ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠤᠯᠪᠣᠭᠳᠠᠯ ᠪᠦᠬᠦᠢ ᠵᠦᠢᠯᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2025/2/20

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ

ᠥᠪᠥᠷ ᠵᠠᠰᠠᠭ ᠲᠠᠷᠬᠠᠭᠠᠭᠰᠠᠨ ﹇2024﹈ 36 ᠳ᠋ᠤᠭᠠᠷ ᠲᠣᠭᠠᠲᠤ


ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠤᠯᠪᠣᠭᠳᠠᠯ ᠪᠦᠬᠦᠢ ᠵᠦᠢᠯᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
      ᠤᠰᠤᠨ ᠤ ᠡᠬᠢ ᠰᠤᠷᠪᠤᠯᠵᠢ ᠳᠠᠬᠢ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠶᠢᠨ ᠲᠤᠰᠠᠳᠠ᠂ ︽︿ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠭᠠᠶᠢᠯᠢ ﹇2024﹈ 28 ᠳ᠋ᠤᠭᠠᠷ ᠲᠣᠭᠠᠲᠤ᠂ ᠳᠣᠷᠣᠭᠰᠢ ︽ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠯᠦᠭᠡ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠡᠳᠦᠭᠡ ᠪᠥᠬᠦ ᠣᠷᠣᠨ ᠤ ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃
      ᠨᠢᠭᠡ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠵᠦᠢ ᠶᠣᠰᠣᠨ ᠤ ᠯᠡᠪᠡᠷᠡᠵᠦ ᠡᠪᠳᠡᠷᠡᠬᠦ ᠨᠣᠷᠮ᠎ᠠ ᠶᠢ 11%᠎ ᠳᠤ ᠬᠢᠵᠠᠭᠠᠷᠯᠠᠨ᠎ᠠ᠃
      ᠬᠤᠶᠠᠷ᠂ ᠢᠯᠴᠢ ᠶᠢᠨ ᠬᠦᠴᠦᠨ ᠤ ᠴᠠᠬᠢᠯᠭᠠᠨ ᠭᠠᠷᠭᠠᠯᠲᠠ ᠶᠢᠨ ᠲᠣᠭᠲᠠᠮᠠᠯ ᠭᠦᠶᠦᠳᠡᠯᠲᠦ ᠬᠥᠷᠥᠭᠡᠯᠲᠡ ᠳᠤ ᠲᠠᠲᠠᠨ ᠬᠡᠷᠡᠭᠯᠡᠬᠦ ᠤᠰᠤᠨ ᠠᠴᠠ ᠪᠣᠳᠠᠲᠠᠢ ᠴᠠᠬᠢᠯᠭᠠᠨ ᠭᠠᠷᠭᠠᠭᠰᠠᠨ ᠬᠡᠮᠵᠢᠶ᠎ᠡ ᠪᠠᠷ ᠨᠢ ᠤᠰᠤᠨ ᠤ ᠡᠬᠢ ᠰᠣᠷᠪᠤᠯᠵᠢ ᠶᠢᠨ ᠭᠠᠶᠢᠯᠢ ᠲᠠᠲᠠᠪᠤᠷᠢᠯᠠᠵᠤ᠂ ᠪᠤᠰᠤᠳ ᠬᠥᠷᠥᠭᠡᠯᠲᠡ ᠳᠤ ᠲᠠᠲᠠᠨ ᠬᠡᠷᠡᠭᠯᠡᠬᠦ ᠤᠰᠤᠨ ᠠᠴᠠ ᠪᠣᠳᠠᠲᠠᠢ ᠲᠠᠲᠠᠵᠤ ᠬᠡᠷᠡᠭᠯᠡᠬᠦ ᠤᠰᠤᠨ ᠤ ᠬᠡᠮᠵᠢᠶ᠎ᠡ ᠪᠠᠷ ᠨᠢ ᠤᠰᠤᠨ ᠤ ᠡᠬᠢ ᠰᠣᠷᠪᠤᠯᠵᠢ ᠶᠢᠨ ᠭᠠᠶᠢᠯᠢ ᠲᠠᠲᠠᠪᠤᠷᠢᠯᠠᠨ᠎ᠠ᠃
      ᠭᠤᠷᠪᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠬᠡᠯᠪᠡᠷᠢ ᠶᠢᠨ ᠲᠠᠲᠠᠵᠤ ᠬᠡᠷᠡᠭᠯᠡᠬᠦ ᠤᠰᠤᠨ ᠤ ᠪᠣᠳᠠᠲᠠᠢ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ ᠪᠠᠷᠢᠮᠵᠢᠶ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠣᠷᠪᠤᠯᠵᠢ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ ᠬᠦᠰᠦᠨᠦᠭᠲᠦ︾ ︵ᠳᠠᠭᠠᠯᠳᠤᠭᠤᠯᠤᠯ ᠳᠤ ᠦᠵᠡ︶᠎ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
      ᠳᠥᠷᠪᠡ᠂ ᠲᠠᠷᠢᠶᠠᠯᠠᠩ ᠤᠨ ᠦᠢᠯᠡᠳᠪᠦᠷᠢᠯᠡᠯ᠂ ᠬᠥᠳᠡᠭᠡ ᠲᠣᠰᠬᠤᠨ ᠤ ᠬᠥᠮᠥᠨ ᠠᠮᠠ ᠶᠢᠨ ᠠᠮᠢᠳᠤᠷᠠᠯ ᠳᠤ ᠬᠡᠷᠡᠭᠯᠡᠬᠦ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠢᠨᠵᠧᠨᠧᠷᠢᠩ᠂ ᠬᠤᠲᠠ ᠪᠠᠯᠭᠠᠰᠤᠨ ᠤ ᠤᠯᠠᠨ ᠨᠡᠶᠢᠳᠡ ᠶᠢᠨ ᠤᠰᠤ ᠬᠠᠩᠭᠠᠬᠤ᠂ ᠤᠰᠤᠨ ᠬᠦᠴᠦᠨ ᠢᠶᠠᠷ ᠴᠠᠬᠢᠯᠭᠠᠨ ᠭᠠᠷᠭᠠᠬᠤ᠂ ᠢᠯᠴᠢ ᠶᠢᠨ ᠬᠦᠴᠦᠨ ᠤ ᠴᠠᠬᠢᠯᠭᠠᠨ ᠭᠠᠷᠭᠠᠯᠲᠠ ᠶᠢᠨ ᠲᠣᠭᠲᠠᠮᠠᠯ ᠭᠦᠶᠦᠳᠡᠯᠲᠦ ᠬᠥᠷᠥᠭᠡᠯᠲᠡ ᠳᠤ ᠲᠠᠲᠠᠨ ᠬᠡᠷᠡᠭᠯᠡᠬᠦ ᠤᠰᠤ ᠠᠴᠠ ᠭᠠᠳᠠᠨ᠎ᠠ᠂ ᠤᠰᠤᠨ ᠤ ᠡᠬᠢ ᠰᠤᠷᠪᠤᠯᠵᠢ ᠪᠠᠷ ᠬᠦᠨᠳᠦ ᠨᠣᠴᠢᠲᠠᠢ ᠳᠤᠲᠠᠭᠳᠠᠵᠤ ᠪᠠᠶᠢᠭ᠎ᠠ ᠪᠠ ᠳᠠᠭᠠᠭᠠᠴᠠ ᠠᠴᠠ ᠨᠢ ᠬᠡᠲᠦᠷᠡᠲᠡᠯ᠎ᠡ ᠤᠰᠤ ᠲᠠᠲᠠᠭᠰᠠᠨ ᠭᠠᠵᠠᠷ ᠣᠷᠣᠨ ᠠᠴᠠ ᠤᠰᠤ ᠲᠠᠲᠠᠵᠤ ᠬᠡᠷᠡᠭᠯᠡᠪᠡᠯ᠂ ᠭᠠᠶᠢᠯᠢ ᠶᠢᠨ ᠲᠣᠭᠠᠨ ᠤ ᠪᠠᠷᠢᠮᠵᠢᠶ᠎ᠠ ᠶᠢ ᠠᠳᠠᠯᠢ ᠲᠥᠷᠥᠯ ᠬᠡᠯᠪᠡᠷᠢ ᠶᠢᠨ ᠤᠰᠤ ᠲᠠᠲᠠᠵᠤ ᠬᠡᠷᠡᠭᠯᠡᠬᠦ ᠪᠠᠷᠢᠮᠵᠢᠶᠠᠨ ᠤ 2 ᠲᠠᠬᠢᠨ ᠢᠶᠠᠷ ᠲᠠᠲᠠᠪᠤᠷᠢᠯᠠᠨ᠎ᠠ᠃
      ᠲᠠᠪᠤ᠂ ᠲᠠᠷᠢᠶᠠᠯᠠᠩ ᠤᠨ ᠦᠢᠯᠡᠳᠪᠦᠷᠢᠯᠡᠯ᠂ ᠬᠥᠳᠡᠭᠡ ᠲᠣᠰᠬᠤᠨ ᠤ ᠬᠥᠮᠥᠨ ᠠᠮᠠ ᠶᠢᠨ ᠠᠮᠢᠳᠤᠷᠠᠯ ᠳᠤ ᠬᠡᠷᠡᠭᠯᠡᠬᠦ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠢᠨᠵᠧᠨᠧᠷᠢᠩ᠂ ᠬᠤᠳᠠ ᠪᠠᠯᠭᠠᠰᠤᠨ ᠤ ᠤᠯᠠᠨ ᠨᠡᠶᠢᠲᠡ ᠶᠢᠨ ᠤᠰᠤ ᠬᠠᠩᠭᠠᠬᠤ᠂ ᠤᠰᠤᠨ ᠬᠦᠴᠦᠨ ᠢᠶᠠᠷ ᠴᠠᠬᠢᠯᠭᠠᠨ ᠭᠠᠷᠭᠠᠬᠤ᠂ ᠢᠯᠴᠢ ᠶᠢᠨ ᠬᠦᠴᠦᠨ ᠤ ᠴᠠᠬᠢᠯᠭᠠᠨ ᠭᠠᠷᠭᠠᠯᠲᠠ ᠶᠢᠨ ᠲᠣᠭᠲᠠᠮᠠᠯ ᠭᠦᠶᠦᠳᠡᠯᠲᠦ ᠬᠥᠷᠥᠭᠡᠯᠲᠡ ᠳᠤ ᠲᠠᠲᠠᠨ ᠬᠡᠷᠡᠭᠯᠡᠬᠦ ᠤᠰᠤ ᠠᠴᠠ ᠭᠠᠳᠠᠨ᠎ᠠ᠂ ᠭᠠᠶᠢᠯᠢ ᠲᠤᠰᠢᠶᠠᠭᠴᠢ ᠶᠢᠨ ᠲᠤᠬᠠᠢ ᠶᠢᠨ ᠵᠢᠯ ᠤᠨ ᠤᠰᠤ ᠲᠠᠲᠠᠵᠤ ᠬᠡᠷᠡᠭᠯᠡᠭᠰᠡᠨ ᠨᠡᠶᠢᠳᠡ ᠬᠡᠮᠵᠢᠶᠡᠨ ᠳᠠᠬᠢ ᠤᠰᠤ ᠲᠠᠲᠠᠬᠤ ᠲᠥᠯᠥᠪᠯᠡᠭᠡ ᠠᠴᠠ ᠬᠡᠲᠦᠷᠡᠭᠰᠡᠨ ᠬᠡᠰᠡᠭ ᠠᠴᠠ ᠨᠢ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠠᠴᠠ ᠳᠣᠣᠷᠠᠬᠢ ᠭᠠᠶᠢᠯᠢ ᠶᠢᠨ ᠲᠣᠭᠠᠨ ᠤ ᠪᠠᠷᠢᠮᠵᠢᠶ᠎ᠠ ᠪᠠᠷ ᠤᠰᠤᠨ ᠤ ᠡᠬᠢ ᠰᠣᠷᠪᠤᠯᠵᠢ ᠶᠢᠨ ᠭᠠᠶᠢᠯᠢ ᠲᠠᠲᠠᠪᠤᠷᠢᠯᠠᠬᠤ ᠬᠡᠷᠡᠭᠲᠡᠢ᠄
      ︵ᠨᠢᠭᠡ︶ ᠲᠥᠯᠥᠪᠯᠡᠭᠡ ᠠᠴᠠ 20% ︵ᠪᠠᠭᠲᠠᠨ᠎ᠠ︶᠎ ᠠᠴᠠ ᠳᠣᠷᠣᠭᠰᠢ ᠬᠡᠲᠦᠷᠡᠭᠰᠡᠨ ᠤᠰᠤᠨ ᠤ ᠬᠡᠮᠵᠢᠶᠡᠨ ᠤ ᠬᠡᠰᠡᠭ ᠠᠴᠠ ᠤᠤᠯ ᠤᠨ ᠭᠠᠶᠢᠯᠢ ᠶᠢᠨ ᠲᠣᠭᠠᠨ ᠤ ᠪᠠᠷᠢᠮᠵᠢᠶ᠎ᠠ ᠶᠢᠨ 2 ᠲᠠᠬᠢᠨ ᠢᠶᠠᠷ ᠲᠠᠲᠠᠪᠤᠷᠢᠯᠠᠨ᠎ᠠ᠃
      ︵ᠬᠤᠶᠠᠷ︶ ᠲᠥᠯᠥᠪᠯᠡᠭᠡ ᠠᠴᠠ 20% - 40% ︵ᠪᠠᠭᠲᠠᠨ᠎ᠠ︶᠎ ᠶᠢᠨ ᠵᠠᠢ ᠳᠤ ᠬᠡᠲᠦᠷᠡᠭᠰᠡᠨ ᠤᠰᠤᠨ ᠤ ᠬᠡᠮᠵᠢᠶᠡᠨ ᠤ ᠬᠡᠰᠡᠭ ᠠᠴᠠ ᠤᠤᠯ ᠤᠨ ᠭᠠᠶᠢᠯᠢ ᠶᠢᠨ ᠲᠣᠭᠠᠨ ᠤ ᠪᠠᠷᠢᠮᠵᠢᠶ᠎ᠠ ᠶᠢᠨ 3 ᠳᠠᠬᠢᠨ ᠢᠶᠠᠷ ᠲᠠᠲᠠᠪᠤᠷᠢᠯᠠᠨ᠎ᠠ᠃
      ︵ᠭᠤᠷᠪᠠ︶ ᠲᠥᠯᠥᠪᠯᠡᠭᠡ ᠠᠴᠠ 40%᠎ ᠠᠴᠠ ᠳᠡᠭᠡᠭᠰᠢ ᠬᠡᠲᠦᠷᠡᠭᠰᠡᠨ ᠤᠰᠤᠨ ᠤ ᠬᠡᠮᠵᠢᠶᠡᠨ ᠤ ᠬᠡᠰᠡᠭ ᠠᠴᠠ ᠤᠤᠯ ᠤᠨ ᠭᠠᠶᠢᠯᠢ ᠶᠢᠨ ᠲᠣᠭᠠᠨ ᠤ ᠪᠠᠷᠢᠮᠵᠢᠶ᠎ᠠ ᠶᠢᠨ 4 ᠳᠠᠬᠢᠨ ᠢᠶᠠᠷ ᠲᠠᠲᠠᠪᠤᠷᠢᠯᠠᠨ᠎ᠠ᠃
      ᠵᠢᠷᠭᠤᠭ᠎ᠠ᠂ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠤᠰᠤ ᠲᠠᠲᠠᠵᠤ ᠬᠡᠷᠡᠭᠯᠡᠪᠡᠯ᠂ ᠠᠳᠠᠯᠢ ᠲᠥᠷᠥᠯ ᠬᠡᠯᠪᠡᠷᠢ ᠶᠢᠨ ᠤᠰᠤ ᠲᠠᠲᠠᠵᠤ ᠬᠡᠷᠡᠭᠯᠡᠬᠦ ᠭᠠᠶᠢᠯᠢ ᠶᠢᠨ ᠲᠣᠭᠠᠨ ᠤ ᠪᠠᠷᠢᠮᠵᠢᠶ᠎ᠠ ᠶᠢᠨ 4 ᠳᠠᠬᠢᠨ ᠢᠶᠠᠷ ᠲᠠᠲᠠᠪᠤᠷᠢᠯᠠᠨ᠎ᠠ᠃
      ᠳᠣᠯᠤᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ ᠲᠠᠷᠢᠶᠠᠯᠠᠩ ᠤᠨ ᠦᠢᠯᠡᠳᠪᠦᠷᠢᠯᠡᠯ ᠤᠨ ᠤᠰᠤ ᠲᠠᠲᠠᠵᠤ ᠬᠡᠷᠡᠭᠯᠡᠬᠦ ᠬᠢᠵᠠᠭᠠᠷ ᠲᠣᠭᠠᠨ ᠠᠴᠠ ᠬᠡᠲᠦᠷᠡᠭᠰᠡᠨ ᠬᠡᠰᠡᠭ ︵ᠬᠤᠳᠠᠯᠳᠤᠨ ᠠᠪᠤᠭᠰᠠᠨ ᠤᠰᠤᠨ ᠤ ᠥᠮᠴᠢᠯᠡᠨ ᠬᠡᠷᠡᠭᠯᠡᠬᠦ ᠡᠷᠬᠡ ᠶᠢᠨ ᠬᠡᠰᠡᠭ ᠪᠠᠭᠲᠠᠬᠤ ᠦᠭᠡᠢ︶᠎ ᠲᠤ ᠤᠰᠤ ᠲᠠᠲᠠᠵᠤ ᠬᠡᠷᠡᠭᠯᠡᠬᠦ ᠨᠢᠭᠡᠴᠢ ᠨᠢ ᠤᠰᠤᠨ ᠤ ᠡᠬᠢ ᠰᠣᠷᠪᠤᠯᠵᠢ ᠶᠢᠨ ᠭᠠᠶᠢᠯᠢ ᠲᠤᠰᠢᠶᠠᠨ᠎ᠠ᠃ ᠤᠰᠤ ᠲᠠᠲᠠᠬᠤ ᠵᠥᠪᠰᠢᠶᠡᠷᠡᠯ ᠤᠨ ᠤᠰᠤᠨ ᠤ ᠬᠡᠮᠵᠢᠶ᠎ᠡ ᠪᠠᠷ ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠤᠰᠤ ᠲᠠᠲᠠᠵᠤ ᠬᠡᠷᠡᠭᠯᠡᠬᠦ ᠬᠢᠵᠠᠭᠠᠷ ᠲᠣᠭᠠᠨ ᠤ ᠪᠠᠷᠢᠮᠵᠢᠶ᠎ᠠ ᠪᠣᠯᠭᠠᠨ᠎ᠠ᠃
      ᠨᠠᠢᠮᠠ᠂ ᠭᠠᠶᠢᠯᠢ ᠲᠤᠰᠢᠶᠠᠭᠴᠢ ᠳᠤ ︽ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ︾᠎ ᠶᠢᠨ ᠬᠤᠷᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠪᠠᠶᠢᠪᠠᠯ᠂ ᠡᠳᠦᠷ ᠪᠦᠷᠢ ᠶᠢᠨ 24 ᠴᠠᠭ ᠤᠨ ᠦᠷᠭᠦᠯᠵᠢᠯᠡᠨ ᠤᠰᠤ ᠲᠠᠲᠠᠬᠤ ︵ᠤᠰᠤ ᠲᠠᠲᠠᠷᠠᠭᠤᠯᠬᠤ︶ ᠬᠠᠮᠤᠭ ᠤᠨ ᠶᠡᠭᠡ ᠴᠢᠳᠠᠪᠤᠷᠢ ᠪᠠᠷ ᠪᠤᠶᠤ ᠥᠩᠭᠡᠷᠡᠭᠰᠡᠨ ᠤ ᠤᠰᠤ ᠲᠠᠲᠠᠵᠤ ᠬᠡᠷᠡᠭᠯᠡᠭᠰᠡᠨ ᠳᠤᠮᠳᠠᠴᠢ ᠬᠡᠮᠵᠢᠶ᠎ᠡ ︵ᠤᠰᠤ ᠲᠠᠲᠠᠷᠠᠭᠤᠯᠬᠤ ᠬᠡᠮᠵᠢᠶ᠎ᠡ︶᠎ ᠪᠠᠷ ᠯᠠᠪᠯᠠᠯᠲᠠ ᠪᠣᠯᠭᠠᠵᠤ ᠭᠠᠶᠢᠯᠢ ᠲᠤᠰᠢᠶᠠᠭᠴᠢ ᠶᠢᠨ ᠤᠰᠤ ᠲᠠᠲᠠᠵᠤ ᠬᠡᠷᠡᠭᠯᠡᠬᠦ ᠬᠡᠮᠵᠢᠶ᠎ᠡ ︵ᠤᠰᠤ ᠲᠠᠲᠠᠷᠠᠭᠤᠯᠬᠤ ᠬᠡᠮᠵᠢᠶ᠎ᠡ︶᠎ ᠶᠢ ᠬᠢᠨᠠᠨ ᠲᠣᠭᠲᠠᠭᠠᠨ᠎ᠠ᠃
      ᠠᠭᠤᠷᠬᠠᠢ ᠶᠢᠨ ᠭᠠᠷᠤᠯᠲᠠ ᠨᠡᠭᠡᠭᠡᠨ ᠮᠠᠯᠲᠠᠬᠤ ᠠᠵᠢᠯ ᠬᠢᠵᠦ ᠪᠠᠶᠢᠭ᠎ᠠ ᠴᠡᠪᠡᠷᠯᠡᠨ ᠬᠠᠳᠠᠭᠠᠵᠦ ᠤᠰᠤ ᠲᠠᠲᠠᠷᠠᠭᠤᠯᠬᠤ ᠨᠢᠭᠡᠴᠢ ᠪᠠ ᠬᠤᠪᠢ ᠬᠥᠮᠥᠨ ᠳᠤ᠂ ︽ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ︾᠎ ᠶᠢᠨ ᠬᠤᠷᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠪᠠᠶᠢᠪᠠᠯ᠂ ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠠᠷᠭ᠎ᠠ ᠶᠢ ᠠᠪᠤᠭᠰᠠᠨ ᠤ ᠲᠠᠷᠠᠭ᠎ᠠ ᠲᠡᠭᠦᠨ ᠤ ᠲᠠᠲᠠᠵᠤ ᠬᠡᠷᠡᠭᠯᠡᠭᠰᠡᠨ ᠤᠰᠤᠨ ᠤ ᠬᠡᠮᠵᠢᠶ᠎ᠡ ᠶᠢ ᠮᠥᠨ ᠬᠦ ᠬᠢᠨᠠᠨ ᠲᠣᠭᠲᠠᠭᠠᠵᠤ ᠳᠡᠶᠢᠯᠬᠦ ᠦᠭᠡᠢ ᠪᠤᠶᠤ ᠲᠠᠲᠠᠵᠤ ᠬᠡᠷᠡᠭᠯᠡᠭᠰᠡᠨ ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠭᠰᠠᠨ ᠨᠢ ᠣᠨᠣᠪᠴᠢ ᠦᠭᠡᠢ ᠪᠠᠶᠢᠳᠠᠯ ᠤᠨ ᠳᠣᠣᠷ᠎ᠠ᠂ ᠠᠭᠤᠷᠬᠠᠢ ᠶᠢᠨ ᠨᠢᠭᠡᠴᠢ ᠭᠠᠷᠤᠯᠲᠠ ᠶᠢᠨ ᠬᠡᠮᠵᠢᠶ᠎ᠡ ᠪᠠᠷ ᠲᠠᠲᠠᠵᠤ ᠬᠡᠷᠡᠭᠯᠡᠬᠦ ᠪᠥᠬᠦ ᠤᠰᠤᠨ ᠤ ᠬᠡᠮᠵᠢᠶ᠎ᠡ ᠶᠢ ᠨᠤᠭᠤᠯᠤᠨ ᠪᠤᠳᠤᠬᠤ ᠬᠡᠷᠡᠭᠲᠡᠢ᠂ ᠡᠭᠦᠨ ᠳᠤ᠂ ᠲᠦᠭᠦᠬᠡᠢ ᠴᠢᠯᠠᠭᠤᠨ ᠲᠣᠰᠣ ᠶᠢ ᠪᠣᠯ ᠲᠣᠨ ᠪᠦᠷᠢ ᠳᠤ 6 ᠺᠦᠪ ᠮᠧᠲᠷ ᠤᠰᠤ ᠲᠠᠲᠠᠵᠤ ᠬᠡᠷᠡᠭᠯᠡᠭᠰᠡᠨ ᠬᠡᠮᠵᠢᠶ᠎ᠡ ᠪᠠᠷ ᠨᠤᠭᠤᠯᠤᠨ ᠪᠤᠳᠤᠵᠤ᠂ ᠨᠡᠭᠦᠷᠡᠰᠦ ᠵᠡᠷᠭᠡ ᠪᠤᠰᠤᠳ ᠠᠭᠤᠷᠬᠠᠢ ᠶᠢᠨ ᠭᠠᠷᠤᠯᠲᠠ ᠶᠢ ᠪᠣᠯ ᠲᠣᠨ ᠪᠦᠷᠢ ᠳᠤ ᠪᠤᠶᠤ ᠺᠦᠪ ᠮᠧᠲᠷ ᠪᠦᠷᠢ ᠳᠤ 2.5 ᠺᠦᠪ ᠮᠧᠲᠷ ᠤᠰᠤ ᠲᠠᠲᠠᠵᠤ ᠬᠡᠷᠡᠭᠯᠡᠭᠰᠡᠨ ᠬᠡᠮᠵᠢᠶ᠎ᠡ ᠪᠠᠷ ᠨᠤᠭᠤᠯᠤᠨ ᠪᠣᠳᠣᠨ᠎ᠠ᠃
      ᠶᠢᠰᠦ᠂ ᠤᠰᠤᠨ ᠤ ᠡᠬᠢ ᠰᠣᠷᠪᠤᠯᠵᠢ ᠶᠢᠨ ᠭᠠᠶᠢᠯᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ︾᠂ ︽ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ︾᠂ ︽ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠬᠤᠯᠪᠣᠭᠳᠠᠯ ᠪᠦᠬᠦᠢ ᠲᠠᠲᠠᠪᠤᠷᠢᠯᠠᠨ ᠬᠠᠮᠢᠶᠠᠷᠬᠤ ᠠᠰᠠᠭᠤᠳᠠᠯ ᠤᠨ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠵᠠᠷ︾ ᠪᠠ ᠲᠤᠰ ᠮᠡᠳᠡᠭᠳᠡᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠲᠠᠪᠤᠷᠢᠯᠠᠨ ᠬᠠᠮᠢᠶᠠᠷᠤᠨ᠎ᠠ᠃
      ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠲᠠᠲᠠᠪᠤᠷᠢᠯᠠᠨ ᠬᠠᠮᠢᠶᠠᠷᠬᠤ ᠬᠡᠪ ᠵᠠᠭᠪᠤᠷ ᠲᠤ ᠤᠤᠯ ᠤᠨ ᠲᠠᠲᠠᠪᠤᠷᠢᠯᠠᠨ ᠬᠠᠮᠢᠶᠠᠷᠬᠤ ᠬᠡᠪ ᠵᠠᠭᠪᠤᠷ ᠢᠶᠠᠨ ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠲᠤᠷᠰᠢᠯᠲᠠ ᠶᠢᠨ ᠴᠡᠭ ᠤᠨ ᠬᠤᠭᠤᠴᠠᠭᠠᠨ ᠳᠤ ᠤᠯᠤᠰ ᠠᠴᠠ ᠲᠣᠭᠲᠠᠭᠠᠭᠰᠠᠨ ᠠᠷᠭ᠎ᠠ ᠶᠢᠨ ᠲᠣᠭᠲᠠᠭᠠᠯ ᠶᠣᠰᠣᠭᠠᠷ ᠠᠯᠬᠤᠮ ᠠᠯᠬᠤᠮ ᠢᠶᠠᠷ ᠲᠣᠬᠢᠷᠠᠭᠤᠯᠤᠯᠲᠠ ᠬᠢᠬᠦ ᠶᠢᠨ ᠬᠠᠮᠲᠤ᠂ 2025 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠬᠢᠷᠠᠭᠤᠯᠤᠯᠲᠠ ᠪᠠᠨ ᠪᠤᠲᠠᠲᠠᠶᠢᠵᠢᠭᠤᠯᠤᠨ᠎ᠠ᠂ ᠪᠣᠳᠠᠲᠠᠢ ᠲᠣᠬᠢᠷᠠᠭᠤᠯᠤᠯᠲᠠ ᠶᠢᠨ ᠵᠦᠢᠯᠡᠰ ᠢ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠠᠰ ᠲᠤ ᠨᠢ ᠲᠣᠭᠲᠠᠭᠠᠨ᠎ᠠ᠃
      ᠠᠷᠪᠠ᠂ ᠸᠠᠨ ᠵᠢᠶᠠ ᠵᠠᠢ᠂ ᠨᠢᠷᠭᠢ᠂ ᠬᠠᠶᠢᠷᠤᠪ ᠤᠨ ᠲᠣᠬᠤᠢ᠂ ᠰᠠᠨ ᠱᠧᠩ ᠭᠦᠩ ᠵᠡᠷᠭᠡ ᠶᠡᠷᠦᠩᠬᠡᠶᠢᠯᠡᠭᠰᠡᠨ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ ᠤᠨ ᠤᠰᠤᠨ ᠬᠦᠴᠦᠨ ᠢᠶᠠᠷ ᠴᠠᠬᠢᠯᠭᠠᠨ ᠭᠠᠷᠭᠠᠵᠤ ᠲᠠᠲᠠᠨ ᠬᠡᠷᠡᠭᠯᠡᠬᠦ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠮᠤᠵᠢ ︵ᠣᠷᠣᠨ᠂ ᠬᠤᠳᠠ︶ ᠠᠯᠤᠰᠯᠠᠭᠰᠠᠨ ᠤ ᠬᠤᠭᠤᠷᠣᠨᠳᠣᠬᠢ ᠬᠤᠪᠢᠶᠠᠷᠢᠯᠠᠯᠲᠠ ᠶᠢᠨ ᠬᠠᠷᠢᠴᠠᠯ ᠢ ︽ᠮᠤᠵᠢ ᠣᠷᠣᠨ ᠠᠯᠤᠰᠯᠠᠭᠰᠠᠨ ᠤᠰᠤᠨ ᠬᠦᠴᠦᠨ ᠤ ᠴᠠᠬᠢᠯᠭᠠᠨ ᠤ ᠲᠦᠷᠦᠯ ᠵᠦᠢᠯ ᠤᠨ ᠭᠠᠶᠢᠯᠢ ᠲᠠᠲᠠᠪᠤᠷᠢ ᠶᠢᠨ ᠬᠤᠪᠢᠶᠠᠷᠢᠯᠠᠯᠲᠠ ᠶᠢᠨ ᠲᠤᠬᠠᠢ ᠡᠳ᠋ ᠤᠨ ᠵᠠᠰᠠᠭ ᠤᠨ ᠶᠠᠮᠤᠨ ᠤ ᠵᠢᠯᠤᠭᠤᠳᠬᠤ ᠰᠠᠨᠠᠯ︾ ︵ᠡᠳ᠋ ᠤᠨ ᠵᠠᠰᠠᠭ ᠲᠥᠰᠥᠪ ﹇2008﹈ 84 ᠳ᠋ᠦ᠋ᠭᠡᠷ ᠲᠣᠭᠠᠲᠤ︶᠎ ᠳᠤ ᠲᠣᠳᠣᠷᠬᠠᠢ ᠲᠣᠭᠲᠠᠭᠠᠭᠰᠠᠨ ᠦᠷᠳᠡᠭ ᠨᠡᠮᠡᠭᠳᠡᠯ ᠤᠨ ᠭᠠᠶᠢᠯᠢ᠂ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠵᠡᠷᠭᠡ ᠭᠠᠶᠢᠯᠢ ᠲᠠᠲᠠᠪᠤᠷᠢ ᠶᠢᠨ ᠬᠤᠪᠢᠶᠠᠷᠢᠯᠠᠯᠲᠠ ᠶᠢᠨ ᠠᠷᠭ᠎ᠠ ᠪᠠᠷ ᠲᠣᠭᠲᠠᠭᠠᠨ᠎ᠠ︔ ᠠᠶᠢᠮᠠᠭ ᠬᠤᠲᠠ ᠠᠯᠤᠰᠯᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠠᠯᠤᠰᠯᠠᠭᠰᠠᠨ ᠤ ᠬᠤᠭᠤᠷᠣᠨᠳᠣᠬᠢ ᠬᠤᠪᠢᠶᠠᠷᠢᠯᠠᠯᠲᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠯᠤᠭ᠎ᠠ ᠬᠠᠮᠲᠤᠷᠠᠨ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠲᠣᠰ ᠮᠡᠳᠡᠭᠳᠡᠯ ᠢ ᠬᠡᠷᠡᠭᠵᠢᠭᠦᠯᠬᠦ ᠠᠴᠠ ᠡᠮᠦᠨ᠎ᠡ᠂ ᠨᠢᠭᠡᠨᠲᠡ ᠲᠣᠳᠣᠷᠬᠠᠢ ᠬᠤᠪᠢᠶᠠᠷᠢᠯᠠᠯᠲᠠ ᠶᠢᠨ ᠬᠠᠷᠢᠴᠠᠯ ᠲᠠᠢ ᠪᠠᠶᠢᠭᠰᠠᠨ ᠪᠣᠯ᠂ ᠮᠥᠨ ᠤᠤᠯ ᠤᠨ ᠬᠤᠪᠢᠶᠠᠷᠢᠯᠠᠯᠲᠠ ᠶᠢᠨ ᠬᠠᠷᠢᠴᠠᠯ ᠢᠶᠠᠷ ᠬᠡᠷᠡᠭᠵᠢᠭᠦᠯᠦᠨ᠎ᠡ᠃
      ᠠᠷᠪᠠᠨ ᠨᠢᠭᠡ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠤᠨ ᠲᠤᠰᠢᠶᠠᠭᠰᠠᠨ ᠤᠰᠤᠨ ᠤ ᠡᠬᠢ ᠰᠣᠷᠪᠤᠯᠵᠢ ᠶᠢᠨ ᠭᠠᠶᠢᠯᠢ ᠶᠢ ᠲᠦᠭᠡᠭᠡᠯ ᠤᠰᠤᠨ ᠤ ᠦᠨ᠎ᠡ ᠬᠠᠩᠰᠢ ᠳᠤ ᠪᠤᠳᠤᠵᠤ ᠣᠷᠣᠭᠤᠯᠬᠤ ᠦᠭᠡᠢ᠂ ᠦᠵᠦᠭᠦᠷ ᠤᠨ ᠶᠡᠷᠦᠩᠬᠡᠶᠢᠯᠡᠭᠰᠡᠨ ᠤᠰᠤᠨ ᠤ ᠦᠨ᠎ᠡ ᠬᠠᠩᠰᠢ ᠳᠤ ︽ᠥᠷᠲᠡᠭ ᠨᠡᠮᠡᠭᠳᠡᠯ ᠤᠨ ᠭᠠᠶᠢᠯᠢ ᠥᠯᠥ ᠲᠠᠲᠠᠪᠤᠷᠢᠯᠠᠬᠤ ᠲᠦᠭᠡᠭᠡᠯ ᠤᠰᠤ︾᠎ ᠪᠠᠷ ᠠᠰ ᠲᠤ ᠨᠢ ᠵᠢᠭᠰᠠᠭᠠᠬᠤ ᠶᠢᠨ ᠬᠠᠮᠲᠤ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠪᠤᠳᠤᠬᠤ ᠦᠨᠳᠦᠰᠦᠯᠡᠯ ᠠᠴᠠ ᠰᠠᠭᠤᠯᠭᠠᠨ ᠠᠪᠴᠤ ᠪᠣᠯᠣᠨ᠎ᠠ᠃ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠤᠭᠤᠴᠠᠭᠠᠨ ᠳᠤ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠤᠭᠤᠳ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠨᠤᠷᠮ᠎ᠠ ᠶᠢ ᠦᠨᠳᠦᠰᠦᠯᠡᠨ ᠲᠤᠰ ᠭᠠᠵᠠᠷ ᠣᠷᠣᠨ ᠤ ᠪᠠᠨ ︽ᠦᠷᠳᠡᠭ ᠨᠡᠮᠡᠭᠳᠡᠯ ᠤᠨ ᠭᠠᠶᠢᠯᠢ ᠥᠯᠥ ᠲᠠᠲᠠᠪᠤᠷᠢᠯᠠᠬᠤ ᠲᠦᠭᠡᠭᠡᠯ ᠤᠰᠤ︾᠎ ᠶᠢ ᠬᠡᠮᠵᠢᠨ ᠪᠤᠳᠤᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠦᠵᠦᠭᠦᠷ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠪᠦᠲᠦᠴᠡ ᠶᠢ ᠠᠯᠬᠤᠮ ᠠᠯᠬᠤᠮ ᠢᠶᠠᠷ ᠲᠣᠬᠢᠷᠠᠭᠤᠯᠤᠨ ᠪᠤᠲᠠᠲᠠᠶᠢᠵᠢᠭᠤᠯᠵᠤ᠂ ᠵᠠᠷᠴᠢᠮ ᠳᠡᠭᠡᠷ᠎ᠡ ᠪᠠᠨ ᠥᠭᠡᠷᠡᠴᠢᠯᠡᠯᠲᠡ ᠬᠢᠭᠰᠡᠨ ᠠᠴᠠ ᠪᠣᠯᠵᠤ ᠤᠰᠤ ᠬᠡᠷᠡᠭᠯᠡᠬᠦ ᠳᠠᠷᠤᠭᠠᠰᠤ ᠶᠢ ᠨᠢ ᠨᠡᠮᠡᠭᠳᠡᠭᠦᠯᠵᠦ ᠪᠣᠯᠬᠤ ᠦᠭᠡᠢ ᠶᠤᠮ᠃
      ᠠᠷᠪᠠᠨ ᠬᠤᠶᠠᠷ᠂ ᠤᠰᠤᠨ ᠤ ᠡᠬᠢ ᠰᠣᠷᠪᠤᠯᠵᠢ ᠶᠢᠨ ᠭᠠᠶᠢᠯᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠬᠤᠭᠤᠷᠣᠨᠳᠤ ᠪᠠᠨ ᠣᠲᠣ ᠶᠢᠨ ᠬᠡᠷᠡᠭᠵᠢᠭᠦᠯᠵᠦ ᠪᠠᠶᠢᠭ᠎ᠠ 65᠄ 35᠎ ᠶᠢᠨ ᠬᠤᠪᠢᠳᠠᠬᠤ ᠬᠠᠷᠢᠴᠠᠯ ᠢᠶᠠᠷ ᠬᠤᠪᠢᠶᠠᠷᠢᠯᠠᠵᠤ᠂ ᠣᠷᠣᠯᠭ᠎ᠠ ᠶᠢᠨ ᠬᠤᠪᠢᠶᠠᠷᠢᠯᠠᠯᠲᠠ ᠳᠤ ᠬᠡᠷᠪᠡ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠪᠠᠨ ᠲᠣᠬᠢᠷᠠᠭᠤᠯᠬᠤ ᠪᠠᠶᠢᠳᠠᠯ ᠲᠣᠬᠢᠶᠠᠯᠳᠤᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ︔ ᠠᠶᠢᠮᠠᠭ ᠬᠤᠲᠠ ᠬᠢᠭᠡᠳ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠤᠭᠤᠷᠣᠨᠳᠣᠬᠢ ᠬᠤᠪᠢᠳᠠᠬᠤ ᠬᠠᠷᠢᠴᠠᠯ ᠢ ᠡᠯ᠎ᠡ ᠠᠶᠢᠮᠠᠭ ᠬᠤᠲᠠ ᠦᠪᠡᠰᠦᠪᠡᠨ ᠲᠣᠭᠲᠠᠭᠠᠨ᠎ᠠ᠃
      ᠠᠷᠪᠠᠨ ᠭᠤᠷᠪᠠ᠂ ᠳᠡᠭᠡᠷᠡᠬᠢ ᠲᠣᠭᠲᠠᠭᠠᠯ ᠢ 2024 ᠣᠨ ᠤ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 157 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ﹀᠎ ᠶᠢᠨ ᠬᠤᠯᠪᠣᠭᠳᠠᠯ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠥᠪᠥᠷ ᠵᠠᠰᠠᠭ ᠥᠰᠥᠭ ﹇2019﹈ 90 ᠳ᠋ᠦ᠋ᠭᠡᠷ ᠲᠣᠭᠠᠲᠤ︶᠂ ︽ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠶᠢᠨ ᠴᠢᠨᠠᠷᠲᠠᠢ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠤᠰᠤ ᠶᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠠᠲᠠᠵᠤ ᠬᠡᠷᠡᠭᠯᠡᠬᠦ ᠤᠰᠤᠨ ᠤ ᠬᠡᠪᠴᠢᠶ᠎ᠡ ᠴᠠᠭ ᠤᠨ ᠬᠢᠵᠠᠭᠠᠷ ᠵᠡᠷᠭᠡ ᠠᠭᠤᠯᠭ᠎ᠠ ᠳᠤ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ﹇2023﹈ 192 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ﹀᠎ ᠶᠢᠨ ᠨᠥᠬᠦᠪᠦᠷᠢ ᠲᠣᠭᠲᠠᠭᠠᠯ﹀᠎ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠡᠳ᠋ ᠤᠨ ᠵᠠᠰᠠᠭ ᠭᠠᠶᠢᠯᠢ ﹇2019﹈ 91 ᠳ᠋ᠦ᠋ᠭᠡᠷ ᠲᠣᠭᠠᠲᠤ︶᠎ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃
      
                                                               2024 ᠣᠨ ᠤ 12 ᠳ᠋ᠤᠭᠠᠷ ᠰᠠᠷ᠎ᠠ ᠶᠢᠨ 29᠎ ᠤ ᠡᠳᠦᠷ
      ︵ᠲᠣᠰ ᠪᠢᠴᠢᠭ ᠮᠠᠲ᠋ᠧᠷᠢᠶᠠᠯ ᠢ ᠢᠯᠡ ᠨᠡᠢᠲᠡᠯᠡᠨ᠎ᠡ︶
                                                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ
                                                         ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
                      2024 ᠣᠨ ᠤ 12 ᠳ᠋ᠤᠭᠠᠷ ᠰᠠᠷ᠎ᠠ ᠶᠢᠨ 30᠎ ᠤ ᠡᠳᠦᠷ ᠳᠠᠷᠤᠮᠠᠯᠯᠠᠨ ᠲᠠᠷᠬᠠᠭᠠᠪᠠ 


ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠣᠷᠪᠤᠯᠵᠢ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ ᠬᠦᠰᠦᠨᠦᠭᠲᠦ


0220内蒙古自治区人民政府关于水资源税改革试点有关事宜的通知_08.png

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ