᠳᠠᠲᠠᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃
ᠬᠤᠶᠠᠳᠤᠭᠠᠷ ᠪᠦᠯᠦᠭ ᠬᠥᠷᠥᠰᠥ ᠰᠢᠷᠣᠢ ᠶᠢ ᠮᠠᠯᠲᠠᠨ ᠠᠪᠴᠤ ᠠᠰᠢᠭᠯᠠᠬᠤ
ᠵᠢᠷᠭᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ ᠬᠥᠷᠥᠰᠥᠲᠦ ᠭᠠᠵᠠᠷ ᠢ ᠦᠨᠡᠨ ᠬᠦ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠪᠠᠯ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠠᠶᠢᠮᠠᠭ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠳᠣᠯᠣᠳᠤᠭᠠᠷ ᠵᠦᠢᠯ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠣᠨ ᠤ ᠲᠥᠯᠥᠪᠯᠡᠭᠡ ᠨᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ ᠬᠡᠷᠡᠭᠲᠡᠢ᠂ ᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠬᠢᠭᠡᠳ ᠰᠢᠨ᠎ᠡ ᠪᠠᠷ ᠬᠠᠭᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ ᠢ ᠰᠠᠶᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠬᠥᠷᠥᠰᠥ ᠰᠢᠷᠣᠢ ᠶᠢᠨ ᠠᠰᠢᠭᠯᠠᠯᠲᠠ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠤᠰᠬᠠᠢ ᠵᠦᠢᠯ ᠤᠨ ᠲᠥᠯᠦᠪᠵᠢᠭᠦᠯᠭᠡ ᠯᠦᠭᠡ ᠭᠦᠢᠴᠡᠳ ᠵᠣᠯᠭᠠᠭᠤᠯᠬᠤ ᠬᠡᠷᠡᠭᠲᠡᠢ᠃
ᠨᠠᠢᠮᠠᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ ᠬᠥᠷᠥᠰᠥᠲᠦ ᠭᠠᠵᠠᠷ ᠢ ᠦᠨᠡᠨ ᠬᠦ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠷᠭᠡᠵᠢᠯ ᠤᠨ ᠵᠢᠷᠤᠮᠵᠢᠯ ᠶᠣᠰᠣᠭᠠᠷ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠶᠢ ᠬᠡᠷᠡᠭᠵᠢᠭᠦᠯᠬᠦ ᠬᠡᠷᠡᠭᠲᠡᠢ᠃
ᠳᠣᠣᠷ᠎ᠠ ᠵᠢᠭᠰᠠᠭᠠᠭᠰᠠᠨ ᠪᠠᠶᠢᠳᠠᠯ ᠣᠷᠣᠰᠢᠵᠤ ᠪᠠᠶᠢᠪᠠᠯ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠮᠠᠭᠠᠳᠯᠠᠭᠤᠯᠤᠨ ᠲᠣᠭᠲᠠᠭᠠᠯᠭᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠦᠨ ᠵᠥᠪᠰᠢᠶᠡᠷᠡᠭᠦᠯᠦᠭᠡᠳ᠂ ᠮᠠᠯᠲᠠᠨ ᠠᠪᠬᠤ ᠦᠭᠡᠢ ᠪᠠᠶᠢᠵᠤ ᠪᠣᠯᠣᠨ᠎ᠠ᠄
︵ᠨᠢᠭᠡ︶ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠷᠭᠡᠵᠢᠯ ᠤᠨ ᠵᠢᠷᠤᠮᠵᠢᠯ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠬᠤ︔
︵ᠬᠤᠶᠠᠷ︶ ᠬᠦᠨᠳᠦ ᠨᠣᠴᠢᠲᠠᠢ ᠪᠣᠬᠢᠷᠲᠤᠭᠠᠳ ᠳᠠᠬᠢᠵᠤ ᠠᠰᠢᠭᠯᠠᠬᠤ ᠳᠤ ᠲᠣᠬᠢᠷᠠᠬᠤ ᠦᠭᠡᠢ ᠪᠣᠯᠤᠭᠰᠠᠨ︔
︵ᠭᠤᠷᠪᠠ︶ ᠬᠦᠨᠳᠦ ᠨᠣᠴᠢᠲᠠᠢ ᠡᠯᠡᠰᠦᠷᠬᠡᠭᠵᠢᠵᠦ᠂ ᠬᠤᠵᠢᠷᠰᠢᠭᠠᠳ ᠳᠠᠬᠢᠵᠤ ᠠᠰᠢᠭᠯᠠᠬᠤ ᠳᠤ ᠲᠣᠬᠢᠷᠠᠬᠤ ᠦᠭᠡᠢ ᠪᠣᠯᠤᠭᠰᠠᠨ︔
︵ᠳᠥᠷᠪᠡ︶ ᠵᠥᠪᠰᠢᠶᠡᠷᠡᠯ ᠦᠭᠡᠢ ᠪᠠᠷ ᠬᠠᠤᠯᠢ ᠪᠤᠰᠤ ᠪᠠᠷ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠭᠰᠡᠨ ᠮᠥᠷᠲᠡᠭᠡᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠨᠢ ᠬᠦᠨᠳᠦ ᠨᠣᠴᠢᠲᠠᠢ ᠡᠪᠳᠡᠭᠳᠡᠭᠡᠳ ᠲᠠᠬᠢᠵᠥ ᠠᠰᠢᠭᠯᠠᠬᠤ ᠶᠢᠨ ᠠᠷᠭ᠎ᠠ ᠦᠭᠡᠢ ᠪᠣᠯᠤᠭᠰᠠᠨ ᠤ ᠬᠠᠮᠲᠤ ᠨᠢᠭᠡᠨᠲᠡ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ︔
︵ᠲᠠᠪᠤ︶ ᠤᠯᠤᠰ ᠤᠨ ᠠᠮᠤᠷ ᠲᠦᠪᠰᠢᠨ᠂ ᠴᠡᠷᠢᠭ ᠤᠨ ᠶᠠᠪᠤᠳᠠᠯ᠂ ᠠᠶᠤᠯ ᠭᠠᠮᠰᠢᠭ ᠠᠴᠠ ᠠᠪᠤᠷᠠᠬᠤ ᠵᠡᠷᠭᠡ ᠪᠠᠴᠢᠮ ᠬᠡᠷᠡᠭᠴᠡᠭᠡ ᠳᠤ ᠭᠠᠵᠠᠷ ᠢ ᠲᠦᠷ ᠬᠡᠷᠡᠭᠯᠡᠬᠦ︔
︵ᠵᠢᠷᠭᠤᠭ᠎ᠠ︶ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠡᠳ ᠲᠠᠷᠢᠶᠠᠯᠠᠬᠤ ᠳᠠᠪᠬᠤᠷᠭ᠎ᠠ ᠶᠢ ᠡᠪᠳᠡᠬᠦ ᠦᠭᠡᠢ ᠪᠠᠶᠢᠬᠤ᠃
ᠶᠢᠰᠦᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠭᠡᠳ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠴᠢᠬᠤᠯᠠᠲᠠᠢ ᠪᠠᠶᠢᠪᠠᠯ᠂ ᠭᠠᠵᠠᠷ ᠬᠡᠷᠡᠭᠯᠡᠬᠦ ᠪᠠᠷ ᠭᠤᠶᠤᠴᠢᠯᠠᠬᠤ ᠠᠴᠠ ᠪᠠᠨ ᠡᠮᠦᠨ᠎ᠡ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃
ᠲᠦᠷ ᠬᠡᠷᠡᠭᠯᠡᠬᠦ ᠭᠠᠵᠠᠷ ᠨᠢ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠬᠦ ᠳᠤ ᠬᠤᠯᠪᠣᠭᠳᠠᠪᠠᠯ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠭᠤᠯᠭ᠎ᠠ ᠶᠢ ᠭᠠᠵᠠᠷ ᠰᠢᠷᠣᠢ ᠶᠢᠨ ᠳᠠᠬᠢᠨ ᠬᠠᠭᠠᠯᠪᠤᠷᠢᠯᠠᠬᠤ ᠲᠥᠰᠥᠯ ᠳᠤ ᠪᠠᠨ ᠣᠷᠣᠭᠤᠯᠵᠤ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠠᠰ ᠲᠤ ᠨᠢ ᠨᠠᠶᠢᠷᠠᠭᠤᠯᠤᠨ ᠵᠣᠬᠢᠶᠠᠬᠤ ᠦᠭᠡᠢ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠳᠤ ᠪᠠᠨ ᠡᠷᠬᠡᠪᠰᠢ ᠬᠠᠷ᠎ᠠ ᠬᠥᠷᠥᠰᠥᠲᠦ ᠭᠠᠵᠠᠷ ᠢ ᠰᠡᠷᠭᠦᠭᠡᠬᠦ ᠬᠡᠷᠡᠭᠲᠡᠢ᠃
ᠠᠷᠪᠠᠳᠤᠭᠠᠷ ᠵᠦᠢᠯ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ᠂ ᠠᠶᠢᠯ ᠲᠣᠰᠬᠤᠨ ᠤ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ ᠲᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ︔ ᠲᠤᠰᠠᠭᠠᠷ ᠭᠠᠵᠠᠷ ᠰᠣᠩᠭᠤᠬᠤ ᠲᠥᠷᠥᠯ ᠵᠦᠢᠯ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠲᠦᠷ ᠬᠡᠷᠡᠭᠯᠡᠬᠦ ᠭᠠᠵᠠᠷ ᠲᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ ᠭᠠᠵᠠᠷ ᠬᠡᠷᠡᠭᠯᠡᠬᠦ ᠨᠢᠭᠡᠴᠢ ᠠᠴᠠ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠨ᠎ᠠ᠃
ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ ᠵᠢᠴᠢ ᠲᠡᠭᠦᠨ ᠠᠴᠠ ᠳᠣᠷᠣᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠦᠭᠡᠢ ᠪᠠᠶᠢᠵᠤ ᠪᠣᠯᠣᠨ᠎ᠠ᠂ ᠭᠡᠪᠡᠴᠦ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠬᠤ ᠬᠡᠷᠡᠭᠲᠡᠢ᠃
ᠠᠷᠪᠠᠨ ᠨᠢᠭᠡᠳᠦᠭᠡᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠳᠤ ᠲᠥᠷᠥᠯ ᠵᠦᠢᠯ ᠤᠨ ᠲᠣᠶᠢᠮᠣ ᠪᠠᠶᠢᠳᠠᠯ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠥᠷᠥᠰᠥ ᠰᠢᠷᠣᠢ ᠶᠢ ᠪᠠᠶᠢᠴᠠᠭᠠᠬᠤ᠂ ᠮᠠᠯᠲᠠᠨ ᠠᠪᠬᠤ᠂ ᠵᠥᠭᠡᠭᠡᠪᠦᠷᠢᠯᠡᠬᠦ᠂ ᠰᠢᠯᠭᠠᠨ ᠠᠪᠬᠤ᠂ ᠬᠠᠳᠠᠭᠠᠯᠠᠬᠤ᠂ ᠬᠠᠮᠢᠶᠠᠷᠴᠤ ᠬᠠᠮᠠᠭᠠᠯᠠᠬᠤ᠂ ᠠᠰᠢᠭᠯᠠᠬᠤ᠂ ᠪᠡᠯᠡ ᠣᠷᠣᠭᠤᠯᠤᠯᠲᠠ ᠶᠢ ᠪᠠᠷᠤᠭᠯᠠᠨ ᠪᠣᠳᠣᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠢ᠃
ᠠᠷᠪᠠᠨ ᠬᠤᠶᠠᠳᠤᠭᠠᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠵᠤ ᠳᠠᠭᠤᠰᠤᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠬᠤ ᠶᠢᠨ ᠬᠠᠮᠲᠤ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠥᠰᠥᠯ ᠳᠤ ᠬᠢᠨᠠᠨ ᠪᠠᠶᠢᠴᠠᠭᠠᠯᠲᠠ ᠨᠤᠲᠠᠯᠠᠯᠲᠠ ᠬᠢᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃
ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠳᠡᠭᠦᠯᠦᠯᠲᠡ ᠶᠢᠨ ᠬᠦᠰᠦᠨᠦᠭᠲᠦ ᠶᠢ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃
ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠪᠠ ᠭᠠᠵᠠᠷ ᠰᠢᠷᠣᠢ ᠲᠠᠲᠠᠪᠤᠷᠢᠯᠠᠬᠤ ᠭᠠᠷᠳᠠᠮ ᠢ ᠭᠦᠢᠴᠡᠳᠬᠡᠬᠦ ᠪᠠᠷ ᠭᠤᠶᠤᠴᠢᠯᠠᠬᠤ ᠳᠤ᠂ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠳᠤ ᠬᠤᠯᠪᠣᠭᠳᠠᠪᠠᠯ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠪᠤᠶᠤ ᠮᠡᠳᠡᠭᠦᠯᠦᠯᠲᠡ ᠶᠢᠨ ᠬᠦᠰᠦᠨᠦᠭᠲᠦ ᠵᠢᠴᠢ ᠬᠢᠨᠠᠨ ᠪᠠᠶᠢᠴᠠᠭᠠᠭᠰᠠᠨ ᠰᠠᠨᠠᠯ ᠢᠶᠠᠨ ᠳᠡᠭᠡᠭᠰᠢ ᠮᠡᠳᠡᠭᠦᠯᠬᠦ ᠬᠡᠷᠡᠭᠲᠡᠢ᠃
ᠠᠷᠪᠠᠨ ᠳᠥᠷᠪᠡᠳᠦᠭᠡᠷ ᠵᠦᠢᠯ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ᠂ ᠠᠶᠢᠯ ᠲᠣᠰᠬᠤᠨ ᠤ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ ᠲᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠵᠦ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠳᠤ ᠬᠦᠷᠪᠡᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠭᠠᠵᠠᠷ ᠬᠠᠩᠭᠠᠬᠤ ᠠᠴᠠ ᠡᠮᠦᠨ᠎ᠡ ᠮᠠᠯᠲᠠᠨ ᠠᠪᠴᠤ ᠠᠰᠢᠭᠯᠠᠬᠤ ᠲᠥᠰᠥᠯ ᠤᠨ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠬᠦ ᠭᠤᠣᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠲᠣᠭᠲᠠᠭᠠᠬᠤ ᠬᠡᠷᠡᠭᠲᠡᠢ᠃ ᠬᠤᠯᠪᠣᠭᠳᠠᠭᠰᠠᠨ ᠬᠥᠷᠥᠰᠥ ᠰᠢᠷᠣᠢ ᠶᠢ ᠪᠠᠶᠢᠴᠠᠭᠠᠨ ᠦᠨᠡᠯᠡᠬᠦ ᠵᠠᠷᠤᠳᠠᠯ᠂ ᠬᠥᠷᠥᠰᠥ ᠰᠢᠷᠣᠢ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠵᠢᠴᠢ ᠬᠢᠨᠠᠨ ᠲᠣᠭᠲᠠᠭᠠᠬᠤ ᠵᠠᠷᠤᠳᠠᠯ᠂ ᠬᠥᠷᠥᠰᠥ ᠰᠢᠷᠣᠢ ᠶᠢ ᠮᠠᠯᠲᠠᠨ ᠠᠪᠬᠤ ᠠᠵᠢᠯ ᠤᠨ ᠵᠠᠷᠤᠳᠠᠯ᠂ ᠵᠥᠭᠡᠭᠡᠪᠦᠷᠢᠯᠡᠬᠦ ᠵᠠᠷᠤᠳᠠᠯ᠂ ᠬᠠᠳᠠᠭᠠᠯᠠᠵᠤ ᠬᠠᠮᠢᠶᠠᠷᠤᠨ ᠬᠠᠮᠠᠭᠠᠯᠠᠬᠤ ᠵᠠᠷᠤᠳᠠᠯ᠂ ᠰᠢᠯᠭᠠᠨ ᠠᠪᠬᠤ ᠵᠠᠷᠤᠳᠠᠯ ᠵᠡᠷᠭᠡ ᠶᠢ ᠭᠠᠵᠠᠷ ᠬᠡᠷᠡᠭᠯᠡᠬᠦ ᠥᠪᠡᠷ ᠤᠨ ᠥᠷᠲᠡᠭ ᠲᠤ ᠣᠷᠣᠭᠤᠯᠤᠨ᠎ᠠ᠃
ᠲᠤᠰᠠᠭᠠᠷ ᠭᠠᠵᠠᠷ ᠰᠣᠩᠭᠤᠬᠤ ᠲᠥᠷᠥᠯ ᠵᠦᠢᠯ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ᠂ ᠲᠦᠷ ᠬᠡᠷᠡᠭᠯᠡᠬᠦ ᠭᠠᠵᠠᠷ ᠲᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠵᠦ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠳᠤ ᠬᠦᠷᠪᠡᠯ᠂ ᠭᠠᠵᠠᠷ ᠬᠡᠷᠡᠭᠯᠡᠬᠦ ᠨᠢᠭᠡᠴᠢ ᠨᠢ ᠲᠥᠷᠥᠯ ᠵᠦᠢᠯ ᠤᠨ ᠠᠵᠢᠯ ᠡᠬᠢᠯᠡᠬᠦ ᠠᠴᠠ ᠡᠮᠦᠨ᠎ᠡ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ᠂ ᠮᠡᠳᠡᠭᠦᠯᠦᠯᠲᠡ ᠶᠢᠨ ᠬᠦᠰᠦᠨᠦᠭᠲᠦ ᠪᠤᠶᠤ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠲᠥᠰᠥᠯ ᠤᠨ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃
ᠠᠷᠪᠠᠨ ᠲᠠᠪᠤᠳᠤᠭᠠᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠠᠵᠢᠯ ᠳᠠᠭᠤᠰᠤᠭᠰᠠᠨ ᠤ ᠳᠠᠷᠠᠭ᠎ᠠ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠶᠢ ᠬᠡᠷᠡᠭᠵᠢᠭᠦᠯᠦᠭᠰᠡᠨ ᠭᠤᠣᠯ ᠴᠣᠭᠴᠠ ᠨᠢ ᠴᠠᠭ ᠲᠤᠬᠠᠢ ᠳᠤ ᠨᠢ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠭᠠᠨ ᠠᠪᠤᠭᠤᠯᠬᠤ ᠭᠤᠶᠤᠴᠢᠯᠠᠯ ᠳᠤᠷᠠᠳᠬᠤ ᠬᠡᠷᠡᠭᠲᠡᠢ᠃
ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠤᠭᠰᠠᠨ ᠠᠵᠢᠯ ᠢᠶᠠᠨ ᠰᠢᠯᠭᠠᠨ ᠠᠪᠤᠭᠤᠯᠬᠤ ᠳᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠣᠷᠣᠨ ᠬᠤᠪᠢᠶᠠᠨ᠂ ᠬᠡᠰᠡᠭ ᠬᠤᠪᠢᠶᠠᠨ᠂ ᠬᠤᠭᠤᠴᠠᠭ᠎ᠠ ᠬᠤᠪᠢᠶᠠᠨ ᠭᠤᠶᠤᠴᠢᠯᠠᠵᠤ ᠪᠣᠯᠣᠨ᠎ᠠ᠃
ᠠᠷᠪᠠᠨ ᠵᠢᠷᠭᠤᠳᠤᠭᠠᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠤᠭᠰᠠᠨ ᠠᠵᠢᠯ ᠢᠶᠠᠨ ᠰᠢᠯᠭᠠᠨ ᠠᠪᠤᠭᠤᠯᠬᠤ ᠪᠠᠷ ᠭᠤᠶᠤᠴᠢᠯᠠᠬᠤ ᠳᠤ᠂ ᠰᠢᠯᠭᠠᠨ ᠠᠪᠤᠭᠤᠯᠬᠤ ᠭᠤᠶᠤᠴᠢᠯᠠᠯ᠂ ᠠᠵᠢᠯ ᠳᠠᠭᠤᠰᠤᠭᠰᠠᠨ ᠮᠡᠳᠡᠭᠦᠯᠦᠯᠲᠡ᠂ ᠠᠵᠢᠯᠯᠠᠭᠰᠠᠨ ᠲᠡᠮᠳᠡᠭᠯᠡᠯ᠂ ᠬᠢᠨᠠᠨ ᠬᠠᠮᠢᠶᠠᠷᠴᠤ ᠪᠠᠶᠢᠴᠠᠭᠠᠨ ᠬᠡᠮᠵᠢᠭᠰᠡᠨ ᠲᠡᠮᠳᠡᠭᠯᠡᠯ᠂ ᠪᠠᠷᠢᠯᠭ᠎ᠠ ᠶᠢᠨ ᠬᠡᠮᠵᠢᠯᠲᠡ ᠶᠢᠨ ᠳ᠋ᠦᠩᠨᠡᠨ ᠪᠤᠳᠤᠭᠰᠠᠨ ᠮᠠᠲ᠋ᠧᠷᠢᠶᠠᠯ᠂ ᠮᠠᠯᠲᠠᠨ ᠠᠪᠤᠭᠰᠠᠨ ᠬᠥᠷᠥᠰᠥ ᠶᠢ ᠵᠥᠭᠡᠭᠡᠪᠦᠷᠢᠯᠡᠵᠦ ᠬᠠᠳᠠᠭᠠᠯᠠᠨ ᠬᠠᠮᠢᠶᠠᠷᠴᠤ ᠬᠠᠮᠠᠭᠠᠯᠠᠭᠰᠠᠨ ᠠᠵᠢᠯ ᠤᠨ ᠮᠠᠲ᠋ᠧᠷᠢᠶᠠᠯ᠂ ᠬᠠᠮᠢᠶ᠎ᠠ ᠪᠦᠬᠦᠢ ᠵᠢᠷᠤᠭ ᠳᠦᠷᠰᠦ ᠵᠡᠷᠭᠡ ᠮᠠᠲ᠋ᠧᠷᠢᠶᠠᠯ ᠢ ᠲᠤᠰᠢᠶᠠᠬᠤ ᠬᠡᠷᠡᠭᠲᠡᠢ᠃
ᠮᠠᠯᠲᠠᠨ ᠠᠪᠤᠭᠰᠠᠨ ᠬᠥᠷᠥᠰᠥ ᠶᠢ ᠮᠠᠯᠲᠠᠬᠤ ᠶᠢᠨ ᠳᠠᠭᠠᠤ ᠬᠡᠷᠡᠭᠯᠡᠪᠡᠯ᠂ ᠬᠥᠷᠥᠰᠥ ᠶᠢ ᠠᠰᠢᠭᠯᠠᠭᠰᠠᠨ ᠪᠠᠶᠢᠳᠠᠯ ᠢ ᠬᠠᠮᠲᠤ ᠳᠤ ᠨᠢ ᠰᠢᠯᠭᠠᠨ ᠠᠪᠬᠤ ᠶᠢᠨ ᠬᠠᠮᠲᠤ᠂ ᠬᠥᠷᠥᠰᠥ ᠰᠢᠷᠣᠢ ᠶᠢᠨ ᠬᠡᠷᠡᠭᠯᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃
ᠠᠷᠪᠠᠨ ᠳᠣᠯᠣᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠬᠦ ᠠᠴᠠ ᠡᠮᠦᠨ᠎ᠡ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠬᠤ ᠶᠢᠨ ᠬᠠᠮᠲᠤ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠠᠶᠢᠭᠠᠳ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠤᠭᠰᠠᠨ ᠠᠵᠢᠯ ᠢᠶᠠᠨ ᠰᠢᠯᠭᠠᠨ ᠠᠪᠤᠭᠤᠯᠬᠤ ᠶᠢ ᠪᠡᠶᠡᠯᠡᠭᠦᠯᠬᠦ ᠬᠡᠷᠡᠭᠲᠡᠢ᠃
ᠠᠷᠪᠠᠨ ᠨᠠᠢᠮᠠᠳᠤᠭᠠᠷ ᠵᠦᠢᠯ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ᠂ ᠠᠶᠢᠯ ᠲᠣᠰᠬᠤᠨ ᠤ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ ᠠᠴᠠ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢᠨ ᠲᠣᠬᠢᠷᠠᠭᠤᠯᠵᠤ ᠠᠰᠢᠭᠯᠠᠬᠤ ᠠᠵᠢᠯ ᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ᠃
ᠲᠤᠰᠠᠭᠠᠷ ᠭᠠᠵᠠᠷ ᠰᠣᠩᠭᠤᠬᠤ ᠲᠥᠷᠥᠯ ᠵᠦᠢᠯ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠭᠠᠵᠠᠷ ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠤᠨ ᠶᠣᠰᠣᠭᠠᠷ ᠠᠰᠢᠭᠯᠠᠭᠤᠯᠬᠤ ᠶᠢ ᠬᠠᠷᠢᠭᠤᠴᠠᠨ᠎ᠠ᠃ ᠭᠠᠵᠠᠷ ᠬᠡᠷᠡᠭᠯᠡᠬᠦ ᠨᠢᠭᠡᠴᠢ ᠨᠢ ᠦᠪᠡᠰᠦᠪᠡᠨ ᠠᠰᠢᠭᠯᠠᠵᠤ ᠳᠡᠶᠢᠯᠬᠦ ᠦᠭᠡᠢ ᠳᠤ ᠬᠦᠷᠪᠡᠯ᠂ ᠮᠠᠯᠲᠠᠨ ᠠᠪᠤᠭᠰᠠᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠬᠠᠳᠠᠭᠠᠯᠠᠬᠤ ᠴᠡᠭ ᠲᠤ ᠵᠥᠭᠡᠭᠡᠪᠦᠷᠢᠯᠡᠨ ᠬᠦᠷᠭᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠲᠤᠰᠢᠶᠠᠵᠤ ᠲᠣᠬᠢᠷᠠᠭᠤᠯᠤᠨ ᠠᠰᠢᠭᠯᠠᠭᠤᠯᠬᠤ ᠬᠡᠷᠡᠭᠲᠡᠢ᠃
ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠠᠰᠢᠭᠯᠠᠬᠤ ᠬᠠᠷᠢᠭᠤᠴᠠᠯᠭ᠎ᠠ ᠶᠢᠨ ᠭᠤᠣᠯ ᠴᠣᠭᠴᠠ ᠨᠢ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠠᠰᠢᠭᠯᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠣᠬᠢᠲᠠᠢ ᠦᠯᠡᠳᠡᠭᠡᠵᠦ ᠬᠠᠳᠠᠭᠠᠯᠠᠨ ᠬᠠᠮᠢᠶᠠᠷᠬᠤ ᠬᠡᠷᠡᠭᠲᠡᠢ᠃
ᠠᠷᠪᠠ ᠶᠢᠰᠦᠳᠦᠭᠡᠷ ᠵᠦᠢᠯ ᠮᠠᠯᠲᠠᠨ ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠣᠶᠢᠷ᠎ᠠ ᠬᠠᠪᠢ ᠶᠢᠨ ᠭᠠᠵᠠᠷ ᠲᠤ ᠨᠢ ᠰᠢᠨ᠎ᠡ ᠪᠠᠷ ᠬᠠᠭᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ ᠢ ᠰᠠᠶᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠳᠤ ᠬᠡᠷᠡᠭᠯᠡᠬᠦ ᠬᠡᠷᠡᠭᠲᠡᠢ᠃
ᠬᠤᠷᠢᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠦᠨ᠎ᠡ ᠲᠥᠯᠥᠪᠦᠷᠢ ᠦᠭᠡᠢ ᠪᠠᠷ ᠬᠡᠷᠡᠭᠯᠡᠵᠦ ᠪᠣᠯᠣᠨ᠎ᠠ᠂ ᠵᠠᠰᠠᠭ ᠤᠨ ᠣᠷᠳᠣᠨ ᠤ ᠪᠤᠰᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠥᠯᠥᠪᠦᠷᠢ ᠲᠠᠢ ᠪᠠᠷ ᠬᠡᠷᠡᠭᠯᠡᠬᠦ ᠶᠢ ᠬᠡᠷᠡᠭᠵᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠡᠷᠦᠬᠡ᠂ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶ᠎ᠠ ᠵᠡᠷᠭᠡ ᠲᠠᠷᠢᠶᠠᠯᠠᠬᠤ ᠭᠠᠵᠠᠷ ᠤᠨ ᠡᠵᠡᠩᠨᠡᠯᠲᠡ ᠶᠢᠨ ᠭᠤᠣᠯ ᠴᠣᠭᠴᠠ ᠶᠢ ᠮᠠᠯᠲᠠᠨ ᠠᠪᠤᠭᠰᠠᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠣᠶᠢᠷ᠎ᠠ ᠬᠠᠪᠢ ᠳᠤ ᠪᠠᠨ ᠦᠨ᠎ᠡ ᠲᠥᠯᠥᠪᠦᠷᠢ ᠦᠭᠡᠢ ᠠᠰᠢᠭᠯᠠᠬᠤ ᠶᠢ ᠢᠳᠡᠪᠬᠢᠲᠡᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠬᠤ ᠬᠡᠷᠡᠭᠲᠡᠢ᠃
ᠮᠠᠯᠲᠠᠨ ᠠᠪᠤᠭᠰᠠᠨ ᠬᠥᠷᠥᠰᠥ ᠶᠢ ᠲᠥᠯᠥᠪᠦᠷᠢ ᠲᠠᠢ ᠪᠠᠷ ᠬᠡᠷᠡᠭᠯᠡᠭᠦᠯᠦᠭᠰᠡᠨ ᠠᠰᠢᠭ ᠣᠷᠤᠯᠭ᠎ᠠ ᠶᠢ ᠡᠩ ᠲᠡᠷᠢᠭᠦᠨ ᠳᠤ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ᠃
ᠭᠤᠷᠪᠠᠳᠤᠭᠠᠷ ᠪᠦᠯᠦᠭ ᠬᠥᠷᠥᠰᠥ ᠰᠢᠷᠣᠢ ᠶᠢ ᠬᠠᠳᠠᠭᠠᠯᠠᠨ ᠬᠠᠮᠢᠶᠠᠷᠴᠤ ᠬᠠᠮᠠᠭᠠᠯᠠᠬᠤ
ᠬᠤᠷᠢᠨ ᠨᠢᠭᠡᠳᠦᠭᠡᠷ ᠵᠦᠢᠯ ᠮᠠᠯᠲᠠᠨ ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠣᠬᠤᠷ ᠬᠤᠭᠤᠴᠠᠭᠠᠨ ᠳᠤ ᠠᠰᠢᠭᠯᠠᠬᠤ ᠶᠢᠨ ᠠᠷᠭ᠎ᠠ ᠦᠭᠡᠢ ᠪᠣᠯ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠬᠤ ᠶᠢ ᠬᠡᠷᠡᠭᠵᠢᠭᠦᠯᠦᠭᠰᠡᠨ ᠨᠢᠭᠡᠴᠢ ᠨᠢ ᠲᠡᠭᠦᠨ ᠢᠶᠠᠨ ᠣᠶᠢᠷ᠎ᠠ ᠬᠠᠪᠢ ᠶᠢᠨ ᠲᠥᠷ ᠬᠠᠳᠠᠭᠠᠯᠠᠬᠤ ᠴᠡᠭ ᠲᠤ ᠵᠥᠭᠡᠭᠡᠪᠦᠷᠢᠯᠡᠨ ᠬᠦᠷᠭᠡᠵᠦ ᠬᠠᠳᠠᠭᠠᠯᠠᠬᠤ ᠬᠡᠷᠡᠭᠲᠡᠢ᠂ ᠲᠥᠷ ᠬᠠᠳᠠᠭᠠᠯᠠᠬᠤ ᠴᠡᠭ ᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃
ᠲᠦᠷ ᠬᠠᠳᠠᠭᠠᠯᠠᠬᠤ ᠴᠡᠭ ᠢ ᠲᠣᠭᠲᠠᠭᠠᠬᠤ ᠳᠤ ᠵᠥᠭᠡᠭᠡᠪᠦᠷᠢᠯᠡᠬᠦ ᠵᠠᠢ᠂ ᠠᠰᠢᠭᠯᠠᠬᠤ ᠥᠪᠡᠷ ᠤᠨ ᠥᠷᠲᠡᠭ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠤᠰᠤᠨ ᠰᠤᠷᠪᠤᠯᠵᠢ ᠶᠢᠨ ᠣᠷᠣᠨ ᠵᠡᠷᠭᠡ ᠬᠦᠨᠳᠡᠭᠦᠷᠢ ᠲᠠᠢ ᠭᠤᠣᠯᠳᠠᠯᠭ᠎ᠠ ᠪᠣᠯᠬᠤ ᠣᠷᠣᠨ ᠪᠦᠰᠡ ᠠᠴᠠ ᠵᠠᠶᠢᠯᠠᠭᠤᠯᠤᠨ᠂ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠤᠶᠤ ᠠᠰᠢᠭᠯᠠᠭᠠᠳᠤᠢ ᠭᠠᠵᠠᠷ ᠢ ᠤᠷᠢᠳ ᠢᠶᠠᠷ ᠰᠣᠩᠭᠤᠨ ᠬᠠᠳᠠᠭᠠᠯᠠᠬᠤ ᠴᠡᠭ ᠪᠣᠯᠭᠠᠬᠤ ᠬᠡᠷᠡᠭᠲᠡᠢ᠃
ᠬᠤᠷᠢᠨ ᠬᠤᠶᠠᠳᠤᠭᠠᠷ ᠵᠦᠢᠯ ᠬᠠᠳᠠᠭᠠᠯᠠᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠬᠠᠮᠢᠶᠠᠷᠴᠤ᠂ ᠬᠠᠳᠠᠭᠠᠯᠠᠬᠤ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠦᠭᠡᠢ᠂ ᠬᠠᠳᠠᠭᠠᠯᠠᠬᠤ ᠳᠤ ᠪᠠᠨ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ ᠤᠨ ᠶᠣᠰᠣᠭᠠᠷ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠢ ᠢᠳᠡᠭᠳᠡᠬᠦ᠂ ᠬᠥᠷᠥᠰᠥ ᠰᠢᠷᠣᠢ ᠶᠢᠨ ᠴᠢᠨᠠᠷ ᠮᠠᠭᠤᠵᠢᠷᠠᠬᠤ ᠪᠠ ᠠᠮᠤᠷ ᠲᠦᠪᠰᠢᠨ ᠪᠤᠰᠤ ᠲᠠᠯᠳᠠ ᠭᠡᠮ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃
ᠬᠤᠷᠢᠨ ᠭᠤᠷᠪᠠᠳᠤᠭᠠᠷ ᠵᠦᠢᠯ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠵᠥᠭᠡᠭᠡᠪᠦᠷᠢᠯᠡᠬᠦ ᠳᠤ ᠪᠠᠨ ᠵᠥᠭᠡᠭᠡᠪᠦᠷᠢᠯᠡᠬᠦ ᠵᠠᠮ ᠱᠤᠭᠤᠮ ᠢ ᠵᠦᠢ ᠵᠣᠬᠢᠰᠲᠠᠢ ᠲᠣᠬᠢᠷᠠᠭᠤᠯᠵᠤ᠂ ᠵᠣᠷᠢᠭᠰᠠᠨ ᠭᠠᠵᠠᠷ ᠲᠤ ᠪᠠᠨ ᠨᠢᠭᠡ ᠯᠡ ᠤᠳᠠᠭ᠎ᠠ ᠳᠤ ᠵᠥᠭᠡᠭᠡᠪᠦᠷᠢᠯᠡᠨ ᠬᠦᠷᠭᠡᠬᠦ ᠠᠷᠭ᠎ᠠ ᠮᠠᠶ᠋ᠢᠭ ᠢᠶᠠᠷ ᠵᠥᠭᠡᠭᠡᠪᠦᠷᠢᠯᠡᠵᠦ᠂ ᠵᠥᠭᠡᠭᠡᠪᠦᠷᠢᠯᠡᠬᠦ ᠶᠠᠪᠤᠴᠠ ᠳᠤ ᠬᠥᠷᠥᠰᠥ ᠰᠢᠷᠣᠢ ᠶᠢᠨ ᠢᠳᠡᠭᠳᠡᠯ ᠪᠠ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃
ᠳᠥᠷᠪᠡᠳᠦᠭᠡᠷ ᠪᠦᠯᠦᠭ ᠬᠢᠨᠠᠯᠲᠠ ᠲᠠᠯᠪᠢᠬᠤ ᠪᠠ ᠬᠠᠮᠢᠶᠠᠷᠬᠤ
ᠬᠤᠷᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠳᠤ ᠬᠢᠨᠠᠯᠲᠠ ᠲᠠᠯᠪᠢᠬᠤ ᠪᠠ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃
ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠵᠤ᠂ ᠵᠢᠯ ᠪᠦᠷᠢ ᠶᠢᠨ ᠵᠢᠯ ᠤᠨ ᠡᠴᠦᠰ ᠲᠤ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠠᠴᠠ ᠲᠣᠰ ᠲᠣᠰ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠤ ᠪᠠᠶᠢᠴᠠᠭᠠᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃
ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠲᠤᠰ ᠭᠠᠵᠠᠷ ᠣᠷᠣᠨ ᠤ ᠪᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠳᠠᠬᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃
ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠤᠭᠰᠠᠨ ᠮᠡᠳᠡᠭᠡ ᠵᠠᠩᠭᠢ ᠪᠠᠨ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠦᠬᠦᠢ ᠨᠢᠭᠡᠴᠢ ᠯᠦᠭᠡ ᠮᠡᠳᠡᠭᠡ ᠵᠠᠩᠭᠢ ᠪᠠᠨ ᠬᠠᠮᠲᠤ ᠪᠠᠷ ᠭᠥᠷᠳᠡᠬᠦ ᠶᠢ ᠴᠢᠩᠭᠠᠳᠬᠠᠬᠤ ᠬᠡᠷᠡᠭᠲᠡᠢ᠃
ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ
ᠬᠤᠷᠢᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2024 ᠣᠨ ᠤ 12 ᠳ᠋ᠤᠭᠠᠷ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ